︽ᠭᠠᠵᠠᠷ ᠵᠦᠶ ᠶᠢᠨ ᠪᠡᠯᠭᠡ ᠲᠡᠮᠳᠡᠭ ᠢᠶᠠᠷ ᠣᠷᠣᠨ ᠪᠦᠰᠡ ᠶᠢᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠬᠦ︾ ᠨᠡᠶᠢᠲᠡᠯᠢᠭ ᠬᠡᠷᠡᠭ ᠤᠨ ᠵᠢᠱᠢᠶ᠎ᠡ — ︽ᠬᠢᠩᠭᠠᠨ ᠠᠶᠢᠮᠠᠭ ᠤᠨ ᠲᠤᠲᠤᠷᠭ᠎ᠠ︾ ᠪᠠᠷ ᠳᠠᠮᠵᠢᠨ ᠲᠠᠷᠢᠶᠠᠴᠢᠳ ᠤᠨ ᠠᠵᠤ ᠦᠢᠯᠡᠰ ᠢ ᠬᠦᠴᠦᠷᠬᠡᠭᠵᠢᠬᠦᠯᠪᠡ
ᠨᠡᠶᠢᠲᠡᠯᠡᠭᠰᠡᠨ ᠴᠠᠭ᠄
2024/8/26

    ᠭᠠᠵᠠᠷ ᠵᠦᠶ ᠶᠢᠨ ᠪᠡᠯᠭᠡ ᠲᠡᠮᠳᠡᠭ ᠢᠶᠠᠷ ᠣᠷᠣᠨ ᠪᠦᠰᠡ ᠶᠢᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠬᠦ ᠶᠢ ᠤᠯᠠᠮ ᠨᠢᠭᠡ ᠠᠯᠬᠤᠮ ᠠᠬᠢᠭᠤᠯᠵᠤ᠂ ᠬᠥᠳᠡᠭᠡ ᠲᠣᠰᠬᠤᠨ ᠤ ᠤᠨᠴᠠᠯᠢᠬᠳᠤ ᠠᠵᠤ ᠦᠢᠯᠡᠰ ᠢᠶᠠᠷ ᠲᠠᠷᠢᠶᠠᠴᠢᠳ ᠢ ᠪᠠᠶᠠᠵᠢᠭᠤᠯᠬᠤ ᠪᠠ ᠨᠠᠷᠠᠲᠤ ᠲᠡᠮᠳᠡᠭᠲᠦ ᠶᠢᠨ ᠠᠵᠤ ᠠᠬᠤᠶ ᠶᠢ ᠠᠬᠢᠭᠤᠯᠵᠤ᠂ ᠭᠠᠵᠠᠷ ᠵᠦᠶ ᠶᠢᠨ ᠲᠡᠮᠳᠡᠭᠲᠦ ᠪᠦᠲᠦᠭᠡᠭᠳᠡᠬᠦᠨ ᠤ ᠨᠠᠷᠠᠲᠤ ᠲᠡᠮᠳᠡᠭᠲᠦ ᠶᠢᠨ ᠨᠥᠯᠥᠭᠡᠯᠡᠬᠦ ᠬᠦᠴᠦᠨ ᠪᠠ ᠨᠡᠮᠡᠯᠲᠡ ᠥᠷᠲᠡᠭ ᠢ ᠳᠡᠭᠡᠭᠰᠢᠯᠡᠭᠦᠯᠦᠨ᠂ ᠨᠡᠶᠢᠲᠡᠯᠢᠭ ᠲᠤᠷᠰᠢᠯᠭ᠎ᠠ ᠪᠠ ᠰᠢᠯᠢᠳᠡᠭ ᠬᠡᠷᠡᠭ ᠤᠨ ᠵᠢᠱᠢᠶ᠎ᠡ ᠶᠢ ᠴᠠᠭ ᠲᠤᠬᠠᠶ ᠳᠤ ᠨᠢ ᠤᠬᠠᠭᠤᠯᠤᠨ ᠳ᠋ᠦᠩᠨᠡᠬᠦ ᠶᠢᠨ ᠲᠤᠰᠠᠳᠠ᠂ 2024 ᠣᠨ ᠤ 5 ᠳ᠋ᠤᠭᠠᠷ ᠰᠠᠷ᠎ᠠ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠪᠠᠶᠢᠳᠠᠯ ᠠᠴᠠ ᠪᠥᠬᠦ ᠣᠷᠣᠨ ᠳᠤ ︽ᠭᠠᠵᠠᠷ ᠵᠦᠶ ᠶᠢᠨ ᠪᠡᠯᠭᠡ ᠲᠡᠮᠳᠡᠭ ᠢᠶᠠᠷ ᠣᠷᠣᠨ ᠪᠦᠰᠡ ᠶᠢᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠬᠦ︾ ᠨᠡᠶᠢᠲᠡᠯᠢᠭ ᠬᠡᠷᠡᠭ ᠤᠨ ᠵᠢᠱᠢᠶ᠎ᠡ ᠴᠤᠭᠯᠠᠭᠤᠯᠬᠤ ᠠᠵᠢᠯ ᠢ ᠥᠷᠨᠢᠭᠦᠯᠪᠡ᠃ ᠡᠯ᠎ᠡ ᠠᠶᠢᠮᠠᠭ ᠬᠤᠲᠠ ᠶᠢᠨ ᠰᠢᠯᠢᠨ ᠰᠣᠩᠭᠤᠵᠤ ᠲᠠᠨᠢᠯᠴᠠᠭᠤᠯᠬᠤ᠂ ᠲᠤᠰᠬᠠᠶ ᠮᠡᠷᠭᠡᠵᠢᠯᠲᠡᠨ ᠤ ᠰᠢᠯᠭᠠᠷᠠᠭᠤᠯᠤᠯᠲᠠ ᠪᠠᠷ ᠳᠡᠮᠵᠢᠨ᠂ ᠣᠲᠣ ᠥᠪᠥᠷ ᠮᠣᠩᠭᠤᠯ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠣᠯᠠᠨ ᠨᠡᠶᠢᠲᠡ ᠶᠢᠨ ᠳ᠋ᠤᠭᠠᠷ ᠢᠶᠠᠷ ᠳᠠᠮᠵᠢᠭᠤᠯᠤᠨ ᠵᠠᠯᠭᠠᠭ᠎ᠠ ᠪᠠᠷ ᠠᠷᠪᠠᠨ ᠶᠡᠭᠡ ᠨᠡᠶᠢᠲᠡᠯᠢᠭ ᠬᠡᠷᠡᠭ ᠤᠨ ᠵᠢᠱᠢᠶ᠎ᠡ ᠶᠢ ᠨᠡᠶᠢᠲᠡᠯᠡᠵᠦ᠂ ᠰᠤᠷᠤᠯᠴᠠᠵᠤ ᠯᠠᠪᠯᠠᠯᠲᠠ ᠪᠣᠯᠭᠠᠬᠤ ᠳᠤ ᠬᠠᠩᠭᠠᠵᠤ ᠪᠠᠶᠢᠨ᠎ᠠ᠃


1.png


    2021 ᠣᠨ ᠳᠤ ︽ᠬᠢᠩᠭᠠᠨ ᠠᠶᠢᠮᠠᠭ ᠤᠨ ᠲᠤᠲᠤᠷᠭ᠎ᠠ︾ ᠨᠢ ᠤᠯᠤᠰ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠲᠣᠪᠴᠢᠶ᠎ᠠ ᠶᠢᠨ ᠨᠢᠭᠡᠳᠦᠭᠡᠷ ᠪᠦᠯᠦᠭ ᠭᠠᠵᠠᠷ ᠵᠦᠶ ᠶᠢᠨ ᠪᠡᠯᠭᠡ ᠲᠡᠮᠳᠡᠭ ᠤᠨ ᠭᠤᠤᠯᠳᠠᠯᠭ᠎ᠠ ᠲᠠᠢ ᠬᠠᠷᠢᠯᠴᠠᠵᠤ ᠵᠢᠯᠣᠭᠤᠳᠬᠤ ᠨᠡᠷᠡᠰ ᠤᠨ ᠵᠢᠭᠰᠠᠭᠠᠯᠲᠠ ᠳᠤ ᠠᠮᠵᠢᠯᠲᠠ ᠲᠠᠢ ᠰᠣᠩᠭᠤᠭᠳᠠᠪᠠ᠃ ︽ᠬᠢᠩᠭᠠᠨ ᠠᠶᠢᠮᠠᠭ ᠤᠨ ᠲᠤᠲᠤᠷᠭ᠎ᠠ︾ ᠶᠢᠨ ᠭᠠᠵᠠᠷ ᠵᠦᠶ ᠶᠢᠨ ᠪᠡᠯᠭᠡ ᠲᠡᠮᠳᠡᠭ ᠤᠨ ᠬᠡᠷᠡᠭᠯᠡᠯᠲᠡ ᠶᠢ ᠠᠬᠢᠭᠤᠯᠤᠭᠰᠠᠨ ᠲᠤᠷᠰᠢᠯᠭ᠎ᠠ᠂ ᠥᠪᠥᠷ ᠮᠣᠩᠭᠤᠯ ᠤᠨ ᠴᠣᠷ ᠤᠨ ᠭᠠᠭᠴᠠ ︽ᠭᠠᠵᠠᠷ ᠵᠦᠢ ᠶᠢᠨ ᠪᠡᠯᠭᠡ ᠲᠡᠮᠳᠡᠭ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠭᠰᠡᠨ ᠨᠡᠶᠢᠲᠡᠯᠢᠭ ᠬᠡᠷᠡᠭ ᠤᠨ ᠵᠢᠱᠢᠶ᠎ᠡ ᠶᠢᠨ ᠡᠮᠬᠢᠳᠬᠡᠯ︾ ᠤᠨ ᠨᠡᠶᠢᠲᠡᠯᠢᠭ ᠬᠡᠷᠡᠭ ᠤᠨ ᠵᠢᠱᠢᠶ᠎ᠡ ᠪᠣᠯᠪᠠ᠃ 2022 ᠣᠨ ᠳᠤ ᠤᠯᠤᠰ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠲᠣᠪᠴᠢᠶ᠎ᠠ ᠶᠢᠨ ᠨᠢᠭᠡᠳᠦᠭᠡᠷ ᠪᠦᠯᠦᠭ ᠤᠨ ᠭᠠᠵᠠᠷ ᠵᠦᠶ ᠶᠢᠨ ᠲᠡᠮᠳᠡᠭ ᠤᠨ ᠬᠡᠷᠡᠭᠯᠡᠯᠲᠡ ᠶᠢ ᠠᠬᠢᠭᠤᠯᠬᠤ ᠢᠨᠵᠧᠨᠧᠷᠢᠩ ᠤᠨ ᠰᠢᠯᠭᠠᠨ ᠠᠪᠤᠯᠲᠠ ᠶᠢ ᠠᠮᠵᠢᠯᠲᠠ ᠲᠠᠢ ᠥᠩᠭᠡᠷᠡᠪᠡ᠃ 2024 ᠣᠨ ᠳᠤ ︽ᠬᠢᠩᠭᠠᠨ ᠠᠶᠢᠮᠠᠭ ᠤᠨ ᠲᠤᠲᠤᠷᠭ᠎ᠠ︾ ᠨᠢ ᠲᠥᠪ ᠤᠨ ᠷᠠᠳᠢᠣ᠋ ᠲᠧᠯᠸᠢᠰ ᠤᠨ ᠶᠡᠷᠦᠩᠬᠡᠶ ᠬᠤᠷᠢᠶ᠎ᠠ ᠶᠢᠨ ︽ᠤᠯᠤᠰ ᠤᠨ ᠤᠷᠤᠰᠬᠠᠯᠲᠤ ᠥᠯᠵᠡᠶᠢᠲᠦ ᠪᠣᠤᠪᠤ ᠪᠠ ᠤᠯᠤᠰ ᠤᠨ ᠪᠠᠷᠠᠭᠠᠨ ᠤ ᠭᠦᠢᠯᠭᠡᠭᠡᠨ ᠤ ᠣᠷᠳᠣᠨ︾ ᠤ ᠬᠥᠰᠢᠭᠡ ᠶᠢ ᠨᠡᠭᠡᠭᠡᠬᠦ ᠠᠵᠢᠯᠯᠠᠭ᠎ᠠ ᠶᠢᠨ ᠰᠢᠨ᠎ᠡ ᠵᠦᠢᠯ ᠪᠣᠯᠵᠤ᠂ ᠠᠯᠳᠠᠷᠰᠢᠯ ᠪᠠ ᠢᠷᠠᠭᠤ ᠠᠯᠳᠠᠷ ᠤᠨ ᠬᠡᠮᠵᠢᠶ᠎ᠡ ᠶᠢ ᠤᠯᠠᠮ ᠨᠢᠭᠡ ᠠᠯᠬᠤᠮ ᠨᠡᠮᠡᠭᠳᠡᠭᠦᠯᠦᠨ᠂ ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ ᠢ ᠳᠡᠭᠡᠭᠰᠢᠯᠡᠭᠦᠯᠪᠡ᠃


2.png


    ᠣᠲᠣ ᠨᠢᠭᠡᠨᠲᠡ 15 ᠨᠢᠭᠡ᠂ ᠬᠤᠶᠠᠷ᠂ ᠭᠤᠷᠪᠠᠳᠤᠭᠠᠷ ᠠᠵᠤ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ ᠵᠢᠱᠢᠶ᠎ᠡ ᠦᠵᠡᠭᠦᠯᠬᠦ ᠣᠷᠣᠨ ᠢ ᠪᠠᠶᠢᠭᠤᠯᠪᠠ᠃ ︽ᠤᠯᠤᠰ ᠤᠨ ᠲᠠᠰ ᠤᠨ ᠣᠲᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ︾ ᠤᠨ ᠵᠠᠯᠠᠶᠢᠳ ᠬᠤᠰᠢᠭᠤᠨ ᠤ ᠣᠲᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠢᠶᠠᠷ ᠵᠢᠱᠢᠶᠡᠯᠡᠪᠡᠯ᠂ ᠠᠵᠤ ᠦᠢᠯᠡᠰ ᠤᠨ ᠬᠦᠷᠢᠶᠡᠯᠡᠩ ᠤᠨ ᠶᠡᠷᠦᠩᠬᠡᠶ ᠲᠠᠯᠠᠪᠠᠶ ᠨᠢ 686 ᠲᠡᠭᠰᠢ ᠳᠥᠷᠪᠡᠯᠵᠢᠨ ᠺᠢᠯᠣᠮᠧᠲᠷ ᠪᠠᠶᠢᠵᠤ᠂ 2 ᠰᠢᠶᠠᠩ ᠪᠠᠯᠭᠠᠰᠤ᠂ 33 ᠵᠠᠰᠠᠭ ᠵᠠᠬᠢᠷᠭᠠᠨ ᠤ ᠲᠣᠰᠬᠤᠨ᠂ 5.47 ᠲᠦᠮᠡᠨ ᠬᠥᠮᠦᠨ ᠠᠮᠠ᠂ 60 ᠲᠦᠮᠡᠨ ᠮᠥ ᠲᠠᠷᠢᠶᠠᠨ ᠭᠠᠵᠠᠷ ᠢ ᠬᠠᠮᠤᠷᠪᠠ᠃ 2020 ᠣᠨ ᠳᠤ᠂ ᠠᠵᠤ ᠦᠢᠯᠡᠰ ᠤᠨ ᠬᠦᠷᠢᠶᠡᠯᠡᠩ ᠤᠨ ᠶᠡᠷᠦᠩᠬᠡᠶ ᠦᠢᠯᠡᠳᠬᠦᠨ ᠤ ᠥᠷᠲᠡᠭ 73 ᠳ᠋ᠦᠩᠰᠢᠭᠤᠷ ᠲᠥᠭᠦᠷᠢᠭ ᠲᠤ ᠬᠦᠷᠴᠦ᠂ ᠲᠠᠷᠢᠶᠠᠴᠢᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 