ᠲᠡᠮᠦᠷ ᠤᠨ ᠬᠠᠶᠢᠯᠤᠰᠢ ᠶᠢᠨ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠶᠠᠰᠤ ᠴᠢᠨᠠᠷ ᠢ ᠬᠤᠯᠪᠣᠭᠠᠯᠠᠨ ᠬᠥᠳᠡᠯᠦᠯᠴᠡᠵᠦ ᠳᠡᠭᠡᠭᠰᠢᠯᠡᠭᠦᠯᠬᠦ ᠠᠵᠢᠯ ᠪᠣᠳᠠᠲᠤ ᠦᠷ᠎ᠡ ᠪᠦᠲᠦᠮᠵᠢ ᠤᠯᠪᠠ
ᠨᠡᠶᠢᠲᠡᠯᠡᠭᠰᠡᠨ ᠴᠠᠭ᠄
2024/8/2

    7 ᠳ᠋ᠤᠭᠠᠷ ᠰᠠᠷ᠎ᠠ ᠶᠢᠨ 24 ᠤ ᠡᠳᠦᠷ᠂ ᠲᠡᠮᠦᠷ ᠤᠨ ᠬᠠᠶᠢᠯᠤᠰᠢ ᠶᠢᠨ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠶᠠᠰᠤ ᠴᠢᠨᠠᠷ ᠢ ᠬᠤᠯᠪᠣᠭᠠᠯᠠᠨ ᠬᠥᠳᠡᠯᠦᠯᠴᠡᠵᠦ ᠳᠡᠭᠡᠭᠰᠢᠯᠡᠭᠦᠯᠬᠦ ᠰᠤᠳᠤᠯᠤᠨ ᠶᠠᠷᠢᠯᠴᠠᠬᠤ ᠬᠤᠷᠠᠯ ᠤᠯᠠᠭᠠᠨᠴᠠᠪ ᠬᠤᠲᠠ ᠳᠤ ᠬᠤᠷᠠᠯᠳᠤᠪᠠ᠃ ᠤᠯᠠᠭᠠᠨᠴᠠᠪ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠤᠪᠢᠳᠠᠨ ᠬᠠᠮᠢᠶᠠᠷᠬᠤ ᠳᠡᠳ᠋ ᠲᠣᠪᠴᠢᠶᠠᠨ ᠳᠠᠷᠤᠭ᠎ᠠ ᠬᠤᠷᠠᠯ ᠢ ᠡᠷᠭᠢᠯᠡᠵᠦ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠶᠠᠰᠤ ᠴᠢᠨᠠᠷ ᠤᠨ ᠬᠥᠭᠵᠢᠯᠲᠡ ᠶᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠶᠠᠰᠤ ᠴᠢᠨᠠᠷ ᠤᠨ ᠪᠠᠷᠢᠮᠵᠢᠶ᠎ᠠ ᠶᠢᠨ ᠬᠦᠷᠢᠶᠡᠯᠡᠩ ᠤᠨ ᠬᠤᠯᠪᠣᠭᠳᠠᠯ ᠪᠥᠬᠦᠶ ᠬᠠᠷᠢᠭᠤᠴᠠᠯᠭᠠᠲᠠᠨ ᠵᠢᠴᠢ ᠬᠠᠮᠢᠶ᠎ᠠ ᠪᠥᠬᠦᠶ ᠲᠤᠰᠬᠠᠶ ᠮᠡᠷᠭᠡᠵᠢᠯᠲᠡᠨ᠂ 18 ᠲᠡᠮᠦᠷ ᠤᠨ ᠬᠠᠶᠢᠯᠤᠰᠢ ᠶᠢᠨ ᠠᠵᠤ ᠠᠬᠤᠶᠢᠯᠠᠯ ᠤᠨ ᠲᠥᠯᠥᠭᠡᠯᠡᠭᠴᠢ ᠬᠤᠷᠠᠯ ᠳᠤ ᠣᠷᠣᠯᠴᠠᠵᠠᠶ᠃

