ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠡᠳᠡᠯᠭᠡ ᠶᠢᠨ ᠥᠮᠴᠢᠯᠡᠯ ᠤᠨ ᠡᠷᠬᠡ ᠶᠢᠨ ᠠᠵᠢᠯ ᠢ ᠠᠬᠢᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/8/23

    ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠣᠷᠣᠨ ᠤ ᠮᠡᠳᠡᠯᠭᠡ ᠶᠢᠨ ᠥᠮᠴᠢᠯᠡᠯ ᠤᠨ ᠡᠷᠬᠡ ᠶᠢᠨ ᠠᠵᠢᠯ ᠤᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠶᠡᠷᠦᠩᠬᠡᠶ ᠪᠠᠶᠢᠷᠢᠯᠠᠭᠤᠯᠤᠯᠲᠠ ᠶᠢ ᠢᠳᠡᠪᠬᠢᠲᠡᠶ ᠲᠥᠯᠥᠪᠵᠢᠭᠦᠯᠦᠨ ᠠᠬᠢᠭᠤᠯᠬᠤ ᠶᠢᠨ ᠲᠥᠯᠥᠭᠡ᠂ 8 ᠳ᠋ᠤᠭᠠᠷ ᠰᠠᠷ᠎ᠠ ᠶᠢᠨ 21 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠮᠡᠳᠡᠯᠭᠡ ᠶᠢᠨ ᠥᠮᠴᠢᠯᠡᠯ ᠤᠨ ᠡᠷᠬᠡ ᠶᠢᠨ ᠲᠣᠪᠴᠢᠶ᠎ᠠ︶ ᠶᠢᠨ ᠬᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠡᠳᠡᠯᠭᠡ ᠶᠢᠨ ᠥᠮᠴᠢᠯᠡᠯ ᠤᠨ ᠡᠷᠬᠡ ᠶᠢᠨ ᠠᠵᠢᠯ ᠢ ᠠᠬᠢᠭᠤᠯᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ 2024 ᠣᠨ ᠤ ᠭᠤᠤᠯᠳᠠᠯᠭ᠎ᠠ ᠲᠠᠢ ᠠᠵᠢᠯ ᠢ ᠪᠡᠶᠡᠯᠡᠭᠦᠯᠦᠭᠰᠡᠨ ᠪᠠᠶᠢᠳᠠᠯ ᠢ ᠰᠣᠨᠣᠰᠴᠤ᠂ ᠲᠠᠷᠠᠭᠠᠴᠢ ᠶᠢᠨ ᠱᠠᠲᠤᠨ ᠤ ᠭᠤᠤᠯᠳᠠᠯᠭ᠎ᠠ ᠲᠠᠢ ᠡᠭᠦᠷᠭᠡ ᠶᠢ ᠳᠣᠭᠢᠷᠠᠭᠤᠯᠤᠨ ᠪᠠᠶᠢᠷᠢᠯᠠᠭᠤᠯᠵᠤ᠂ ᠪᠥᠬᠦ ᠵᠢᠯ ᠤᠨ ᠡᠯ᠎ᠡ ᠵᠦᠢᠯ ᠤᠨ ᠲᠣᠭᠲᠠᠭᠰᠠᠨ ᠬᠠᠷᠠᠯᠲᠠ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠠᠬᠢᠭᠤᠯᠪᠠ᠃ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠶᠠᠩ ᡁᠢ ᠬᠤᠩ ᠬᠤᠷᠠᠯ ᠢ ᠡᠷᠭᠢᠯᠡᠵᠦ᠂ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠵᠠᠩ ᠱᠢ ᠯᠢᠨ ᠣᠷᠣᠯᠴᠠᠵᠠᠶ᠃


