2024 ᠣᠨ ᠤ ᠥᠪᠡᠷᠲᠡᠭᠡᠨ ᠵᠠᠰᠠᠬᠤ ᠣᠷᠣᠨ ᠤ ᠲᠠᠰ ᠤᠨ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠬᠢᠷᠢ ᠬᠡᠮ ᠢ ᠮᠠᠭᠠᠳᠯᠠᠨ ᠲᠣᠭᠲᠠᠭᠠᠬᠤ ᠰᠢᠨ᠎ᠡ ᠪᠠᠷ ᠬᠢᠨᠠᠨ ᠲᠣᠭᠲᠠᠭᠠᠭᠴᠢ ᠡᠯᠰᠡᠬᠦ ᠰᠢᠯᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠬᠦ ᠲᠤᠬᠠᠶ ᠵᠠᠷᠯᠠᠯ
ᠨᠡᠶᠢᠲᠡᠯᠡᠭᠰᠡᠨ ᠴᠠᠭ᠄
2024/8/21

    ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠬᠢᠷᠢ ᠬᠡᠮ ᠢ ᠮᠠᠭᠠᠳᠯᠠᠨ ᠲᠣᠭᠲᠠᠭᠠᠬᠤ ᠮᠡᠷᠭᠡᠵᠢᠯ ᠤᠨ ᠬᠢᠨᠠᠨ ᠲᠣᠭᠲᠠᠭᠠᠬᠤ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠲᠠᠰ ᠤᠨ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠬᠢᠷᠢ ᠬᠡᠮ ᠢ ᠮᠠᠭᠠᠳᠯᠠᠨ ᠲᠣᠭᠲᠠᠭᠠᠬᠤ ᠬᠢᠨᠠᠨ ᠲᠣᠭᠲᠠᠭᠠᠭᠴᠢ ︵ᠳᠣᠷᠣᠭᠰᠢ ᠥᠪᠡᠷᠲᠡᠭᠡᠨ ᠵᠠᠰᠠᠬᠤ ᠣᠷᠣᠨ ᠤ ᠲᠠᠰ ᠤᠨ ᠬᠢᠷᠢ ᠬᠡᠮ ᠢ ᠮᠠᠭᠠᠳᠯᠠᠨ ᠲᠣᠭᠲᠠᠭᠠᠬᠤ ᠬᠢᠨᠠᠨ ᠲᠣᠭᠲᠠᠭᠠᠭᠴᠢ ᠭᠡᠵᠦ ᠲᠣᠪᠴᠢᠯᠠᠨ᠎ᠠ︶ ᠶᠢᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠬᠤ ᠶᠢᠨ ᠲᠤᠰᠠᠳᠠ᠂ ︽ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠬᠢᠷᠢ ᠬᠡᠮ ᠢ ᠮᠠᠭᠠᠳᠯᠠᠨ ᠲᠣᠭᠲᠠᠭᠠᠬᠤ ᠬᠠᠮᠢᠶᠠᠷᠤᠯᠲᠠ ᠶᠢᠨ ᠠᠷᠭ᠎ᠠ︾ ︽ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠬᠢᠷᠢ ᠬᠡᠮ ᠢ ᠮᠠᠭᠠᠳᠯᠠᠨ ᠲᠣᠭᠲᠠᠭᠠᠬᠤ ᠬᠢᠨᠠᠨ ᠲᠣᠭᠲᠠᠭᠠᠭᠴᠢ ᠶᠢᠨ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠦᠨᠳᠦᠰᠦᠯᠡᠨ᠂ ᠣᠶᠢᠷ᠎ᠠ ᠶᠢᠨ ᠬᠤᠭᠤᠴᠠᠭᠠᠨ ᠳᠤ ᠥᠪᠡᠷᠲᠡᠭᠡᠨ ᠵᠠᠰᠠᠬᠤ ᠣᠷᠣᠨ ᠤ ᠲᠠᠰ ᠤᠨ ᠬᠢᠷᠢ ᠬᠡᠮ ᠢ ᠮᠠᠭᠠᠳᠯᠠᠨ ᠲᠣᠭᠲᠠᠭᠠᠬᠤ ᠬᠢᠨᠠᠨ ᠲᠣᠭᠲᠠᠭᠠᠭᠴᠢ ᠶᠢᠨ ᠨᠥᠬᠦᠪᠥᠷᠢᠯᠡᠬᠦ ᠠᠵᠢᠯ ᠢ ᠥᠷᠨᠢᠭᠦᠯᠬᠦ ᠪᠠᠷ ᠪᠣᠯᠪᠠ᠂ ᠪᠣᠳᠠᠲᠠᠶ ᠱᠠᠭᠠᠷᠳᠠᠯᠭ᠎ᠠ ᠨᠢ ᠳᠣᠤᠷᠠᠬᠢ ᠮᠡᠲᠦ᠄

ᠨᠢᠭᠡ᠂ ᠡᠯᠰᠡᠬᠦ ᠬᠡᠪᠴᠢᠶ᠎ᠡ

    ᠬᠢᠷᠢ ᠬᠡᠮ ᠢ ᠮᠠᠭᠠᠳᠯᠠᠨ ᠲᠤᠭᠳᠠᠭᠠᠬᠤ ᠪᠦᠬᠦ ᠬᠡᠪᠴᠢᠶ᠎ᠡ

ᠬᠤᠶᠠᠷ᠂ ᠨᠡᠷ᠎ᠡ ᠮᠡᠳᠡᠭᠦᠯᠬᠦ ᠨᠥᠬᠦᠴᠡᠯ

    ︵ᠨᠢᠭᠡ︶ ᠤᠯᠤᠰ ᠠᠴᠠ ᠮᠡᠳᠡᠷᠡᠭᠰᠡᠨ ᠶᠡᠭᠡ ᠰᠤᠷᠭᠠᠭᠤᠯᠢ ᠶᠢᠨ ᠵᠢᠩᠬᠢᠨᠢ ᠠᠩᠭᠢ ᠵᠢᠴᠢ ᠲᠡᠭᠦᠨ ᠠᠴᠠ ᠳᠡᠭᠡᠭᠰᠢᠬᠢ ᠬᠤᠯᠪᠣᠭᠳᠠᠯ ᠪᠦᠬᠦᠢ ᠲᠤᠰᠬᠠᠶ ᠮᠡᠷᠭᠡᠵᠢᠯ ᠤᠨ ᠰᠤᠷᠤᠯᠭ᠎ᠠ ᠶᠢᠨ ᠨᠠᠮᠲᠠᠷ ᠲᠠᠢ ᠪᠥᠭᠡᠳ ᠬᠤᠯᠪᠣᠭᠳᠠᠯ ᠪᠦᠬᠦᠢ ᠲᠤᠰᠬᠠᠶ ᠮᠡᠷᠭᠡᠵᠢᠯ ᠤᠨ ᠳᠤᠮᠳᠠ ᠵᠡᠷᠭᠡ ᠠᠴᠠ ᠳᠡᠭᠡᠭᠰᠢᠬᠢ ᠮᠡᠷᠭᠡᠵᠢᠯ ᠤᠨ ᠴᠣᠯᠠ ᠪᠤᠶᠤ ᠠᠳᠠᠯᠢ ᠬᠢᠷᠢ ᠬᠡᠮᠵᠢᠶ᠎ᠡ ᠲᠠᠢ ᠮᠡᠷᠭᠡᠵᠢᠯ ᠤᠨ ᠴᠢᠳᠠᠪᠤᠷᠢ ᠲᠠᠢ ᠪᠠᠶᠢᠬᠤ ᠬᠡᠷᠡᠭᠲᠡᠢ︔

    ︵ᠬᠤᠶᠠᠷ︶ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ ᠲᠤᠰᠬᠠᠢ ᠮᠡᠷᠭᠡᠵᠢᠯ ᠤᠨ ᠣᠨᠣᠯ ᠤᠨ ᠮᠡᠳᠡᠯᠭᠡ ᠪᠠ ᠠᠵᠢᠯᠯᠠᠭᠠᠨ ᠤ ᠴᠢᠳᠠᠪᠤᠷᠢ ᠶᠢ ᠣᠶᠢᠯᠠᠭᠠᠵᠤ᠂  ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ ᠵᠢᠴᠢ ᠬᠤᠯᠪᠣᠭᠳᠠᠯ ᠪᠦᠬᠦᠢ ᠬᠠᠮᠢᠶᠠᠷᠤᠯᠲᠠ ᠶᠢᠨ ᠠᠵᠢᠯ ᠢ 5 ᠵᠢᠯ ᠵᠢᠴᠢ ᠲᠡᠭᠦᠨ ᠠᠴᠠ ᠳᠡᠭᠡᠭᠰᠢ ᠡᠷᠬᠢᠯᠡᠭᠰᠡᠨ ᠪᠠᠶᠢᠬᠤ ᠬᠡᠷᠡᠭᠲᠡᠢ︔

