︽ᠵᠥᠷᠢᠴᠡᠯ ᠵᠢᠭᠤᠷᠠᠯᠳᠤᠭᠠᠨ ᠢ ᠲᠥᠷᠥᠯ ᠬᠤᠪᠢᠶᠠᠨ ᠣᠯᠠᠨ ᠡᠰᠢᠵᠢᠬᠦᠯᠦᠨ ᠰᠢᠢᠳᠪᠦᠷᠢᠯᠡᠬᠦ ᠵᠢᠷᠤᠮᠵᠢᠯ︾ ᠤᠨ ᠣᠷᠳᠣᠰ ᠬᠤᠲᠠ ᠶᠢᠨ ᠣᠷᠣᠨ ᠨᠤᠲᠤᠭ ᠤᠨ ᠪᠠᠷᠢᠮᠵᠢᠶ᠎ᠠ ᠶᠢ ᠨᠡᠶᠢᠳᠡᠯᠡᠪᠡ
ᠨᠡᠶᠢᠲᠡᠯᠡᠭᠰᠡᠨ ᠴᠠᠭ᠄
2024/8/22

    2024 ᠣᠨ ᠤ 8 ᠳ᠋ᠤᠭᠠᠷ ᠰᠠᠷ᠎ᠠ ᠶᠢᠨ 15 ᠤ ᠡᠳᠦᠷ᠂ ᠣᠷᠳᠣᠰ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︽ᠵᠥᠷᠢᠴᠡᠯ ᠵᠢᠭᠤᠷᠠᠯᠳᠤᠭᠠᠨ ᠢ ᠲᠥᠷᠥᠯ ᠬᠤᠪᠢᠶᠠᠨ ᠣᠯᠠᠨ ᠡᠰᠢᠵᠢᠭᠦᠯᠦᠨ ᠰᠢᠢᠳᠪᠦᠷᠢᠯᠡᠬᠦ ᠵᠢᠷᠤᠮᠵᠢᠯ︾ ᠤᠨ ᠣᠷᠳᠣᠰ ᠬᠤᠲᠠ ᠶᠢᠨ ᠣᠷᠣᠨ ᠨᠤᠲᠤᠭ ᠤᠨ ᠪᠠᠷᠢᠮᠵᠢᠶ᠎ᠠ ᠶᠢ ᠵᠥᠪᠰᠢᠶᠡᠷᠡᠨ ᠨᠡᠶᠢᠲᠡᠯᠡᠭᠰᠡᠨ ᠤ ᠬᠠᠮᠲᠤ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠬᠢᠨᠠᠨ ᠪᠠᠶᠢᠴᠠᠭᠠᠭᠠᠳ ᠲᠥᠷᠥ ᠶᠢᠨ ᠶᠠᠪᠤᠳᠠᠯ ᠤᠨ ᠬᠤᠷᠢᠶᠠᠨ ᠤ ᠪᠠᠷᠢᠮᠵᠢᠶᠠᠵᠢᠭᠤᠯᠤᠯᠲᠠ ᠶᠢᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ ᠳᠠᠩᠰᠠᠯᠠᠭᠤᠯᠤᠭᠤᠯᠪᠠ᠂ ᠲᠣᠰ ᠣᠷᠣᠨ ᠨᠤᠲᠤᠭ ᠤᠨ ᠪᠠᠷᠢᠮᠵᠢᠶ᠎ᠠ ᠶᠢ 9 ᠳ᠋ᠦ᠋ᠭᠡᠷ ᠰᠠᠷ᠎ᠠ ᠶᠢᠨ 15 ᠤ ᠡᠳᠦᠷ ᠠᠴᠠ ᠡᠬᠢᠯᠡᠨ ᠵᠢᠩᠬᠢᠨᠢ ᠪᠠᠷ ᠬᠡᠷᠡᠭᠵᠢᠭᠦᠯᠦᠨ᠎ᠡ᠃

