ᠰᠢᠯᠢ ᠶᠢᠨ ᠭᠤᠤᠯ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠣᠨ ᠤ ᠠᠮᠠᠷᠠᠯᠲᠠ ᠶᠢᠨ ᠬᠤᠭᠤᠴᠠᠭᠠᠨ ᠤ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠵᠠᠷ ᠮᠡᠳᠡᠭᠡ ᠶᠢ ᠬᠢᠨᠠᠨ ᠬᠠᠮᠢᠶᠠᠷᠬᠤ ᠪᠠ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2024/8/26

    ︽ᠬᠤᠶᠠᠷ ᠢ ᠬᠥᠩᠭᠡᠷᠡᠭᠦᠯᠬᠦ︾ ᠠᠵᠢᠯ ᠤᠨ ᠦᠷ᠎ᠡ ᠪᠦᠲᠦᠮᠵᠢ ᠶᠢ ᠦᠨᠡᠨ ᠬᠦ ᠪᠠᠬᠢᠵᠢᠭᠦᠯᠵᠦ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠵᠠᠬ᠎ᠠ ᠳᠡᠯᠭᠡᠭᠦᠷ ᠤᠨ ᠵᠠᠷ ᠮᠡᠳᠡᠭᠡ ᠶᠢᠨ ᠣᠷᠴᠢᠨ ᠲᠣᠭᠤᠷᠢᠨ ᠢ ᠴᠡᠪᠡᠷᠰᠢᠭᠦᠯᠵᠦ᠂ ᠵᠠᠯᠠᠭᠤᠴᠤᠳ ᠪᠠᠭᠠᠴᠤᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠬᠤ ᠶᠢᠨ ᠲᠥᠯᠥᠭᠡ᠂ ᠣᠶᠢᠷ᠎ᠠ ᠶᠢᠨ ᠬᠤᠭᠤᠴᠠᠭᠠᠨ ᠳᠤ᠂ ᠰᠢᠯᠢ ᠶᠢᠨ ᠭᠤᠤᠯ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠰᠤᠷᠭᠠᠨ ᠬᠥᠮᠦᠵᠢᠯ ᠤᠨ ᠲᠣᠪᠴᠢᠶ᠎ᠠ᠂ ᠰᠣᠶᠣᠯ ᠵᠢᠭᠤᠯᠴᠢᠯᠠᠯ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠷ ᠮᠡᠳᠡᠭᠡ ᠶᠢᠨ ᠬᠠᠤᠯᠢ︾ ᠶᠢᠨ ᠬᠠᠮᠢᠶ᠎ᠠ ᠪᠥᠬᠦᠶ ᠲᠣᠭᠲᠠᠭᠠᠯ ᠵᠢᠴᠢ ᠪᠥᠬᠦ ᠣᠷᠣᠨ ᠤ 2024 ᠣᠨ ᠤ ᠵᠣᠨ ᠤ ᠠᠮᠠᠷᠠᠯᠲᠠ ᠶᠢᠨ ᠬᠤᠭᠤᠴᠠᠭᠠᠨ ᠤ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠵᠠᠰᠠᠯᠲᠠ ᠶᠢᠨ ᠠᠵᠢᠯ ᠤᠨ ᠲᠣᠬᠢᠷᠠᠭᠤᠯᠤᠯᠲᠠ ᠶᠢ ᠦᠨᠳᠦᠰᠦᠯᠡᠨ᠂ ᠵᠣᠨ ᠤ ᠠᠮᠠᠷᠠᠯᠲᠠ ᠶᠢᠨ ᠬᠤᠭᠤᠴᠠᠭᠠᠨ ᠤ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠵᠠᠷ ᠮᠡᠳᠡᠭᠡ ᠶᠢ ᠬᠢᠨᠠᠨ ᠬᠠᠮᠢᠶᠠᠷᠬᠤ ᠪᠠ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠶᠢ ᠥᠷᠨᠢᠭᠦᠯᠪᠡ᠃

    ᠨᠢᠭᠡ ᠳᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠨᠢᠭᠡ ᠴᠤᠭᠴᠠᠵᠢᠭᠤᠯᠤᠨ ᠬᠢᠨᠠᠨ ᠬᠠᠮᠢᠶᠠᠷᠬᠤ ᠰᠢᠰᠲ᠋ᠧᠮ ᠢ ᠴᠢᠩᠭᠠᠷᠠᠭᠤᠯᠪᠠ᠃ ᠣᠳᠣᠬᠠᠨ ᠤ ᠭᠤᠤᠯᠳᠠᠯᠭ᠎ᠠ ᠲᠠᠢ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠵᠠᠷ ᠮᠡᠳᠡᠭᠡ ᠶᠢᠨ ᠬᠢᠨᠠᠯᠲᠠ ᠬᠠᠮᠢᠶᠠᠷᠤᠯᠲᠠ ᠶᠢᠨ ᠲᠤᠰᠬᠠᠶ ᠠᠵᠢᠯᠯᠠᠭ᠎ᠠ ᠲᠠᠢ ᠤᠶᠠᠯᠳᠤᠭᠤᠯᠤᠨ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠬᠠᠤᠯᠢ ᠲᠣᠭᠲᠠᠭᠠᠯ ᠠᠴᠠ ᠵᠥᠷᠢᠴᠡᠭᠰᠡᠨ ᠵᠠᠷ ᠮᠡᠳᠡᠭᠡ ᠳᠤ ᠴᠣᠬᠢᠯᠲᠠ ᠥᠭᠬᠦ ᠶᠢ ᠭᠤᠤᠯᠳᠠᠯᠭ᠎ᠠ ᠲᠠᠢ ᠡᠭᠦᠷᠭᠡ ᠪᠣᠯᠭᠠᠨ ᠨᠠᠶᠢᠳᠠᠪᠤᠷᠢᠵᠢᠭᠤᠯᠬᠤ ᠶᠢ ᠠᠬᠢᠭᠤᠯᠪᠠ᠃ ᠲᠣᠰ ᠤᠳᠠᠭᠠᠨ ᠤ ᠪᠠᠶᠢᠴᠠᠭᠠᠯᠲᠠ ᠨᠢ ᠤᠯᠠᠮᠵᠢᠯᠠᠯᠲᠤ ᠵᠠᠭᠤᠴᠢᠯᠠᠭᠤᠷ᠂ ᠰᠦᠯᠵᠢᠶᠡᠨ ᠤ ᠲᠠᠪᠴᠠᠩ᠂ ᠢᠯᠠᠩᠭᠤᠶ᠎ᠠ ᠰᠢᠭᠤᠳ ᠨᠡᠪᠲᠡᠷᠡᠭᠦᠯᠭᠡ ᠶᠢᠨ ᠲᠢᠺ ᠲᠤᠺ᠂ ᠪᠤᠰᠢᠭᠤ ᠭᠠᠷ ᠵᠢᠴᠢ ᠣᠯᠠᠨ ᠨᠡᠶᠢᠲᠡ ᠶᠢᠨ ᠸᠢᠴᠠᠲ ᠲᠠᠪᠴᠠᠩ ᠵᠡᠷᠭᠡ ᠠᠷᠭ᠎ᠠ ᠵᠠᠮ ᠢᠶᠠᠷ ᠨᠡᠶᠢᠲᠡᠯᠡᠭᠰᠡᠨ ᠵᠠᠷ ᠮᠡᠳᠡᠭᠡ ᠶᠢᠨ ᠠᠭᠤᠯᠭ᠎ᠠ ᠳᠤ ᠪᠥᠬᠦ ᠲᠠᠯ᠎ᠠ ᠪᠠᠷ ᠬᠢᠨᠠᠨ ᠡᠵᠡᠮᠳᠡᠬᠦ ᠪᠠ ᠬᠢᠨᠠᠨ ᠪᠠᠶᠢᠴᠠᠭᠠᠬᠤ ᠶᠢ ᠬᠡᠷᠡᠭᠵᠢᠭᠦᠯᠵᠦ᠂ ᠬᠢᠨᠠᠨ ᠬᠡᠮᠵᠢᠵᠦ ᠵᠢᠭᠰᠠᠭᠠᠨ ᠪᠠᠶᠢᠴᠠᠭᠠᠬᠤ ᠶᠢ ᠡᠬᠢ ᠡᠭᠦᠰᠦᠯ ᠠᠴᠠ ᠨᠢ ᠴᠢᠩᠭᠠᠳᠬᠠᠵᠤ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠬᠠᠤᠯᠢ ᠲᠣᠭᠲᠠᠭᠠᠯ ᠠᠴᠠ ᠵᠥᠷᠢᠴᠡᠭᠰᠡᠨ ᠵᠠᠷ ᠮᠡᠳᠡᠭᠡ ᠪᠣᠶ ᠪᠣᠯᠬᠤ ᠪᠠ ᠳᠠᠮᠵᠢᠭᠳᠠᠬᠤ ᠶᠢ ᠪᠦᠲᠦᠮᠵᠢᠲᠡᠶ ᠬᠤᠷᠢᠭᠯᠠᠪᠠ᠃

    ᠬᠤᠶᠠᠷ ᠲᠤ᠂ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ ᠬᠠᠮᠢᠶᠠᠷᠤᠯᠲᠠ ᠪᠠ ᠪᠠᠶᠢᠴᠠᠭᠠᠨ ᠰᠢᠢᠳᠪᠦᠷᠢᠯᠡᠬᠦ ᠡᠷᠴᠢᠮ ᠢ ᠴᠢᠩᠭᠠᠷᠠᠭᠤᠯᠪᠠ᠃ ᠬᠠᠤᠯᠢ ᠬᠡᠷᠡᠭᠵᠢᠭᠦᠯᠬᠦ ᠠᠵᠢᠯᠲᠠᠨ ᠲᠤᠬᠠᠶ ᠶᠢᠨ ᠭᠠᠵᠠᠷ ᠲᠤ ᠨᠢ ᠰᠤᠷᠪᠤᠯᠵᠢᠯᠠᠬᠤ ᠪᠠᠷ ᠳᠠᠮᠵᠢᠭᠤᠯᠤᠨ᠂ ᠰᠤᠷᠭᠠᠭᠤᠯᠢ ᠶᠢᠨ ᠬᠦᠷᠢᠶᠡᠨ ᠤ ᠡᠷᠭᠢᠨ ᠲᠣᠭᠤᠷᠢᠨ᠂ ᠬᠤᠳᠠᠯᠳᠤᠭᠠᠨ ᠤ ᠠᠰᠠᠷ᠂ ᠵᠠᠮ ᠬᠠᠷᠢᠯᠴᠠᠭᠠᠨ ᠤ ᠬᠦᠢᠰᠦ ᠵᠢᠴᠢ ᠰᠠᠭᠤᠭᠠᠯᠢ ᠠᠷᠠᠳ ᠤᠨ ᠲᠣᠭᠤᠷᠢᠭ ᠵᠡᠷᠭᠡ ᠣᠯᠠᠨ ᠨᠡᠶᠢᠲᠡ ᠶᠢᠨ ᠣᠷᠣᠨ ᠪᠦᠰᠡ ᠶᠢᠨ ᠭᠡᠷ ᠤᠨ ᠭᠠᠳᠠᠨᠠᠬᠢ ᠵᠠᠷ ᠮᠡᠳᠡᠭᠡ ᠶᠢᠨ ᠫᠠᠶᠢᠰᠠ ᠶᠢ ᠲᠣᠭᠤᠷᠢᠨ ᠪᠠᠶᠢᠴᠠᠭᠠᠵᠤ᠂ ︽ᠢᠯᠡ ᠪᠤᠶᠤ ᠳᠠᠯᠳᠠ ᠪᠠᠲᠤᠯᠠᠭ᠎ᠠ ᠶᠢᠨ ᠴᠢᠨᠠᠷᠲᠠᠶ ᠠᠮᠠᠯᠠᠯᠲᠠ︾᠂ ︽ᠤᠬᠠᠭᠤᠯᠭ᠎ᠠ ᠶᠢᠨ ᠰᠢᠯᠭᠠᠯᠲᠠ ᠶᠢᠨ ᠪᠠᠶᠢᠭᠤᠯᠤᠮᠵᠢ ᠪᠤᠶᠤ ᠠᠵᠢᠯᠲᠠᠨ ᠤ ᠣᠷᠣᠯᠴᠠᠯᠭ᠎ᠠ︾᠂ ︽ᠨᠡᠷᠡᠲᠦ ᠰᠤᠷᠭᠠᠭᠤᠯᠢ ᠶᠢᠨ ᠪᠠᠭᠰᠢ ᠶᠢᠨ ᠡᠬᠢ ᠪᠠᠶᠠᠯᠢᠭ︾᠂ ︽ᠬᠡᠷᠡᠭᠯᠡᠬᠦ ᠨᠢᠭᠡᠴᠢ ᠪᠤᠶᠤ ᠬᠤᠪᠢ ᠬᠥᠮᠦᠨ ᠲᠠᠨᠢᠯᠴᠠᠭᠤᠯᠬᠤ᠂ ᠭᠡᠷᠡᠴᠢᠯᠡᠬᠦ︾ ᠪᠠ ︽ᠬᠤᠪᠢ ᠶᠢᠨ ᠰᠤᠷᠭᠠᠯᠲᠠ︾᠂ ︽ᠭᠡᠷ ᠤᠨ ᠶᠠᠪᠤᠳᠠᠯ ᠤᠨ ᠦᠢᠯᠡᠴᠢᠯᠡᠭᠡ︾᠂ ︽ᠭᠡᠷ ᠪᠦᠯᠢ ᠶᠢᠨ ᠰᠤᠷᠭᠠᠨ ᠬᠥᠮᠦᠵᠢᠯ ᠤᠨ ᠵᠢᠯᠣᠭᠤᠳᠤᠮᠵᠢ︾ ᠵᠡᠷᠭᠡ ᠨᠡᠷ᠎ᠡ ᠪᠠᠷ ᠡᠰᠡᠬᠦᠯ᠎ᠡ ᠵᠣᠨ ᠤ ᠠᠮᠠᠷᠠᠯᠲᠠ ᠶᠢᠨ ᠵᠤᠰᠠᠯᠠᠩ᠂ ᠵᠤᠭᠠᠴᠠᠨ ᠰᠤᠷᠤᠯᠴᠠᠬᠤ᠂ ᠰᠤᠳᠤᠯᠤᠨ ᠰᠤᠷᠤᠯᠴᠠᠬᠤ᠂ ᠭᠡᠷ ᠤᠨ ᠭᠠᠳᠠᠨᠠᠬᠢ ᠥᠷᠭᠡᠳᠭᠡᠯ᠂ ᠰᠡᠳᠬᠢᠬᠦᠶ ᠶᠢᠨ ᠬᠡᠪ ᠪᠣᠯᠪᠠᠰᠤᠷᠠᠯ ᠵᠡᠷᠭᠡ ᠬᠡᠯᠪᠡᠷᠢ ᠪᠠᠷ ᠬᠡᠯᠪᠡᠷᠢ ᠶᠢ ᠬᠤᠪᠢᠷᠠᠭᠤᠯᠤᠨ ᠨᠡᠶᠢᠲᠡᠯᠡᠭᠰᠡᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠮᠡᠳᠡᠭᠡ ᠵᠠᠩᠭᠢ ᠶᠢ ᠭᠤᠤᠯᠳᠠᠯᠭ᠎ᠠ ᠲᠠᠢ ᠴᠡᠭᠴᠡᠯᠡᠨ ᠵᠠᠰᠠᠵᠤ᠂ ᠲᠣᠭᠲᠠᠭᠠᠯ ᠠᠴᠠ ᠵᠥᠷᠢᠴᠡᠨ ᠵᠠᠷ ᠮᠡᠳᠡᠭᠡ ᠨᠡᠶᠢᠲᠡᠯᠡᠭᠰᠡᠨ ᠪᠣᠯᠪᠠᠰᠤᠷᠠᠯ ᠤᠨ ᠪᠠᠶᠢᠭᠤᠯᠤᠮᠵᠢ ᠳᠤ ᠰᠢᠢᠳᠭᠡᠨ ᠲᠣᠷᠭᠠᠬᠤ ᠠᠷᠭ᠎ᠠ ᠬᠡᠮᠵᠢᠶ᠎ᠡ ᠠᠪᠤᠪᠠ᠃

    ᠭᠤᠷᠪᠠ ᠳᠤ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠬᠢᠭᠡᠳ ᠵᠠᠰᠠᠭ ᠵᠠᠬᠢᠷᠭᠠᠨ ᠤ ᠵᠢᠯᠣᠭᠤᠳᠣᠯᠭ᠎ᠠ ᠶᠢ ᠭᠦᠨᠵᠡᠭᠡᠶᠢᠷᠡᠭᠦᠯᠪᠡ᠃ ᠬᠢᠨᠠᠯᠲᠠ ᠲᠠᠯᠪᠢᠨ ᠬᠠᠮᠢᠶᠠᠷᠬᠤ ᠪᠠ ᠦᠢᠯᠡᠴᠢᠯᠡᠭᠡ ᠶᠢ ᠬᠦᠲᠦᠯᠦᠨ ᠵᠢᠯᠤᠭᠤᠳᠬᠤ ᠶᠢ ᠴᠢᠩᠭᠠᠳᠬᠠᠵᠤ᠂ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠪᠠᠨ ᠦᠨᠳᠦᠰᠦᠯᠡᠨ᠂ ᠲᠥᠷᠥ ᠶᠢᠨ ᠪᠣᠳᠣᠯᠭ᠎ᠠ ᠶᠢ ᠤᠬᠠᠭᠤᠯᠬᠤ ᠪᠠ ᠤᠩᠰᠢᠨ ᠲᠠᠶᠢᠯᠪᠤᠷᠢᠯᠠᠬᠤ ᠡᠷᠴᠢᠮ ᠢ ᠴᠢᠩᠭᠠᠳᠬᠠᠪᠠ᠃ ᠬᠠᠷᠢᠶᠠᠲᠤ ᠣᠷᠣᠨ ᠤ ᠳᠣᠲᠣᠷᠠᠬᠢ ᠤᠯᠠᠮᠵᠢᠯᠠᠯᠲᠤ ᠵᠠᠭᠤᠴᠢᠯᠠᠭᠤᠷ᠂ ᠰᠦᠯᠵᠢᠶᠡᠨ ᠤ ᠲᠠᠪᠴᠠᠩ ᠤᠨ ᠡᠵᠡᠩᠨᠡᠭᠴᠢ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ ᠵᠡᠷᠭᠡ ᠳᠤ ᠵᠠᠰᠠᠭ ᠵᠠᠬᠢᠷᠭᠠᠨ ᠤ ᠵᠢᠯᠣᠭᠤᠳᠣᠯᠭ᠎ᠠ ᠬᠡᠷᠡᠭᠵᠢᠭᠦᠯᠵᠦ᠂ ᠬᠤᠯᠪᠣᠭᠳᠠᠯ ᠪᠥᠬᠦᠶ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠬᠠᠤᠯᠢ ᠲᠣᠭᠲᠠᠭᠠᠯ ᠳᠤ ᠨᠡᠶᠢᠴᠡᠭᠦᠯᠦᠨ ᠡᠵᠡᠩᠨᠡᠬᠦ ᠶᠢ ᠦᠨᠡᠨ ᠬᠦ ᠪᠠᠲᠤᠯᠠᠪᠠ᠃ ᠡᠭᠦᠨ ᠤ ᠬᠠᠮᠲᠤ᠂ ᠣᠯᠠᠨ ᠨᠡᠶᠢᠲᠡ ᠶᠢᠨ ᠸᠢᠴᠠᠲ ᠲᠠᠪᠴᠠᠩ ᠢᠶᠠᠷ ᠳᠠᠮᠵᠢᠭᠤᠯᠤᠨ ᠰᠠᠨᠠᠭᠤᠯᠤᠭᠰᠠᠨ ᠰᠡᠷᠡᠮᠵᠢᠯᠡᠭᠦᠯᠬᠦ ᠵᠠᠬᠢᠳᠠᠯ ᠨᠡᠶᠢᠲᠡᠯᠡᠵᠦ᠂ ᠵᠠᠷ ᠮᠡᠳᠡᠭᠡ ᠶᠢᠨ ᠠᠵᠢᠯᠯᠠᠭ᠎ᠠ ᠶᠢᠨ ᠪᠡᠶᠡᠴᠢ ᠴᠣᠭᠴᠠ ᠶᠢ ᠬᠥᠲᠥᠯᠦᠨ ᠵᠢᠯᠣᠭᠤᠳᠴᠤ ᠪᠠᠶᠢᠭᠠᠳ ᠤᠬᠠᠮᠰᠠᠷ ᠠᠴᠠ ᠪᠠᠨ ᠥᠪᠡᠷᠲᠡᠭᠡᠨ ᠪᠠᠶᠢᠴᠠᠭᠠᠵᠤ᠂ ᠵᠠᠷ ᠨᠡᠶᠢᠲᠡᠯᠡᠵᠦ ᠬᠢᠨᠠᠨ ᠪᠠᠶᠢᠴᠠᠭᠠᠬᠤ ᠡᠭᠦᠷᠭᠡ ᠶᠢ ᠭᠦᠢᠴᠡᠳᠬᠡᠵᠦ᠂ ᠴᠠᠭ ᠲᠤᠬᠠᠶ ᠳᠤ ᠨᠢ ᠵᠠᠬ᠎ᠠ ᠳᠡᠯᠭᠡᠭᠦᠷ ᠠᠴᠠ ᠭᠠᠷᠭᠠᠵᠤ᠂ ᠲᠣᠭᠲᠠᠭᠠᠯ ᠳᠤ ᠨᠡᠶᠢᠴᠡᠬᠦ ᠥᠬᠡᠶ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠵᠠᠷ ᠢ ᠬᠦᠴᠦᠨ ᠥᠬᠡᠶ ᠪᠣᠯᠭᠠᠪᠠ᠃

    ᠳᠥᠷᠪᠡ ᠳᠤ᠂ ︽12315︾ ᠢᠯᠡᠴᠢᠯᠡᠨ ᠮᠡᠳᠡᠭᠦᠯᠬᠦ ᠲᠠᠪᠴᠠᠩ ᠢ ᠰᠠᠭᠠᠳ ᠥᠬᠡᠶ ᠨᠡᠪᠲᠡᠷᠡᠭᠦᠯᠪᠡ᠃ ᠭᠡᠷ ᠤᠨ ᠠᠬᠠᠮᠠᠳ᠂ ᠰᠤᠷᠤᠭᠴᠢ ᠵᠢᠴᠢ ᠨᠡᠶᠢᠭᠡᠮ ᠤᠨ ᠬᠥᠮᠦᠰ ᠤᠨ ᠦᠨᠡᠨ ᠪᠣᠳᠠᠲᠠᠶ ᠪᠤᠰᠤ ᠪᠤᠶᠤ ᠲᠣᠭᠲᠠᠭᠠᠯ ᠠᠴᠠ ᠵᠥᠷᠢᠴᠡᠭᠰᠡᠨ ᠵᠠᠷ ᠮᠡᠳᠡᠭᠡ ᠶᠢ ᠢᠯᠡᠴᠢᠯᠡᠨ ᠮᠡᠳᠡᠭᠦᠯᠬᠦ ᠶᠢ ᠵᠣᠷᠢᠭᠵᠢᠭᠤᠯᠵᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠢᠯᠡᠴᠢᠯᠡᠨ ᠮᠡᠳᠡᠭᠦᠯᠦᠭᠰᠡᠨ ᠮᠡᠳᠡᠭᠡ ᠵᠠᠩᠭᠢ ᠶᠢ ᠴᠠᠭ ᠲᠤᠬᠠᠶ ᠳᠤ ᠨᠢ ᠪᠠᠶᠢᠴᠠᠭᠠᠨ ᠰᠢᠢᠳᠪᠦᠷᠢᠯᠡᠵᠦ᠂ ᠬᠤᠳᠠᠯ ᠬᠠᠭᠤᠷᠮᠠᠭ ᠬᠠᠤᠯᠢ ᠠᠴᠠ ᠵᠥᠷᠢᠴᠡᠭᠰᠡᠨ ᠵᠠᠷ ᠮᠡᠳᠡᠭᠡ ᠨᠡᠶᠢᠲᠡᠯᠡᠬᠦ ᠶᠠᠪᠤᠳᠠᠯ ᠢ ᠪᠦᠲᠦᠮᠵᠢᠲᠡᠶ ᠬᠤᠷᠢᠭᠯᠠᠨ ᠵᠣᠭᠰᠤᠭᠠᠪᠠ᠃

    ᠣᠳᠣᠬᠠᠨ ᠳᠤ ᠪᠣᠯᠲᠠᠯ᠎ᠠ᠂ ᠪᠥᠬᠦ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠬᠢᠭᠡᠳ ᠰᠤᠷᠭᠠᠨ ᠬᠥᠮᠦᠵᠢᠯ᠂ ᠰᠣᠶᠣᠯ ᠪᠡᠶ᠎ᠡ ᠶᠢᠨ ᠲᠠᠮᠢᠷ ᠵᠡᠷᠭᠡ ᠰᠠᠯᠠᠭ᠎ᠠ ᠮᠥᠴᠢᠷ ᠤᠳ ᠬᠠᠮᠲᠤᠷᠠᠨ ᠪᠠᠶᠢᠴᠠᠭᠠᠬᠤ ᠠᠵᠢᠯ ᠢ 3 ᠤᠳᠠᠭ᠎ᠠ ᠥᠷᠨᠢᠭᠦᠯᠵᠦ᠂ ᠡᠯ᠎ᠡ ᠲᠥᠷᠥᠯ ᠤᠨ ᠰᠤᠷᠭᠠᠨ ᠬᠥᠮᠦᠵᠢᠯ ᠤᠨ ᠪᠣᠯᠪᠠᠰᠤᠷᠠᠯ ᠤᠨ ᠪᠠᠶᠢᠭᠤᠯᠤᠮᠵᠢ ᠶᠢ ᠨᠡᠶᠢᠲᠡ 127 ᠤᠳᠠᠭ᠎ᠠ ᠪᠠᠶᠢᠴᠠᠭᠠᠵᠤ᠂ ᠵᠠᠷ ᠮᠡᠳᠡᠭᠡ ᠶᠢ 137 ᠵᠤᠷᠪᠤᠰ ᠤᠳᠠᠭ᠎ᠠ ᠪᠠᠶᠢᠴᠠᠭᠠᠵᠤ᠂ ᠰᠦᠯᠵᠢᠶᠡᠨ ᠳᠡᠭᠡᠷᠡᠬᠢ ᠪᠣᠯᠪᠠᠰᠤᠷᠠᠯ ᠤᠨ ᠪᠠᠶᠢᠭᠤᠯᠤᠮᠵᠢ ᠶᠢ 39 ᠤᠳᠠᠭ᠎ᠠ ᠬᠢᠨᠠᠨ ᠪᠠᠶᠢᠴᠠᠭᠠᠵᠤ᠂ ︽ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠵᠠᠷ ᠮᠡᠳᠡᠭᠡ ᠶᠢ ᠰᠠᠨᠠᠭᠤᠯᠬᠤ ᠵᠠᠬᠢᠳᠠᠯ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠷ ᠤᠨ ᠬᠠᠤᠯᠢ︾ ᠵᠡᠷᠭᠡ ᠤᠬᠠᠭᠤᠯᠭ᠎ᠠ ᠶᠢᠨ ᠬᠠᠭᠤᠳᠠᠰᠤ ᠶᠢ 50 ᠬᠤᠪᠢ ᠲᠠᠷᠬᠠᠭᠠᠵᠤ᠂ ᠬᠠᠤᠯᠢ ᠲᠣᠭᠲᠠᠭᠠᠯ ᠠᠴᠠ ᠵᠥᠷᠢᠴᠡᠭᠰᠡᠨ ᠬᠤᠳᠠᠯ ᠬᠠᠭᠤᠷᠮᠠᠭ ᠵᠠᠷ ᠨᠡᠶᠢᠲᠡᠯᠡᠬᠦ ᠦᠢᠯᠡ ᠠᠵᠢᠯᠯᠠᠭ᠎ᠠ ᠶᠢ ᠢᠯᠡᠷᠡᠭᠦᠯᠦᠭᠰᠡᠨ ᠥᠬᠡᠶ᠃

 

ᠢᠷᠡᠯᠲᠡ᠄ ᠰᠢᠯᠢ ᠶᠢᠨ ᠭᠤᠤᠯ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