ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠭᠰᠠᠨ ᠠᠵᠤ ᠠᠬᠤᠶᠢᠯᠠᠯ ᠡᠳᠡᠭᠡᠷ ᠢᠶᠠᠨ ᠲᠦᠷᠭᠡᠬᠡᠨ ᠭᠦᠢᠴᠡᠳᠬᠡᠬᠦ ᠬᠡᠷᠡᠭᠲᠡᠢ︕ ︽ᠲᠠᠪᠤᠨ ᠵᠢᠯ ᠤᠨ ᠰᠢᠯᠵᠢᠯᠲᠡ ᠶᠢᠨ ᠬᠤᠭᠤᠴᠠᠭ᠎ᠠ︾ ᠤᠳᠠᠯ ᠦᠭᠡᠢ ᠬᠤᠭᠤᠴᠠᠭ᠎ᠠ ᠨᠢ ᠲᠤᠯᠬᠤ ᠭᠡᠵᠦ ᠪᠠᠶᠢᠨ᠎ᠠ︕
ᠨᠡᠶᠢᠲᠡᠯᠡᠭᠰᠡᠨ ᠴᠠᠭ᠄
2024/8/26

    ᠠᠩᠬᠠᠷᠬᠤ ᠨᠢ᠄ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠬᠤ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠬᠤ ᠬᠠᠤᠯᠢ ᠶᠢ ᠬᠡᠷᠡᠭᠵᠢᠭᠦᠯᠬᠦ ᠳᠦᠷᠢᠮ︾ ᠤᠨ ᠲᠣᠭᠲᠠᠭᠠᠯ ᠢ ᠦᠨᠳᠦᠰᠦᠯᠡᠪᠡᠯ᠂ 2020 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠮᠦᠨ᠎ᠡ ︽ᠳᠤᠮᠳᠠᠳᠤ ᠭᠠᠳᠠᠭᠠᠳᠤ ᠶᠢᠨ ᠪᠡᠯᠡ ᠨᠡᠶᠢᠯᠡᠭᠦᠯᠦᠨ ᠡᠵᠡᠩᠨᠡᠬᠦ ᠠᠵᠤ ᠠᠬᠤᠶᠢᠯᠠᠯ ᠤᠨ ᠬᠠᠤᠯᠢ︾᠂ ︽ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠬᠠᠤᠯᠢ︾᠂ ︽ᠳᠤᠮᠳᠠᠳᠤ ᠭᠠᠳᠠᠭᠠᠳᠤ ᠶᠢᠨ ᠬᠤᠷᠰᠢᠨ ᠡᠵᠡᠩᠨᠡᠬᠦ ᠠᠵᠤ ᠠᠬᠤᠶᠢᠯᠠᠯ ᠤᠨ ᠬᠠᠤᠯᠢ︾ ᠶᠢ ᠦᠨᠳᠦᠰᠦᠯᠡᠨ ᠪᠠᠶᠢᠭᠤᠯᠤᠭᠰᠠᠨ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠬᠤ ᠠᠵᠤ ᠠᠬᠤᠶᠢᠯᠠᠯ ᠨᠢ᠂ ᠠᠵᠤ ᠠᠬᠤᠶᠢᠯᠠᠯ ᠤᠨ ᠲᠦᠷᠦᠯ ᠬᠡᠯᠪᠡᠷᠢ ᠳᠤ ︽ᠪᠡᠯᠡ ᠨᠡᠶᠢᠯᠡᠭᠦᠯᠬᠦ︾ ︽ᠬᠠᠮᠲᠤᠷᠠᠯᠴᠠᠬᠤ︾ ᠵᠡᠷᠭᠡ ᠦᠰᠦᠭ ᠲᠠᠢ ᠪᠠᠶᠢᠵᠤ᠂ ᠺᠣᠮᠫᠠᠨᠢ ᠶᠢᠨ ᠳᠦᠷᠢᠮ ᠳᠤ ᠪᠣᠯᠵᠣᠨ ᠲᠣᠭᠲᠠᠭᠰᠠᠨ ᠬᠠᠮᠤᠭ ᠤᠨ ᠳᠡᠭᠡᠳᠦ ᠡᠷᠬᠡ ᠶᠢᠨ ᠪᠠᠶᠢᠭᠤᠯᠤᠮᠵᠢ ᠨᠢ ᠰᠲ᠋ᠣᠺ ᠤᠨ ᠡᠵᠡᠨ ︵ᠬᠤᠪᠢ ᠣᠷᠣᠭᠤᠯᠤᠭᠴᠢ︶ ᠪᠠᠶᠢᠬᠤ ᠶᠢ ᠪᠠᠭᠲᠠᠭᠠᠭᠰᠠᠨ ᠪᠠᠶᠢᠪᠠᠯ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠬᠤ ᠬᠠᠤᠯᠢ︾ ᠶᠢ ᠬᠡᠷᠡᠭᠵᠢᠭᠦᠯᠦᠭᠰᠡᠨ ᠤ ᠳᠠᠷᠠᠭ᠎ᠠ 5 ᠵᠢᠯ ᠤᠨ ᠳᠣᠲᠣᠷ᠎ᠠ ︵ᠬᠠᠮᠤᠭ ᠣᠷᠣᠢ ᠳᠤ ᠪᠠᠨ 2024 ᠣᠨ ᠤ 12 ᠳ᠋ᠤᠭᠠᠷ ᠰᠠᠷ᠎ᠠ ᠶᠢᠨ 31 ᠤ ᠡᠳᠦᠷ ᠠᠴᠠ ᠡᠮᠦᠨ᠎ᠡ︶ ᠬᠠᠤᠯᠢ ᠶᠣᠰᠣᠭᠠᠷ ᠵᠣᠬᠢᠶᠠᠨ ᠪᠠᠶᠢᠭᠤᠯᠤᠯᠲᠠ ᠶᠢᠨ ᠬᠡᠯᠪᠡᠷᠢ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠳᠤ ᠲᠣᠬᠢᠷᠠᠭᠤᠯᠤᠯᠲᠠ ᠬᠢᠬᠦ ᠶᠢᠨ ᠬᠠᠮᠲᠤ ᠬᠤᠪᠢᠷᠠᠭᠠᠬᠤ ︵ᠳᠠᠩᠰᠠᠯᠠᠭᠤᠯᠬᠤ︶ ᠳᠠᠩᠰᠠᠯᠠᠭᠤᠯᠤᠯᠲᠠ ᠬᠢᠨ᠎ᠡ᠃

    ᠣᠳᠣᠬᠠᠨ ᠳᠤ ᠪᠣᠯᠲᠠᠯ᠎ᠠ᠂ ︽ᠲᠠᠪᠤᠨ ᠵᠢᠯ ᠤᠨ ᠰᠢᠯᠵᠢᠯᠲᠡ ᠶᠢᠨ ᠬᠤᠭᠤᠴᠠᠭ᠎ᠠ︾ ᠵᠥᠪᠬᠡᠨ 4 ᠰᠠᠷ᠎ᠠ ᠭᠠᠷᠤᠢ ᠦᠯᠡᠳᠡᠵᠦ ᠪᠠᠶᠢᠨ᠎ᠠ᠃

    ᠲᠠᠨ ᠤ ᠠᠵᠤ ᠠᠬᠤᠶᠢᠯᠠᠯ ᠬᠤᠪᠢᠷᠠᠭᠤᠯᠬᠤ ᠴᠢᠬᠤᠯᠠ ᠲᠠᠢ ᠤᠤ ᠦᠭᠡᠢ ᠤᠤ︖

    ᠨᠢᠭᠡᠨᠲᠡ ᠬᠤᠪᠢᠷᠠᠭᠤᠯᠤᠯᠲᠠ ᠬᠢᠭᠰᠡᠨ ᠤᠤ︖

ᠳᠣᠣᠷᠠᠬᠢ ᠬᠤᠯᠪᠣᠭᠳᠠᠯ ᠪᠦᠬᠦᠢ ᠲᠣᠭᠲᠠᠭᠠᠯ ᠵᠢᠴᠢ ᠭᠦᠢᠴᠡᠳᠭᠡᠬᠦ ᠶᠠᠪᠤᠴᠠ ᠶᠢ ᠦᠵᠡᠵᠡᠭᠡᠶ᠎ᠡ︕

    ︽ᠲᠠᠪᠤᠨ ᠵᠢᠯ ᠤᠨ ᠰᠢᠯᠵᠢᠯᠲᠡ ᠶᠢᠨ ᠬᠤᠭᠤᠴᠠᠭ᠎ᠠ︾ ᠶᠢᠨ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠭᠰᠠᠨ ᠠᠵᠤ ᠠᠬᠤᠶᠢᠯᠠᠯ ᠮᠥᠨ ᠡᠰᠡᠬᠦ ᠶᠢ ᠬᠡᠷᠬᠢᠨ ᠮᠠᠭᠠᠳᠯᠠᠬᠤ ᠪᠤᠢ︖

1. ᠪᠠᠶᠢᠭᠤᠯᠤᠭᠰᠠᠨ ᠴᠠᠭ ᠢ ᠦᠵᠡᠬᠦ᠄ 2020 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠮᠦᠨ᠎ᠡ ᠳᠠᠩᠰᠠᠯᠠᠨ ᠲᠡᠮᠳᠡᠭᠯᠡᠭᠰᠡᠨ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠭᠰᠠᠨ ᠠᠵᠤ ᠠᠬᠤᠶᠢᠯᠠᠯ︔

2.ᠠᠵᠤ ᠠᠬᠤᠶᠢᠯᠠᠯ ᠤᠨ ᠳᠦᠷᠢᠮ ᠢ ᠦᠵᠡᠬᠦ᠄ ᠠᠵᠤ ᠠᠬᠤᠶᠢᠯᠠᠯ ᠤᠨ ᠬᠠᠮᠤᠭ ᠳᠡᠭᠡᠳᠦ ᠡᠷᠬᠡᠲᠦ ᠪᠠᠶᠢᠭᠤᠯᠤᠮᠵᠢ ᠪᠣᠯ ᠬᠡᠷᠡᠭ ᠮᠡᠳᠡᠭᠴᠢᠳ ᠤᠨ ᠬᠤᠷᠠᠯ︔

3.ᠠᠵᠤ ᠠᠬᠤᠶᠢᠯᠠᠯ ᠤᠨ ᠲᠥᠷᠥᠯ ᠬᠡᠯᠪᠡᠷᠢ ᠶᠢ ᠦᠵᠡᠬᠦ᠄ ᠠᠵᠤ ᠠᠬᠤᠶᠢᠯᠠᠯ ᠤᠨ ᠲᠥᠷᠥᠯ ᠬᠡᠯᠪᠡᠷᠢ ᠨᠢ ᠳᠤᠮᠳᠠᠳᠤ ᠭᠠᠳᠠᠭᠠᠳᠤ ᠶᠢᠨ ᠪᠡᠯᠡ ᠨᠡᠶᠢᠯᠡᠭᠦᠯᠦᠭᠰᠡᠨ᠂ ᠳᠤᠮᠳᠠᠳᠤ ᠭᠠᠳᠠᠭᠠᠳᠤ ᠬᠠᠮᠲᠤᠷᠠᠯᠴᠠᠭᠰᠠᠨ᠂ ᠲᠠᠶᠢᠸᠠᠨ ᠰᠢᠶᠠᠩᠭᠠᠩ ᠣᠣᠮᠧᠨ ᠬᠢᠭᠡᠳ ᠬᠢᠯᠢ ᠶᠢᠨ ᠳᠣᠲᠣᠷᠠᠬᠢ ᠪᠡᠯᠡ ᠨᠡᠶᠢᠯᠡᠭᠦᠯᠦᠭᠰᠡᠨ ᠂ ᠬᠠᠮᠲᠤᠷᠠᠯᠴᠠᠭᠰᠠᠨ ᠵᠡᠷᠭᠡ ︽ᠪᠡᠯᠡ ᠨᠡᠶᠢᠯᠡᠭᠦᠯᠦᠭᠰᠡᠨ ︾ ᠂ ︽ᠬᠠᠮᠲᠤᠷᠠᠯᠴᠠᠭᠰᠠᠨ︾ ᠮᠡᠲᠦ ᠶᠢᠨ ᠦᠰᠦᠭ ᠲᠠᠢ᠃

ᠵᠣᠬᠢᠶᠠᠨ ᠪᠠᠶᠢᠭᠤᠯᠤᠯᠲᠠ ᠶᠢᠨ ᠬᠡᠯᠪᠡᠷᠢ ᠶᠢᠨ ᠲᠤᠬᠠᠢ

1.ᠬᠤᠪᠢᠷᠠᠭᠤᠯᠬᠤ ᠳᠠᠩᠰᠠᠯᠠᠯᠲᠠ ᠬᠢᠬᠦ ᠴᠢᠬᠤᠯᠠ ᠦᠭᠡᠢ ᠪᠠᠶᠢᠳᠠᠯ᠄ 2020 ᠣᠨ ᠤ 1ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠮᠦᠨ᠎ᠡ ᠬᠠᠤᠯᠢ ᠶᠣᠰᠣᠭᠠᠷ ᠪᠠᠶᠢᠭᠤᠯᠤᠭᠰᠠᠨ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠭᠰᠠᠨ ᠺᠣᠮᠫᠠᠨᠢ᠂ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠭᠰᠠᠨ ᠬᠠᠮᠲᠤᠷᠠᠭᠰᠠᠨ ᠠᠵᠤ ᠠᠬᠤᠶᠢᠯᠠᠯ ᠨᠢ ᠠᠵᠤ ᠠᠬᠤᠶᠢᠯᠠᠯ ᠤᠨ ᠵᠣᠬᠢᠶᠠᠨ ᠪᠠᠶᠢᠭᠤᠯᠤᠯᠲᠠ ᠶᠢᠨ ᠬᠡᠯᠪᠡᠷᠢ ᠶᠢᠨ ᠬᠤᠪᠢᠷᠠᠭᠤᠯᠬᠤ ᠳᠠᠩᠰᠠᠯᠠᠯ ᠢ ᠭᠦᠢᠴᠡᠳᠬᠡᠬᠦ ᠴᠢᠬᠤᠯᠠ ᠦᠭᠡᠢ᠃

