ᠪᠠᠶᠠᠷ ᠬᠦᠷᠭᠡᠶ᠎ᠡ︕ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠲᠥᠯᠥᠭᠡᠯᠡᠭᠴᠢᠳ ᠤᠨ ᠠᠩᠭᠢ ︽8 • 1︾ ᠤ ᠬᠤᠶᠠᠷ ᠢ ᠬᠦᠷᠢᠶᠡᠯᠡᠬᠦ ᠬᠤᠨᠳᠠᠭᠠᠲᠤ ᠴᠡᠷᠢᠭ ᠠᠩᠭᠢ ᠪᠠ ᠣᠷᠣᠨ ᠨᠤᠲᠤᠭ ᠤᠨ ᠥᠲᠥᠨ ᠪᠥᠮᠪᠦᠭᠡ᠂ ᠫᠢᠩᠫᠠᠩ ᠪᠥᠮᠪᠦᠭᠡ ᠶᠢᠨ ᠤᠷᠢᠯᠭ᠎ᠠ ᠶᠢᠨ ᠤᠷᠤᠯᠳᠤᠭᠠᠨ ᠳᠤ ᠰᠢᠯᠢᠳᠡᠭ ᠠᠮᠵᠢᠯᠲᠠ ᠣᠯᠵᠠᠶ
ᠨᠡᠶᠢᠲᠡᠯᠡᠭᠰᠡᠨ ᠴᠠᠭ᠄
2024/8/22

    8 ᠳ᠋ᠤᠭᠠᠷ ᠰᠠᠷ᠎ᠠ ᠶᠢᠨ 19 ᠤ ᠡᠳᠦᠷ ᠠᠴᠠ 20 ᠤ ᠡᠳᠦᠷ ᠪᠣᠯᠲᠠᠯ᠎ᠠ᠂ 2024 ᠣᠨ ᠤ ︽8 • 1︾ ᠤ ᠬᠤᠶᠠᠷ ᠢ ᠬᠦᠷᠢᠶᠡᠯᠡᠬᠦ ᠬᠤᠨᠳᠠᠭᠠᠲᠤ ᠴᠡᠷᠢᠭ ᠠᠩᠭᠢ ᠪᠠ ᠣᠷᠣᠨ ᠨᠤᠲᠤᠭ ᠤᠨ ᠥᠲᠥᠨ ᠪᠥᠮᠪᠦᠭᠡ᠂ ᠫᠢᠩᠫᠠᠩ ᠪᠥᠮᠪᠦᠭᠡ ᠶᠢᠨ ᠤᠷᠢᠯᠭ᠎ᠠ ᠶᠢᠨ ᠤᠷᠤᠯᠳᠤᠭᠠᠨ ᠥᠨᠳᠥᠷᠯᠡᠵᠦ᠂ ᠬᠤᠷᠴᠠ ᠰᠢᠷᠦᠭᠦᠨ ᠥᠷᠢᠰᠥᠯᠳᠦᠭᠡᠨ ᠢᠶᠠᠷ ᠳᠡᠮᠵᠢᠨ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ ᠲᠥᠯᠥᠭᠡᠯᠡᠭᠴᠢᠳ ᠤᠨ ᠠᠩᠭᠢ ᠫᠢᠩᠫᠠᠩ ᠪᠥᠮᠪᠦᠭᠡ ᠶᠢᠨ ᠬᠠᠮᠲᠤ ᠨᠡᠶᠢᠲᠡ ᠶᠢᠨ ᠬᠤᠶᠠᠳᠤᠭᠠᠷ ᠨᠡᠷᠡᠰ᠂ ᠥᠳᠥᠨ ᠪᠥᠮᠪᠦᠭᠡ ᠶᠢᠨ ᠬᠠᠮᠲᠤ ᠨᠡᠶᠢᠲᠡ ᠶᠢᠨ ᠨᠠᠢᠮᠠᠳᠤᠭᠠᠷ ᠨᠡᠷᠡᠰ ᠲᠤ ᠲᠤᠳᠤᠷᠠᠵᠤ᠂ ᠰᠢᠶᠧ ᠳ᠋ᠠᠢ ᠯᠢᠶᠠᠩ ᠨᠥᠬᠦᠷ ᠫᠢᠩᠫᠠᠩ ᠪᠥᠮᠪᠦᠭᠡ ᠶᠢᠨ ᠬᠤᠪᠢ ᠬᠥᠮᠦᠨ ᠤ ᠤᠷᠤᠯᠳᠤᠭᠠᠨ ᠤ ᠳᠥᠷᠪᠡᠳᠦᠭᠡᠷ ᠨᠡᠷᠡᠰ ᠲᠤ ᠲᠤᠳᠤᠷᠠᠭᠰᠠᠨ ᠰᠢᠯᠢᠳᠡᠭ ᠬᠢᠷᠢ ᠪᠦᠲᠦᠮᠵᠢ ᠶᠢ ᠣᠯᠪᠠ᠃


1.png


    ᠤᠷᠤᠯᠳᠤᠭᠠᠨ ᠳᠤ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ ᠭᠡᠰᠢᠭᠦᠳ ᠬᠦᠴᠦᠷᠬᠡᠭ ᠡᠲᠡᠭᠡᠳ ᠠᠴᠠ ᠠᠶᠤᠬᠤ ᠥᠬᠡᠶ᠂ ᠵᠣᠷᠢᠭᠲᠠᠶ ᠪᠠᠷ ᠲᠡᠮᠡᠴᠡᠵᠦ᠂ ᠪᠦᠯᠬᠦᠮᠳᠡᠨ ᠬᠠᠮᠵᠢᠯᠴᠠᠵᠤ᠂ ᠤᠷᠤᠯᠳᠤᠭᠠᠨ ᠨᠢᠭᠡᠪᠦᠷᠢ ᠳᠤ ᠬᠢᠨᠠᠮᠠᠭᠠᠶ ᠬᠠᠨᠳᠤᠵᠤ᠂ ᠪᠥᠮᠪᠦᠭᠡ ᠨᠢᠭᠡᠪᠦᠷᠢ ᠶᠢ ᠰᠠᠶᠢᠲᠤᠷ ᠴᠣᠬᠢᠵᠤ᠂ ᠡᠴᠦᠰ ᠲᠤ ᠪᠠᠨ ᠥᠳᠥᠨ ᠪᠥᠮᠪᠦᠭᠡ ᠶᠢᠨ ᠤᠷᠤᠯᠳᠤᠭᠠᠨ ᠳᠤ ᠣᠷᠣᠯᠴᠠᠭᠰᠠᠨ 29 ᠠᠩᠭᠢ ᠪᠣᠯᠤᠨ ᠫᠢᠩᠫᠠᠩ ᠪᠥᠮᠪᠦᠭᠡ ᠶᠢᠨ ᠤᠷᠤᠯᠳᠤᠭᠠᠨ ᠳᠤ ᠣᠷᠣᠯᠴᠠᠭᠰᠠᠨ 30 ᠠᠩᠭᠢ ᠠᠴᠠ ᠴᠣᠯᠭᠤᠷᠠᠨ ᠭᠠᠷᠪᠠ᠃ ᠲᠣᠰ ᠤᠳᠠᠭᠠᠨ ᠤ ᠤᠷᠤᠯᠳᠤᠭᠠᠨ ᠳᠤ ᠪᠥᠬᠦ ᠭᠡᠰᠢᠭᠦᠳ ᠪᠦᠯᠬᠦᠮ ᠨᠡᠶᠢᠲᠡ ᠶᠢᠨ ᠬᠠᠮᠵᠢᠯᠴᠠᠬᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠤᠨ ᠰᠠᠶᠢᠨ ᠰᠠᠶᠢᠬᠠᠨ ᠣᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠪᠡ᠃


2.jpg

 

ᠢᠷᠡᠯᠲᠡ᠄ ᠪᠠᠶᠢᠭᠤᠯᠭ᠎ᠠ ᠶᠢᠨ ᠨᠠᠮ ᠤᠨ ᠬᠤᠷᠢᠶ᠎ᠠ