W020240823451088336558.png


    ᠬᠤᠷᠠᠯ ᠠᠴᠠ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠤᠯᠤᠰ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠲᠣᠪᠴᠢᠶᠠᠨ ᠳᠠᠷᠤᠭ᠎ᠠ ᠱᠧᠨ ᠴᠠᠩ ᠢᠦᠶ ᠶᠢᠨ ︽ᠦᠨᠡᠨ︾ ᠰᠡᠳᠭᠦᠯ ᠳᠤ ᠨᠡᠶᠢᠲᠡᠯᠡᠭᠰᠡᠨ ︽ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠦᠷᠢᠶᠡᠨ ᠳᠠᠬᠢ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠳᠤ ᠬᠦᠴᠦᠲᠡᠶ ᠲᠤᠯᠭᠠᠭᠤᠷᠢᠯᠠᠯ ᠬᠠᠩᠭᠠᠶ᠎ᠠ︾ ᠭᠡᠬᠦ ᠵᠣᠬᠢᠶᠠᠯ ᠵᠢᠴᠢ ᠪᠥᠬᠦ ᠤᠯᠤᠰ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠲᠣᠪᠴᠢᠶᠠᠨ ᠳᠠᠷᠤᠭ᠎ᠠ ᠶᠢᠨ ᠳᠡᠭᠡᠳᠦ ᠵᠡᠷᠭᠡ ᠶᠢᠨ ᠰᠤᠳᠤᠯᠤᠨ ᠰᠤᠷᠤᠯᠴᠠᠬᠤ ᠠᠩᠭᠢ ᠳᠤ ᠲᠠᠯᠪᠢᠭᠰᠠᠨ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠪᠠ︔ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠨᠠᠢᠮᠠᠳᠤᠭᠠᠷ ᠬᠤᠷᠠᠯ ᠤᠨ ᠵᠣᠷᠢᠭ ᠰᠠᠨᠠᠭ᠎ᠠ ᠵᠢᠴᠢ ᠪᠦᠬᠦ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯ ᠤᠨ ᠬᠤᠷᠠᠯ ᠳᠡᠭᠡᠷᠡᠬᠢ ᠰᠦᠨ ᠱᠤᠤ ᠴᠧᠩ ᠤᠨ ᠶᠠᠷᠢᠶ᠎ᠠ ᠶᠢ ᠰᠤᠷᠤᠯᠴᠠᠪᠠ︔ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠳᠠᠷᠤᠮᠠᠯᠯᠠᠨ ᠲᠠᠷᠬᠠᠭᠠᠭᠰᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠠᠮᠠᠭᠠᠯᠠᠯᠲᠠ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠬᠡᠷᠡᠭᠵᠢᠭᠦᠯᠬᠦ ᠲᠥᠰᠦᠯ︾᠂ ︽2024 — 2025 ᠣᠨ ᠤ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠦᠴᠦᠷᠬᠡᠭ ᠣᠷᠣᠨ ᠤ ᠪᠠᠶᠢᠭᠤᠯᠤᠯᠲᠠ ᠪᠠ ᠬᠠᠮᠠᠭᠠᠯᠠᠯᠲᠠ ᠶᠢᠨ ᠲᠣᠭᠲᠠᠯᠴᠠᠭᠠᠨ ᠤ ᠪᠠᠶᠢᠭᠤᠯᠤᠯᠲᠠ ᠶᠢᠨ ᠢᠨᠵᠧᠨᠧᠷᠢᠩ ᠢ ᠠᠬᠢᠭᠤᠯᠬᠤ ᠲᠥᠯᠥᠪᠯᠡᠭᠡ︾ ᠶᠢ ᠲᠠᠨᠢᠯᠴᠠᠭᠤᠯᠪᠠ᠃ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠡᠷᠡᠭᠯᠡᠯᠲᠡ ᠶᠢ ᠠᠬᠢᠭᠤᠯᠬᠤ ᠭᠠᠵᠠᠷ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠠᠮᠠᠭᠠᠯᠠᠯᠲᠠ ᠶᠢᠨ ᠭᠠᠵᠠᠷ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠠᠮᠠᠭᠠᠯᠠᠯᠲᠠ ᠶᠢᠨ ᠲᠥᠪ᠂ ᠲᠤᠰᠬᠠᠶ ᠠᠰᠢᠭ ᠤᠨ ᠣᠷᠣᠯᠠᠨ ᠭᠦᠢᠴᠡᠳᠬᠡᠬᠦ ᠭᠠᠵᠠᠷ 2024 ᠣᠨ ᠤ ᠮᠡᠳᠡᠯᠭᠡ ᠶᠢᠨ ᠥᠮᠴᠢᠯᠡᠯ ᠤᠨ ᠡᠷᠬᠡ ᠶᠢᠨ ᠭᠤᠤᠯᠳᠠᠯᠭ᠎ᠠ ᠲᠠᠢ ᠠᠵᠢᠯ ᠢ ᠪᠡᠶᠡᠯᠡᠭᠦᠯᠦᠭᠰᠡᠨ ᠪᠠᠶᠢᠳᠠᠯ ᠢ ᠳ᠋ᠦᠩᠨᠡᠵᠦ᠂ 3 ᠰᠠᠯᠠᠭᠠᠨ ᠲᠠᠰ ︵ᠭᠤᠭᠴᠤᠭ᠎ᠠ︶ ᠤᠨ ᠺᠠᠳ᠋ᠷ ᠲᠤᠬᠠᠶᠢᠯᠠᠭᠰᠠᠨ ᠠᠵᠢᠯ ᠲᠠᠢ ᠪᠠᠨ ᠤᠶᠠᠯᠳᠤᠭᠤᠯᠤᠨ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠵᠤ᠂ ᠲᠥᠷᠥᠭᠳᠡᠯ᠂ ᠲᠠᠨᠢᠯᠲᠠ᠂ ᠠᠵᠢᠯ᠂ ᠬᠥᠭᠵᠢᠯᠲᠡ ᠶᠢᠨ ᠲᠤᠬᠠᠶ ᠶᠠᠷᠢᠯᠴᠠᠪᠠ᠃