2. ᠬᠤᠪᠢᠷᠠᠭᠤᠯᠬᠤ ᠳᠠᠩᠰᠠᠯᠠᠯ ᠬᠢᠯᠭᠡᠬᠦ ᠴᠢᠬᠤᠯᠠ ᠲᠠᠢ ᠪᠠᠶᠢᠳᠠᠯ᠄ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠳᠤᠮᠳᠠᠳᠤ ᠭᠠᠳᠠᠭᠠᠳᠤ ᠶᠢᠨ ᠬᠠᠮᠲᠤᠷᠠᠨ ᠡᠵᠡᠩᠨᠡᠬᠦ ᠠᠵᠤ ᠠᠬᠤᠶᠢᠯᠠᠯ ᠤᠨ ᠬᠠᠤᠯᠢ ᠶᠢᠨ ᠬᠡᠷᠡᠭᠵᠢᠭᠦᠯᠬᠦ ᠨᠠᠷᠢᠨ ᠳᠦᠷᠢᠮ︾ ᠪᠤᠶᠤ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠬᠠᠤᠯᠢ ᠶᠢᠨ ᠬᠡᠷᠡᠭᠵᠢᠭᠦᠯᠬᠦ ᠨᠠᠷᠢᠨ ᠳᠦᠷᠢᠮ︾ ᠳᠤ ᠪᠠᠶᠢᠭᠤᠯᠤᠭᠰᠠᠨ ᠬᠠᠤᠯᠢ ᠶᠢᠨ ᠡᠷᠬᠡᠲᠡᠨ ᠤ ᠬᠢᠷᠢ ᠭᠡᠮ ᠦᠭᠡᠢ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠬᠤ ᠠᠵᠤ ᠠᠬᠤᠶᠢᠯᠠᠯ ᠨᠢ ︽ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠬᠤ ᠬᠠᠤᠯᠢ︾ ᠶᠢ ᠬᠡᠷᠡᠭᠵᠢᠭᠦᠯᠦᠭᠰᠡᠨ ᠤ ᠳᠠᠷᠠᠭ᠎ᠠ ᠲᠠᠪᠤᠨ ᠵᠢᠯ ᠤᠨ ᠳᠣᠲᠣᠷ᠎ᠠ ᠪᠠᠶᠢᠭᠤᠯᠤᠯ ᠢᠶᠠᠨ ᠥᠭᠡᠷᠡᠴᠢᠯᠡᠬᠦ ᠪᠠᠷ ᠭᠤᠶᠤᠴᠢᠯᠠᠵᠤ ᠪᠣᠯᠬᠤ ᠪᠥᠭᠡᠳ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠤᠷᠰᠢᠭᠰᠠᠨ ᠠᠵᠤ ᠠᠬᠤᠶᠢᠯᠠᠯ ᠤᠨ ᠬᠠᠤᠯᠢ︾ ︵ᠳᠣᠷᠣᠭᠰᠢ ︽ᠬᠤᠷᠰᠢᠭᠰᠠᠨ ᠠᠵᠤ ᠠᠬᠤᠶᠢᠯᠠᠯ ᠤᠨ ᠬᠠᠤᠯᠢ︾ ᠭᠡᠵᠦ ᠲᠣᠪᠴᠢᠯᠠᠨ᠎ᠠ︶᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠤᠷᠰᠢᠭᠰᠠᠨ ᠠᠵᠤ ᠠᠬᠤᠶᠢᠯᠠᠯ ᠤᠨ ᠳᠠᠩᠰᠠᠯᠠᠬᠤ ᠬᠠᠮᠢᠶᠠᠷᠤᠯᠲᠠ ᠶᠢᠨ ᠠᠷᠭ᠎ᠠ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠳᠤ ᠲᠣᠭᠲᠠᠭᠠᠭᠰᠠᠨ ᠪᠠᠶᠢᠭᠤᠯᠬᠤ ᠨᠥᠬᠦᠴᠡᠯ ᠶᠣᠰᠣᠭᠠᠷ᠂ ᠳᠠᠩᠰᠠᠯᠠᠬᠤ ᠪᠠᠶᠢᠭᠤᠯᠭ᠎ᠠ ᠳᠤ ᠬᠤᠪᠢᠷᠠᠭᠤᠯᠬᠤ ᠳᠠᠩᠰᠠᠯᠠᠯ ᠢ ᠬᠤᠪᠢᠷᠠᠭᠤᠯᠬᠤ ᠪᠠᠷ ᠭᠤᠶᠤᠴᠢᠯᠠᠬᠤ ᠶᠢᠨ ᠬᠠᠮᠲᠤ ᠬᠠᠮᠢᠶ᠎ᠠ ᠪᠦᠬᠦᠢ ᠮᠠᠲ᠋ᠧᠷᠢᠶᠠᠯ ᠢ ᠬᠠᠤᠯᠢ ᠶᠣᠰᠣᠭᠠᠷ ᠲᠤᠰᠢᠶᠠᠨ᠎ᠠ᠃ ᠠᠵᠤ ᠠᠬᠤᠶᠢᠯᠠᠯ ᠳᠤ ᠬᠠᠷᠢᠶᠠᠯᠠᠭᠳᠠᠬᠤ ᠵᠣᠬᠢᠶᠠᠨ ᠪᠠᠶᠢᠭᠤᠯᠤᠯᠲᠠ ᠶᠢᠨ ᠬᠡᠯᠪᠡᠷᠢ ᠶᠢ ᠬᠤᠪᠢᠷᠠᠭᠤᠯᠤᠭᠰᠠᠨ ᠤ ᠳᠠᠷᠠᠭ᠎ᠠ᠂ ᠰᠠᠯᠪᠤᠷᠢ ᠪᠠᠶᠢᠭᠤᠯᠤᠮᠵᠢ ᠨᠢ ᠬᠤᠪᠢᠷᠠᠭᠤᠯᠬᠤ ᠳᠠᠩᠰᠠᠯᠠᠯ ᠢ ᠴᠠᠭ ᠲᠤᠬᠠᠢ ᠳᠤ ᠨᠢ ᠭᠤᠶᠤᠴᠢᠯᠠᠨ᠎ᠠ᠃

ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢᠨ ᠲᠤᠬᠠᠢ

1. ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢ ᠲᠣᠬᠢᠷᠠᠭᠤᠯᠬᠤ ᠴᠢᠬᠤᠯᠠ ᠲᠠᠢ ᠪᠠᠶᠢᠳᠠᠯ᠄ 2020 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠮᠦᠨ᠎ᠡ ᠪᠠᠶᠢᠭᠤᠯᠤᠭᠰᠠᠨ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠭᠰᠠᠨ ᠠᠵᠤ ᠠᠬᠤᠶᠢᠯᠠᠯ ᠳᠤ᠂ ᠬᠡᠷᠪᠡ ᠲᠡᠭᠦᠨ ᠤ ᠬᠠᠮᠤᠭ ᠤᠨ ᠳᠡᠭᠡᠳᠦ ᠡᠷᠬᠡᠲᠦ ᠪᠠᠶᠢᠭᠤᠯᠤᠮᠵᠢ᠂ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠪᠤᠶᠤ ᠬᠡᠷᠡᠭ ᠮᠡᠳᠡᠭᠴᠢ ᠭᠠᠷᠭᠠᠬᠤ ᠠᠷᠭ᠎ᠠ ᠮᠠᠶ᠋ᠢᠭ᠂ ᠬᠡᠷᠡᠭ ᠵᠥᠪᠯᠡᠵᠦ ᠪᠠᠲᠤᠯᠠᠬᠤ ᠲᠣᠭᠲᠠᠴᠠ ᠵᠡᠷᠭᠡ ᠨᠢ ︽ᠺᠣᠮᠫᠠᠨᠢ ᠶᠢᠨ ᠬᠠᠤᠯᠢ︾ ᠶᠢᠨ ᠠᠯᠪᠠᠳᠠᠯᠭ᠎ᠠ ᠶᠢᠨ ᠴᠢᠨᠠᠷᠲᠠᠶ ᠲᠣᠭᠲᠠᠭᠠᠯ ᠲᠠᠢ ᠨᠡᠶᠢᠴᠡᠬᠦ ᠥᠬᠡᠶ᠂ ᠬᠠᠮᠤᠭ ᠤᠨ ᠳᠡᠭᠡᠳᠦ ᠡᠷᠬᠡᠲᠦ ᠪᠠᠶᠢᠭᠤᠯᠤᠮᠵᠢ ᠶᠢ ᠬᠡᠷᠡᠭ ᠮᠡᠳᠡᠭᠴᠢᠳ ᠤᠨ ᠬᠤᠷᠠᠯ ᠪᠤᠶᠤ ᠬᠠᠮᠲᠤᠷᠠᠨ ᠬᠠᠮᠢᠶᠠᠷᠬᠤ ᠺᠣᠮᠢᠰ ᠠᠴᠠ ᠰᠲ᠋ᠣᠺ ᠤᠨ ᠥᠮᠴᠢᠲᠡᠨ ᠤ ᠨᠡᠶᠢᠭᠡᠮᠯᠢᠭ ︵ᠬᠤᠪᠢ ᠣᠷᠣᠭᠤᠯᠤᠭᠴᠢ︶ ᠪᠣᠯᠭᠠᠨ ᠳᠣᠬᠢᠷᠠᠭᠤᠯᠤᠨ᠎ᠠ᠃

2. ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢ ᠬᠡᠷᠬᠢᠨ ᠲᠣᠬᠢᠷᠠᠭᠤᠯᠬᠤ ᠪᠣᠢ᠄ ᠤᠤᠯ ᠤᠨ ᠡᠷᠬᠡᠲᠦ ᠪᠠᠶᠢᠭᠤᠯᠤᠮᠵᠢ ᠠᠴᠠ ᠰᠢᠢᠳᠪᠦᠷᠢ ᠭᠠᠷᠭᠠᠵᠤ᠂ ᠺᠣᠮᠫᠠᠨᠢ ᠶᠢᠨ ᠳᠦᠷᠢᠮ ᠳᠤ ᠵᠠᠰᠠᠪᠤᠷᠢ ᠣᠷᠣᠭᠤᠯᠵᠤ᠂ ᠡᠷᠬᠡᠲᠦ ᠪᠠᠶᠢᠭᠤᠯᠤᠮᠵᠢ ᠶᠢ ᠬᠤᠪᠢ ᠣᠷᠣᠭᠤᠯᠤᠭᠴᠢᠳ ᠤᠨ ᠡᠪᠯᠡᠯ ︵ᠬᠤᠪᠢ ᠣᠷᠣᠭᠤᠯᠤᠭᠴᠢ︶ ᠪᠣᠯᠭᠠᠨ ᠲᠣᠬᠢᠷᠠᠭᠤᠯᠤᠭᠰᠠᠨ ᠤ ᠳᠠᠷᠠᠭ᠎ᠠ᠂ ᠳᠠᠬᠢᠨ ᠬᠤᠪᠢ ᠣᠷᠣᠭᠤᠯᠤᠭᠴᠢᠳ ᠤᠨ ᠡᠪᠯᠡᠯ ︵ᠬᠤᠪᠢ ᠣᠷᠣᠭᠤᠯᠤᠭᠴᠢ︶ ︽ᠺᠣᠮᠫᠠᠨᠢ ᠶᠢᠨ ᠬᠠᠤᠯᠢ︾ ᠳᠤ ᠲᠣᠭᠲᠠᠭᠠᠭᠰᠠᠨ ᠲᠣᠭᠲᠠᠭᠠᠯ ᠶᠣᠰᠣᠭᠠᠷ ᠰᠢᠢᠳᠪᠦᠷᠢ ᠪᠤᠶᠤ ᠲᠣᠭᠲᠠᠭᠠᠯ ᠭᠠᠷᠭᠠᠬᠤ ᠶᠢᠨ ᠬᠠᠮᠲᠤ ᠳᠠᠩᠰᠠᠯᠠᠬᠤ ᠪᠠᠶᠢᠭᠤᠯᠭ᠎ᠠ ᠳᠤ ᠬᠤᠪᠢᠷᠠᠭᠠᠬᠤ ᠳᠠᠩᠰᠠᠯᠠᠯᠲᠠ᠂ ᠳᠦᠷᠢᠮ ᠢ ᠳᠠᠩᠰᠠᠯᠠᠬᠤ ᠪᠤᠶᠤ ᠬᠡᠷᠡᠭ ᠬᠠᠮᠢᠶᠠᠷᠤᠭᠴᠢ ᠶᠢ ᠳᠠᠩᠰᠠᠯᠠᠬᠤ ᠵᠡᠷᠭᠡ ᠭᠠᠷᠳᠠᠮ ᠢ ᠬᠠᠤᠯᠢ ᠶᠣᠰᠣᠭᠠᠷ ᠭᠦᠢᠴᠡᠳᠬᠡᠬᠦ ᠪᠠᠷ ᠭᠤᠶᠤᠴᠢᠯᠠᠨ᠎ᠠ᠃