    ᠤᠯᠠᠭᠠᠨᠴᠠᠪ ᠬᠤᠲᠠ ᠶᠢᠨ ᠲᠡᠮᠦᠷ ᠤᠨ ᠬᠠᠶᠢᠯᠤᠰᠢ ᠶᠢᠨ ᠠᠵᠤ ᠦᠢᠯᠡᠰ ᠤᠨ ᠬᠡᠯᠬᠢᠶ᠎ᠡ ᠶᠢ ᠠᠬᠢᠭᠤᠯᠬᠤ ᠠᠵᠢᠯ ᠵᠣᠬᠢᠬᠤ ᠪᠣᠳᠠᠲᠤ ᠦᠷ᠎ᠡ ᠪᠦᠲᠦᠮᠵᠢ ᠣᠯᠪᠠ᠃ ᠨᠢᠭᠡ ᠳᠤ᠂ ᠬᠤᠲᠠ ᠶᠢᠨ ᠪᠠᠷᠢᠮᠵᠢᠶᠠᠵᠢᠭᠤᠯᠬᠤ ᠪᠠ ᠶᠠᠰᠤ ᠴᠢᠨᠠᠷ ᠢᠶᠠᠷ ᠬᠤᠲᠠ ᠪᠠᠨ ᠬᠦᠴᠦᠷᠬᠡᠭᠵᠢᠭᠦᠯᠬᠦ ᠠᠵᠢᠯ ᠤᠨ ᠤᠳᠤᠷᠢᠳᠬᠤ ᠳᠤᠭᠤᠶᠢᠯᠠᠩ ᠤᠨ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠲᠣᠭᠲᠠᠴᠠ ᠶᠢᠨ ᠦᠢᠯᠡᠳᠦᠯ ᠢ ᠪᠠᠳᠠᠷᠠᠭᠤᠯᠵᠤ᠂ ᠪᠠᠶᠢᠴᠠᠭᠠᠨ ᠰᠤᠳᠤᠯᠵᠤ ᠰᠤᠷᠪᠤᠯᠵᠢᠯᠠᠬᠤ ᠵᠡᠷᠭᠡ ᠪᠠᠷ ᠳᠠᠮᠵᠢᠭᠤᠯᠤᠨ᠂ ︽ᠲᠡᠮᠦᠷ ᠤᠨ ᠬᠠᠶᠢᠯᠤᠰᠢ ᠶᠢᠨ ᠠᠵᠤ ᠦᠢᠯᠡᠰ ᠤᠨ ᠶᠠᠰᠤ ᠴᠢᠨᠠᠷ ᠢ ᠬᠤᠯᠪᠣᠭᠠᠯᠠᠨ ᠬᠥᠳᠡᠯᠦᠯᠴᠡᠵᠦ ᠳᠡᠭᠡᠭᠰᠢᠯᠡᠭᠦᠯᠬᠦ ᠲᠤᠷᠰᠢᠯᠲᠠ ᠶᠢᠨ ᠴᠡᠭ ᠤᠨ ᠠᠵᠢᠯ ᠤᠨ ᠲᠥᠰᠦᠯ︾ ᠢ ᠲᠣᠭᠲᠠᠭᠠᠵᠤ᠂ ᠲᠡᠮᠦᠷ ᠤᠨ ᠬᠠᠶᠢᠯᠤᠰᠢ ᠶᠢᠨ ᠠᠵᠤ ᠦᠢᠯᠡᠰ ᠤᠨ ︽ᠬᠤᠶᠠᠷ ᠵᠢᠷᠤᠭ ᠭᠤᠷᠪᠠᠨ ᠬᠠᠭᠤᠳᠠᠰᠤ︾ ᠶᠢᠨ ᠭᠤᠤᠯᠳᠠᠯᠭ᠎ᠠ ᠲᠠᠢ ᠠᠭᠤᠯᠭ᠎ᠠ ᠶᠢ ᠡᠮᠬᠢᠯᠡᠨ ᠭᠠᠷᠭᠠᠭᠰᠠᠨ ᠪᠥᠭᠡᠳ ᠥᠪᠡᠷᠲᠡᠭᠡᠨ ᠵᠠᠰᠠᠬᠤ ᠣᠷᠣᠨ ᠤ ᠲᠣᠪᠴᠢᠶ᠎ᠠ ᠳᠤ ᠳᠡᠭᠡᠭᠰᠢ ᠤᠯᠤᠰ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠶᠢᠨ ᠵᠠᠭᠤᠨ ᠬᠦᠴᠦᠷᠬᠡᠭ ᠠᠵᠤ ᠦᠢᠯᠡᠰ ᠤᠨ ᠬᠡᠯᠬᠢᠶ᠎ᠡ ᠶᠢᠨ ᠶᠠᠰᠤ ᠴᠢᠨᠠᠷ ᠢ ᠬᠤᠯᠪᠣᠭᠠᠯᠠᠨ ᠬᠥᠳᠡᠯᠦᠯᠴᠡᠵᠦ ᠳᠡᠭᠡᠭᠰᠢᠯᠡᠭᠦᠯᠬᠦ ᠲᠤᠷᠰᠢᠯᠲᠠ ᠶᠢᠨ ᠴᠡᠭ ᠤᠨ ᠲᠥᠷᠥᠯ ᠵᠦᠢᠯ ᠢ ᠭᠤᠶᠤᠴᠢᠯᠠᠨ ᠮᠡᠳᠡᠭᠦᠯᠪᠡ᠃ ᠬᠤᠶᠠᠷ ᠲᠤ᠂ ︽1 + 5︾ ︵ᠲᠤᠬᠠᠶᠢᠯᠠᠪᠠᠯ 1 ᠠᠵᠤ ᠦᠢᠯᠡᠰ ᠤᠨ ᠬᠡᠯᠬᠢᠶ᠎ᠡ + 5 ᠵᠦᠢᠯ ᠤᠨ ᠠᠵᠢᠯᠯᠠᠭ᠎ᠠ ︶ ᠶᠢᠨ ᠶᠠᠰᠤ ᠴᠢᠨᠠᠷ ᠤᠨ ᠬᠦᠴᠦᠨ ᠨᠡᠮᠡᠷᠢᠯᠡᠬᠦ ᠲᠡᠮᠦᠷ ᠤᠨ ᠬᠠᠶᠢᠯᠤᠰᠢ ᠶᠢᠨ ᠠᠵᠤ ᠦᠢᠯᠡᠰ ᠤᠨ ᠬᠥᠭᠵᠢᠯᠲᠡ ᠶᠢᠨ ᠰᠢᠨ᠎ᠡ ᠬᠡᠪ ᠵᠠᠭᠪᠤᠷ ᠢ ᠪᠦᠷᠢᠯᠳᠦᠭᠦᠯᠪᠡ᠃ ᠪᠠᠷᠢᠮᠵᠢᠶ᠎ᠠ᠂ ᠬᠡᠮᠵᠢᠯᠲᠡ᠂ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠪᠠ ᠭᠡᠷᠡᠴᠢᠯᠡᠵᠦ ᠵᠥᠪᠰᠢᠶᠡᠷᠡᠬᠦ᠂ ᠮᠡᠳᠡᠯᠭᠡ ᠶᠢᠨ ᠥᠮᠴᠢᠯᠡᠯ ᠤᠨ ᠡᠷᠬᠡ᠂ ᠨᠠᠷᠠᠲᠤ ᠲᠥᠷᠥᠯ ᠲᠡᠮᠳᠡᠭᠲᠦ ᠶᠢᠨ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠪᠠᠨ ᠳᠡᠭᠡᠭᠰᠢᠯᠡᠭᠦᠯᠬᠦ ᠶᠢ ᠭᠦᠢᠴᠡᠳ ᠪᠠᠳᠠᠷᠠᠭᠤᠯᠵᠤ᠂ ᠪᠠᠷᠢᠮᠵᠢᠶ᠎ᠠ ᠶᠢᠨ ︽ᠬᠥᠲᠥᠯᠦᠨ ᠣᠷᠣᠭᠤᠯᠬᠤ︾ ᠬᠡᠯᠬᠢᠶ᠎ᠡ᠂ ᠬᠡᠮᠵᠢᠯᠲᠡ ᠶᠢᠨ ︽ᠲᠤᠯᠭᠠᠭᠤᠷᠢᠯᠠᠬᠤ︾ ᠬᠡᠯᠬᠢᠶ᠎ᠡ᠂ ᠭᠡᠷᠡᠴᠢᠯᠡᠯ᠂ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠶᠢᠨ ︽ᠲᠤᠰᠠᠯᠠᠬᠤ︾ ᠬᠡᠯᠬᠢᠶ᠎ᠡ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ︽ᠬᠠᠮᠠᠭᠠᠯᠠᠬᠤ︾ ᠬᠡᠯᠬᠢᠶ᠎ᠡ ᠵᠢᠴᠢ ᠨᠠᠷᠠᠲᠤ ᠲᠥᠷᠥᠯ ᠲᠡᠮᠳᠡᠭᠲᠦ ᠶᠢᠨ ᠰᠢᠨ᠎ᠡ ᠶᠢ ᠡᠭᠦᠳᠬᠦ ︽ᠬᠦᠴᠦᠷᠬᠡᠭ︾ ᠬᠡᠯᠬᠢᠶ᠎ᠡ ᠵᠡᠷᠭᠡ ᠲᠠᠪᠤᠨ ᠶᠡᠭᠡ ᠠᠵᠢᠯᠯᠠᠭ᠎ᠠ ᠶᠢ ᠬᠡᠷᠡᠭᠵᠢᠭᠦᠯᠵᠦ᠂ ᠲᠡᠮᠦᠷ ᠤᠨ ᠬᠠᠶᠢᠯᠤᠰᠢ ᠶᠢᠨ ᠠᠵᠤ ᠦᠢᠯᠡᠰ ᠤᠨ ᠬᠥᠭᠵᠢᠯᠲᠡ ᠶᠢᠨ ᠳᠠᠬᠢᠨ ᠣᠷᠭᠢᠯ ᠳᠤ ᠭᠠᠷᠬᠤ ᠳᠤ ᠬᠦᠴᠦᠨ ᠨᠡᠮᠡᠷᠢᠯᠡᠪᠡ᠃ ᠭᠤᠷᠪᠠ ᠳᠤ᠂ ᠲᠡᠮᠦᠷ ᠤᠨ ᠬᠠᠶᠢᠯᠤᠰᠢ ᠶᠢᠨ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠢᠯᠡᠳᠲᠡ ᠳᠡᠭᠡᠭᠰᠢᠯᠡᠪᠡ᠃ ᠤᠯᠠᠭᠠᠨᠴᠠᠪ ᠬᠤᠲᠠ ᠶᠢᠨ ᠠᠵᠤ ᠠᠬᠤᠶᠢᠯᠠᠯ ᠲᠡᠮᠦᠷ ᠤᠨ ᠬᠠᠶᠢᠯᠤᠰᠢ ᠶᠢᠨ ᠦᠢᠯᠡᠳᠬᠦᠨ ᠤ ᠪᠠᠷᠢᠮᠵᠢᠶ᠎ᠠ᠂ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠪᠠᠷᠢᠮᠵᠢᠶ᠎ᠠ᠂ ᠦᠯᠢᠭᠡᠷ ᠠᠪᠬᠤ ᠪᠠᠷᠢᠮᠵᠢᠶ᠎ᠠ ᠶᠢ ᠨᠡᠶᠢᠲᠡ 142 ᠵᠦᠢᠯ ᠲᠣᠭᠲᠠᠭᠠᠨ ᠵᠠᠰᠠᠪᠤᠷᠢ ᠣᠷᠣᠭᠤᠯᠵᠤ᠂ ᠥᠪᠡᠷᠲᠡᠭᠡᠨ ᠵᠠᠰᠠᠬᠤ ᠣᠷᠣᠨ ᠤ ᠲᠡᠮᠦᠷ ᠤᠨ ᠬᠠᠶᠢᠯᠤᠰᠢ ᠶᠢᠨ ᠠᠵᠤ ᠦᠢᠯᠡᠰ ᠤᠨ ᠬᠡᠮᠵᠢᠨ ᠲᠤᠷᠰᠢᠬᠤ ᠲᠥᠪ ᠵᠥᠪᠰᠢᠶᠡᠷᠡᠭᠳᠡᠵᠦ᠂ ᠤᠯᠠᠭᠠᠨᠴᠠᠪ ᠬᠤᠲᠠ ᠶᠢᠨ ᠲᠡᠮᠦᠷ ᠤᠨ ᠬᠠᠶᠢᠯᠤᠰᠢ ᠶᠢᠨ ᠠᠵᠤ ᠠᠬᠤᠶᠢᠯᠠᠯ ᠤᠨ ᠲᠤᠷᠰᠢᠯᠲᠠ ᠶᠢᠨ ᠴᠢᠳᠠᠪᠤᠷᠢ ᠶᠢ ᠬᠠᠷᠢᠴᠠᠭᠤᠯᠤᠨ ᠬᠠᠷᠭᠤᠭᠤᠯᠬᠤ ᠠᠵᠢᠯ ᠢ ᠪᠡᠶᠡᠯᠡᠭᠦᠯᠵᠦ᠂ ᠲᠡᠮᠦᠷ ᠤᠨ ᠬᠠᠶᠢᠯᠤᠰᠢ ᠶᠢᠨ 8 ᠠᠵᠤ ᠠᠬᠤᠶᠢᠯᠠᠯ ᠢ ᠰᠢᠯᠭᠠᠷᠠᠭᠤᠯᠤᠭᠰᠠᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠬᠡᠪ ᠵᠠᠭᠪᠤᠷ ᠢ ᠪᠤᠶᠢᠵᠢᠭᠤᠯᠵᠤ᠂ 1 ᠠᠵᠤ ᠠᠬᠤᠶᠢᠯᠠᠯ ᠨᠢ ᠤᠯᠠᠭᠠᠨᠴᠠᠪ ᠬᠤᠲᠠ ᠶᠢᠨ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠠᠮᠵᠢᠯᠲᠠ ᠲᠠᠢ ᠭᠥᠷᠳᠡᠪᠡ᠃

