ᠪᠤᠭᠤᠲᠤ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︽ᠭᠤᠷᠪᠠᠨ ᠪᠦᠬᠦ ᠶᠢᠨ ᠠᠷᠭ᠎ᠠ ᠬᠡᠮᠵᠢᠶ᠎ᠡ︾ ᠪᠠᠷ ︽ᠨᠠᠷᠢᠯᠢᠭ ᠦᠢᠯᠡᠳᠭᠡᠯ ᠤᠨ ᠭᠠᠵᠠᠷ︾ ᠢ ᠪᠣᠶ ᠪᠣᠯᠭᠠᠪᠠ
ᠨᠡᠶᠢᠲᠡᠯᠡᠭᠰᠡᠨ ᠴᠠᠭ᠄
2024/8/22

    ᠢᠳᠡᠭᠡᠨ ᠤ ᠵᠢᠵᠢᠭ ᠦᠢᠯᠡᠳᠭᠡᠯ ᠤᠨ ᠭᠠᠵᠠᠷ ᠨᠢ ᠬᠡᠳᠦᠶᠢᠪᠡᠷ ︽ᠪᠠᠭ᠎ᠠ︾ ᠪᠣᠯᠪᠠᠴᠤ ᠠᠷᠠᠳ ᠤᠨ ᠠᠮᠢᠳᠤᠷᠠᠯ ᠳᠤ ᠬᠤᠯᠪᠣᠭᠳᠠᠬᠤ ︽ᠶᠡᠭᠡ ᠶᠠᠪᠤᠳᠠᠯ︾ ᠪᠣᠯᠤᠨ᠎ᠠ᠃ ᠣᠳᠣᠬᠠᠨ ᠳᠤ᠂ ᠪᠤᠭᠤᠲᠤ ᠬᠤᠲᠠ ᠨᠡᠶᠢᠲᠡ 993 ᠢᠳᠡᠭᠡᠨ ᠤ ᠵᠢᠵᠢᠭ ᠦᠢᠯᠡᠳᠬᠡᠯ ᠤᠨ ᠭᠠᠵᠠᠷ ᠲᠠᠢ ᠪᠠᠶᠢᠵᠤ᠂ ᠠᠷᠠᠳ ᠢᠷᠭᠡᠳ ᠢ ︽ᠰᠠᠨᠠᠭ᠎ᠠ ᠠᠮᠤᠷ ᠢᠳᠡᠬᠦᠯᠬᠦ︾ ᠶᠢᠨ ᠲᠥᠯᠥᠭᠡ᠂ ᠪᠤᠭᠤᠲᠤ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ 2023 ᠣᠨ ᠤ ᠢᠳᠡᠭᠡᠨ ᠤ ᠵᠢᠵᠢᠭ ᠦᠢᠯᠡᠳᠬᠡᠯ ᠤᠨ ᠭᠠᠵᠠᠷ ᠢ ᠴᠡᠭᠴᠡᠯᠡᠨ ᠵᠠᠰᠠᠬᠤ ᠠᠵᠢᠯᠯᠠᠭ᠎ᠠ ᠶᠢᠨ ᠦᠷ᠎ᠡ ᠪᠦᠲᠦᠭᠡᠯ ᠢ ᠳᠡᠭᠡᠭᠰᠢᠯᠡᠭᠦᠯᠦᠭᠰᠡᠨ ᠰᠠᠭᠤᠷᠢᠨ ᠳᠡᠭᠡᠷ᠎ᠡ ᠳᠠᠬᠢᠨ ᠬᠦᠴᠦᠯᠡᠵᠦ᠂ ᠳᠠᠬᠢᠨ ᠢᠳᠡᠯᠡᠵᠦ᠂ 2024 ᠣᠨ ᠳᠤ ᠪᠥᠬᠦ ᠬᠤᠲᠠ ᠶᠢᠨ ᠦᠢᠯᠡᠳᠪᠦᠷᠢᠯᠡᠵᠦ ᠡᠳ᠋ᠰᠢᠭᠦᠯᠬᠦ ᠨᠥᠬᠦᠴᠡᠯ ᠨᠢ ᠪᠠᠷᠢᠮᠵᠢᠶ᠎ᠠ ᠳᠤ ᠬᠦᠷᠬᠦ ᠦᠭᠡᠢ ᠵᠢᠵᠢᠭ ᠦᠢᠯᠡᠳᠬᠡᠯ ᠤᠨ ᠭᠠᠵᠠᠷ ᠢ ᠦᠨᠳᠦᠰᠦᠨ ᠳᠤ  ᠪᠠᠨ ︽ᠪᠦᠬᠦᠨ ᠢ ᠠᠷᠢᠯᠭᠠᠬᠤ︾ ᠪᠠᠷ ᠴᠢᠷᠮᠠᠶᠢᠵᠤ ᠪᠠᠶᠢᠨ᠎ᠠ᠃

    ᠨᠢᠭᠡ ᠳᠤ᠂ ︽ᠪᠥᠬᠦ ᠲᠠᠯ᠎ᠠ ︾ ᠪᠠᠷ ᠦᠢᠯᠡᠴᠢᠯᠡᠵᠦ ᠂ ᠵᠢᠷᠤᠮᠵᠢᠭᠤᠯᠤᠨ ᠵᠢᠯᠤᠭᠤᠳᠤᠯᠭ᠎ᠠ ᠪᠠᠷ ᠳᠡᠭᠡᠭᠰᠢᠯᠡᠯᠲᠡ ᠶᠢ ᠠᠬᠢᠭᠤᠯᠪᠠ᠃ ᠥᠨᠳᠥᠷ ᠪᠠᠶᠢᠷᠢᠨ ᠳᠤ ᠠᠬᠢᠭᠤᠯᠵᠤ᠂ ᠠᠰᠢᠭᠲᠠᠢ ᠲᠥᠷᠥ ᠶᠢᠨ ᠪᠣᠳᠣᠯᠭ᠎ᠠ ᠶᠢ ᠲᠡᠮᠡᠴᠡᠨ ᠤᠯᠬᠤ ᠪᠠᠷ ᠴᠢᠷᠮᠠᠶᠢᠨ᠂ ᠬᠤᠲᠠ ᠶᠢᠨ ᠵᠠᠰᠠᠭ ᠤᠨ ᠣᠷᠳᠣᠨ ︽2024 ᠣᠨ ᠤ ᠪᠤᠭᠤᠲᠤ ᠬᠤᠲᠠ ᠶᠢᠨ ᠢᠳᠡᠭᠡᠨ ᠤ ᠵᠢᠵᠢᠭ ᠦᠢᠯᠡᠳᠬᠡᠯ ᠤᠨ ᠭᠠᠵᠠᠷ ᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ︾ ᠢ ᠨᠡᠶᠢᠲᠡᠯᠡᠵᠦ᠂ ᠬᠤᠲᠠ᠂ ᠰᠢᠶᠠᠨ ᠬᠤᠶᠠᠷ ᠱᠠᠲᠤᠨ ᠤ ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ᠂ ᠪᠠᠯᠠ ᠮᠥᠩᠭᠦ ᠶᠢ ᠨᠠᠶᠢᠳᠠᠪᠤᠷᠢᠵᠢᠭᠤᠯᠬᠤ ᠱᠠᠭᠠᠷᠳᠠᠯᠭ᠎ᠠ ᠶᠢ ᠲᠣᠳᠣᠷᠬᠠᠶᠢᠯᠠᠨ᠂ ᠦᠢᠯᠡᠳᠪᠦᠷᠢᠯᠡᠨ ᠡᠵᠡᠩᠨᠡᠭᠴᠢ ᠪᠠ ᠣᠷᠣᠨ ᠨᠤᠲᠤᠭ ᠤᠨ ᠵᠠᠰᠠᠭ ᠤᠨ ᠣᠷᠳᠣᠨ ᠵᠡᠷᠭᠡ ᠪᠠᠷ ᠬᠦᠴᠦᠯᠡᠵᠦ᠂ ᠵᠡᠷᠭᠡ ᠪᠠᠷ ᠴᠡᠴᠡᠭᠯᠡᠨ ᠬᠥᠭᠵᠢᠬᠦ ᠶᠢ ᠢᠳᠡᠪᠬᠢᠲᠡᠶ ᠤᠬᠠᠭᠤᠯᠤᠨ ᠳᠠᠶᠢᠴᠢᠯᠠᠪᠠ᠃ 2024 ᠣᠨ ᠤ ᠪᠤᠭᠤᠲᠤ ᠬᠤᠲᠠ ᠶᠢᠨ ᠢᠳᠡᠭᠡᠨ ᠤ ᠵᠢᠵᠢᠭ ᠦᠢᠯᠡᠳᠬᠡᠯ ᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠠᠵᠢᠯᠯᠠᠭ᠎ᠠ ᠶᠢᠨ ᠱᠠᠲᠤᠴᠢ ᠴᠢᠨᠠᠷᠲᠠᠶ ᠠᠵᠢᠯ ᠤᠨ ᠱᠠᠭᠠᠷᠳᠠᠯᠭ᠎ᠠ ᠶᠢ ᠳᠠᠷᠤᠮᠠᠯᠯᠠᠨ ᠲᠠᠷᠬᠠᠭᠠᠵᠤ᠂ ᠰᠢᠨ᠎ᠡ ᠨᠢᠭᠡ ᠡᠭᠡᠯᠵᠢ ᠶᠢᠨ ᠪᠠᠶᠢᠳᠠᠯ ᠢ ᠣᠶᠢᠯᠠᠭᠠᠬᠤ ᠠᠵᠢᠯ ᠢ ᠥᠷᠨᠢᠭᠦᠯᠵᠦ᠂ ᠴᠡᠭᠴᠡᠯᠡᠨ ᠰᠠᠶᠢᠵᠢᠷᠠᠭᠤᠯᠬᠤ ᠭᠤᠤᠯ ᠴᠣᠭᠴᠠ ᠶᠢᠨ ᠨᠡᠷᠡᠰ ᠵᠢᠴᠢ ᠴᠡᠭᠴᠡᠯᠡᠨ ᠰᠠᠶᠢᠵᠢᠷᠠᠭᠤᠯᠬᠤ ᠵᠦᠢᠯᠡᠰ ᠢ ᠥᠷᠭᠡᠨ ᠢᠶᠠᠷ ᠴᠤᠭᠯᠠᠭᠤᠯᠤᠨ ᠬᠤᠷᠢᠶᠠᠩᠭᠤᠶᠢᠯᠠᠵᠤ᠂ ᠴᠡᠭᠴᠡᠯᠡᠨ ᠰᠠᠶᠢᠵᠢᠷᠠᠭᠤᠯᠵᠤ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠲᠣᠳᠣᠷᠬᠠᠶᠢᠯᠠᠨ᠂ ᠵᠢᠱᠢᠶ᠎ᠡ ᠦᠵᠡᠭᠦᠯᠬᠦ ᠪᠠᠷᠢᠮᠵᠢᠶ᠎ᠠ ᠶᠢ ᠳᠡᠭᠡᠭᠰᠢᠯᠡᠭᠦᠯᠵᠦ᠂ ᠲᠡᠳᠬᠦᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠵᠡᠷᠭᠡ ᠱᠠᠭᠠᠷᠳᠠᠯᠭ᠎ᠠ ᠶᠢ ᠲᠣᠳᠣᠷᠬᠠᠶᠢᠯᠠᠵᠤ᠂ ᠴᠡᠭᠴᠡᠯᠡᠨ ᠰᠠᠶᠢᠵᠢᠷᠠᠭᠤᠯᠵᠤ ᠳᠡᠭᠡᠭᠰᠢᠯᠡᠭᠦᠯᠬᠦ ᠬᠠᠷᠠᠯᠲᠠ ᠶᠢ ᠴᠢᠨᠠᠷ ᠰᠠᠶᠢᠲᠠᠶ ᠥᠨᠳᠥᠷ ᠪᠦᠲᠦᠮᠵᠢᠲᠡᠶ ᠪᠠᠷ ᠪᠡᠶᠡᠯᠡᠭᠦᠯᠬᠦ ᠶᠢ ᠦᠨᠡᠨ ᠬᠦ ᠪᠠᠲᠤᠯᠠᠪᠠ ᠃ ᠠᠬᠢᠭᠤᠯᠬᠤ ᠬᠤᠷᠠᠯ ᠢ ᠬᠤᠷᠠᠯᠳᠤᠭᠤᠯᠵᠤ᠂ ᠠᠵᠢᠯ ᠤᠨ ᠭᠤᠣᠯᠳᠠᠯᠭ᠎ᠠ ᠵᠢᠴᠢ ᠴᠠᠭ ᠤᠨ ᠬᠢᠵᠠᠭᠠᠷ ᠢ ᠲᠣᠳᠣᠷᠬᠠᠶᠢᠯᠠᠵᠤ᠂ ᠵᠢᠵᠢᠭ ᠦᠢᠯᠡᠳᠬᠡᠯ ᠤᠨ ᠭᠠᠵᠠᠷ ᠢ ᠵᠢᠷᠤᠮᠵᠢᠭᠤᠯᠤᠨ ᠳᠡᠭᠡᠭᠰᠢᠯᠡᠬᠦ ᠶᠢ ᠲᠥᠯᠥᠪᠯᠡᠭᠡ ᠲᠠᠢ᠂ ᠠᠯᠬᠤᠮ ᠳᠠᠷᠠᠭ᠎ᠠ ᠲᠠᠢ ᠪᠠᠷ ᠵᠢᠯᠣᠭᠤᠳᠤᠨ ᠠᠬᠢᠭᠤᠯᠤᠨ᠎ᠠ᠃

    ᠬᠤᠶᠠᠷ ᠲᠤ᠂ ︽ᠪᠦᠬᠦ ᠬᠠᠮᠤᠷᠤᠯᠲᠠ︾ ᠪᠠᠷ ᠵᠢᠭᠰᠠᠭᠠᠨ ᠪᠠᠶᠢᠴᠠᠭᠠᠵᠤ᠂ ᠲᠥᠷᠥᠯ ᠬᠤᠪᠢᠶᠠᠨ ᠲᠠᠩᠰᠠ ᠡᠪᠬᠡᠮᠡᠯ ᠪᠠᠶᠢᠭᠤᠯᠵᠤ ᠰᠠᠭᠤᠷᠢ ᠲᠤᠭ᠎ᠠ ᠶᠢ ᠲᠤᠳᠤᠷᠬᠠᠶᠢᠵᠢᠭᠤᠯᠪᠠ᠃ ᠪᠥᠬᠦ ᠬᠤᠲᠠ ᠶᠢᠨ ᠢᠳᠡᠭᠡᠨ ᠤ ᠵᠢᠵᠢᠭ ᠦᠢᠯᠡᠳᠬᠡᠯ ᠤᠨ ᠭᠠᠵᠠᠷ ᠲᠤ ᠲᠦᠭᠰᠢᠭᠦᠷᠢ ᠶᠢᠨ ᠲᠠᠰ ᠤᠨ ᠬᠠᠮᠢᠶᠠᠷᠤᠯᠲᠠ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠪᠥᠬᠦ ᠲᠠᠯ᠎ᠠ ᠪᠠᠷ ᠪᠠᠶᠢᠳᠠᠯ ᠢ ᠤᠶᠢᠯᠠᠭᠠᠨ ᠵᠢᠭᠰᠠᠭᠠᠨ ᠪᠠᠶᠢᠴᠠᠭᠠᠵᠤ᠂ ᠲᠥᠷᠥᠯ ᠬᠤᠪᠢᠶᠠᠨ ᠢᠳᠡᠭᠡᠨ ᠤ ᠵᠢᠵᠢᠭ ᠦᠢᠯᠡᠳᠬᠡᠯ ᠤᠨ ᠭᠠᠵᠠᠷ ᠤᠨ ᠬᠢᠨᠠᠯᠲᠠ ᠬᠠᠮᠢᠶᠠᠷᠤᠯᠲᠠ ᠶᠢᠨ ᠲᠠᠩᠰᠠ ᠡᠪᠬᠡᠮᠡᠯ ᠢ ᠪᠠᠶᠢᠭᠤᠯᠤᠨ᠂ ︽ᠨᠢᠭᠡ ᠡᠷᠦᠬᠡ ᠳᠤ ᠨᠢᠭᠡ ᠲᠠᠩᠰᠠ ᠡᠪᠬᠡᠮᠡᠯ︾ ᠢ ᠨᠠᠶᠢᠳᠠᠪᠤᠷᠢᠵᠢᠭᠤᠯᠪᠠ︔ ᠢᠳᠡᠭᠡᠨ ᠤ ᠵᠢᠵᠢᠭ ᠦᠢᠯᠡᠳᠬᠡᠯ ᠤᠨ ᠭᠠᠵᠠᠷ ᠲᠤ ︽ᠨᠢᠭᠡ ᠡᠷᠦᠬᠡ ᠳᠤ ᠨᠢᠭᠡ ᠠᠷᠭ᠎ᠠ ᠪᠣᠳᠣᠯᠭ᠎ᠠ︾ ᠶᠢ ᠴᠡᠭᠴᠡᠯᠡᠨ ᠰᠠᠶᠢᠵᠢᠷᠠᠭᠤᠯᠬᠤ ᠶᠢ ᠬᠡᠷᠡᠭᠵᠢᠭᠦᠯᠵᠦ᠂ ᠦᠢᠯᠡᠳᠪᠦᠷᠢᠯᠡᠯ ᠡᠵᠡᠩᠨᠡᠯᠲᠡ ᠶᠢᠨ ᠨᠥᠬᠦᠴᠡᠯ ᠤᠨ ︽ᠬᠠᠷ᠎ᠠ ᠴᠠᠭᠠᠨ ᠳᠠᠩᠰᠠ ︾ ᠶᠢ ᠨᠡᠶᠢᠲᠡᠯᠡᠵᠦ᠂ ᠵᠢᠵᠢᠭ ᠦᠢᠯᠡᠳᠬᠡᠯ ᠤᠨ ᠭᠠᠵᠠᠷ ᠢ ᠭᠡᠳᠡᠷᠭᠦ ᠰᠢᠬᠠᠮᠳᠠᠭᠤᠯᠵᠤ ᠪᠠᠶᠢᠭᠠᠳ ᠢᠳᠡᠭᠡᠨ ᠡᠳ᠋ᠰᠢᠭᠦᠯᠬᠦ ᠨᠥᠬᠦᠴᠡᠯ ᠢ ᠦᠷᠭᠦᠯᠵᠢᠯᠡᠨ ᠬᠠᠩᠭᠠᠵᠤ᠂ ᠬᠢᠨᠠᠨ ᠬᠠᠮᠢᠶᠠᠷᠬᠤ ᠡᠲᠡᠭᠡᠳ ᠲᠤ ᠰᠠᠭᠤᠷᠢ ᠲᠤᠭ᠎ᠠ ᠲᠠᠢ᠂ ᠭᠤᠣᠯᠳᠠᠯᠭ᠎ᠠ ᠲᠠᠢ ᠣᠷᠣᠨ ᠪᠦᠰᠡ ᠳᠤ ᠲᠠᠩᠰᠠ ᠡᠪᠬᠡᠮᠡᠯ ᠲᠠᠢ᠂ ᠲᠦᠭᠰᠢᠭᠦᠷᠢ ᠶᠢᠨ ᠳᠠᠯᠳᠠ ᠬᠡᠮ ᠤᠨ ᠨᠠᠷᠢᠨ ᠲᠠᠩᠰᠠ ᠲᠠᠢ᠂ ᠬᠠᠮᠢᠶᠠᠷᠤᠯᠲᠠ ᠶᠢᠨ ᠰᠡᠷᠭᠡᠶᠢᠯᠡᠨ ᠡᠵᠡᠮᠳᠡᠬᠦ ᠠᠷᠭ᠎ᠠ ᠪᠣᠳᠣᠯᠭ᠎ᠠ ᠲᠠᠢ ᠪᠠᠶᠢᠬᠤ ᠶᠢ ᠦᠨᠡᠨ ᠬᠦ ᠪᠡᠶᠡᠯᠡᠭᠦᠯᠪᠡ᠃

    ᠭᠤᠷᠪᠠ ᠳᠤ᠂ ︽ᠪᠥᠬᠦ ᠬᠡᠯᠬᠢᠶ᠎ᠡ︾ ᠪᠠᠷ ᠬᠠᠤᠯᠢ ᠶᠢ ᠬᠡᠷᠡᠭᠵᠢᠭᠦᠯᠵᠦ᠂ ᠬᠢᠨᠠᠨ ᠬᠠᠮᠢᠶᠠᠷᠬᠤ ᠦᠢᠯᠡᠴᠢᠯᠡᠭᠡ ᠶᠢ ᠵᠡᠷᠭᠡ ᠪᠠᠷ ᠬᠦᠴᠦᠯᠡᠪᠡ᠃ ᠢᠳᠡᠭᠡᠨ ᠤ ᠵᠢᠵᠢᠭ ᠦᠢᠯᠡᠳᠬᠡᠯ ᠤᠨ ᠭᠠᠵᠠᠷ ᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠠᠵᠢᠯᠯᠠᠭ᠎ᠠ ᠬᠢᠭᠡᠳ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ᠂ ᠲᠤᠰᠬᠠᠶ ᠴᠡᠭᠴᠡᠯᠡᠨ ᠵᠠᠰᠠᠬᠤ ᠶᠢ ᠬᠠᠷᠢᠯᠴᠠᠨ ᠤᠶᠠᠯᠳᠤᠭᠤᠯᠵᠤ᠂ ᠪᠣᠣᠪᠤ ᠪᠣᠭᠤᠷᠰᠤᠭ ᠤᠨ ᠲᠦᠷᠦᠯ᠂ ᠠᠮᠤ ᠪᠤᠳᠠᠭ᠎ᠠ ᠪᠣᠯᠪᠠᠰᠤᠷᠠᠭᠤᠯᠬᠤ ᠲᠥᠷᠥᠯ ᠂ ᠴᠠᠷᠳᠠᠭᠤᠯ ᠵᠢᠴᠢ ᠴᠠᠷᠳᠠᠭᠤᠯ ᠤᠨ ᠪᠦᠲᠦᠭᠡᠭᠳᠡᠬᠦᠨ ᠤ ᠲᠦᠷᠦᠯ᠂ ᠮᠢᠬᠠᠨ ᠤ ᠪᠦᠲᠦᠭᠡᠭᠳᠡᠬᠦᠨ ᠤ ᠲᠥᠷᠥᠯ ᠢᠶᠠᠷ ᠭᠤᠤᠯᠳᠠᠯᠭ᠎ᠠ ᠪᠣᠯᠭᠠᠵᠤ᠂ ᠰᠢᠮᠳᠠᠭᠤᠯᠤᠨ ᠪᠠᠶᠢᠴᠠᠭᠠᠬᠤ ᠶᠢ ᠴᠢᠩᠭᠠᠷᠠᠭᠤᠯᠤᠨ᠂ ᠬᠠᠷᠢᠶ᠎ᠠ ᠭᠠᠵᠠᠷ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠰᠢᠮᠳᠠᠭᠤᠯᠪᠠ︔ ᠦᠨᠳᠦᠰᠦ ᠠᠴᠠ ᠨᠢ ᠴᠡᠪᠡᠷᠯᠡᠨ ᠪᠠᠶᠢᠴᠠᠭᠠᠵᠤ᠂ ᠰᠢᠨ᠎ᠡ ᠪᠠᠷ ᠳᠠᠩᠰᠠᠯᠠᠭᠤᠯᠤᠭᠰᠠᠨ ᠢᠳᠡᠭᠡᠨ ᠤ ᠵᠢᠵᠢᠭ ᠦᠢᠯᠡᠳᠬᠡᠯ ᠤᠨ ᠭᠠᠵᠠᠷ ᠢ ᠳᠠᠩᠰᠠᠯᠠᠬᠤ ᠶᠢ ᠵᠥᠪᠰᠢᠶᠡᠷᠡᠬᠦ ᠨᠥᠬᠦᠴᠡᠯ ᠢ ᠲᠣᠬᠢᠶᠠᠯᠳᠤᠯ ᠢᠶᠠᠷ ᠪᠠᠶᠢᠴᠠᠭᠠᠵᠤ᠂ ᠢᠳᠡᠭᠡᠨ ᠤ ᠵᠢᠵᠢᠭ ᠦᠢᠯᠡᠳᠬᠡᠯ ᠤᠨ ᠭᠠᠵᠠᠷ ᠢ 1 ᠬᠤᠪᠢ ᠴᠢᠩᠭ᠎ᠠ ᠵᠥᠪᠰᠢᠶᠡᠷᠡᠭᠦᠯᠦᠭᠡᠳᠦᠶ ᠪᠠᠷ ᠵᠠᠷᠯᠠᠨ ᠮᠡᠳᠡᠭᠳᠡᠵᠦ᠂ ᠬᠠᠷᠢᠶ᠎ᠠ ᠭᠠᠵᠠᠷ ᠤᠨ ᠲᠣᠪᠴᠢᠶ᠎ᠠ ᠳᠤ 2 ᠬᠡᠷᠡᠭ ᠢ ᠰᠢᠯᠵᠢᠭᠦᠯᠦᠨ ᠲᠤᠰᠢᠶᠠᠵᠤ ᠬᠡᠷᠡᠭ ᠪᠣᠯᠭᠠᠨ ᠳᠠᠩᠰᠠᠯᠠᠭᠤᠯᠪᠠ︔ ᠵᠢᠵᠢᠭ ᠦᠢᠯᠡᠳᠬᠡᠯ ᠤᠨ ᠭᠠᠵᠠᠷ ᠲᠤ 216 ᠪᠦᠯᠦᠭ ᠤᠳᠠᠭ᠎ᠠ ᠬᠢᠨᠠᠯᠲᠠ ᠲᠠᠯᠪᠢᠨ ᠰᠤᠭᠤᠴᠢᠨ ᠪᠠᠶᠢᠴᠠᠭᠠᠵᠤ᠂ 23 ᠪᠦᠯᠦᠭ ᠤᠳᠠᠭᠠᠨ ᠤ ᠬᠢᠷᠢ ᠲᠡᠩᠴᠡᠬᠦ ᠦᠭᠡᠢ ᠦᠢᠯᠡᠳᠬᠦᠨ ᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠵᠦ᠂ 10 ᠬᠠᠷ᠎ᠠ ᠦᠢᠯᠡᠳᠬᠡᠯ ᠤᠨ ᠭᠠᠵᠠᠷ  ᠲᠤ ᠴᠢᠩᠭ᠎ᠠ ᠴᠣᠬᠢᠯᠲᠠ ᠥᠭᠪᠡ᠃

    ᠲᠠᠷᠠᠭᠠᠴᠢ ᠶᠢᠨ ᠠᠯᠬᠤᠮ ᠳᠤ᠂ ᠪᠤᠭᠤᠲᠤ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠢᠳᠡᠭᠡᠨ ᠤ ᠵᠢᠵᠢᠭ ᠦᠢᠯᠡᠳᠬᠡᠯ ᠤᠨ ᠭᠠᠵᠠᠷ ᠢ ᠵᠠᠰᠠᠵᠤ ᠰᠠᠶᠢᠵᠢᠷᠠᠭᠤᠯᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠬᠢᠨᠠᠯᠲᠠ ᠬᠠᠮᠢᠶᠠᠷᠤᠯᠲᠠ ᠶᠢᠨ ᠳᠤᠮᠳᠠ ᠦᠢᠯᠡᠴᠢᠯᠡᠵᠦ᠂ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠤᠷᠲᠤᠳᠬᠠᠵᠤ᠂ ᠢᠳᠡᠭᠡᠨ ᠤ ᠵᠢᠵᠢᠭ ᠦᠢᠯᠡᠳᠬᠡᠯ ᠤᠨ ᠭᠠᠵᠠᠷ ᠢ ᠴᠡᠭᠴᠡᠯᠡᠨ ᠵᠠᠰᠠᠵᠤ ᠰᠠᠶᠢᠵᠢᠷᠠᠭᠤᠯᠬᠤ ᠶᠠᠪᠤᠴᠠ ᠳᠤ ᠲᠤᠯᠭᠠᠷᠠᠭᠰᠠᠨ ᠠᠰᠠᠭᠤᠳᠠᠯ ᠢ ᠰᠢᠨᠵᠢᠯᠡᠬᠦ ᠤᠬᠠᠭᠠᠨᠴᠢ ᠪᠠᠷ ᠦᠢᠯᠡᠴᠢᠯᠡᠵᠦ᠂ ᠬᠦᠴᠢᠷ ᠵᠣᠪᠠᠭᠤᠷᠢ ᠶᠢ ᠰᠢᠢᠳᠪᠦᠷᠢᠯᠡᠵᠦ᠂ ᠪᠥᠬᠦ ᠲᠠᠯ᠎ᠠ ᠪᠠᠷ ᠥᠭᠡᠷᠡᠴᠢᠯᠡᠬᠦ᠂ ᠪᠥᠬᠦ ᠶᠠᠪᠤᠴᠠ ᠳᠤ ᠪᠡᠶ᠎ᠡ ᠶᠢᠨ ᠪᠠᠶᠢᠴᠠᠭᠠᠯᠲᠠ ᠬᠢᠬᠦ᠂ ᠪᠥᠬᠦ ᠭᠤᠭᠴᠤᠭ᠎ᠠ ᠶᠢ ᠬᠠᠮᠢᠶᠠᠷᠤᠨ ᠡᠵᠡᠮᠳᠡᠬᠦ ᠪᠠᠷ ᠳᠠᠮᠵᠢᠭᠤᠯᠤᠨ᠂ ᠢᠳᠡᠭᠡᠨ ᠤ ᠠᠮᠤᠷ ᠲᠦᠪᠰᠢᠨ ᠤ ᠬᠤᠷᠢᠭ᠎ᠠ ᠱᠤᠭᠤᠮ ᠢ ᠴᠢᠩᠭ᠎ᠠ ᠰᠠᠬᠢᠬᠤ ᠶᠢᠨ ᠬᠠᠮᠲᠤ᠂ ᠪᠤᠭᠤᠲᠤ ᠬᠤᠲᠠ ᠶᠢᠨ ᠢᠳᠡᠭᠡᠨ ᠤ ᠵᠢᠵᠢᠭ ᠦᠢᠯᠡᠳᠬᠡᠯ ᠤᠨ ᠭᠠᠵᠠᠷ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠬᠦ ᠪᠣᠯᠣᠨ᠎ᠠ᠃

 

ᠢᠷᠡᠯᠲᠡ᠄ ᠪᠠᠶᠠᠨᠨᠠᠭᠤᠷ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