    ᠴᠠᠭ ᠲᠤᠬᠠᠢ ᠳᠤ ᠨᠢ ᠬᠤᠪᠢᠷᠠᠭᠤᠯᠬᠤ ᠦᠭᠡᠢ ᠪᠣᠯ ᠲᠤᠯᠭᠠᠷᠠᠵᠤ ᠮᠡᠳᠡᠬᠦ ᠲᠦᠭᠰᠢᠭᠦᠷᠢ

    ︽ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠬᠤ ᠬᠠᠤᠯᠢ︾ ᠵᠢᠴᠢ ᠲᠡᠭᠦᠨ ᠤ ᠬᠡᠷᠡᠭᠵᠢᠭᠦᠯᠬᠦ ᠳᠦᠷᠢᠮ ᠤᠨ ᠲᠣᠭᠲᠠᠭᠠᠯ ᠢ ᠦᠨᠳᠦᠰᠦᠯᠡᠨ᠂ 2025 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠨ᠂ ᠵᠣᠬᠢᠶᠠᠨ ᠪᠠᠶᠢᠭᠤᠯᠤᠯᠲᠠ ᠶᠢᠨ ᠬᠡᠯᠪᠡᠷᠢ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠵᠡᠷᠭᠡ ᠳᠤ ᠬᠠᠤᠯᠢ ᠶᠣᠰᠣᠭᠠᠷ ᠲᠣᠬᠢᠷᠠᠭᠤᠯᠤᠯᠲᠠ ᠬᠢᠭᠰᠡᠨ ᠦᠭᠡᠢ ᠪᠥᠭᠡᠳ ᠬᠤᠪᠢᠷᠠᠭᠤᠯᠬᠤ ᠳᠠᠩᠰᠠᠯᠠᠯᠲᠠ ᠬᠢᠵᠦ ᠥᠭᠭᠦᠭᠰᠡᠨ ᠦᠭᠡᠢ ᠣᠳᠣ ᠶᠢᠨ ᠪᠠᠶᠢᠭ᠎ᠠ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠬᠤ ᠠᠵᠤ ᠠᠬᠤᠶᠢᠯᠠᠯ ᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠲᠤᠰ ᠠᠵᠤ ᠠᠬᠤᠶᠢᠯᠠᠯ ᠤᠨ ᠭᠤᠶᠤᠴᠢᠯᠠᠯ ᠢ ᠭᠦᠢᠴᠡᠳᠬᠡᠵᠦ ᠳᠡᠶᠢᠯᠬᠦ ᠦᠭᠡᠢ ᠪᠤᠰᠤᠳ ᠳᠠᠩᠰᠠᠯᠠᠨ ᠲᠡᠮᠳᠡᠭᠯᠡᠬᠦ ᠵᠦᠢᠯᠡᠰ ᠢ ᠨᠡᠶᠢᠲᠡᠯᠡᠬᠦ ᠶᠢᠨ ᠬᠠᠮᠲᠤ ᠬᠤᠯᠪᠣᠭᠳᠠᠯ ᠪᠦᠬᠦᠢ ᠪᠠᠶᠢᠳᠠᠯ ᠢ ᠨᠡᠶᠢᠲᠡᠯᠡᠬᠦ ᠪᠣᠯᠣᠨ᠎ᠠ᠃

    ᠡᠶᠢᠮᠦ ᠠᠴᠠ᠂ ᠬᠡᠷᠪᠡ ᠰᠢᠯᠵᠢᠯᠲᠡ ᠶᠢᠨ ᠬᠤᠭᠤᠴᠠᠭᠠᠨ ᠳᠤ ᠬᠤᠯᠪᠣᠭᠳᠠᠯ ᠪᠦᠬᠦᠢ ᠵᠦᠢᠯᠡᠰ ᠲᠤ ᠲᠣᠬᠢᠷᠠᠭᠤᠯᠤᠯᠲᠠ ᠬᠢᠭᠰᠡᠨ ᠦᠭᠡᠢ ᠪᠥᠭᠡᠳ ᠬᠤᠪᠢᠷᠠᠭᠤᠯᠬᠤ ᠳᠠᠩᠰᠠᠯᠠᠯ ᠢ ᠭᠦᠢᠴᠡᠳᠬᠡᠭᠰᠡᠨ ᠦᠭᠡᠢ ᠪᠣᠯ᠂ ᠰᠢᠯᠵᠢᠯᠲᠡ ᠶᠢᠨ ᠬᠤᠭᠤᠴᠠᠭ᠎ᠠ ᠳᠠᠭᠤᠰᠤᠭᠰᠠᠨ ᠤ ᠳᠠᠷᠠᠭ᠎ᠠ᠂ ᠠᠵᠤ ᠠᠬᠤᠶᠢᠯᠠᠯ ᠨᠢ ᠬᠡᠷᠪᠡ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠶᠢ ᠬᠤᠪᠢᠷᠠᠭᠤᠯᠬᠤ᠂ ᠣᠷᠣᠨ ᠰᠠᠭᠤᠴᠠ ᠶᠢᠨ ᠬᠠᠶ᠋ᠢᠭ ᠢ ᠬᠤᠪᠢᠷᠠᠭᠤᠯᠬᠤ᠂ ᠳᠠᠩᠰᠠᠯᠠᠭᠤᠯᠤᠭᠰᠠᠨ ᠬᠦᠷᠦᠩᠭᠡ ᠶᠢ ᠬᠤᠪᠢᠷᠠᠭᠤᠯᠬᠤ᠂ ᠡᠵᠡᠩᠨᠡᠯᠲᠡ ᠶᠢᠨ ᠬᠡᠪᠴᠢᠶ᠎ᠡ ᠶᠢ ᠬᠤᠪᠢᠷᠠᠭᠤᠯᠬᠤ ᠵᠡᠷᠭᠡ ᠪᠤᠰᠤᠳ ᠪᠦᠷᠢᠳᠬᠡᠬᠦ ᠵᠦᠢᠯᠡᠰ ᠢ ᠭᠦᠢᠴᠡᠳᠬᠡᠬᠦ ᠶᠢᠨ ᠠᠷᠭ᠎ᠠ ᠦᠭᠡᠢ ᠪᠠᠶᠢᠵᠤ᠂ ᠠᠵᠤ ᠠᠬᠤᠶᠢᠯᠠᠯ ᠤᠨ ᠡᠳᠦᠷ ᠲᠤᠲᠤᠮ ᠤᠨ ᠡᠵᠡᠩᠨᠡᠯᠲᠡ ᠶᠢ ᠨᠥᠯᠥᠭᠡᠯᠡᠵᠦ ᠮᠡᠳᠡᠨ᠎ᠡ᠃ ᠠᠩᠬᠠᠷᠤᠭᠤᠰᠢᠲᠠᠶ ᠨᠢ᠂ ᠬᠡᠷᠪᠡ ᠰᠢᠯᠵᠢᠯᠲᠡ ᠶᠢᠨ ᠬᠤᠭᠤᠴᠠᠭᠠᠨ ᠳᠤ ᠠᠵᠤ ᠠᠬᠤᠶᠢᠯᠠᠯ ᠤᠨ ᠳᠦᠷᠢᠮ ᠳᠤ ︽ᠺᠣᠮᠫᠠᠨᠢ ᠶᠢᠨ ᠬᠠᠤᠯᠢ︾ ᠶᠢᠨ ᠲᠣᠭᠲᠠᠭᠠᠯ ᠨᠢ ᠨᠢᠭᠡᠳᠦᠯ ᠦᠭᠡᠢ ᠬᠠᠮᠤᠭ ᠤᠨ ᠳᠡᠭᠡᠳᠦ ᠡᠷᠬᠡᠲᠦ ᠪᠠᠶᠢᠭᠤᠯᠤᠮᠵᠢ᠂ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠪᠤᠶᠤ ᠬᠡᠷᠡᠭ ᠮᠡᠳᠡᠭᠴᠢ ᠭᠠᠷᠭᠠᠬᠤ ᠠᠷᠭ᠎ᠠ ᠮᠠᠶ᠋ᠢᠭ᠂ ᠬᠡᠷᠡᠭ ᠵᠥᠪᠯᠡᠵᠦ ᠪᠠᠲᠤᠯᠠᠬᠤ ᠲᠣᠭᠲᠠᠴᠠ ᠵᠡᠷᠭᠡ ᠠᠭᠤᠯᠭ᠎ᠠ ᠯᠤᠭ᠎ᠠ ᠲᠣᠬᠢᠷᠠᠭᠤᠯᠤᠯᠲᠠ ᠬᠢᠭᠰᠡᠨ ᠦᠭᠡᠢ ᠪᠥᠭᠡᠳ ᠵᠣᠬᠢᠴᠠᠩᠭᠤᠶ ᠬᠤᠪᠢᠷᠠᠭᠤᠯᠬᠤ ᠳᠠᠩᠰᠠᠯᠠᠯ ᠢ ᠭᠦᠢᠴᠡᠳᠬᠡᠭᠰᠡᠨ ᠦᠭᠡᠢ᠂ ᠡᠰᠡᠬᠦᠯ᠎ᠡ ᠬᠡᠰᠡᠭ ᠬᠠᠤᠯᠢ ᠶᠢᠨ ᠡᠷᠬᠡᠲᠡᠨ ᠤ ᠬᠢᠷᠢ ᠬᠡᠮ ᠦᠭᠡᠢ ᠬᠡᠰᠡᠭ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠭᠰᠠᠨ ᠠᠵᠤ ᠠᠬᠤᠶᠢᠯᠠᠯ ᠢ ᠬᠠᠮᠲᠤᠷᠠᠭᠰᠠᠨ ᠠᠵᠤ ᠠᠬᠤᠶᠢᠯᠠᠯ ᠪᠣᠯᠭᠠᠨ ᠥᠭᠡᠷᠡᠴᠢᠯᠡᠭᠰᠡᠨ ᠦᠭᠡᠢ ᠪᠠᠶᠢᠪᠠᠯ ᠬᠤᠯᠪᠣᠭᠳᠠᠯ ᠪᠦᠬᠦᠢ ᠠᠵᠤ ᠠᠬᠤᠶᠢᠯᠠᠯ ᠤᠨ ᠡᠵᠡᠩᠨᠡᠯᠲᠡ ᠶᠢᠨ ᠰᠢᠢᠳᠪᠦᠷᠢᠲᠦ ᠪᠣᠳᠣᠯᠭ᠎ᠠ ᠪᠤᠶᠤ ᠬᠠᠤᠯᠢ ᠴᠠᠭᠠᠵᠠ ᠶᠢᠨ ᠪᠠᠶᠢᠷᠢ ᠰᠠᠭᠤᠷᠢ ᠶᠢᠨ ᠬᠠᠤᠯᠢ ᠶᠣᠰᠣᠴᠢ ᠴᠢᠨᠠᠷ ᠢ ᠪᠠᠲᠤᠯᠠᠬᠤ ᠳᠤ ᠪᠡᠷᠬᠡᠲᠡᠶ ᠪᠣᠯᠭᠠᠭᠰᠠᠨ ᠪᠣᠯ ᠠᠵᠤ ᠠᠬᠤᠶᠢᠯᠠᠯ ᠤᠨ ᠬᠠᠮᠤᠭ ᠤᠨ ᠳᠡᠭᠡᠳᠦ ᠡᠷᠬᠡᠲᠦ ᠪᠠᠶᠢᠭᠤᠯᠤᠮᠵᠢ ᠶᠢ ᠬᠡᠪ ᠤᠨ ᠪᠠᠶᠢᠳᠠᠯ ᠢᠶᠠᠷ ᠰᠢᠢᠳᠪᠦᠷᠢ ᠭᠠᠷᠭᠠᠬᠤ ᠶᠢᠨ ᠠᠷᠭ᠎ᠠ ᠦᠭᠡᠢ ᠪᠣᠯᠭᠠᠬᠤ ᠶᠢᠨ ᠤᠯᠠᠮ ᠢᠶᠠᠷ ᠠᠵᠤ ᠠᠬᠤᠶᠢᠯᠠᠯ ᠤᠨ ᠡᠵᠡᠩᠨᠡᠯᠲᠡ ᠳᠤ ᠦᠨᠳᠦᠰᠦᠨ ᠠᠴᠠ ᠨᠢ ᠬᠦᠨᠳᠦ ᠨᠣᠴᠢᠲᠠᠶ ᠨᠥᠯᠥᠭᠡ ᠦᠵᠡᠭᠦᠯᠬᠦ ᠪᠣᠯᠣᠨ᠎ᠠ᠃ ᠬᠡᠷᠪᠡ ᠡᠭᠦᠨ ᠯᠦᠭᠡ ᠬᠤᠯᠪᠣᠭᠳᠠᠯ ᠪᠦᠬᠦᠢ ᠬᠠᠤᠯᠢ ᠴᠠᠭᠠᠵᠠ ᠶᠢᠨ ᠵᠢᠭᠤᠷᠠᠯᠳᠤᠭᠠᠨ ᠭᠠᠷᠪᠠᠯ ᠳᠤᠮᠳᠠᠳᠤ ᠭᠠᠳᠠᠭᠠᠳᠤ ᠶᠢᠨ ᠪᠡᠯᠡ ᠣᠷᠣᠭᠤᠯᠤᠭᠴᠢᠳ ᠪᠠ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠭᠰᠠᠨ ᠠᠵᠤ ᠠᠬᠤᠶᠢᠯᠠᠯ ᠤᠨ ᠬᠠᠤᠯᠢ ᠶᠣᠰᠣᠨ ᠤ ᠡᠷᠬᠡ ᠠᠰᠢᠭ ᠨᠢ ᠪᠠᠲᠤᠯᠠᠭ᠎ᠠ ᠣᠯᠬᠤ ᠳᠤ ᠪᠡᠷᠬᠡ ᠪᠣᠯᠣᠨ᠎ᠠ᠃