    ᠨᠡᠶᠢᠭᠡᠮ ᠤᠨ ᠵᠥᠷᠢᠴᠡᠯ ᠵᠢᠭᠤᠷᠠᠯᠳᠤᠭᠠᠨ ᠢ ᠪᠦᠲᠦᠮᠵᠢᠲᠡᠶ ᠪᠠᠷ ᠰᠡᠷᠭᠡᠶᠢᠯᠡᠨ ᠠᠷᠢᠯᠭᠠᠬᠤ ᠶᠢᠨ ᠲᠥᠯᠥᠭᠡ᠂ ᠦᠦᠰᠢᠨ ᠬᠤᠰᠢᠭᠤ 2021 ᠣᠨ ᠳᠤ ︽ᠪᠠᠭ᠎ᠠ ᠵᠥᠷᠢᠴᠡᠯ ᠢ ᠲᠡᠷᠡ ᠳᠠᠷᠤᠶ ᠳᠤ ᠨᠢ ᠡᠶᠡᠳᠡᠭᠦᠯᠬᠦ᠂ ᠨᠠᠷᠢᠨ ᠪᠤᠳᠤᠯᠢᠶᠠᠨᠲᠠᠶ ᠵᠦᠢᠯᠡᠰ  ᠢ ᠰᠠᠯᠭᠠᠵᠤ ᠰᠢᠯᠵᠢᠭᠦᠯᠦᠨ ᠲᠣᠬᠢᠷᠠᠭᠤᠯᠬᠤ᠂ ᠬᠦᠴᠢᠷ ᠲᠦᠪᠡᠭᠲᠡᠶ ᠬᠡᠷᠡᠭ ᠢ ᠬᠠᠮᠲᠤᠷᠠᠨ ᠬᠠᠮᠢᠶᠠᠷᠴᠤ ᠵᠣᠬᠢᠴᠠᠭᠤᠯᠬᠤ ᠠᠷᠭ᠎ᠠ︾ ᠪᠠᠷ ᠭᠤᠤᠯ ᠠᠭᠤᠯᠭ᠎ᠠ ᠪᠣᠯᠭᠠᠭᠰᠠᠨ ︽ᠭᠤᠷᠪᠠᠨ ᠬᠤᠪᠢ ᠶᠢᠨ ᠰᠢᠩᠭᠡᠭᠡᠬᠦ ᠠᠷᠭ᠎ᠠ︾ ᠶᠢ ᠰᠢᠨ᠎ᠡ ᠪᠠᠷ ᠨᠡᠶᠢᠲᠡᠯᠡᠭᠰᠡᠨ ᠪᠥᠭᠡᠳ ᠤᠷᠢᠳ ᠬᠤᠵᠢᠳ ︽ᠠᠷᠠᠳ ᠤᠨ ᠡᠶᠡᠳᠡᠭᠦᠯᠬᠦ ᠪᠠᠷ ᠰᠠᠭᠤᠷᠢ ᠪᠣᠯᠭᠠᠵᠤ ᠣᠯᠠᠨ ᠡᠰᠢᠴᠢᠯᠡᠭᠰᠡᠨ ᠬᠤᠯᠪᠣᠭᠠᠯᠠᠨ ᠲᠣᠬᠢᠷᠠᠭᠤᠯᠬᠤ ᠰᠢᠨ᠎ᠡ ᠲᠣᠭᠲᠠᠴᠠ ᠶᠢ ᠪᠠᠶᠢᠭᠤᠯᠬᠤ ᠲᠤᠬᠠᠶ ᠬᠡᠷᠡᠭᠵᠢᠭᠦᠯᠬᠦ ᠰᠠᠨᠠᠯ︾᠂ ︽ᠦᠦᠰᠢᠨ ᠬᠤᠰᠢᠭᠤᠨ ᠤ ᠰᠢᠯᠢᠳᠡᠭᠵᠢᠨ ᠲᠠᠰ ᠳᠡᠪᠰᠢᠭᠰᠡᠨ ︿ᠭᠤᠷᠪᠠᠨ ᠬᠤᠪᠢ ᠶᠢᠨ ᠰᠢᠩᠭᠡᠭᠡᠬᠦ ᠠᠷᠭ᠎ᠠ﹀ ᠳᠤ ︿ ᠵᠠᠬᠢᠳᠠᠯ ᠰᠣᠷᠪᠣᠯᠵᠢᠯᠠᠯ ᠢ ᠣᠷᠣᠯᠠᠨ ᠭᠦᠢᠴᠡᠳᠭᠡᠬᠦ ﹀ ᠠᠵᠢᠯ ᠤᠨ ᠬᠡᠷᠡᠭᠵᠢᠭᠦᠯᠬᠦ ᠲᠥᠰᠦᠯ︾᠂ ︽ᠦᠦᠰᠢᠨ ᠬᠤᠰᠢᠭᠤᠨ ᠤ ᠵᠠᠭᠠᠯᠳᠤᠯᠭ᠎ᠠ ᠶᠢ ᠭᠥᠯᠢᠶᠡᠨ ᠠᠪᠤᠪᠠᠯ ᠳᠠᠷᠤᠶ ᠰᠢᠢᠳᠪᠦᠷᠢᠯᠡᠬᠦ ᠠᠵᠢᠯ ᠤᠨ ᠬᠡᠷᠡᠭᠵᠢᠭᠦᠯᠬᠦ ᠲᠥᠰᠦᠯ︾ ᠵᠡᠷᠭᠡ ᠪᠢᠴᠢᠭ ᠮᠠᠲ᠋ᠧᠷᠢᠶᠠᠯ ᠢ ᠪᠥᠬᠦ ᠲᠠᠯ᠎ᠠ ᠪᠠᠷ ᠬᠡᠷᠡᠭᠵᠢᠭᠦᠯᠵᠦ᠂ ᠢᠯᠡ ᠲᠣᠳᠣ ᠣᠨᠴᠠᠯᠢᠭ ᠪᠥᠬᠦᠶ ᠵᠥᠷᠢᠴᠡᠯ ᠵᠢᠭᠤᠷᠠᠯᠳᠤᠭᠠᠨ ᠢ ᠰᠡᠷᠭᠡᠶᠢᠯᠡᠨ ᠠᠷᠢᠯᠭᠠᠬᠤ ᠰᠢᠨ᠎ᠡ ᠶᠢ ᠡᠭᠦᠳᠦᠭᠰᠡᠨ ᠲᠤᠷᠰᠢᠯᠭ᠎ᠠ ᠶᠢ ᠪᠣᠶ ᠪᠣᠯᠭᠠᠵᠤ᠂ ᠵᠥᠷᠢᠴᠡᠯ ᠵᠢᠭᠤᠷᠠᠯᠳᠤᠭᠠᠨ ᠢ ᠲᠤᠬᠠᠶ ᠶᠢᠨ ᠭᠠᠵᠠᠷ ᠲᠤ ᠨᠢ ᠰᠢᠢᠳᠪᠦᠷᠢᠯᠡᠵᠦ᠂ ᠲᠤᠬᠠᠶ ᠶᠢᠨ ᠭᠠᠵᠠᠷ ᠲᠤ ᠨᠢ ᠠᠷᠢᠯᠭᠠᠵᠤ᠂ ᠣᠯᠠᠨ ᠲᠦᠮᠡᠨ ᠤ ᠰᠠᠶᠢᠵᠢᠷᠠᠭᠤᠯᠬᠤ ᠥᠬᠡᠶ᠂ ᠠᠰᠠᠭᠤᠳᠠᠯ ᠢ ᠳᠡᠭᠡᠭᠰᠢ ᠮᠡᠳᠡᠭᠦᠯᠬᠦ ᠥᠬᠡᠶ᠂ ᠲᠦᠭᠰᠢᠭᠦᠷᠢ ᠶᠢ ᠭᠠᠳᠠᠭᠰᠢ ᠳᠡᠯᠭᠡᠷᠡᠭᠦᠯᠬᠦ ᠥᠬᠡᠶ ︽ᠭᠤᠷᠪᠠᠨ ᠦᠯᠦ ᠬᠤᠶᠠᠷ ᠲᠤᠬᠠᠢ ᠶᠢᠨ ᠭᠠᠵᠠᠷ︾ ᠤᠨ ᠠᠵᠢᠯ ᠤᠨ ᠦᠷ᠎ᠡ ᠪᠦᠲᠦᠮᠵᠢ ᠶᠢ ᠪᠡᠶᠡᠯᠡᠭᠦᠯᠵᠦ᠂ ᠣᠷᠳᠣᠰ ᠬᠤᠲᠠ ᠶᠢᠨ ︽ᠹᠧᠩ ᠴᠢᠶᠣᠤ ᠶᠢᠨ ᠲᠤᠷᠰᠢᠯᠭ᠎ᠠ︾ ᠶᠢ ᠦᠢᠯᠡᠳᠦᠯᠭᠡᠵᠢᠭᠦᠯᠦᠭᠰᠡᠨ ᠤ ᠨᠢᠭᠡᠨ ᠢᠯᠡ ᠲᠣᠳᠣ ᠲᠤᠭ ᠲᠡᠮᠳᠡᠭ ᠪᠣᠯᠤᠭᠰᠠᠨ ᠪᠠᠶᠢᠨ᠎ᠠ᠃

    ︽ᠤᠯᠤᠰ ᠤᠨ ᠪᠠᠷᠢᠮᠵᠢᠶᠠᠵᠢᠭᠤᠯᠤᠯᠲᠠ ᠶᠢᠨ ᠬᠥᠭᠵᠢᠯᠲᠡ ᠶᠢᠨ ᠬᠥᠲᠥᠯᠪᠦᠷᠢ︾ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠬᠡᠷᠡᠭᠵᠢᠭᠦᠯᠵᠦ᠂ ᠪᠠᠷᠢᠮᠵᠢᠶᠠᠵᠢᠭᠤᠯᠤᠯᠲᠠ ᠶᠢᠨ ᠪᠠᠭᠠᠵᠢ ᠶᠢ ᠭᠦᠢᠴᠡᠳ ᠰᠠᠶᠢᠲᠤᠷ ᠬᠡᠷᠡᠭᠯᠡᠨ᠂ ᠰᠠᠶᠢᠨ ᠲᠤᠷᠰᠢᠯᠭ᠎ᠠ ᠰᠠᠶᠢᠨ ᠠᠷᠭ᠎ᠠ ᠬᠢᠳᠡᠯ ᠢ ᠲᠣᠭᠲᠠᠪᠤᠷᠢᠵᠢᠭᠤᠯᠬᠤ ᠶᠢᠨ ᠬᠠᠮᠲᠤ ᠳᠡᠯᠭᠡᠷᠡᠭᠦᠯᠬᠦ ᠶᠢᠨ ᠲᠥᠯᠥᠭᠡ᠂ ︽ᠵᠥᠷᠢᠴᠡᠯ ᠵᠢᠭᠤᠷᠠᠯᠳᠤᠭᠠᠨ ᠢ ᠲᠥᠷᠥᠯ ᠬᠤᠪᠢᠶᠠᠨ ᠣᠯᠠᠨ ᠡᠰᠢᠵᠢᠭᠦᠯᠦᠨ ᠰᠢᠢᠳᠪᠦᠷᠢᠯᠡᠬᠦ ᠵᠢᠷᠤᠮᠵᠢᠯ︾ ᠤᠨ ᠣᠷᠳᠣᠰ ᠬᠤᠲᠠ ᠶᠢᠨ ᠣᠷᠣᠨ ᠨᠤᠲᠤᠭ ᠤᠨ ᠪᠠᠷᠢᠮᠵᠢᠶ᠎ᠠ ᠶᠢ 2024 ᠣᠨ ᠤ 4 ᠳ᠋ᠦ᠋ᠭᠡᠷ ᠰᠠᠷ᠎ᠠ ᠶᠢᠨ 28 ᠤ ᠡᠳᠦᠷ ᠲᠥᠷᠥᠯ ᠵᠦᠢᠯ ᠲᠣᠭᠲᠠᠭᠠᠨ ᠦᠨᠡᠯᠡᠨ ᠵᠢᠱᠢᠬᠦ ᠪᠠᠷ ᠳᠡᠮᠵᠢᠨ᠂ 2024 ᠣᠨ ᠤ ᠬᠤᠶᠠᠳᠤᠭᠠᠷ ᠪᠦᠯᠦᠭ ᠣᠷᠳᠣᠰ ᠬᠤᠲᠠ ᠶᠢᠨ ᠣᠷᠣᠨ ᠨᠤᠲᠤᠭ ᠤᠨ ᠪᠠᠷᠢᠮᠵᠢᠶ᠎ᠠ ᠶᠢ ᠲᠣᠭᠲᠠᠭᠠᠵᠤ ᠵᠠᠰᠠᠪᠤᠷᠢ ᠣᠷᠣᠭᠤᠯᠬᠤ ᠲᠥᠷᠥᠯ ᠵᠦᠢᠯ ᠤᠨ ᠲᠥᠯᠥᠪᠯᠡᠭᠡ ᠳᠤ ᠣᠷᠣᠭᠤᠯᠪᠠ᠃ ᠲᠥᠷᠥᠯ ᠵᠦᠢᠯ ᠢ ᠳᠠᠭᠠᠭᠠᠨ ᠡᠭᠦᠷᠭᠡᠯᠡᠭᠰᠡᠨ ᠨᠢᠭᠡᠴᠢ  ᠨᠦᠭᠦᠳ ᠰᠤᠳᠤᠯᠤᠨ ᠦᠢᠯᠡᠳᠬᠦ ᠠᠵᠢᠯ ᠢ ᠥᠨᠳᠥᠷ ᠪᠠᠷᠢᠮᠵᠢᠶ᠎ᠠ ᠪᠠᠷ ᠥᠷᠨᠢᠭᠦᠯᠵᠦ᠂ ᠮᠠᠲ᠋ᠧᠷᠢᠶᠠᠯ ᠢ ᠪᠥᠬᠦ ᠲᠠᠯ᠎ᠠ ᠪᠠᠷ ᠴᠤᠭᠯᠠᠭᠤᠯᠤᠨ᠂ ᠲᠤᠬᠠᠶ ᠶᠢᠨ ᠭᠠᠵᠠᠷ ᠲᠤ ᠨᠢ ᠭᠦᠨᠵᠡᠭᠡᠶ ᠪᠠᠶᠢᠴᠠᠭᠠᠯᠲᠠ ᠬᠢᠵᠦ᠂ ᠥᠷᠭᠡᠨ ᠢᠶᠠᠷ ᠰᠠᠨᠠᠯ ᠬᠤᠷᠢᠶᠠᠵᠤ᠂ ᠨᠠᠷᠢᠯᠢᠭ ᠣᠨᠣᠪᠴᠢᠲᠠᠢ ᠮᠡᠷᠭᠡᠵᠢᠯ ᠤᠨ ᠰᠤᠳᠤᠯᠭᠠᠨ ᠢ ᠥᠷᠨᠢᠭᠦᠯᠪᠡ ᠃ 2024 ᠣᠨ ᠤ 7 ᠳ᠋ᠤᠭᠠᠷ ᠰᠠᠷ᠎ᠠ ᠶᠢᠨ 8 ᠤ ᠡᠳᠦᠷ᠂ ︽ᠣᠷᠣᠨ ᠨᠤᠲᠤᠭ ᠤᠨ ᠪᠠᠷᠢᠮᠵᠢᠶ᠎ᠠ ᠶᠢᠨ ᠬᠠᠮᠢᠶᠠᠷᠤᠯᠲᠠ ᠶᠢᠨ ᠠᠷᠭ᠎ᠠ︾ ᠵᠡᠷᠭᠡ ᠬᠠᠮᠢᠶ᠎ᠠ ᠪᠥᠬᠦᠶ ᠲᠣᠭᠲᠠᠭᠠᠯ ᠢ ᠦᠨᠳᠦᠰᠦᠯᠡᠨ᠂ ᠣᠷᠳᠣᠰ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︽ᠵᠥᠷᠢᠴᠡᠯ ᠵᠢᠭᠤᠷᠠᠯᠳᠤᠭᠠᠨ ᠢ ᠲᠥᠷᠥᠯ ᠬᠤᠪᠢᠶᠠᠨ ᠣᠯᠠᠨ ᠡᠰᠢᠵᠢᠭᠦᠯᠦᠨ ᠰᠢᠢᠳᠪᠦᠷᠢᠯᠡᠬᠦ ᠵᠢᠷᠤᠮᠵᠢᠯ︾ ᠤᠨ ᠣᠷᠳᠣᠰ ᠬᠤᠲᠠ ᠶᠢᠨ ᠣᠷᠣᠨ ᠨᠤᠲᠤᠭ ᠤᠨ ᠪᠠᠷᠢᠮᠵᠢᠶ᠎ᠠ ᠶᠢᠨ ᠮᠡᠷᠭᠡᠵᠢᠯ ᠤᠨ ᠬᠢᠨᠠᠨ ᠪᠠᠶᠢᠴᠠᠭᠠᠯᠲᠠ ᠶᠢᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠥᠪᠥᠷ ᠮᠣᠩᠭᠤᠯ ᠤᠨ ᠡᠳ᠋ ᠤᠨ ᠵᠠᠰᠠᠭ ᠠᠵᠤ ᠠᠬᠤᠶ ᠶᠢᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠴᠠᠭᠳᠠᠭ᠎ᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠠᠰᠤ ᠴᠢᠨᠠᠷ ᠪᠠ ᠪᠠᠷᠢᠮᠵᠢᠶᠠᠵᠢᠭᠤᠯᠤᠯᠲᠠ ᠶᠢᠨ ᠰᠤᠳᠤᠯᠭᠠᠨ ᠤ ᠬᠦᠷᠢᠶᠡᠯᠡᠩ᠂ ᠣᠷᠳᠣᠰ ᠬᠤᠲᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠵᠡᠷᠭᠡ ᠶᠢᠨ 9 ᠲᠤᠰᠬᠠᠶ ᠮᠡᠷᠭᠡᠵᠢᠯᠲᠡᠨ ᠢ ᠤᠷᠢᠵᠤ ᠬᠠᠮᠲᠤ ᠪᠠᠷ ᠪᠠᠷᠢᠮᠵᠢᠶ᠎ᠠ ᠶᠢᠨ ᠬᠦᠷᠭᠡᠵᠦ ᠬᠢᠨᠠᠭᠤᠯᠬᠤ ᠨᠣᠤᠷᠠᠭ ᠢ ᠬᠢᠨᠠᠭᠤᠯᠵᠤ᠂ ᠮᠡᠷᠭᠡᠵᠢᠯ ᠤᠨ ᠬᠢᠨᠠᠨ ᠪᠠᠶᠢᠴᠠᠭᠠᠯᠲᠠ ᠶᠢᠨ ᠵᠥᠪᠯᠡᠯ ᠠᠴᠠ ᠲᠣᠰ ᠪᠠᠷᠢᠮᠵᠢᠶ᠎ᠠ ᠶᠢᠨ ᠲᠥᠷᠥᠯ ᠵᠦᠢᠯ ᠳᠤ ᠮᠡᠷᠭᠡᠵᠢᠯ ᠤᠨ ᠬᠢᠨᠠᠨ ᠪᠠᠶᠢᠴᠠᠭᠠᠯᠲᠠ ᠶᠢ ᠪᠠᠲᠤᠯᠠᠬᠤ ᠪᠠᠷ ᠰᠠᠨᠠᠯ ᠨᠢᠭᠡᠲᠡᠶ ᠵᠥᠪᠰᠢᠶᠡᠷᠡᠪᠡ᠃ ᠬᠤᠲᠠ ᠶᠢᠨ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ᠂ ᠦᠦᠰᠢᠨ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ ᠣᠷᠳᠣᠨ ᠤ ᠰᠢᠭᠤᠳ ᠠᠬᠢᠭᠤᠯᠤᠯ ᠳᠣᠣᠷ᠎ᠠ᠂ ᠨᠡᠯᠢᠶᠡᠳ ᠲᠦᠷᠭᠡᠨ ᠬᠤᠷᠳᠤᠴᠠ᠂ ᠨᠡᠯᠢᠶᠡᠳ ᠴᠢᠨᠠᠷ ᠰᠠᠶᠢᠲᠠᠢ ᠣᠷᠣᠨ ᠨᠤᠲᠤᠭ ᠤᠨ ᠪᠠᠷᠢᠮᠵᠢᠶ᠎ᠠ ᠶᠢ ᠲᠣᠭᠲᠠᠭᠠᠵᠤ ᠨᠡᠶᠢᠲᠡᠯᠡᠭᠰᠡᠨ ᠡᠯ᠎ᠡ ᠵᠦᠢᠯ ᠤᠨ ᠬᠠᠤᠯᠢ ᠳᠤ ᠲᠣᠭᠲᠠᠭᠠᠭᠰᠠᠨ ᠳᠠᠷᠠᠭᠠᠯᠠᠯ ᠢ ᠪᠡᠶᠡᠯᠡᠭᠦᠯᠪᠡ᠃