    ᠲᠠᠷᠠᠭᠠᠴᠢ ᠶᠢᠨ ᠠᠯᠬᠤᠮ ᠳᠤ᠂ ᠤᠯᠠᠭᠠᠨᠴᠠᠪ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠤᠯᠤᠰ ᠪᠠ ᠥᠪᠡᠷᠲᠡᠭᠡᠨ ᠵᠠᠰᠠᠬᠤ ᠣᠷᠣᠨ ᠤ ᠶᠠᠰᠤ ᠴᠢᠨᠠᠷ ᠤᠨ ᠬᠡᠯᠬᠢᠶ᠎ᠡ ᠶᠢ ᠴᠢᠩᠭᠠᠳᠬᠠᠬᠤ ᠠᠵᠢᠯ ᠤᠨ ᠪᠠᠶᠢᠷᠢᠯᠠᠭᠤᠯᠤᠯᠲᠠ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ᠂ ︽ᠬᠡᠯᠬᠢᠶᠡᠨ ᠤ ᠳᠠᠷᠤᠭ᠎ᠠ ᠶᠢ ᠵᠣᠬᠢᠶᠠᠨ ᠪᠠᠶᠢᠭᠤᠯᠬᠤ᠂ ᠬᠡᠯᠬᠢᠶ᠎ᠡ ᠪᠠᠷ ᠬᠥᠲᠥᠯᠥᠨ ᠳᠠᠭᠠᠭᠤᠯᠬᠤ᠂ ᠬᠡᠯᠬᠢᠶᠡᠵᠢᠬᠦᠯᠦᠭᠴᠢ ᠬᠠᠮᠵᠢᠯᠴᠠᠬᠤ︾ ᠠᠵᠢᠯ ᠤᠨ ᠬᠡᠪ ᠵᠠᠭᠪᠤᠷ ᠢ ᠭᠤᠤᠯᠳᠠᠯᠭ᠎ᠠ ᠲᠠᠢ ᠪᠠᠶᠢᠭᠤᠯᠤᠨ᠎ᠠ᠃ ᠡᠭᠦᠨ ᠤ ᠬᠠᠮᠲᠤ᠂ ︽ᠶᠠᠰᠤ ᠴᠢᠨᠠᠷ ᠤᠨ ᠰᠠᠭᠤᠷᠢ ᠲᠥᠬᠦᠭᠡᠷᠦᠮᠵᠢ ᠨᠢ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠶᠠᠰᠤ ᠴᠢᠨᠠᠷ ᠢ ᠬᠤᠯᠪᠣᠭᠠᠯᠠᠨ ᠬᠥᠳᠡᠯᠦᠯᠴᠡᠵᠦ ᠳᠡᠭᠡᠭᠰᠢᠯᠡᠭᠦᠯᠬᠦ ᠳᠤ ᠬᠦᠴᠦᠨ ᠨᠡᠮᠡᠷᠢᠯᠡᠬᠦ ᠲᠤᠬᠠᠶ ᠵᠢᠯᠣᠭᠤᠳᠬᠤ ᠰᠠᠨᠠᠯ︾ ᠤᠨ ᠵᠠᠳᠠᠯᠤᠯᠲᠠ ᠶᠢᠨ ᠬᠦᠰᠦᠨᠦᠭᠲᠦ ᠳᠤ ᠵᠠᠳᠠᠯᠤᠯᠲᠠ ᠬᠢᠵᠦ᠂ ᠲᠡᠮᠦᠷ ᠤᠨ ᠬᠠᠶᠢᠯᠤᠰᠢ ᠶᠢᠨ ᠠᠵᠤ ᠦᠢᠯᠡᠰ ᠤᠨ ᠬᠥᠭᠵᠢᠯᠲᠡ ᠳᠤ ᠢᠳᠡᠪᠬᠢᠲᠡᠶ ᠦᠢᠯᠡᠴᠢᠯᠡᠬᠦ ᠪᠣᠯᠣᠨ᠎ᠠ᠃

 

ᠢᠷᠡᠯᠲᠡ᠄ ᠤᠯᠠᠭᠠᠨᠴᠠᠪ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