ᠤᠯᠠᠭᠠᠨᠴᠠᠪ ᠬᠤᠲᠠ ᠶᠢᠨ ᠲᠤᠰᠬᠠᠶ ᠠᠰᠢᠭ ᠤᠨ ᠡᠷᠬᠡ ᠳᠤ ᠬᠠᠯᠳᠠᠭᠰᠠᠨ ᠵᠢᠭᠤᠷᠠᠯᠳᠤᠭᠠᠨ ᠤ ᠵᠠᠰᠠᠭ ᠵᠠᠬᠢᠷᠭᠠᠨ ᠤ ᠲᠠᠰᠤᠯᠤᠨ ᠲᠣᠭᠲᠠᠭᠠᠭᠰᠠᠨ ᠬᠡᠷᠡᠭ ᠤᠨ ︽ᠲᠡᠭ︾ ᠰᠢᠪᠲᠤᠯᠤᠯᠲᠠ ᠶᠢ ᠪᠡᠶᠡᠯᠡᠭᠦᠯᠪᠡ
ᠨᠡᠶᠢᠲᠡᠯᠡᠭᠰᠡᠨ ᠴᠠᠭ᠄
2024/8/20

    ᠣᠶᠢᠷ᠎ᠠ ᠳᠤ᠂ ᠤᠯᠠᠭᠠᠨᠴᠠᠪ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠮᠡᠳᠡᠯᠭᠡ ᠶᠢᠨ ᠥᠮᠴᠢᠯᠡᠯ ᠤᠨ ᠡᠷᠬᠡ ᠶᠢᠨ ᠲᠣᠪᠴᠢᠶ᠎ᠠ︶ ᠶᠢᠨ ᠲᠤᠰᠬᠠᠶ ᠠᠰᠢᠭ ᠤᠨ ᠡᠷᠬᠡ ᠳᠤ ᠬᠠᠯᠳᠠᠭᠰᠠᠨ ᠵᠢᠭᠤᠷᠠᠯᠳᠤᠭᠠᠨ ᠤ ᠵᠠᠰᠠᠭ ᠵᠠᠬᠢᠷᠭᠠᠨ ᠤ ᠲᠠᠰᠤᠯᠤᠯᠲᠠ ᠶᠢᠨ ᠨᠢᠭᠡ ᠬᠡᠷᠡᠭ ᠢ ᠰᠢᠢᠳᠪᠦᠷᠢᠯᠡᠵᠦ ᠳᠠᠭᠤᠰᠬᠠᠪᠠ᠂ ᠡᠨᠡ ᠪᠣᠯ 2019 ᠣᠨ ᠳᠤ ᠪᠠᠶᠢᠭᠤᠯᠤᠮᠵᠢ ᠶᠢᠨ ᠥᠭᠡᠷᠡᠴᠢᠯᠡᠯᠲᠡ ᠠᠴᠠ ᠨᠠᠭᠠᠰᠢᠬᠢ ᠤᠯᠠᠭᠠᠨᠴᠠᠪ ᠬᠤᠲᠠ ᠶᠢᠨ ᠲᠣᠪᠴᠢᠶ᠎ᠠ ᠶᠢᠨ ᠰᠢᠢᠳᠪᠦᠷᠢᠯᠡᠵᠦ ᠳᠠᠭᠤᠰᠬᠠᠭᠰᠠᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠠᠩᠬᠠᠳᠠᠭᠴᠢ ᠵᠠᠰᠠᠭ ᠵᠠᠬᠢᠷᠭᠠᠨ ᠤ ᠲᠠᠰᠤᠯᠤᠯᠲᠠ ᠶᠢᠨ ᠬᠡᠷᠡᠭ ᠪᠠᠶᠢᠵᠤ᠂ ᠤᠯᠠᠭᠠᠨᠴᠠᠪ ᠬᠤᠲᠠ ᠶᠢᠨ ᠲᠤᠰᠬᠠᠶ ᠠᠰᠢᠭ ᠤᠨ ᠡᠷᠬᠡ ᠳᠤ ᠬᠠᠯᠳᠠᠭᠰᠠᠨ ᠵᠢᠭᠤᠷᠠᠯᠳᠤᠭᠠᠨ ᠤ ᠵᠠᠰᠠᠭ ᠵᠠᠬᠢᠷᠭᠠᠨ ᠤ ᠲᠠᠰᠤᠯᠤᠯᠲᠠ ᠶᠢᠨ ︽ᠲᠡᠭ ᠰᠢᠪᠲᠤᠯᠤᠯᠲᠠ︾ ᠶᠢ ᠪᠡᠶᠡᠯᠡᠭᠦᠯᠪᠡ᠃ ᠡᠨᠡ ᠬᠦ ᠰᠢᠪᠲᠤᠯᠤᠯᠲᠠ ᠨᠢ ᠤᠯᠠᠭᠠᠨᠴᠠᠪ ᠬᠤᠲᠠ ᠨᠢ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠠᠮᠠᠭᠠᠯᠠᠯᠲᠠ ᠪᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠦᠷᠢᠶᠡᠨ ᠳᠤ ᠰᠢᠨ᠎ᠡ ᠠᠬᠢᠴᠠ ᠲᠠᠢ ᠪᠣᠯᠤᠭᠰᠠᠨ ᠢ ᠬᠠᠷᠠᠭᠤᠯᠵᠤ ᠪᠠᠶᠢᠨ᠎ᠠ᠃

    ᠲᠤᠰᠬᠠᠶ ᠠᠰᠢᠭ ᠤᠨ ᠡᠷᠬᠡ ᠳᠤ ᠬᠠᠯᠳᠠᠭᠰᠠᠨ ᠵᠢᠭᠤᠷᠠᠯᠳᠤᠭᠠᠨ ᠤ ᠵᠠᠰᠠᠭ ᠵᠠᠬᠢᠷᠭᠠᠨ ᠤ ᠲᠠᠰᠤᠯᠤᠨ ᠲᠣᠭᠲᠠᠭᠠᠬᠤ ᠠᠵᠢᠯ ᠢ ᠪᠥᠬᠦ ᠲᠠᠯ᠎ᠠ ᠪᠠᠷ ᠠᠬᠢᠭᠤᠯᠬᠤ ᠶᠢᠨ ᠲᠥᠯᠥᠭᠡ᠂ ᠤᠯᠠᠭᠠᠨᠴᠠᠪ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ ᠨᠢᠭᠡ ᠳᠤ᠂ ᠭᠥᠯᠢᠶᠡᠨ ᠠᠪᠴᠤ ᠰᠢᠢᠳᠪᠦᠷᠢᠯᠡᠬᠦ ᠠᠷᠭ᠎ᠠ ᠵᠠᠮ ᠢ ᠰᠠᠭᠠᠳ ᠥᠬᠡᠶ ᠨᠡᠪᠲᠡᠷᠡᠭᠦᠯᠵᠦ᠂ ᠠᠯᠪᠠᠨ ᠰᠦᠯᠵᠢᠶ᠎ᠡ ᠵᠢᠴᠢ ᠣᠯᠠᠨ ᠨᠡᠶᠢᠲᠡ ᠶᠢᠨ ᠲᠠᠪᠴᠠᠩ ᠢᠶᠠᠷ ᠳᠠᠮᠵᠢᠭᠤᠯᠤᠨ ︽2024 ᠣᠨ ᠤ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠠᠤᠯᠢ ᠠᠴᠠ ᠵᠥᠷᠢᠴᠡᠭᠰᠡᠨ ᠰᠦᠪᠡᠭᠴᠢ ᠶᠢ ᠢᠯᠡ ᠪᠠᠷ ᠴᠤᠭᠯᠠᠭᠤᠯᠬᠤ ᠲᠤᠬᠠᠶ ᠵᠠᠷᠯᠠᠯ︾ ᠢ ᠨᠡᠶᠢᠲᠡᠯᠡᠵᠦ᠂ ᠪᠥᠬᠦ ᠨᠡᠶᠢᠭᠡᠮ ᠠᠴᠠ ᠲᠤᠰᠬᠠᠶ ᠠᠰᠢᠭ ᠤᠨ ᠬᠡᠷᠡᠭ ᠤᠨ ᠰᠦᠪᠡᠭᠴᠢ ᠶᠢ ᠴᠤᠭᠯᠠᠭᠤᠯᠪᠠ᠃ 12345 ᠵᠠᠰᠠᠭ ᠤᠨ ᠶᠠᠪᠤᠳᠠᠯ ᠤᠨ ᠠᠷᠠᠳ ᠲᠤ ᠲᠥᠬᠦᠮ ᠦᠵᠡᠭᠦᠯᠬᠦ ᠤᠲᠠᠰᠤ᠂ 12315 ᠢᠯᠡᠴᠢᠯᠡᠨ ᠮᠡᠳᠡᠭᠦᠯᠵᠦ ᠵᠠᠭᠠᠯᠳᠤᠬᠤ ᠲᠠᠪᠴᠠᠩ ᠵᠢᠴᠢ ᠭᠤᠤᠯᠳᠠᠯᠭ᠎ᠠ ᠲᠠᠢ ᠠᠵᠤ ᠠᠬᠤᠶᠢᠯᠠᠯ ᠤᠨ ᠬᠠᠮᠢᠶ᠎ᠠ ᠪᠥᠬᠦᠶ ᠲᠤᠰᠬᠠᠶ ᠠᠰᠢᠭ ᠤᠨ ᠬᠡᠷᠡᠭ ᠤᠨ ᠰᠦᠪᠡᠭᠴᠢ ᠶᠢ ᠡᠮᠬᠢᠯᠡᠨ ᠳᠢᠭᠯᠡᠵᠦ᠂ ᠬᠤᠯᠪᠣᠭᠳᠠᠯ ᠪᠥᠬᠦᠶ ᠡᠷᠬᠡᠲᠦ ᠬᠥᠮᠦᠨ ᠢ ᠵᠣᠷᠢᠭᠵᠢᠭᠤᠯᠤᠨ ᠬᠥᠲᠥᠯᠦᠨ ᠵᠢᠯᠣᠭᠤᠳᠴᠤ ᠪᠠᠶᠢᠭᠠᠳ ᠵᠠᠰᠠᠭ ᠵᠠᠬᠢᠷᠭᠠᠨ ᠢᠶᠠᠷ ᠲᠠᠰᠤᠯᠤᠨ ᠲᠣᠭᠲᠠᠭᠠᠵᠤ ᠲᠤᠰᠬᠠᠶ ᠠᠰᠢᠭ ᠤᠨ ᠡᠷᠬᠡ ᠳᠤ ᠬᠠᠯᠳᠠᠭᠰᠠᠨ ᠵᠢᠭᠤᠷᠠᠯᠳᠤᠭᠠᠨ ᠢ ᠨᠢ ᠰᠢᠢᠳᠪᠦᠷᠢᠯᠡᠭᠦᠯᠦᠭᠦᠯᠪᠡ᠃ ᠬᠤᠶᠠᠷ ᠲᠤ᠂ ᠬᠥᠮᠦᠰ ᠢ ᠢᠳᠡᠪᠬᠢᠲᠡᠶ ᠪᠠᠷ ᠵᠣᠬᠢᠶᠠᠨ ᠪᠠᠶᠢᠭᠤᠯᠵᠤ ᠥᠪᠡᠷᠲᠡᠭᠡᠨ ᠵᠠᠰᠠᠬᠤ ᠣᠷᠣᠨ ᠤ ᠲᠣᠪᠴᠢᠶ᠎ᠠ ᠶᠢᠨ ᠡᠷᠭᠢᠯᠡᠭᠰᠡᠨ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠮᠡᠳᠡᠯᠭᠡ ᠶᠢᠨ ᠥᠮᠴᠢᠯᠡᠯ ᠤᠨ ᠡᠷᠬᠡ ᠶᠢᠨ ᠪᠣᠯᠪᠠᠰᠤᠷᠠᠯ ᠤᠨ ᠠᠩᠭᠢ ᠳᠤ ᠣᠷᠣᠯᠴᠠᠭᠤᠯᠵᠤ᠂ ᠲᠤᠰᠬᠠᠶ ᠠᠰᠢᠭ ᠤᠨ ᠡᠷᠬᠡ ᠳᠤ ᠬᠠᠯᠳᠠᠭᠰᠠᠨ ᠵᠢᠭᠤᠷᠠᠯᠳᠤᠭᠠᠨ ᠤ ᠵᠠᠰᠠᠭ ᠵᠠᠬᠢᠷᠭᠠᠨ ᠤ ᠲᠠᠰᠤᠯᠤᠯᠲᠠ ᠶᠢᠨ ᠬᠠᠤᠯᠢ ᠴᠠᠭᠠᠵᠠ ᠬᠠᠤᠯᠢ ᠲᠣᠭᠲᠠᠭᠠᠯ ᠤᠨ ᠬᠡᠷᠡᠭᠯᠡᠯᠲᠡ᠂ ᠰᠢᠢᠳᠪᠦᠷᠢᠯᠡᠬᠦ ᠶᠠᠪᠤᠴᠠ᠂ ᠡᠷᠬᠡ ᠳᠤ ᠬᠠᠯᠳᠠᠭᠰᠠᠨ ᠲᠠᠰᠤᠯᠤᠨ ᠲᠣᠭᠲᠠᠭᠠᠬᠤ ᠲᠦᠷᠢᠮ ᠵᠡᠷᠭᠡ ᠮᠡᠳᠡᠯᠭᠡ ᠶᠢ ᠰᠤᠷᠤᠯᠴᠠᠭᠤᠯᠬᠤ ᠪᠠᠷ ᠳᠠᠮᠵᠢᠭᠤᠯᠤᠨ᠂ ᠪᠣᠳᠠᠲᠤ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ᠂ ᠬᠡᠷᠡᠭ ᠰᠢᠢᠳᠪᠦᠷᠢᠯᠡᠬᠦ ᠠᠵᠢᠯᠳᠠᠨ ᠤ ᠲᠤᠬᠠᠶᠢᠯᠠᠭᠰᠠᠨ ᠠᠵᠢᠯ ᠤᠨ ᠲᠦᠪᠰᠢᠨ ᠪᠠ ᠬᠠᠤᠯᠢ ᠬᠡᠷᠡᠭᠵᠢᠭᠦᠯᠬᠦ ᠴᠢᠳᠠᠪᠤᠷᠢ ᠶᠢ ᠨᠢ ᠪᠥᠬᠦ ᠲᠠᠯ᠎ᠠ ᠪᠠᠷ᠂ ᠣᠯᠠᠨ ᠡᠰᠢᠵᠢᠭᠦᠯᠦᠨ ᠳᠡᠭᠡᠭᠰᠢᠯᠡᠭᠦᠯᠪᠡ᠃ ᠭᠤᠷᠪᠠ ᠳᠤ᠂ ᠥᠪᠡᠷᠲᠡᠭᠡᠨ ᠵᠠᠰᠠᠬᠤ ᠣᠷᠣᠨ ᠪᠠ ᠠᠶᠢᠮᠠᠭ ᠬᠤᠲᠠ ᠶᠢᠨ ᠬᠤᠯᠪᠣᠭᠠᠯᠠᠨ ᠬᠥᠳᠡᠯᠦᠯᠴᠡᠬᠦ ᠦᠢᠯᠡᠳᠦᠯ ᠢ ᠭᠦᠢᠴᠡᠳ ᠪᠠᠳᠠᠷᠠᠭᠤᠯᠵᠤ᠂ ᠮᠡᠳᠡᠯᠭᠡ ᠶᠢᠨ ᠥᠮᠴᠢᠯᠡᠯ ᠤᠨ ᠡᠷᠬᠡ ᠶᠢ ᠬᠠᠮᠠᠭᠠᠯᠠᠬᠤ ᠵᠢᠯᠣᠭᠤᠳᠣᠯᠭ᠎ᠠ ᠪᠠ ᠬᠠᠮᠲᠤᠷᠠᠯᠴᠠᠭ᠎ᠠ ᠶᠢ ᠴᠢᠩᠭᠠᠳᠬᠠᠵᠤ᠂ ᠥᠪᠡᠷᠲᠡᠭᠡᠨ ᠵᠠᠰᠠᠬᠤ ᠣᠷᠣᠨ ᠤ ᠮᠡᠳᠡᠯᠭᠡ ᠶᠢᠨ ᠥᠮᠴᠢᠯᠡᠯ ᠤᠨ ᠡᠷᠬᠡ ᠶᠢ ᠬᠠᠮᠠᠭᠠᠯᠠᠬᠤ ᠲᠥᠪ ᠤᠨ ᠲᠤᠰᠬᠠᠶ ᠠᠰᠢᠭ ᠤᠨ ᠡᠷᠬᠡ ᠳᠤ ᠬᠠᠯᠳᠠᠭᠰᠠᠨ ᠵᠢᠭᠤᠷᠠᠯᠳᠤᠭᠠᠨ ᠢ ᠵᠠᠰᠠᠭ ᠵᠠᠬᠢᠷᠭᠠᠨ ᠤ ᠲᠠᠰᠤᠯᠤᠨ ᠲᠣᠭᠲᠠᠭᠠᠬᠤ ᠬᠤᠯᠪᠣᠭᠳᠠᠯ ᠪᠥᠬᠦᠶ ᠮᠡᠷᠭᠡᠵᠢᠯ ᠤᠨ ᠬᠦᠷᠢᠶᠡᠨ ᠳᠠᠬᠢ ᠲᠤᠰᠬᠠᠶ ᠮᠡᠷᠭᠡᠵᠢᠯᠲᠡᠨ ᠢ ᠤᠷᠢᠵᠤ ᠤᠯᠠᠭᠠᠨᠴᠠᠪ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢ ᠬᠠᠮᠵᠢᠨ ᠲᠤᠰᠬᠠᠶ ᠠᠰᠢᠭ ᠤᠨ ᠡᠷᠬᠡ ᠳᠤ ᠬᠠᠯᠳᠠᠭᠰᠠᠨ ᠲᠤᠬᠠᠶ ᠶᠢᠨ ᠲᠠᠯᠠᠪᠠᠶ ᠶᠢ ᠬᠠᠶᠢᠨ ᠰᠢᠯᠭᠠᠵᠤ ᠭᠡᠷᠡᠴᠢ ᠠᠪᠬᠤ᠂ ᠮᠡᠷᠭᠡᠵᠢᠯ ᠤᠨ ᠵᠠᠳᠠᠯᠤᠯᠲᠠ ᠬᠢᠬᠦ ᠵᠡᠷᠭᠡ ᠠᠵᠢᠯ ᠢ ᠥᠷᠨᠢᠭᠦᠯᠬᠦ ᠶᠢᠨ ᠬᠠᠮᠲᠤ᠂ ᠲᠤᠰᠬᠠᠶ ᠠᠰᠢᠭ ᠤᠨ ᠡᠷᠬᠡ ᠳᠤ ᠬᠠᠯᠳᠠᠭᠰᠠᠨ ᠬᠡᠷᠡᠭ ᠤᠨ ᠮᠠᠭᠠᠳᠯᠠᠨ ᠲᠣᠭᠲᠠᠭᠠᠭᠰᠠᠨ ᠰᠠᠨᠠᠯ ᠢ ᠭᠠᠷᠭᠠᠵᠤ᠂ ᠴᠠᠭ ᠲᠤᠬᠠᠶ ᠳᠤ ᠨᠢ ᠲᠠᠰᠤᠯᠤᠨ ᠲᠣᠭᠲᠠᠭᠠᠬᠤ ᠳᠤ ᠦᠨᠳᠦᠰᠦᠯᠡᠯ ᠬᠠᠩᠭᠠᠭᠰᠠᠨ ᠪᠠᠶᠢᠨ᠎ᠠ᠃ ᠤᠯᠤᠰ ᠤᠨ ᠮᠡᠳᠡᠯᠭᠡ ᠶᠢᠨ ᠦᠮᠴᠢᠯᠡᠯ ᠤᠨ ᠡᠷᠬᠡ ᠶᠢᠨ ᠲᠣᠪᠴᠢᠶᠠᠨ ᠤ ︽ᠲᠤᠰᠬᠠᠢ ᠠᠰᠢᠭ ᠤᠨ ᠡᠷᠬᠡ ᠳᠤ ᠬᠠᠯᠳᠠᠭᠰᠠᠨ ᠵᠢᠭᠤᠷᠠᠯᠳᠤᠭᠠᠨ ᠤ ᠵᠠᠰᠠᠭ ᠵᠠᠬᠢᠷᠭᠠᠨ ᠤ ᠲᠠᠰᠤᠯᠤᠨ ᠲᠣᠭᠲᠠᠭᠠᠬᠤ ᠵᠦᠭᠯᠡᠭᠦᠷ︾ ᠲᠠᠢ ᠬᠠᠷᠢᠴᠠᠭᠤᠯᠤᠨ᠂ ᠲᠤᠰᠬᠠᠢ ᠠᠰᠢᠭ ᠤᠨ ᠡᠷᠬᠡ ᠳᠤ ᠬᠠᠯᠳᠠᠭᠰᠠᠨ ᠵᠢᠭᠤᠷᠠᠯᠳᠤᠭᠠᠨ ᠤ ᠵᠠᠰᠠᠭ ᠵᠠᠬᠢᠷᠭᠠᠨ ᠤ ᠲᠠᠰᠤᠯᠤᠨ ᠲᠣᠭᠲᠠᠭᠠᠬᠤ ᠬᠡᠷᠡᠭ ᠢ ᠭᠥᠯᠢᠶᠡᠨ ᠠᠪᠴᠤ ᠰᠢᠢᠳᠪᠦᠷᠢᠯᠡᠬᠦ᠂ ᠬᠢᠨᠠᠨ ᠪᠠᠶᠢᠴᠠᠭᠠᠬᠤ᠂ ᠭᠡᠷᠡᠴᠢ ᠪᠠᠷᠢᠮᠲᠠ ᠶᠢ ᠪᠠᠶᠢᠴᠠᠭᠠᠬᠤ ᠵᠡᠷᠭᠡ ᠠᠵᠢᠯ ᠤᠨ ᠳᠠᠷᠠᠭᠠᠯᠠᠯ ᠢ ᠴᠢᠩᠳᠠᠯᠠᠵᠤ᠂ ᠲᠤᠰᠬᠠᠢ ᠠᠰᠢᠭ ᠤᠨ ᠡᠷᠬᠡ ᠳᠤ ᠬᠠᠯᠳᠠᠭᠰᠠᠨ ᠵᠢᠭᠤᠷᠠᠯᠳᠤᠭᠠᠨ ᠤ ᠵᠠᠰᠠᠭ ᠵᠠᠬᠢᠷᠭᠠᠨ ᠤ ᠲᠠᠰᠤᠯᠤᠨ ᠲᠣᠭᠲᠠᠭᠠᠯᠲᠠ ᠶᠢ ᠰᠢᠢᠳᠪᠦᠷᠢᠯᠡᠬᠦ ᠳᠠᠷᠠᠭᠠᠯᠠᠯ ᠤᠨ ᠬᠠᠤᠯᠢ ᠶᠣᠰᠣᠨ ᠤ ᠵᠢᠷᠤᠮᠵᠢᠯ ᠲᠠᠢ ᠪᠠᠶᠢᠬᠤ ᠶᠢ ᠦᠨᠡᠨ ᠬᠦ ᠪᠠᠲᠤᠯᠠᠪᠠ᠃

 

ᠢᠷᠡᠯᠲᠡ᠄ ᠤᠯᠠᠭᠠᠨᠴᠠᠪ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