ᠳᠣᠣᠷ᠎ᠠ ᠨᠡᠭᠦᠷᠡᠰᠦᠲᠥ᠋ᠷᠦᠭᠴᠢᠲᠦ / ᠨᠡᠭᠦᠷᠡᠰᠦᠲᠥ᠋ᠷᠥᠭᠴᠢ ᠦᠭᠡᠢ ᠠᠵᠤ ᠦᠢᠯᠡᠰ ᠤᠨ ᠬᠦᠷᠢᠶᠡᠯᠡᠩ ᠤᠨ ᠪᠠᠷᠢᠮᠵᠢᠶᠠᠵᠢᠭᠤᠯᠤᠭᠰᠠᠨ ᠬᠠᠮᠢᠶᠠᠷᠤᠯᠲᠠ ᠶᠢᠨ ᠲᠣᠭᠲᠠᠯᠴᠠᠭ᠎ᠠ ᠶᠢᠨ ᠨᠤᠲᠠᠯᠠᠯᠲᠠ ᠪᠠᠲᠤᠯᠠᠭᠳᠠᠪᠠ
ᠨᠡᠶᠢᠲᠡᠯᠡᠭᠰᠡᠨ ᠴᠠᠭ᠄
2024/8/23

    ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠤᠤᠷ᠎ᠠ ᠨᠡᠭᠦᠷᠡᠰᠦᠲᠥ᠋ᠷᠥᠭᠴᠢᠲᠤ / ᠨᠡᠭᠦᠷᠡᠰᠦᠲᠥ᠋ᠷᠥᠭᠴᠢ ᠦᠭᠡᠢ ᠠᠵᠤ ᠦᠢᠯᠡᠰ ᠤᠨ ᠬᠦᠷᠢᠶᠡᠯᠡᠩ ᠤᠨ ᠪᠠᠷᠢᠮᠵᠢᠶᠠᠵᠢᠭᠤᠯᠤᠭᠰᠠᠨ ᠬᠠᠮᠢᠶᠠᠷᠤᠯᠲᠠ ᠶᠢᠨ ᠲᠣᠭᠲᠠᠯᠴᠠᠭ᠎ᠠ ᠶᠢ ᠨᠤᠲᠠᠯᠠᠬᠤ ᠬᠤᠷᠠᠯ ᠬᠤᠷᠠᠯᠳᠤᠭᠤᠯᠪᠠ᠃ ᠲᠤᠰᠬᠠᠶ ᠮᠡᠷᠭᠡᠵᠢᠯᠲᠡᠨ ᠤ ᠳᠤᠭᠤᠶᠢᠯᠠᠩ ᠨᠢ ᠳᠤᠮᠳᠠᠳᠤ ᠤᠯᠤᠰ ᠤᠨ ᠬᠡᠮᠵᠢᠯᠲᠡ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ᠂ ᠳᠤᠮᠳᠠᠳᠤ ᠤᠯᠤᠰ ᠤᠨ ᠪᠠᠷᠢᠮᠵᠢᠶᠠᠵᠢᠭᠤᠯᠤᠯᠲᠠ ᠶᠢᠨ ᠰᠤᠳᠤᠯᠭᠠᠨ ᠤ ᠬᠦᠷᠢᠶᠡᠯᠡᠩ᠂ ᠲᠡᠮᠦᠷᠯᠢᠭ ᠬᠠᠶᠢᠯᠤᠭᠤᠯᠬᠤ ᠠᠵᠤ ᠦᠢᠯᠡᠳᠪᠦᠷᠢ ᠶᠢᠨ ᠲᠥᠯᠥᠪᠵᠢᠭᠦᠯᠭᠡ ᠶᠢᠨ ᠰᠤᠳᠤᠯᠭᠠᠨ ᠤ ᠬᠦᠷᠢᠶᠡᠯᠡᠩ᠂ ᠳᠤᠮᠳᠠᠳᠤ ᠤᠯᠤᠰ ᠤᠨ ᠶᠠᠰᠤ ᠴᠢᠨᠠᠷ ᠤᠨ ᠭᠡᠷᠡᠴᠢᠯᠡᠯ ᠤᠨ ᠲᠥᠪ᠂ ᠴᠢᠩᠬᠤᠸᠠ ᠶᠡᠭᠡ ᠰᠤᠷᠭᠠᠭᠤᠯᠢ ᠶᠢᠨ ᠡᠨᠧᠷᠭᠢ ᠶᠢᠨ ᠣᠷᠴᠢᠨ ᠲᠣᠭᠤᠷᠢᠨ ᠤ ᠠᠵᠤ ᠠᠬᠤᠶ ᠶᠢᠨ ᠰᠤᠳᠤᠯᠭᠠᠨ ᠤ ᠭᠠᠵᠠᠷ᠂ ᠳᠤᠮᠳᠠᠳᠤ ᠤᠯᠤᠰ ᠤᠨ ᠡᠨᠧᠷᠭᠢ ᠠᠷᠪᠢᠯᠠᠬᠤ ᠨᠡᠶᠢᠭᠡᠮᠯᠢᠭ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠢᠩᠬᠢᠮ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠲᠢᠩᠬᠢᠮ ᠵᠡᠷᠭᠡ ᠨᠢᠭᠡᠴᠢ ᠶᠢᠨ ᠲᠤᠰᠬᠠᠶ ᠮᠡᠷᠭᠡᠵᠢᠯᠲᠡᠨ ᠢᠶᠠᠷ ᠪᠦᠷᠢᠯᠳᠦᠵᠡᠶ᠃

W020240823451846341799.png


    ᠬᠤᠷᠠᠯ ᠳᠡᠭᠡᠷ᠎ᠡ᠂ ᠪᠠᠷᠢᠮᠵᠢᠶ᠎ᠠ ᠶᠢᠨ ᠲᠣᠭᠲᠠᠯᠴᠠᠭ᠎ᠠ ᠶᠢ ᠨᠠᠶᠢᠷᠠᠭᠤᠯᠤᠨ ᠵᠣᠬᠢᠶᠠᠬᠤ ᠳᠤᠭᠤᠶᠢᠯᠠᠩ ᠨᠢ ᠪᠠᠷᠢᠮᠵᠢᠶ᠎ᠠ ᠶᠢᠨ ᠲᠣᠭᠲᠠᠯᠴᠠᠭᠠᠨ ᠤ ᠲᠥᠷᠥᠯ ᠵᠦᠢᠯ ᠤᠨ ᠢᠷᠡᠯᠲᠡ᠂ ᠴᠢᠬᠤᠯᠠ ᠴᠢᠨᠠᠷ ᠪᠠ ᠠᠴᠢ ᠬᠤᠯᠪᠣᠭᠳᠠᠯ᠂ ᠨᠠᠶᠢᠷᠠᠭᠤᠯᠤᠨ ᠵᠣᠬᠢᠶᠠᠬᠤ ᠶᠠᠪᠤᠴᠠ ᠵᠢᠴᠢ ᠪᠠᠷᠢᠮᠵᠢᠶ᠎ᠠ ᠶᠢᠨ ᠲᠣᠭᠲᠠᠯᠴᠠᠭᠠᠨ ᠤ ᠭᠤᠤᠯ ᠠᠭᠤᠯᠭ᠎ᠠ ᠵᠡᠷᠭᠡ ᠳᠤ ᠨᠠᠷᠢᠨ ᠲᠣᠳᠣᠷᠬᠠᠶᠢᠯᠠᠯᠲᠠ ᠬᠢᠪᠠ᠃ ᠲᠤᠰᠬᠠᠶ ᠮᠡᠷᠭᠡᠵᠢᠯᠲᠡᠨ ᠤ ᠳᠤᠭᠤᠶᠢᠯᠠᠩ ᠨᠢ ᠪᠠᠷᠢᠮᠵᠢᠶ᠎ᠠ ᠶᠢᠨ ᠲᠣᠭᠲᠠᠯᠴᠠᠭᠠᠨ ᠤ ᠲᠥᠯᠥᠪᠵᠢᠭᠦᠯᠭᠡ ᠶᠢᠨ ᠨᠡᠷᠡᠶᠢᠳᠦᠯ᠂ ᠪᠣᠷᠣ ᠲᠥᠯᠥᠪ ᠤᠨ ᠵᠢᠷᠤᠭ᠂ ᠨᠠᠷᠢᠨ ᠬᠦᠰᠦᠨᠦᠭᠲᠦ ᠳᠠᠬᠢ ᠪᠠᠷᠢᠮᠵᠢᠶ᠎ᠠ ᠶᠢᠨ ᠲᠥᠯᠥᠪᠵᠢᠭᠦᠯᠭᠡ ᠶᠢᠨ ᠵᠦᠶ ᠶᠣᠰᠣᠴᠢ ᠴᠢᠨᠠᠷ᠂ ᠬᠡᠷᠡᠭᠯᠡᠭᠡᠨ ᠤ ᠴᠢᠨᠠᠷ ᠪᠠ ᠪᠣᠯᠤᠮᠵᠢᠲᠤ ᠴᠢᠨᠠᠷ ᠵᠡᠷᠭᠡ ᠠᠭᠤᠯᠭ᠎ᠠ ᠶᠢᠨ ᠲᠤᠬᠠᠶ ᠭᠦᠢᠴᠡᠳ᠂ ᠨᠠᠷᠢᠨ ᠨᠢᠮᠪᠠᠶ ᠰᠤᠳᠤᠯᠤᠨ ᠶᠠᠷᠢᠯᠴᠠᠬᠤ ᠪᠠ ᠨᠤᠲᠠᠯᠠᠯᠲᠠ ᠬᠢᠵᠦ᠂ ︽ᠲᠤᠤᠷ᠎ᠠ ᠨᠡᠭᠦᠷᠡᠰᠦᠲᠥ᠋ᠷᠥᠭᠴᠢᠲᠤ / ᠨᠡᠭᠦᠷᠡᠰᠦᠲᠥ᠋ᠷᠥᠭᠴᠢ ᠦᠭᠡᠢ ᠠᠵᠤ ᠦᠢᠯᠡᠰ ᠤᠨ ᠬᠦᠷᠢᠶᠡᠯᠡᠩ ᠤᠨ ᠪᠠᠷᠢᠮᠵᠢᠶᠠᠵᠢᠭᠤᠯᠤᠭᠰᠠᠨ ᠬᠠᠮᠢᠶᠠᠷᠤᠯᠲᠠ ᠶᠢᠨ ᠲᠣᠭᠲᠠᠯᠴᠠᠭ᠎ᠠ︾ ᠳᠤ ᠨᠤᠲᠠᠯᠠᠯᠲᠠ ᠬᠢᠬᠦ ᠶᠢ ᠰᠠᠨᠠᠯ ᠨᠢᠭᠡᠲᠡᠶ ᠵᠥᠪᠰᠢᠶᠡᠷᠡᠵᠡᠭᠡᠪᠡ᠃

    ᠣᠳᠣᠬᠠᠨ ᠳᠤ ᠮᠠᠨ ᠤ ᠤᠯᠤᠰ ᠶᠠᠭ ᠲᠤᠤᠷ᠎ᠠ ᠨᠡᠭᠦᠷᠡᠰᠦᠲᠥ᠋ᠷᠥᠭᠴᠢᠲᠤ ᠬᠦᠷᠢᠶᠡᠯᠡᠩ ᠲᠣᠭᠤᠷᠢᠭ ᠤᠨ ᠲᠤᠷᠰᠢᠯᠲᠠ ᠶᠢᠨ ᠴᠡᠭ ᠤᠨ ᠪᠦᠳᠦᠭᠡᠨ ᠪᠠᠶᠢᠭᠤᠯᠤᠯᠲᠠ ᠵᠢᠴᠢ ᠬᠦᠷᠢᠶᠡᠯᠡᠩ ᠲᠣᠭᠤᠷᠢᠭ ᠤᠨ ᠪᠣᠬᠢᠷᠲᠤᠯ ᠦᠭᠡᠢ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠬᠥᠭᠵᠢᠯᠲᠡ ᠶᠢ ᠲᠦᠷᠭᠡᠳᠬᠡᠨ ᠠᠬᠢᠭᠤᠯᠵᠤ᠂ ᠲᠤᠤᠷ᠎ᠠ ᠨᠡᠭᠦᠷᠡᠰᠦᠲᠥ᠋ᠷᠥᠭᠴᠢᠲᠤ / ᠨᠡᠭᠦᠷᠡᠰᠦᠲᠥ᠋ᠷᠥᠭᠴᠢ ᠦᠭᠡᠢ ᠠᠵᠤ ᠦᠢᠯᠡᠰ ᠤᠨ ᠬᠦᠷᠢᠶᠡᠯᠡᠩ ᠤᠨ ᠬᠥᠭᠵᠢᠯᠲᠡ ᠪᠦᠳᠦᠭᠡᠨ ᠪᠠᠶᠢᠭᠤᠯᠤᠯᠲᠠ ᠶᠢ ᠠᠬᠢᠭᠤᠯᠬᠤ ᠨᠢ ᠣᠷᠣᠨ ᠪᠦᠰᠡ ᠶᠢᠨ ︽ᠬᠤᠣᠰ ᠨᠡᠭᠦᠷᠡᠰᠦᠲᠥ᠋ᠷᠥᠭᠴᠢ︾ ᠶᠢᠨ ᠪᠠᠶᠢᠯᠳᠤᠬᠤ ᠪᠤᠳᠤᠯᠭ᠎ᠠ ᠶᠢ ᠨᠠᠶᠢᠳᠠᠪᠤᠷᠢᠵᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠲᠣᠰ ᠤᠳᠠᠭ᠎ᠠ ᠳᠤᠷᠠᠳᠤᠭᠰᠠᠨ ︽ᠲᠤᠤᠷ᠎ᠠ ᠨᠡᠭᠦᠷᠡᠰᠦᠲᠥ᠋ᠷᠥᠭᠴᠢᠲᠤ / ᠨᠡᠭᠦᠷᠡᠰᠦᠲᠥ᠋ᠷᠥᠭᠴᠢ ᠦᠭᠡᠢ ᠠᠵᠤ ᠦᠢᠯᠡᠰ ᠤᠨ ᠬᠦᠷᠢᠶᠡᠯᠡᠩ ᠤᠨ ᠪᠠᠷᠢᠮᠵᠢᠶᠠᠵᠢᠭᠤᠯᠤᠭᠰᠠᠨ ᠬᠠᠮᠢᠶᠠᠷᠤᠯᠲᠠ ᠶᠢᠨ ᠲᠣᠭᠲᠠᠯᠴᠠᠭ᠎ᠠ︾ ᠨᠢ ︽ᠠᠵᠤ ᠠᠬᠤᠶ ᠨᠡᠶᠢᠭᠡᠮ ᠤᠨ ᠬᠥᠭᠵᠢᠯᠲᠡ ᠶᠢ ᠪᠥᠬᠦ ᠲᠠᠯ᠎ᠠ ᠪᠠᠷ ᠪᠣᠬᠢᠷᠲᠤᠯ ᠥᠬᠡᠶ ᠪᠠᠷ ᠬᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠬᠦ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ︽ᠨᠡᠭᠦᠷᠡᠰᠦᠲᠥ᠋ᠷᠥᠭᠴᠢ ᠶᠢ ᠣᠷᠭᠢᠯ ᠳᠤ ᠬᠦᠷᠭᠡᠬᠦ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠪᠠᠷᠢᠮᠵᠢᠶ᠎ᠠ ᠶᠢᠨ ᠲᠣᠭᠲᠠᠯᠴᠠᠭᠠᠨ ᠤ ᠪᠠᠶᠢᠭᠤᠯᠤᠯᠲᠠ ᠶᠢᠨ ᠵᠦᠭᠯᠡᠭᠦᠷ︾ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠲᠠᠢ ᠳᠡᠭᠡᠳᠦ ᠬᠡᠮᠵᠢᠶ᠎ᠡ ᠪᠠᠷ ᠨᠡᠶᠢᠴᠡᠵᠦ᠂ ᠥᠪᠥᠷ ᠮᠣᠩᠭᠤᠯ ᠤᠨ ᠨᠢᠭᠡᠨᠲᠡ ᠵᠥᠪᠰᠢᠶᠡᠷᠡᠵᠦ ᠪᠠᠶᠢᠭᠤᠯᠤᠭᠰᠠᠨ 4 ᠳᠣᠣᠷ᠎ᠠ ᠨᠡᠭᠦᠷᠡᠰᠦᠲᠥ᠋ᠷᠥᠭᠴᠢᠲᠦ ᠬᠦᠷᠢᠶᠡᠯᠡᠩ ᠲᠣᠭᠤᠷᠢᠭ᠂ 2 ᠨᠡᠭᠦᠷᠡᠰᠦᠲᠥ᠋ᠷᠥᠭᠴᠢ ᠦᠭᠡᠢ ᠬᠦᠷᠢᠶᠡᠯᠡᠩ ᠲᠣᠭᠤᠷᠢᠭ ᠤᠨ ᠦᠢᠯᠡᠳᠦᠯᠭᠡ ᠶᠢᠨ ᠲᠤᠷᠰᠢᠯᠭ᠎ᠠ ᠶᠢ ᠭᠦᠢᠴᠡᠳ ᠰᠢᠩᠭᠡᠭᠡᠨ ᠠᠪᠴᠤ᠂ ᠥᠪᠡᠷᠲᠡᠭᠡᠨ ᠵᠠᠰᠠᠬᠤ ᠣᠷᠣᠨ ᠤ ᠲᠤᠤᠷ᠎ᠠ ᠨᠡᠭᠦᠷᠡᠰᠦᠲᠥ᠋ᠷᠥᠭᠴᠢᠲᠤ / ᠨᠡᠭᠦᠷᠡᠰᠦᠲᠥ᠋ᠷᠥᠭᠴᠢ ᠦᠭᠡᠢ ᠠᠵᠤ ᠦᠢᠯᠡᠰ ᠤᠨ ᠬᠦᠷᠢᠶᠡᠯᠡᠩ ᠤᠨ ᠪᠣᠬᠢᠷᠲᠤᠯ ᠥᠬᠡᠶ ᠳᠣᠣᠷ᠎ᠠ ᠨᠡᠭᠦᠷᠡᠰᠦᠲᠥ᠋ᠷᠥᠭᠴᠢᠲᠦ ᠡᠷᠬᠢᠯᠳᠡᠳᠦ ᠬᠥᠭᠵᠢᠯᠲᠡ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠬᠡᠷᠡᠭᠵᠢᠭᠦᠯᠵᠦ ᠪᠣᠯᠬᠤᠶᠢᠴᠠ ᠴᠢᠨᠠᠷ ᠪᠠ ᠬᠥᠲᠥᠯᠦᠨ ᠳᠠᠭᠠᠭᠤᠯᠬᠤ ᠴᠢᠨᠠᠷ ᠲᠠᠢ ᠪᠠᠶᠢᠵᠤ᠂ ᠪᠥᠬᠦ ᠤᠯᠤᠰ ᠲᠤ ᠤᠷᠢᠳ ᠢᠶᠠᠷ ᠳᠤᠷᠠᠳᠤᠨ ᠭᠠᠷᠭᠠᠭᠰᠠᠨ ᠪᠠ ᠲᠣᠭᠲᠠᠭᠠᠭᠰᠠᠨ ᠨᠢᠭᠡᠨ ᠢᠵᠢ ᠪᠦᠬᠦ ᠲᠠᠯ᠎ᠠ ᠶᠢᠨ ᠰᠢᠨᠵᠢᠯᠡᠬᠦ ᠤᠬᠠᠭᠠᠨᠴᠢ ᠵᠢᠷᠤᠮᠵᠢᠭᠤᠨ᠂ ᠲᠥᠯᠥᠪᠵᠢᠭᠦᠯᠦᠭᠰᠡᠨ ᠪᠠᠷᠢᠮᠵᠢᠶᠠᠵᠢᠭᠤᠯᠤᠯᠲᠠ ᠶᠢᠨ ᠲᠤᠯᠭᠠᠭᠤᠷᠢᠯᠠᠯ ᠤᠨ ᠲᠣᠭᠲᠠᠯᠴᠠᠭ᠎ᠠ ᠪᠣᠯᠤᠨ᠎ᠠ᠃

 

ᠢᠷᠡᠯᠲᠡ᠄ ᠪᠠᠷᠢᠮᠵᠢᠶᠠᠵᠢᠭᠤᠯᠤᠯᠲᠠ ᠶᠢᠨ ᠭᠠᠵᠠᠷ᠂ ᠶᠠᠰᠤ ᠴᠢᠨᠠᠷ ᠤᠨ ᠪᠠᠷᠢᠮᠵᠢᠶ᠎ᠠ ᠶᠢᠨ ᠬᠦᠷᠢᠶᠡᠯᠡᠩ