    ︵ᠭᠤᠷᠪᠠ︶ ᠬᠢᠷᠢ ᠬᠡᠮ ᠢ ᠮᠠᠭᠠᠳᠯᠠᠨ ᠲᠣᠭᠲᠠᠭᠠᠬᠤ ᠬᠤᠯᠪᠣᠭᠳᠠᠯ ᠪᠥᠬᠦᠶ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠪᠠ ᠰᠠᠯᠠᠭ᠎ᠠ ᠮᠥᠴᠢᠷ ᠤᠨ ᠲᠦᠷᠢᠮ ᠲᠣᠭᠲᠠᠭᠠᠯ ᠢ ᠣᠶᠢᠯᠠᠭᠠᠵᠤ᠂ ᠬᠢᠨᠠᠨ ᠲᠣᠭᠲᠠᠭᠠᠬᠤ ᠪᠠᠷᠢᠮᠵᠢᠶ᠎ᠠ ᠪᠠ ᠣᠨᠴᠠᠭᠠᠶ ᠬᠦᠷᠢᠶᠡᠨ ᠤ ᠬᠢᠨᠠᠨ ᠲᠣᠭᠲᠠᠭᠠᠬᠤ ᠨᠥᠬᠦᠪᠥᠷᠢ ᠱᠠᠭᠠᠷᠳᠠᠯᠭ᠎ᠠ ᠶᠢ ᠪᠣᠯᠪᠠᠰᠤᠷᠠᠩᠭᠤᠶ ᠬᠡᠷᠡᠭᠯᠡᠵᠦ ᠬᠢᠨᠠᠨ ᠲᠣᠭᠲᠠᠭᠠᠬᠤ ᠠᠵᠢᠯ ᠢ ᠥᠷᠨᠢᠭᠦᠯᠬᠦ ᠬᠡᠷᠡᠭᠲᠡᠢ︔

    ︵ᠲᠦᠷᠪᠡ︶ ᠺᠣᠮᠫᠢᠦ᠋ᠲ᠋ᠧᠷ ᠤᠨ ᠠᠵᠢᠯᠯᠠᠭ᠎ᠠ ᠶᠢ ᠰᠠᠶᠢᠨ ᠣᠶᠢᠯᠠᠭᠠᠵᠤ᠂ ᠬᠢᠷᠢ ᠬᠡᠮ ᠢ ᠮᠠᠭᠠᠳᠯᠠᠨ ᠲᠣᠭᠲᠠᠭᠠᠵᠤ ᠬᠢᠨᠠᠨ ᠲᠣᠭᠲᠠᠭᠠᠬᠤ ᠬᠤᠯᠪᠣᠭᠳᠠᠯ ᠪᠥᠬᠦᠶ ᠲᠤᠬᠠᠶᠢᠯᠠᠭᠰᠠᠨ ᠠᠵᠢᠯ ᠤᠨ ᠰᠢᠰᠲ᠋ᠧᠮ ᠢ ᠪᠣᠯᠪᠠᠰᠤᠷᠠᠩᠭᠤᠶ ᠬᠡᠷᠡᠭᠯᠡᠬᠦ ᠬᠡᠷᠡᠭᠲᠡᠶ︔

    ︵ᠲᠠᠪᠤ︶ ᠪᠦᠬᠦᠯᠢ 60 ᠨᠠᠰᠤᠨ ᠠᠴᠠ ᠬᠡᠲᠦᠷᠡᠬᠦ ᠦᠭᠡᠢ᠂ ᠪᠡᠶ᠎ᠡ ᠮᠠᠬᠠᠪᠣᠳ ᠡᠷᠡᠭᠦᠯ ᠴᠢᠭᠢᠷᠠᠭ ᠪᠠᠶᠢᠬᠤ ᠬᠡᠷᠡᠭᠲᠡᠢ︔

    ︵ᠵᠢᠷᠭᠤᠭ᠎ᠠ︶ ᠦᠭᠡ ᠬᠡᠯᠡᠨ ᠤ ᠢᠯᠡᠳᠭᠡᠯ ᠪᠠ ᠰᠣᠯᠢᠯᠴᠠᠬᠤ ᠴᠢᠳᠠᠪᠤᠷᠢ ᠰᠠᠶᠢᠨ ᠪᠠᠶᠢᠬᠤ ᠬᠡᠷᠡᠭᠲᠡᠢ︔

    ︵ᠳᠤᠯᠤᠭ᠎ᠠ︶ ᠬᠢᠨᠠᠨ ᠲᠣᠭᠲᠠᠭᠠᠬᠤ ᠳᠤ ᠣᠷᠣᠯᠴᠠᠬᠤ ᠴᠠᠭ ᠢ ᠪᠠᠲᠤᠯᠠᠬᠤ ᠬᠡᠷᠡᠭᠲᠡᠢ︔

    ︵ᠨᠠᠢᠮᠠ︶ ᠬᠠᠤᠯᠢ ᠲᠣᠭᠲᠠᠭᠠᠯ ᠢ ᠵᠥᠷᠢᠴᠡᠭᠰᠡᠨ ᠲᠡᠮᠳᠡᠭᠯᠡᠯ ᠪᠠᠶᠢᠬᠤ ᠦᠭᠡᠢ ᠪᠠᠶᠢᠬᠤ ᠬᠡᠷᠡᠭᠲᠡᠢ᠃

ᠭᠤᠷᠪᠠ᠂ ᠰᠢᠯᠭᠠᠯᠳᠠ ᠶᠢᠨ ᠬᠠᠮᠢᠶ᠎ᠠ ᠪᠦᠭᠦᠢ ᠵᠦᠢᠯᠡᠰ

    ︵ᠨᠢᠭᠡ︶ ᠰᠢᠯᠭᠠᠯᠲᠠ ᠶᠢᠨ ᠠᠭᠤᠯᠭ᠎ᠠ᠄ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠬᠢᠷᠢ ᠬᠡᠮ ᠢ ᠮᠠᠭᠠᠳᠯᠠᠨ ᠲᠣᠭᠲᠠᠭᠠᠬᠤ ᠬᠠᠮᠢᠶᠠᠷᠤᠯᠲᠠ ᠶᠢᠨ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ᠂ ᠲᠥᠷᠥ ᠶᠢᠨ ᠪᠣᠳᠣᠯᠭ᠎ᠠ ᠶᠢᠨ ᠲᠦᠷᠢᠮ᠂ ᠬᠢᠨᠠᠨ ᠲᠣᠭᠲᠠᠭᠠᠬᠤ ᠪᠠᠷᠢᠮᠵᠢᠶ᠎ᠠ᠂ ᠬᠤᠯᠪᠣᠭᠳᠠᠯ ᠪᠥᠬᠦᠶ ᠬᠦᠷᠢᠶᠡᠨ ᠤ ᠮᠡᠷᠭᠡᠵᠢᠯ ᠤᠨ ᠬᠢᠨᠠᠨ ᠲᠣᠭᠲᠠᠭᠠᠬᠤ ᠱᠠᠭᠠᠷᠳᠠᠯᠭ᠎ᠠ ᠵᠢᠴᠢ ᠲᠤᠰᠬᠠᠶ ᠮᠡᠷᠭᠡᠵᠢᠯ ᠤᠨ ᠱᠠᠭᠠᠷᠳᠠᠯᠭ᠎ᠠ ᠵᠡᠷᠭᠡ᠃