    ᠬᠤᠷᠠᠯ ᠠᠴᠠ᠂ ᠪᠥᠬᠦ ᠣᠷᠣᠨ ᠤ ᠮᠡᠳᠡᠯᠭᠡ ᠶᠢᠨ ᠥᠮᠴᠢᠯᠡᠯ ᠤᠨ ᠡᠷᠬᠡ ᠶᠢᠨ ᠰᠢᠰᠲ᠋ᠧᠮ ᠨᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠵᠥᠪ ᠣᠨᠣᠪᠴᠢᠲᠠᠶ ᠤᠳᠤᠷᠢᠳᠤᠯᠭ᠎ᠠ ᠳᠣᠤᠷ᠎ᠠ᠂ ᠤᠯᠤᠰ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠲᠣᠪᠴᠢᠶ᠎ᠠ ᠶᠢᠨ ᠬᠦᠴᠦᠲᠡᠶ ᠳᠡᠮᠵᠢᠯᠭᠡ ᠳᠣᠤᠷ᠎ᠠ᠂ ᠪᠥᠬᠦ ᠰᠢᠰᠲ᠋ᠧᠮ ᠤᠨ ᠺᠠᠳ᠋ᠷ ᠠᠵᠢᠯᠲᠠᠨ ᠠᠵᠢᠯᠴᠢᠨ ᠤ ᠴᠥᠬᠦᠷᠡᠰᠢ ᠥᠬᠡᠶ ᠴᠢᠷᠮᠠᠶᠢᠯᠭ᠎ᠠ ᠳᠣᠤᠷ᠎ᠠ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠤᠯᠢ ᠲᠣᠭᠲᠠᠭᠠᠯ ᠤᠨ ᠲᠣᠭᠲᠠᠯᠴᠠᠭ᠎ᠠ ᠤᠯᠠᠮ ᠨᠢᠭᠡ ᠠᠯᠬᠤᠮ ᠪᠦᠷᠢᠨᠰᠢᠵᠤ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠬᠥᠳᠡᠯᠭᠡᠬᠦ ᠡᠨᠧᠷᠭᠢ ᠶᠢ ᠤᠯᠠᠮ ᠨᠢᠭᠡ ᠠᠯᠬᠤᠮ ᠪᠠᠳᠠᠷᠠᠭᠤᠯᠬᠤ ᠳᠤ ᠦᠢᠯᠡᠴᠢᠯᠡᠨ᠂ ᠰᠢᠨ᠎ᠡ ᠴᠠᠭ ᠦᠶ᠎ᠡ ᠶᠢᠨ ᠪᠣᠬᠢᠷᠲᠤᠯ ᠥᠬᠡᠶ ᠬᠥᠭᠵᠢᠯᠲᠡ ᠶᠢᠨ ᠮᠡᠳᠡᠯᠭᠡ ᠶᠢᠨ ᠥᠮᠴᠢᠯᠡᠯ ᠤᠨ ᠡᠷᠬᠡ ᠪᠠᠷ ᠣᠷᠣᠨ ᠢᠶᠠᠨ ᠬᠦᠴᠦᠷᠬᠡᠭᠵᠢᠭᠦᠯᠬᠦ ᠠᠵᠢᠯ ᠤᠨ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠢᠯᠡᠷᠡᠭᠦᠯᠵᠦ᠂ ᠡᠯ᠎ᠡ ᠵᠦᠢᠯ ᠤᠨ ᠭᠤᠤᠯᠳᠠᠯᠭ᠎ᠠ ᠲᠠᠢ ᠠᠵᠢᠯ ᠤᠨ ᠠᠬᠢᠴᠠ ᠤᠷᠤᠭᠰᠢᠲᠠᠶ ᠶᠠᠪᠤᠭᠳᠠᠵᠤ᠂ ᠦᠷ᠎ᠡ ᠪᠦᠲᠦᠮᠵᠢ ᠢᠯᠡᠳᠲᠡ ᠪᠣᠯᠵᠣ᠂ ᠪᠥᠬᠦ ᠵᠢᠯ ᠤᠨ ᠬᠠᠷᠠᠯᠲᠠ ᠡᠭᠦᠷᠭᠡ ᠶᠢ ᠪᠡᠶᠡᠯᠡᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠬᠤ ᠬᠡᠷᠡᠭᠲᠡᠢ ᠭᠡᠵᠦ ᠵᠢᠭᠠᠵᠤ ᠭᠠᠷᠭᠠᠪᠠ᠃

    ᠬᠤᠷᠠᠯ ᠠᠴᠠ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠠᠴᠠ ᠥᠭᠡᠷᠡᠴᠢᠯᠡᠯᠲᠡ ᠶᠢ ᠤᠯᠠᠮ ᠴᠢᠨᠠᠭᠰᠢᠳᠠ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠡᠷᠦᠩᠬᠡᠢ ᠪᠠᠶᠢᠷᠢᠯᠠᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠥᠨᠳᠥᠷ ᠪᠦᠲᠦᠮᠵᠢᠲᠡᠢ ᠮᠡᠳᠡᠯᠭᠡ ᠶᠢᠨ ᠥᠮᠴᠢᠯᠡᠯ ᠤᠨ ᠡᠷᠬᠡ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠪᠠᠶᠢᠭᠤᠯᠤᠮᠵᠢ ᠶᠢ ᠪᠠᠶᠢᠭᠤᠯᠵᠤ᠂ ᠰᠢᠨ᠎ᠡ ᠴᠠᠭ ᠦᠶ᠎ᠡ ᠰᠢᠨ᠎ᠡ ᠠᠶᠠᠨ ᠵᠠᠮ ᠳᠤ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠦᠷᠢᠶᠡᠨ ᠤ ᠥᠭᠡᠷᠡᠴᠢᠯᠡᠯᠲᠡ ᠶᠢ ᠴᠢᠨᠠᠭᠰᠢᠳᠠ ᠭᠦᠨᠵᠡᠭᠡᠶᠢᠷᠡᠭᠦᠯᠬᠦ ᠳᠤ ᠴᠢᠭᠯᠡᠯ ᠢ ᠲᠣᠳᠣᠷᠬᠠᠢ ᠵᠢᠭᠠᠵᠤ᠂ ᠭᠤᠣᠯᠳᠠᠯᠭ᠎ᠠ ᠶᠢ ᠲᠣᠳᠣᠷᠬᠠᠶᠢᠯᠠᠵᠠᠢ᠃ ᠪᠦᠬᠦ ᠨᠠᠮ ᠤᠨ ᠭᠡᠰᠢᠭᠦᠨ ᠺᠠᠳ᠋ᠷ ᠭᠦᠨᠵᠡᠭᠡᠢ ᠰᠤᠷᠤᠯᠴᠠᠵᠤ᠂ ᠪᠣᠳᠠᠲᠠᠢ ᠲᠠᠢ ᠪᠠᠨ ᠤᠶᠠᠯᠳᠤᠭᠤᠯᠤᠨ ᠰᠤᠷᠤᠯᠴᠠᠵᠤ᠂ ᠤᠬᠠᠮᠰᠠᠷ ᠠᠴᠠ ᠪᠠᠨ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠲᠠᠢ ᠨᠢᠭᠡᠳᠬᠡᠵᠦ᠂ ᠭᠤᠣᠯ ᠬᠠᠷᠢᠭᠤᠴᠠᠯᠭ᠎ᠠ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠡᠭᠦᠷᠭᠡᠯᠡᠯ ᠢᠶᠠᠨ ᠴᠢᠩᠭᠠᠷᠠᠭᠤᠯᠵᠤ᠂ 2024 ᠣᠨ ᠤ ᠮᠡᠳᠡᠯᠭᠡ ᠶᠢᠨ ᠥᠮᠴᠢᠯᠡᠯ ᠤᠨ ᠡᠷᠬᠡ ᠶᠢᠨ ᠭᠤᠣᠯᠳᠠᠯᠭ᠎ᠠ ᠲᠠᠢ ᠠᠵᠢᠯ ᠤᠨ ᠡᠭᠦᠷᠭᠡ ᠶᠢ ᠲᠦᠷᠭᠡᠳᠬᠡᠨ ᠠᠬᠢᠭᠤᠯᠵᠤ᠂ ᠤᠯᠤᠰ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠲᠣᠪᠴᠢᠶ᠎ᠠ ᠠᠴᠠ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠢᠴᠢ ᠥᠪᠡᠷᠲᠡᠭᠡᠨ ᠵᠠᠰᠠᠬᠤ ᠣᠷᠣᠨ ᠠᠴᠠ ᠡᠯ᠎ᠡ ᠠᠶᠢᠮᠠᠭ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠠᠮᠠᠭᠠᠯᠠᠯᠲᠠ ᠶᠢᠨ ᠬᠤᠯᠪᠣᠭᠳᠠᠯ ᠪᠦᠬᠦᠢ ᠬᠢᠨᠠᠨ ᠰᠢᠯᠭᠠᠬᠤ ᠠᠵᠢᠯ ᠢ ᠴᠢᠨᠠᠷ ᠰᠠᠶᠢᠲᠠᠢ ᠥᠨᠳᠥᠷ ᠪᠦᠲᠦᠮᠵᠢᠲᠡᠢ ᠪᠡᠶᠡᠯᠡᠭᠦᠯᠵᠦ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠠᠵᠢᠯ ᠤᠨ ᠳᠡᠰ ᠳᠡᠪᠰᠢᠬᠦ ᠶᠢ ᠠᠬᠢᠭᠤᠯᠬᠤ ᠬᠡᠷᠡᠭᠲᠡᠢ᠃     ᠠᠮᠵᠢᠯᠲᠠ ᠪᠠᠨ ᠳ᠋ᠦᠩᠨᠡᠵᠦ᠂ ᠬᠦᠷᠦᠯᠴᠡᠬᠦ ᠦᠭᠡᠢ ᠲᠠᠯ᠎ᠠ ᠪᠠᠨ ᠡᠷᠢᠵᠦ᠂ ᠰᠢᠯᠲᠠᠭᠠᠨ ᠢᠶᠠᠨ ᠵᠠᠳᠠᠯᠵᠤ᠂ ᠡᠭᠦᠷᠭᠡ ᠪᠠᠨ ᠪᠠᠶᠢᠷᠢᠯᠠᠭᠤᠯᠵᠤ᠂ ᠳᠠᠷᠤᠯᠲᠠ ᠥᠭᠴᠦ ᠡᠷᠡᠯᠬᠡᠭᠯᠡᠨ ᠤᠷᠤᠭᠰᠢᠯᠠᠵᠤ᠂ ᠪᠣᠳᠠᠲᠠᠢ ᠠᠵᠢᠯᠯᠠᠵᠤ ᠲᠡᠷᠢᠭᠦᠨ ᠳᠤ ᠣᠷᠣᠬᠤ ᠪᠠᠷ ᠴᠢᠷᠮᠠᠶᠢᠵᠤ᠂ ᠥᠭᠡᠷᠡᠴᠢᠯᠡᠯᠲᠡ ᠶᠢᠨ ᠰᠡᠳᠭᠢᠮᠵᠢ ᠪᠣᠯᠤᠨ ᠠᠷᠭ᠎ᠠ ᠶᠢ ᠴᠢᠳᠠᠮᠠᠭᠠᠢ ᠪᠠᠷ ᠬᠡᠷᠡᠭᠯᠡᠨ ᠪᠦᠲᠦᠭᠡᠯᠴᠢ ᠴᠢᠨᠠᠷᠲᠠᠢ ᠪᠠᠷ ᠠᠵᠢᠯ ᠢᠶᠠᠨ ᠥᠷᠨᠢᠭᠦᠯᠵᠦ᠂ ᠥᠭᠡᠷᠡᠴᠢᠯᠡᠯᠲᠡ ᠶᠢ ᠠᠬᠢᠭᠤᠯᠬᠤ ᠪᠦᠯᠦᠭᠳᠡᠨ᠂ ᠪᠣᠳᠠᠲᠠᠢ ᠠᠵᠢᠯᠯᠠᠭᠰᠠᠳ ᠪᠤᠯᠵᠤ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠥᠭᠡᠷᠡᠴᠢᠯᠡᠯᠲᠡ ᠶᠢᠨ ᠬᠤᠯᠪᠣᠭᠳᠠᠯ ᠪᠦᠬᠦᠢ ᠡᠭᠦᠷᠭᠡ ᠶᠢ ᠦᠨᠡᠨ ᠬᠦ ᠪᠠᠷᠢᠯᠭ᠎ᠠ ᠶᠢᠨ ᠵᠢᠷᠤᠭ ᠪᠣᠯᠭᠠᠨ ᠬᠤᠪᠢᠷᠠᠭᠤᠯᠵᠤ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠰᠢᠨ᠎ᠡ ᠵᠠᠮ ᠢ ᠨᠡᠬᠡᠬᠡᠵᠦ ᠳᠤᠮᠳᠠ ᠪᠠᠶᠢᠷᠢᠨ ᠳᠤ ᠣᠷᠣᠵᠤ᠂ ᠬᠤᠶᠠᠷ ᠶᠡᠭᠡ ᠶᠠᠪᠤᠳᠠᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ ᠴᠢᠬᠤᠯᠠᠴᠢᠯᠠᠪᠠ᠃

 

ᠢᠷᠡᠯᠲᠡ᠄ ᠬᠡᠷᠡᠭᠯᠡᠯᠲᠡ ᠶᠢ ᠠᠬᠢᠭᠤᠯᠬᠤ ᠭᠠᠵᠠᠷ᠂ ᠬᠠᠮᠠᠭᠠᠯᠠᠯᠲᠠ ᠶᠢᠨ ᠭᠠᠵᠠᠷ᠂ ᠬᠠᠮᠠᠭᠠᠯᠠᠯᠲᠠ ᠶᠢᠨ ᠲᠥᠪ᠂ ᠲᠤᠰᠬᠠᠶ ᠠᠰᠢᠭ ᠤᠨ ᠣᠷᠣᠯᠠᠨ ᠭ᠊