ᠲᠠᠩᠬᠢᠮ ᠦᠭᠡᠢ᠂ ᠵᠠᠬᠢᠶᠠᠯᠠᠭ᠎ᠠ ᠶᠢᠨ ᠬᠤᠭᠤᠯᠠ ᠤᠮᠳᠠ ᠡᠵᠡᠩᠨᠡᠵᠦ ᠪᠦᠬᠦᠢ ᠢᠳᠡᠭᠡᠨ ᠤᠮᠳᠠᠭᠠᠨ ᠤ ᠡᠵᠡᠩᠨᠡᠯᠲᠡ ᠶᠢᠨ ᠨᠢᠭᠡᠴᠢ ᠶᠢ ᠭᠡᠨᠡᠳᠡᠭᠦᠯᠦᠨ ᠪᠠᠶᠢᠴᠠᠭᠠᠪᠠ
ᠨᠡᠶᠢᠲᠡᠯᠡᠭᠰᠡᠨ ᠴᠠᠭ᠄
2024/8/20

    8 ᠳ᠋ᠤᠭᠠᠷ ᠰᠠᠷ᠎ᠠ ᠶᠢᠨ 16 ᠤ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ᠂ ᠬᠥᠬᠡᠬᠤᠲᠠ᠂ ᠰᠢᠨ᠎ᠡ ᠬᠤᠲᠠ ᠲᠣᠭᠤᠷᠢᠭ ᠭᠤᠷᠪᠠᠨ ᠱᠠᠲᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠬᠠᠮᠲᠤᠷᠠᠨ ᠬᠥᠬᠡᠬᠤᠲᠠ ᠶᠢᠨ ᠪᠦᠯᠬᠦᠮᠳᠡᠯ ᠬᠤᠷᠢᠶᠠᠯᠠᠯ ᠤᠨ ︽ᠵᠠᠬᠢᠶᠠᠯᠠᠭ᠎ᠠ ᠶᠢᠨ ᠵᠢᠵᠢᠭ ᠬᠦᠷᠢᠶᠡᠯᠡᠩ︾ ᠳᠠᠬᠢ ᠰᠢᠨ᠎ᠡ ᠬᠤᠲᠠ ᠲᠣᠭᠤᠷᠢᠭ ᠤᠨ ᠯᠢᠦ ᠤᠪᠤᠭᠲᠤ ᠶᠢᠨ ᠮᠡᠨᠡᠭᠰᠡᠨ ᠭᠤᠯᠢᠷ ᠤᠨ ᠭᠤᠸᠠᠨᠵᠠ ᠵᠡᠷᠭᠡ ᠲᠠᠩᠬᠢᠮ ᠦᠭᠡᠢ ᠂ ᠵᠠᠬᠢᠶᠠᠯᠠᠭ᠎ᠠ ᠶᠢᠨ ᠬᠤᠭᠤᠯᠠ ᠤᠮᠳᠠ ᠡᠵᠡᠩᠨᠡᠵᠦ ᠪᠦᠬᠦᠢ 6 ᠨᠢᠭᠡᠴᠢ ᠳᠤ ᠭᠡᠨᠡᠳᠲᠡ ᠶᠢᠨ ᠪᠠᠶᠢᠴᠠᠭᠠᠯᠲᠠ ᠬᠢᠪᠠ᠃