    ︵ᠬᠤᠶᠠᠷ︶ ᠨᠡᠷ᠎ᠡ ᠮᠡᠳᠡᠭᠦᠯᠬᠦ ᠱᠠᠭᠠᠷᠳᠠᠯᠭ᠎ᠠ᠄ ᠲᠣᠰ ᠮᠡᠳᠡᠭᠳᠡᠯ ᠢ ᠨᠡᠶᠢᠲᠡᠯᠡᠭᠰᠡᠨ ᠡᠳᠦᠷ ᠠᠴᠠ ᠡᠬᠢᠯᠡᠨ 2024 ᠣᠨ ᠤ 9 ᠳ᠋ᠦ᠋ᠭᠡᠷ ᠰᠠᠷ᠎ᠠ ᠶᠢᠨ 15 ᠤ ᠡᠳᠦᠷ ᠪᠣᠯᠲᠠᠯ᠎ᠠ᠂ ᠰᠢᠯᠭᠠᠯᠲᠠ ᠳᠤ ᠣᠷᠣᠯᠴᠠᠭᠰᠠᠳ ︽ᠥᠪᠡᠷᠲᠡᠭᠡᠨ ᠵᠠᠰᠠᠬᠤ ᠣᠷᠣᠨ ᠤ ᠲᠠᠰ ᠤᠨ ︵ᠰᠢᠨ᠎ᠡ︶ ᠬᠢᠷᠢ ᠬᠡᠮ ᠢ ᠮᠠᠭᠠᠳᠯᠠᠨ ᠲᠣᠭᠲᠠᠭᠠᠬᠤ ᠬᠢᠨᠠᠨ ᠲᠣᠭᠲᠠᠭᠠᠭᠴᠢ ᠶᠢᠨ ᠴᠢᠳᠠᠪᠤᠷᠢ ᠶᠢᠨ ᠬᠢᠷᠢ ᠬᠡᠮ ᠤᠨ ᠰᠢᠯᠭᠠᠯᠲᠠ ᠶᠢᠨ ᠭᠤᠶᠤᠴᠢᠯᠠᠯ ᠤᠨ ᠬᠦᠰᠦᠨᠦᠭ︾ ᠢ ᠬᠢᠨᠠᠮᠠᠭᠠᠶ ᠲᠠᠭᠯᠠᠨ ᠪᠢᠴᠢᠬᠦ ︵ᠳᠠᠭᠠᠯᠳᠤᠭᠤᠯᠤᠯ ᠳᠤ ᠦᠵᠡ︶ ᠶᠢᠨ ᠬᠠᠮᠲᠤ ᠲᠣᠭᠲᠠᠭᠰᠠᠨ ᠢᠮᠧᠯ ᠳᠤ ᠬᠦᠷᠭᠡᠨ᠎ᠡ᠃

    ︵ᠭᠤᠷᠪᠠ︶ ᠪᠤᠰᠤᠳ ᠵᠦᠢᠯᠡᠰ᠄ ᠲᠣᠰ ᠤᠳᠠᠭᠠᠨ ᠤ ᠰᠢᠯᠭᠠᠯᠲᠠ ᠶᠢᠨ ᠰᠢᠯᠭᠠᠯᠲᠠ ᠶᠢᠨ ᠬᠠᠭᠤᠳᠠᠰᠤ ᠨᠢ ᠬᠠᠭᠠᠯᠲᠠᠲᠤ ᠬᠡᠯᠪᠡᠷᠢ ᠶᠢᠨ ᠪᠠᠶᠢᠵᠤ᠂ ᠰᠢᠯᠭᠠᠯᠲᠠ ᠶᠢᠨ ᠴᠠᠭ ᠭᠠᠵᠠᠷ ᠢ ᠲᠣᠭᠲᠠᠭᠠᠭᠰᠠᠨ ᠤ ᠳᠠᠷᠠᠭ᠎ᠠ ᠠᠰᠲᠠᠭᠠᠨ ᠮᠡᠳᠡᠭᠳᠡᠨ᠎ᠡ᠃ ᠥᠪᠡᠷᠲᠡᠭᠡᠨ ᠵᠠᠰᠠᠬᠤ ᠣᠷᠣᠨ ᠤ ᠳᠡᠰ ᠤᠨ ᠰᠢᠨ᠎ᠡ ᠪᠠᠷ ᠬᠢᠨᠠᠨ ᠲᠣᠭᠲᠠᠭᠠᠭᠴᠢ ᠡᠯᠰᠡᠨ ᠬᠡᠷᠡᠭᠯᠡᠬᠦ ᠰᠢᠯᠭᠠᠯᠲᠠ ᠳᠤ ᠬᠢᠷᠢ ᠲᠡᠩᠴᠡᠭᠰᠡᠨ ᠨᠡᠷᠡᠰ ᠢ ᠰᠢᠯᠭᠠᠯᠲᠠ ᠳᠠᠭᠤᠰᠤᠭᠰᠠᠨ ᠨᠢᠭᠡ ᠰᠠᠷ᠎ᠠ ᠶᠢᠨ ᠳᠠᠷᠠᠭ᠎ᠠ ᠨᠡᠶᠢᠲᠡᠯᠡᠵᠦ᠂ ᠬᠢᠨᠠᠨ ᠰᠢᠯᠭᠠᠯᠲᠠ ᠳᠤ ᠬᠢᠷᠢ ᠲᠡᠩᠴᠡᠭᠰᠡᠳ ᠢ ᠥᠪᠡᠷᠲᠡᠭᠡᠨ ᠵᠠᠰᠠᠬᠤ ᠣᠷᠣᠨ ᠤ ᠳᠡᠰ ᠤᠨ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠬᠢᠷᠢ ᠬᠡᠮ ᠢ ᠮᠠᠭᠠᠳᠯᠠᠨ ᠲᠣᠭᠲᠠᠭᠠᠵᠤ ᠬᠢᠨᠠᠨ ᠲᠣᠭᠲᠠᠭᠠᠭᠴᠢ ᠶᠢᠨ ᠬᠥᠮᠥᠷᠭᠡ ᠳᠤ ᠣᠷᠣᠭᠤᠯᠬᠤ ᠶᠢᠨ ᠬᠠᠮᠲᠤ᠂ ᠬᠢᠷᠢ ᠬᠡᠮ ᠢ ᠬᠢᠨᠠᠨ ᠲᠣᠭᠲᠠᠭᠠᠬᠤ ᠠᠵᠢᠯ ᠤᠨ ᠬᠡᠷᠡᠭᠴᠡᠭᠡ ᠶᠢ ᠦᠨᠳᠦᠰᠦᠯᠡᠨ ᠪᠣᠯᠪᠠᠰᠤᠷᠠᠯ ᠳᠤ ᠣᠷᠣᠯᠴᠠᠭᠰᠠᠨ ᠤ ᠳᠠᠷᠠᠭ᠎ᠠ ᠬᠢᠷᠢ ᠬᠡᠮ ᠢ ᠮᠠᠭᠠᠳᠯᠠᠨ ᠲᠣᠭᠲᠠᠭᠠᠵᠤ ᠬᠢᠨᠠᠨ ᠲᠣᠭᠲᠠᠭᠠᠬᠤ ᠠᠵᠢᠯ ᠢ ᠠᠯᠬᠤᠮ ᠠᠯᠬᠤᠮ ᠢᠶᠠᠷ ᠲᠣᠬᠢᠷᠠᠭᠤᠯᠤᠨ᠎ᠠ᠃