2.5 ᠲᠦᠮᠡᠨ ᠲᠥᠭᠦᠷᠢᠭ ᠲᠤ ᠬᠦᠷᠴᠦ᠂ ᠵᠠᠯᠠᠶᠢᠳ ᠬᠤᠰᠢᠭᠤᠨ ᠤ ᠮᠠᠯᠴᠢᠨ ᠲᠠᠷᠢᠶᠠᠴᠢᠨ ᠤ ᠳᠤᠮᠳᠠᠴᠢ ᠬᠢᠷᠢ ᠲᠦᠪᠰᠢᠨ ᠤ 2 ᠳᠠᠬᠢᠨ ᠠᠴᠠ ᠳᠡᠭᠡᠭᠰᠢ ᠪᠠᠶᠢᠵᠤ᠂ ᠭᠤᠤᠯᠯᠠᠬᠤ ᠠᠵᠤ ᠦᠢᠯᠡᠰ ᠤᠨ ︽ᠦᠢᠯᠡᠳᠪᠦᠷᠢᠯᠡᠬᠦ + ᠪᠣᠯᠪᠠᠰᠤᠷᠠᠭᠤᠯᠬᠤ + ᠰᠢᠨᠵᠢᠯᠡᠬᠦ ᠤᠬᠠᠭᠠᠨ ᠲᠧᠭᠨᠢᠭ ᠮᠡᠷᠭᠡᠵᠢᠯ︾ ᠳᠤ ᠲᠦᠰᠢᠭᠯᠡᠨ᠂ ︽ᠬᠢᠩᠭᠠᠨ ᠠᠶᠢᠮᠠᠭ ᠤᠨ ᠲᠤᠲᠤᠷᠭ᠎ᠠ︾ ᠶᠢᠨ ᠪᠥᠬᠦ ᠶᠠᠪᠤᠴᠠ ᠶᠢᠨ ᠶᠠᠰᠤ ᠴᠢᠨᠠᠷ ᠢ ᠮᠥᠷᠳᠡᠬᠦ ᠶᠢ ᠪᠡᠶᠡᠯᠡᠭᠦᠯᠬᠦ ᠶᠢᠨ ᠬᠠᠮᠲᠤ ᠵᠢᠭᠤᠯᠴᠢᠯᠠᠯ᠂ ᠰᠤᠳᠤᠯᠤᠨ ᠰᠤᠷᠤᠯᠴᠠᠬᠤ ᠰᠢᠨ᠎ᠡ ︽ᠰᠦᠯᠵᠢᠶᠡᠨ ᠤ ᠲᠡᠮᠲᠡᠭᠯᠡᠬᠦ ᠭᠠᠵᠠᠷ︾ ᠪᠣᠯᠤᠭᠰᠠᠨ ᠪᠠᠶᠢᠨ᠎ᠠ᠃ ᠡᠭᠦᠨ ᠤ ᠬᠠᠮᠲᠤ ︽ᠨᠠᠳᠠᠳᠤ ᠨᠢᠭᠡ ᠮᠦ ᠲᠠᠷᠢᠶ᠎ᠠ ᠲᠠᠢ︾᠂ ︽ᠲᠤᠲᠤᠷᠭ᠎ᠠ ᠶᠢᠨ ᠣᠭᠲᠠᠷᠭᠤᠢ︾᠂ ︽ᠲᠤᠳᠤᠷᠭᠠᠨ ᠲᠠᠷᠢᠶᠠᠨ ᠤ ᠵᠢᠭᠠᠰᠤ︾᠂ ︽ᠲᠤᠳᠤᠷᠭᠠᠨ ᠲᠠᠷᠢᠶᠠᠨ ᠤ ᠨᠤᠭᠤᠰᠤ︾ ᠵᠡᠷᠭᠡ ᠡᠵᠡᠩᠨᠡᠨ ᠪᠣᠷᠣᠯᠠᠭᠤᠯᠬᠤ ᠰᠢᠨ᠎ᠡ ᠬᠡᠪ ᠵᠠᠭᠪᠤᠷ ᠢ ᠬᠡᠷᠡᠭᠵᠢᠭᠦᠯᠵᠦ᠂ ᠠᠵᠤ ᠦᠢᠯᠡᠰ ᠤᠨ ᠠᠵᠤ ᠠᠬᠤᠶ ᠶᠢᠨ ᠦᠷ᠎ᠡ ᠠᠰᠢᠭ ᠪᠠ ᠨᠡᠶᠢᠭᠡᠮ ᠤᠨ ᠦᠷ᠎ᠡ ᠠᠰᠢᠭ ᠢ ᠲᠠᠰᠤᠷᠠᠯᠲᠠ ᠦᠭᠡᠢ ᠨᠡᠮᠡᠭᠳᠡᠭᠦᠯᠪᠡ᠃ 2023 ᠣᠨ ᠳᠤ ᠲᠣᠰ ᠬᠦᠷᠢᠶᠡᠯᠡᠩ ᠲᠣᠭᠤᠷᠢᠭ ᠲᠤ ︽ᠬᠢᠩᠭᠠᠨ ᠠᠶᠢᠮᠠᠭ ᠤᠨ ᠲᠤᠲᠤᠷᠭ᠎ᠠ︾ ᠶᠢᠨ ᠤᠯᠤᠰ ᠤᠨ ᠭᠠᠵᠠᠷ ᠵᠦᠶ ᠶᠢᠨ ᠪᠡᠯᠭᠡ ᠲᠡᠮᠳᠡᠭ ᠤᠨ ᠪᠦᠲᠦᠭᠡᠭᠳᠡᠬᠦᠨ ᠢ ᠬᠠᠮᠠᠭᠠᠯᠠᠬᠤ ᠵᠢᠱᠢᠶ᠎ᠡ ᠦᠵᠡᠭᠦᠯᠬᠦ ᠣᠷᠣᠨ ᠢ ᠪᠤᠶᠢᠵᠢᠭᠤᠯᠬᠤ ᠢᠨᠵᠧᠨᠧᠷᠢᠩ ᠢ ᠬᠡᠷᠡᠭᠵᠢᠭᠦᠯᠵᠦ᠂ ᠦᠢᠯᠡᠳᠬᠦᠨ ᠤ ᠶᠠᠰᠤ ᠴᠢᠨᠠᠷ ᠢ ᠪᠠᠶᠢᠴᠠᠭᠠᠨ ᠬᠡᠮᠵᠢᠬᠦ᠂ ᠶᠠᠰᠤ ᠴᠢᠨᠠᠷ ᠢ ᠮᠥᠷᠳᠡᠬᠦ ᠲᠣᠭᠲᠠᠯᠴᠠᠭᠠᠨ ᠤ ᠪᠠᠶᠢᠭᠤᠯᠤᠯᠲᠠ ᠶᠢᠨ ᠲᠠᠯ᠎ᠠ ᠪᠠᠷ ᠢᠯᠡᠳᠲᠡ ᠦᠷ᠎ᠡ ᠪᠦᠲᠦᠮᠵᠢ ᠤᠯᠪᠠ᠃


3.png


    ᠬᠢᠩᠭᠠᠨ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ ᠰᠠᠨᠠᠭᠠᠴᠢᠯᠠᠭ᠎ᠠ ᠠᠴᠠ ᠪᠠᠨ ︽ᠬᠢᠩᠭᠠᠨ ᠠᠶᠢᠮᠠᠭ ᠤᠨ ᠲᠤᠲᠤᠷᠭ᠎ᠠ︾ ᠶᠢᠨ ᠡᠷᠬᠡ ᠶᠢ ᠣᠯᠣᠭᠰᠠᠨ ᠠᠵᠤ ᠠᠬᠤᠶᠢᠯᠠᠯ ᠳᠤ ︽ᠥᠮᠴᠢᠯᠡᠯ ᠤᠨ ᠡᠷᠬᠡ︾ ᠶᠢ ︽ᠡᠳ᠋ ᠬᠥᠷᠥᠩᠭᠡ︾ ᠪᠣᠯᠭᠠᠨ ᠰᠣᠯᠢᠬᠤ ᠬᠥᠭᠦᠷᠭᠡ ᠶᠢ ᠪᠠᠶᠢᠭᠤᠯᠪᠠ᠃ ᠯᠦᠩ ᠳ᠋ᠢᠩ ᠠᠮᠤ ᠪᠤᠳᠠᠭᠠᠨ ᠤ ᠦᠢᠯᠡᠰ 3 ᠵᠢᠯ ᠳᠠᠷᠠᠭᠠᠯᠠᠨ ᠲᠤᠰᠬᠠᠢ ᠠᠰᠢᠭ ᠢᠶᠠᠷ ᠳᠠᠨᠵᠢᠯᠠᠵᠤ ᠪᠡᠯᠡ ᠮᠥᠩᠭᠦ 6600 ᠲᠦᠮᠡᠨ ᠲᠥᠭᠦᠷᠢᠭ ᠣᠯᠵᠤ᠂ ᠴᠤᠤᠯ ᠭᠤᠣᠯ ᠮᠥᠩᠭᠦᠨ ᠰᠤᠪᠤᠳ ᠠᠮᠤ ᠶᠢᠨ ᠦᠢᠯᠡᠰ 300 ᠲᠦᠮᠡᠨ ᠲᠥᠭᠦᠷᠢᠭ ᠤᠨ ︽ᠥᠪᠥᠷ ᠮᠣᠩᠭᠤᠯ︾ ᠦᠰᠦᠭ ᠢᠶᠠᠷ ᠳᠠᠨᠵᠢᠯᠠᠵᠤ ᠪᠡᠯᠡ ᠮᠥᠩᠭᠦ ᠴᠤᠭᠯᠠᠭᠤᠯᠪᠠ᠃ ᠯᠢᠩ ᠨᠠᠨ ᠤ ᠰᠢᠶᠠᠩ ᠮᠢ ᠦᠢᠯᠡᠰ ᠲᠤᠰᠬᠠᠢ ᠠᠰᠢᠭ ᠤᠨ ᠪᠠᠷᠢᠴᠠᠭᠠᠨ ᠤ ᠪᠡᠯᠡ ᠮᠥᠩᠭᠦ 100 ᠲᠦᠮᠡᠨ ᠲᠥᠭᠦᠷᠢᠭ ᠣᠯᠵᠠᠢ᠃ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠳᠡᠭᠡᠳᠦ ᠬᠡᠮᠵᠢᠶᠡᠨ ᠤ ᠴᠢᠬᠤᠯᠠᠴᠢᠯᠠᠯ ᠪᠠ ᠬᠦᠴᠦᠲᠡᠶ ᠠᠬᠢᠭᠤᠯᠤᠯ ᠳᠣᠣᠷ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠦᠷᠦᠭᠦᠯᠡᠨ ︽ᠬᠢᠩᠭᠠᠨ ᠠᠶᠢᠮᠠᠭ ᠤᠨ ᠲᠤᠲᠤᠷᠭ᠎ᠠ︾ ᠤᠯᠤᠰ ᠤᠨ ᠭᠠᠵᠠᠷ ᠵᠦᠶ ᠶᠢᠨ ᠪᠡᠯᠭᠡ ᠲᠡᠮᠳᠡᠭ ᠤᠨ ᠪᠦᠲᠦᠭᠡᠭᠳᠡᠬᠦᠨ ᠢ ᠬᠠᠮᠠᠭᠠᠯᠠᠬᠤ ᠵᠢᠱᠢᠶ᠎ᠡ ᠦᠵᠡᠭᠦᠯᠬᠦ ᠣᠷᠣᠨ ᠢ ᠪᠤᠶᠢᠵᠢᠭᠤᠯᠬᠤ ᠢᠨᠵᠧᠨᠧᠷᠢᠩ ᠢ ᠬᠡᠷᠡᠭᠵᠢᠭᠦᠯᠵᠦ᠂ ᠭᠠᠵᠠᠷ ᠵᠦᠶ ᠶᠢᠨ ᠪᠡᠯᠭᠡ ᠲᠡᠮᠳᠡᠭ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠶᠢ ᠥᠷᠨᠢᠭᠦᠯᠵᠦ᠂ 36 ᠠᠵᠤ ᠠᠬᠤᠶᠢᠯᠠᠯ ᠳᠤ ᠡᠷᠬᠡ ᠣᠯᠭᠤᠭᠰᠠᠨ ︽ᠭᠠᠵᠠᠷ ᠵᠦᠶ ᠶᠢᠨ ᠪᠡᠯᠭᠡ ᠲᠡᠮᠳᠡᠭ + ᠠᠵᠤ ᠠᠬᠤᠶᠢᠯᠠᠯ ᠤᠨ ᠰᠠᠭᠤᠷᠢᠨ ᠭᠠᠵᠠᠷ + ᠲᠠᠷᠢᠶᠠᠴᠢᠨ ᠡᠷᠦᠬᠡ︾ ᠵᠡᠷᠭᠡ ᠣᠯᠠᠨ ᠵᠦᠢᠯ ᠤᠨ ᠬᠡᠯᠪᠡᠷᠢ ᠶᠢᠨ ᠠᠰᠢᠭ ᠲᠤᠰᠠ ᠶᠢᠨ ᠬᠤᠯᠪᠣᠭᠠᠨ ᠤ ᠲᠣᠭᠲᠠᠴᠠ ᠶᠢ ᠪᠠᠶᠢᠭᠤᠯᠬᠤ ᠶᠢ ᠠᠬᠢᠭᠤᠯᠵᠤ᠂ ᠴᠢᠨᠠᠷ ᠰᠠᠶᠢᠲᠠᠶ ᠪᠠᠷᠢᠮᠵᠢᠶ᠎ᠠ ᠶᠢᠨ ᠲᠣᠭᠲᠠᠯᠴᠠᠭ᠎ᠠ᠂ ᠪᠦᠲᠦᠭᠡᠭᠳᠡᠬᠦᠨ ᠤ ᠶᠠᠰᠤ ᠴᠢᠨᠠᠷ ᠢ ᠰᠢᠯᠭᠠᠨ ᠪᠠᠶᠢᠴᠠᠭᠠᠬᠤ ᠪᠠ ᠶᠠᠰᠤ ᠴᠢᠨᠠᠷ ᠢ ᠮᠥᠷᠳᠡᠬᠦ ᠲᠣᠭᠲᠠᠯᠴᠠᠭ᠎ᠠ ᠶᠢ ᠪᠦᠬᠦ ᠬᠦᠴᠦᠨ ᠢᠶᠠᠷ ᠪᠠᠶᠢᠭᠤᠯᠵᠤ᠂ 15 ᠠᠵᠤ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ ᠵᠢᠱᠢᠶ᠎ᠡ ᠦᠵᠡᠭᠦᠯᠬᠦ ᠣᠷᠣᠨ ᠢ ᠪᠠᠶᠢᠭᠤᠯᠬᠤ ᠶᠢᠨ ᠬᠠᠮᠲᠤ ︽ᠵᠢᠭᠤᠯᠴᠢᠯᠠᠯ + ᠤᠰᠤᠨ ᠲᠤᠲᠤᠷᠭ᠎ᠠ ᠶᠢᠨ ᠠᠵᠤ ᠦᠢᠯᠡᠰ︾ ᠤᠨ ᠡᠵᠡᠩᠨᠡᠯᠲᠡ ᠶᠢᠨ ᠬᠡᠪ ᠵᠠᠭᠪᠤᠷ ᠢ ᠳᠡᠯᠭᠡᠷᠡᠭᠦᠯᠵᠦ᠂ ᠭᠠᠵᠠᠷ ᠵᠦᠶ ᠶᠢᠨ ᠪᠡᠯᠭᠡ ᠲᠡᠮᠳᠡᠭ ᠤᠨ ᠲᠥᠷᠥᠯ ᠲᠡᠮᠳᠡᠭᠲᠦ ᠶᠢᠨ ᠥᠷᠲᠡᠭ ᠤᠨ ᠳᠡᠭᠡᠭᠰᠢᠯᠡᠯᠲᠡ ᠳᠤ ᠰᠠᠭᠤᠷᠢ ᠲᠠᠯᠪᠢᠵᠤ ᠥᠭᠴᠡᠶ᠃ ᠬᠤᠯᠪᠣᠭᠳᠠᠯ ᠪᠦᠬᠦᠢ ᠠᠵᠤ ᠠᠬᠤᠶᠢᠯᠠᠯ ᠨᠡᠶᠢᠲᠡ 7000 ᠭᠠᠷᠤᠢ ᠲᠦᠮᠡᠨ ᠲᠥᠭᠦᠷᠢᠭ ᠤᠨ ᠳᠠᠨᠵᠢᠯᠠᠭ᠎ᠠ ᠲᠠᠢ ᠪᠡᠯᠡ ᠮᠥᠩᠭᠦ ᠣᠯᠵᠠᠢ᠃ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠵᠢᠱᠢᠵᠦ ᠪᠤᠳᠤᠭᠰᠠᠨ ᠢᠶᠠᠷ᠂ ︽ᠬᠢᠩᠭᠠᠨ ᠠᠶᠢᠮᠠᠭ ᠤᠨ ᠲᠤᠲᠤᠷᠭ᠎ᠠ︾ ᠶᠢᠨ ᠨᠠᠷᠠᠲᠤ ᠲᠡᠮᠳᠡᠭᠲᠦ ᠶᠢᠨ ᠥᠷᠲᠡᠭ ᠨᠢ ᠨᠢᠭᠡᠨᠲᠡ 262.87 ᠳ᠋ᠦᠩᠰᠢᠭᠤᠷ ᠲᠥᠭᠦᠷᠢᠭ ᠲᠤ ᠬᠦᠷᠴᠦ᠂ ᠲᠡᠤᠬᠡ ᠶᠢᠨ ᠰᠢᠨ᠎ᠡ ᠲᠡᠮᠳᠡᠭᠯᠡᠯ ᠢ ᠡᠭᠦᠳᠪᠡ᠃

 

ᠢᠷᠡᠯᠲᠡ᠄ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠡᠷᠡᠭᠯᠡᠯᠲᠡ ᠶᠢ ᠠᠬᠢᠭᠤᠯᠬᠤ ᠭᠠᠵᠠᠷ