    ︽ᠵᠥᠷᠢᠴᠡᠯ ᠵᠢᠭᠤᠷᠠᠯᠳᠤᠭᠠᠨ ᠢ ᠲᠥᠷᠥᠯ ᠬᠤᠪᠢᠶᠠᠨ ᠣᠯᠠᠨ ᠡᠰᠢᠵᠢᠭᠦᠯᠦᠨ ᠰᠢᠢᠳᠪᠦᠷᠢᠯᠡᠬᠦ ᠵᠢᠷᠤᠮᠵᠢᠯ︾ ᠤᠨ ᠣᠷᠳᠣᠰ ᠬᠤᠲᠠ ᠶᠢᠨ ᠣᠷᠣᠨ ᠨᠤᠲᠤᠭ ᠤᠨ ᠪᠠᠷᠢᠮᠵᠢᠶ᠎ᠠ ᠶᠢ ᠨᠡᠶᠢᠲᠡᠯᠡᠭᠰᠡᠨ ᠨᠢ ᠪᠠᠷᠢᠮᠵᠢᠶᠠᠵᠢᠭᠤᠯᠤᠯᠲᠠ ᠶᠢᠨ ᠳᠦᠷᠢᠮᠵᠢᠯ᠂ ᠬᠥᠲᠥᠯᠥᠨ ᠳᠠᠭᠠᠭᠤᠯᠬᠤ᠂ ᠳᠡᠭᠡᠭᠰᠢᠯᠡᠭᠦᠯᠬᠦ ᠦᠢᠯᠡᠳᠦᠯ ᠢ ᠭᠦᠢᠴᠡᠳ ᠪᠠᠳᠠᠷᠠᠭᠤᠯᠵᠤ᠂ ᠪᠥᠬᠦ ᠬᠤᠲᠠ ᠶᠢᠨ ᠡᠯ᠎ᠡ ᠭᠠᠵᠠᠷ ᠣᠷᠣᠨ ᠤ ᠦᠨᠳᠦᠰᠦᠨ ᠱᠠᠲᠤᠨ ᠤ ᠵᠥᠷᠢᠴᠡᠯ ᠵᠢᠭᠤᠷᠠᠯᠳᠤᠭᠠᠨ ᠢ ᠠᠷᠢᠯᠭᠠᠬᠤ ᠳᠤ ᠬᠡᠷᠡᠭᠵᠢᠭᠦᠯᠵᠦ ᠪᠣᠯᠬᠤ᠂ ᠨᠠᠶᠢᠳᠠᠪᠤᠷᠢᠵᠢᠭᠤᠯᠵᠤ ᠪᠣᠯᠬᠤ᠂ ᠬᠠᠭᠤᠯᠪᠤᠷᠢᠯᠠᠵᠤ ᠪᠣᠯᠬᠤ ᠣᠶᠤᠨᠴᠢ ᠲᠥᠰᠦᠯ ᠢ ᠬᠠᠩᠭᠠᠵᠤ᠂ ᠪᠠᠰᠠ ᠪᠤᠰᠤᠳ ᠠᠳᠠᠯᠢ ᠲᠥᠷᠥᠯ ᠤᠨ ᠭᠠᠵᠠᠷ ᠣᠷᠣᠨ ᠳᠤ ᠴᠢᠬᠤᠯᠠ ᠵᠢᠱᠢᠶ᠎ᠡ ᠦᠵᠡᠭᠦᠯᠬᠦ ᠦᠢᠯᠡᠳᠦᠯ ᠪᠠ ᠲᠣᠯᠢᠯᠠᠬᠤ ᠠᠴᠢ ᠬᠤᠯᠪᠣᠭᠳᠠᠯ ᠲᠠᠢ ᠶᠤᠮ᠃

 

ᠢᠷᠡᠯᠲᠡ᠄ ᠣᠷᠳᠣᠰ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