    ᠬᠠᠷᠢᠯᠴᠠᠬᠤ ᠬᠥᠮᠦᠨ᠄ ᠯᠢ ᠵᠢᠶᠦ᠋ᠨ ᠫᠢᠩ 0471 - 5986670 ︵ᠰᠢᠯᠭᠠᠨ ᠪᠠᠶᠢᠴᠠᠭᠠᠬᠤ ᠭᠠᠵᠠᠷ︶

    ᠶᠠᠩ ᠵᠢᠩ 0471 - 4968870 ︵ᠬᠢᠨᠠᠨ ᠲᠣᠭᠲᠠᠭᠠᠵᠤ ᠪᠠᠶᠢᠴᠠᠭᠠᠨ ᠰᠢᠯᠭᠠᠬᠤ ᠲᠥᠪ︶ 15804718812

    ᠨᠡᠷ᠎ᠡ ᠮᠡᠳᠡᠭᠦᠯᠬᠦ ᠢᠮᠧᠯ᠄ nmgspgy@163.com 

 

    ᠳᠠᠭᠠᠯᠳᠤᠭᠤᠯᠤᠯ᠄ ᠥᠪᠡᠷᠲᠡᠭᠡᠨ ᠵᠠᠰᠠᠬᠤ ᠣᠷᠣᠨ ᠤ ᠳᠡᠰ ︵ᠰᠢᠨ᠎ᠡ︶ ᠤᠨ ᠬᠢᠷᠢ ᠬᠡᠮ ᠢ ᠮᠠᠭᠠᠳᠯᠠᠨ ᠲᠣᠭᠲᠠᠭᠠᠬᠤ ᠬᠢᠨᠠᠨ ᠲᠣᠭᠲᠠᠭᠠᠭᠴᠢ ᠶᠢᠨ ᠴᠢᠳᠠᠪᠤᠷᠢ ᠶᠢᠨ ᠬᠢᠷᠢ ᠬᠡᠮ ᠤᠨ ᠰᠢᠯᠭᠠᠯᠠᠲ ᠤᠨ ᠭᠤᠶᠤᠴᠢᠯᠠᠯ ᠤᠨ ᠬᠦᠰᠦᠨᠦᠭ

 

    ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ

    2024 ᠣᠨ ᠤ 8 ᠳ᠋ᠤᠭᠠᠷ ᠰᠠᠷ᠎ᠠ ᠶᠢᠨ 20 ᠤ ᠡᠳᠦᠷ



 

ᠢᠷᠡᠯᠲᠡ᠄ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ ᠰᠢᠯᠭᠠᠨ ᠪᠠᠶᠢᠴᠠᠭᠠᠬᠤ ᠭᠠᠵᠠᠷ