1.jpg


2.jpg


3.jpg


4.jpg


    ᠬᠠᠤᠯᠢ ᠬᠡᠷᠡᠭᠵᠢᠭᠦᠯᠬᠦ ᠠᠵᠢᠯᠲᠠᠨ ᠲᠤᠬᠠᠶ ᠶᠢᠨ ᠲᠠᠯᠠᠪᠤᠷ ᠲᠤ ᠭᠤᠤᠯᠳᠠᠭᠤ ᠢᠳᠡᠭᠡᠨ ᠤᠮᠳᠠᠭᠠᠨ ᠤ ᠡᠵᠡᠩᠨᠡᠯᠲᠡ ᠶᠢᠨ ᠨᠢᠭᠡᠴᠢ ᠶᠢᠨ ᠬᠢᠷᠢ ᠬᠡᠮ ᠤᠨ ᠦᠨᠡᠮᠯᠡᠯ᠂ ᠢᠳᠡᠭᠡᠨ ᠤ ᠮᠠᠲ᠋ᠧᠷᠢᠶᠠᠯ ᠤᠨ ᠪᠠᠷᠠᠭ᠎ᠠ ᠣᠷᠣᠭᠤᠯᠬᠤ ᠶᠢ ᠪᠠᠶᠢᠴᠠᠭᠠᠨ ᠰᠢᠯᠭᠠᠬᠤ᠂ ᠭᠡᠷᠡᠴᠢ ᠪᠠᠷᠢᠮᠲᠠ ᠠᠪᠬᠤ᠂ ᠪᠣᠯᠪᠠᠰᠤᠷᠠᠭᠤᠯᠵᠤ ᠦᠢᠯᠡᠳᠬᠦ᠂ ᠠᠵᠢᠯᠯᠠᠬᠤ ᠲᠠᠰᠤᠭ ᠤᠨ ᠣᠷᠴᠢᠨ ᠲᠣᠭᠤᠷᠢᠨ ᠤ ᠠᠷᠢᠭᠤᠨ ᠴᠡᠪᠡᠷ᠂ ᠠᠵᠢᠯᠯᠠᠵᠤ ᠪᠠᠶᠢᠭ᠎ᠠ ᠬᠥᠮᠦᠰ ᠤᠨ ᠡᠷᠡᠭᠦᠯ ᠮᠡᠨᠳᠦ ᠶᠢᠨ ᠬᠠᠮᠢᠶᠠᠷᠤᠯᠲᠠ᠂ ᠢᠳᠡᠭᠡᠨ ᠬᠠᠳᠠᠭᠠᠯᠠᠬᠤ ᠠᠷᠭ᠎ᠠ ᠮᠠᠶ᠋ᠢᠭ ᠵᠡᠷᠭᠡ ᠵᠠᠩᠭᠢᠯᠠᠭ᠎ᠠ ᠶᠢᠨ ᠭᠤᠭᠴᠤᠭ᠎ᠠ ᠶᠢᠨ ᠲᠣᠭᠤᠷᠢᠨ ᠳᠤ ᠴᠢᠩᠭ᠎ᠠ ᠵᠢᠭᠰᠠᠭᠠᠨ ᠪᠠᠶᠢᠴᠠᠭᠠᠪᠠ᠃ ᠬᠡᠰᠡᠭ ᠬᠤᠳᠠᠯᠳᠤᠭᠠᠴᠢᠨ ᠳᠤ ᠢᠳᠡᠭᠡᠨ ᠪᠣᠯᠪᠠᠰᠤᠷᠠᠭᠤᠯᠬᠤ ᠠᠵᠢᠯᠯᠠᠭ᠎ᠠ ᠨᠢ ᠵᠢᠷᠤᠮᠵᠢᠯ ᠦᠭᠡᠢ᠂ ᠣᠷᠴᠢᠨ ᠲᠣᠭᠤᠷᠢᠨ ᠤ ᠠᠷᠢᠭᠤᠨ ᠴᠡᠪᠡᠷ ᠪᠠᠷᠢᠮᠵᠢᠶ᠎ᠠ ᠳᠤ ᠬᠦᠷᠬᠦ ᠦᠭᠡᠢ᠂ ᠵᠠᠬᠢᠶᠠᠯᠠᠭ᠎ᠠ ᠶᠢᠨ ᠪᠣᠭᠤᠳᠠᠯ ᠨᠢ ᠱᠠᠭᠠᠷᠳᠠᠯᠭ᠎ᠠ ᠳᠤ ᠨᠡᠶᠢᠴᠡᠬᠦ ᠦᠭᠡᠢ᠂ ︽ᠢᠳᠡᠭᠡᠨ ᠤ ᠠᠮᠤᠷ ᠲᠦᠪᠰᠢᠨ ᠤ ᠪᠢᠲᠡᠭᠦᠮᠵᠢᠯᠡᠯ︾ ᠢ ᠬᠡᠷᠡᠭᠯᠡᠭᠰᠡᠨ ᠦᠭᠡᠢ ᠵᠡᠷᠭᠡ ᠠᠰᠠᠭᠤᠳᠠᠯ ᠣᠷᠣᠰᠢᠵᠤ ᠪᠠᠶᠢᠬᠤ ᠶᠢ ᠢᠯᠡᠷᠡᠭᠦᠯᠪᠡ᠃ ᠪᠠᠶᠢᠴᠠᠭᠠᠬᠤ ᠠᠵᠢᠯᠲᠠᠨ ᠲᠡᠷᠡ ᠳᠣᠣᠷ᠎ᠠ ᠨᠢ ᠴᠡᠭᠴᠡᠯᠡᠨ ᠰᠠᠶᠢᠵᠢᠷᠠᠭᠤᠯᠬᠤ ᠮᠡᠳᠡᠭᠳᠡᠯ ᠤᠨ ᠪᠢᠴᠢᠭ ᠪᠠᠭᠤᠯᠭᠠᠵᠤ᠂ ᠬᠤᠳᠠᠯᠳᠤᠭᠠᠴᠢᠨ ᠢ ᠬᠤᠭᠤᠴᠠᠭ᠎ᠠ ᠲᠣᠭᠲᠠᠭᠠᠨ ᠴᠡᠭᠴᠡᠯᠡᠨ ᠰᠠᠶᠢᠵᠢᠷᠠᠭᠤᠯᠬᠤ ᠶᠢ ᠱᠠᠭᠠᠷᠳᠠᠭᠰᠠᠨ ᠪᠥᠭᠡᠳ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠮᠥᠷᠳᠡᠨ ᠪᠠᠶᠢᠴᠠᠭᠠᠵᠤ᠂ ᠣᠷᠴᠢᠨ ᠲᠣᠭᠤᠷᠢᠨ ᠤ ᠠᠷᠢᠭᠤᠨ ᠴᠡᠪᠡᠷ ᠨᠡᠯᠢᠶᠡᠳ ᠠᠨᠠᠶ 3 ᠬᠤᠳᠠᠯᠳᠤᠭᠠᠴᠢᠨ ᠢ ᠵᠠᠷᠯᠢᠭᠳᠠᠵᠤ ᠪᠠᠶᠢᠭᠠᠳ ᠠᠵᠢᠯ ᠢ ᠨᠢ ᠵᠣᠭᠰᠣᠭᠠᠨ ᠴᠡᠭᠴᠡᠯᠡᠵᠦ᠂ ᠴᠡᠭᠴᠡᠯᠡᠨ ᠰᠠᠶᠢᠵᠢᠷᠠᠭᠤᠯᠤᠭᠠᠳ ᠰᠢᠯᠭᠠᠨ ᠠᠪᠤᠯᠲᠠ ᠳᠤ ᠬᠢᠷᠢ ᠲᠡᠩᠴᠡᠭᠰᠡᠨ ᠤ ᠳᠠᠷᠠᠭ᠎ᠠ ᠰᠠᠶ᠋ᠢ ᠦᠷᠭᠦᠯᠵᠢᠯᠡᠨ ᠡᠵᠡᠩᠨᠡᠵᠦ ᠪᠣᠯᠤᠨ᠎ᠠ᠃

 

ᠢᠷᠡᠯᠲᠡ᠄ ᠢᠳᠡᠭᠡᠨ ᠤᠮᠳᠠᠭᠠᠨ ᠤ ᠬᠢᠨᠠᠯᠲᠠ ᠬᠠᠮᠢᠶᠠᠷᠤᠯᠲᠠ ᠶᠢᠨ ᠭᠠᠵᠠᠷ