    ᠬᠤᠪᠢᠷᠠᠭᠤᠯᠤᠯᠲᠠ ᠶᠢ ᠬᠡᠷᠬᠢᠨ ᠭᠤᠶᠤᠴᠢᠯᠠᠬᠤ ︵ᠳᠠᠩᠰᠠᠯᠠᠬᠤ︶ ᠪᠤᠢ︖

    ᠡᠵᠡᠩᠨᠡᠯᠲᠡ ᠶᠢᠨ ᠦᠨᠡᠮᠯᠡᠯ ᠳᠡᠭᠡᠷᠡᠬᠢ ᠳᠠᠩᠰᠠᠯᠠᠬᠤ ᠪᠠᠶᠢᠭᠤᠯᠭ᠎ᠠ ᠶᠢᠨ ᠪᠠᠶᠢᠭ᠎ᠠ ᠭᠠᠵᠠᠷ ᠤᠨ ᠬᠤᠲᠠ ᠶᠢᠨ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠭᠠᠳᠠᠭᠠᠳᠤ ᠪᠡᠯᠡ ᠶᠢᠨ ᠳᠡᠩᠰᠡᠯᠡᠯᠲᠡ ᠶᠢᠨ ᠴᠤᠩᠬᠤᠪᠴᠢ ᠳᠤ ᠬᠦᠷᠴᠦ ᠭᠦᠢᠴᠡᠳᠬᠡᠬᠦ ᠳᠤ᠂ ᠬᠡᠷᠪᠡ ᠮᠠᠳᠠᠭ ᠲᠠᠢ ᠪᠣᠯ ᠡᠯ᠎ᠡ ᠠᠶᠢᠮᠠᠭ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠨᠠᠷᠢᠨ ᠠᠰᠠᠭᠤᠭᠠᠷᠠᠢ᠃

    ᠣᠨᠴᠠᠭᠠᠶᠢᠯᠠᠨ ᠰᠠᠨᠠᠭᠤᠯᠬᠤ ᠨᠢ

    ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠭᠰᠠᠨ ᠠᠵᠤ ᠠᠬᠤᠶᠢᠯᠠᠯ ᠤᠨ ᠳᠠᠬᠢᠨ ᠪᠡᠯᠡ ᠣᠷᠣᠭᠤᠯᠤᠭᠰᠠᠨ ᠳᠣᠲᠣᠭᠠᠳᠤ ᠪᠡᠯᠡ ᠶᠢᠨ ᠠᠵᠤ ᠠᠬᠤᠶᠢᠯᠠᠯ᠂ ᠭᠠᠳᠠᠭᠠᠳᠤ ᠶᠢᠨ ᠠᠵᠤ ᠠᠬᠤᠶᠢᠯᠠᠯ ᠤᠨ ᠪᠠᠶᠢᠩᠭᠤ ᠰᠠᠭᠤᠭ᠎ᠠ ᠲᠥᠯᠥᠭᠡᠯᠡᠬᠦ ᠪᠠᠶᠢᠭᠤᠯᠤᠮᠵᠢ᠂ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠭᠰᠠᠨ ᠠᠵᠤ ᠠᠬᠤᠶᠢᠯᠠᠯ ᠤᠨ ᠰᠠᠯᠪᠤᠷᠢ ᠪᠠᠶᠢᠭᠤᠯᠤᠮᠵᠢ᠂ ᠪᠠᠶᠢᠭᠤᠯᠤᠭᠳᠠᠭᠰᠠᠨ ᠴᠠᠭ ᠨᠢ 2020 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ ᠰᠡᠭᠦᠯᠡᠷᠬᠢ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠭᠰᠠᠨ ᠠᠵᠤ ᠠᠬᠤᠶᠢᠯᠠᠯ ᠨᠢ ᠲᠤᠰ ᠤᠳᠠᠭᠠᠨ ᠤ ᠬᠤᠪᠢᠷᠠᠭᠤᠯᠤᠯᠲᠠ ᠪᠤᠶᠤ ᠳᠠᠩᠰᠠᠯᠠᠭᠤᠯᠤᠨ ᠲᠡᠮᠳᠡᠭᠯᠡᠬᠦ ᠶᠢ ᠭᠦᠢᠴᠡᠳᠬᠡᠬᠦ ᠴᠢᠬᠤᠯᠠ ᠦᠭᠡᠢ᠃

 

ᠢᠷᠡᠯᠲᠡ᠄ ᠪᠦᠷᠢᠳᠬᠡᠨ ᠳᠠᠩᠰᠠᠯᠠᠬᠤ ᠲᠣᠪᠴᠢᠶ᠎ᠠ