︽ᠭᠠᠵᠠᠷ ᠵᠦᠢ ᠶᠢᠨ ᠪᠡᠯᠭᠡ ᠲᠡᠮᠳᠡᠭ ᠢᠶᠠᠷ ᠣᠷᠣᠨ ᠪᠦᠰᠡ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠶ᠎ᠡ︾ ᠭᠡᠬᠦ ᠨᠡᠶᠢᠲᠡᠯᠢᠭ ᠬᠡᠷᠡᠭ ᠤᠨ ᠵᠢᠱᠢᠶ᠎ᠡ — ︽ᠠᠤᠬᠠᠨ ᠤ ᠨᠠᠷᠢᠮᠤ︾ ᠪᠦᠬᠦ ᠳᠡᠯᠡᠬᠡᠢ ᠳᠤ ᠲᠠᠷᠬᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠠᠶᠢᠨ ᠰᠠᠶᠢᠬᠠᠨ ᠬᠠᠭᠤᠳᠠᠰᠤ ᠶᠢ ᠵᠢᠷᠤᠭᠯᠠᠪᠠ
ᠨᠡᠶᠢᠲᠡᠯᠡᠭᠰᠡᠨ ᠴᠠᠭ᠄
2024/8/27

    ᠭᠠᠵᠠᠷ ᠵᠦᠶ ᠶᠢᠨ ᠪᠡᠯᠭᠡ ᠲᠡᠮᠳᠡᠭ ᠢᠶᠠᠷ ᠣᠷᠣᠨ ᠪᠦᠰᠡ ᠶᠢᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠬᠦ ᠶᠢ ᠤᠯᠠᠮ ᠨᠢᠭᠡ ᠠᠯᠬᠤᠮ ᠠᠬᠢᠭᠤᠯᠵᠤ᠂ ᠬᠥᠳᠡᠭᠡ ᠲᠣᠰᠬᠤᠨ ᠤ ᠤᠨᠴᠠᠯᠢᠬᠳᠤ ᠠᠵᠤ ᠦᠢᠯᠡᠰ ᠢᠶᠠᠷ ᠲᠠᠷᠢᠶᠠᠴᠢᠳ ᠢ ᠪᠠᠶᠠᠵᠢᠭᠤᠯᠬᠤ ᠪᠠ ᠨᠠᠷᠠᠲᠤ ᠲᠡᠮᠳᠡᠭᠲᠦ ᠶᠢᠨ ᠠᠵᠤ ᠠᠬᠤᠶ ᠶᠢ ᠠᠬᠢᠭᠤᠯᠵᠤ᠂ ᠭᠠᠵᠠᠷ ᠵᠦᠶ ᠶᠢᠨ ᠪᠡᠯᠭᠡ ᠲᠡᠮᠲᠡᠭ ᠤᠨ ᠪᠦᠲᠦᠭᠡᠭᠳᠡᠬᠦᠨ ᠤ ᠨᠠᠷᠠᠲᠤ ᠲᠡᠮᠳᠡᠭᠲᠦ ᠶᠢᠨ ᠨᠥᠯᠥᠭᠡᠯᠡᠬᠦ ᠬᠦᠴᠦᠨ ᠪᠠ ᠨᠡᠮᠡᠯᠲᠡ ᠥᠷᠲᠡᠭ ᠢ ᠳᠡᠭᠡᠭᠰᠢᠯᠡᠭᠦᠯᠦᠨ᠂ ᠨᠡᠶᠢᠲᠡᠯᠢᠭ ᠲᠤᠷᠰᠢᠯᠭ᠎ᠠ ᠪᠠ ᠰᠢᠯᠢᠳᠡᠭ ᠬᠡᠷᠡᠭ ᠤᠨ ᠵᠢᠱᠢᠶ᠎ᠡ ᠶᠢ ᠴᠠᠭ ᠲᠤᠬᠠᠶ ᠳᠤ ᠨᠢ ᠤᠬᠠᠭᠤᠯᠤᠨ ᠳ᠋ᠦᠩᠨᠡᠬᠦ ᠶᠢᠨ ᠲᠤᠰᠠᠳᠠ᠂ 2024 ᠣᠨ ᠤ 5 ᠳ᠋ᠤᠭᠠᠷ ᠰᠠᠷ᠎ᠠ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠪᠠᠶᠢᠳᠠᠯ ᠠᠴᠠ ᠪᠥᠬᠦ ᠣᠷᠣᠨ ᠳᠤ ︽ᠭᠠᠵᠠᠷ ᠵᠦᠶ ᠶᠢᠨ ᠪᠡᠯᠭᠡ ᠲᠡᠮᠳᠡᠭ ᠢᠶᠠᠷ ᠣᠷᠣᠨ ᠪᠦᠰᠡ ᠶᠢᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠬᠦ︾ ᠨᠡᠶᠢᠲᠡᠯᠢᠭ ᠬᠡᠷᠡᠭ ᠤᠨ ᠵᠢᠱᠢᠶ᠎ᠡ ᠴᠤᠭᠯᠠᠭᠤᠯᠬᠤ ᠠᠵᠢᠯ ᠢ ᠥᠷᠨᠢᠭᠦᠯᠪᠡ᠃ ᠡᠯ᠎ᠡ ᠠᠶᠢᠮᠠᠭ ᠬᠤᠲᠠ ᠶᠢᠨ ᠰᠢᠯᠢᠨ ᠰᠣᠩᠭᠤᠵᠤ ᠲᠠᠨᠢᠯᠴᠠᠭᠤᠯᠬᠤ᠂ ᠲᠤᠰᠬᠠᠶ ᠮᠡᠷᠭᠡᠵᠢᠯᠲᠡᠨ ᠤ ᠰᠢᠯᠭᠠᠷᠠᠭᠤᠯᠤᠯᠲᠠ ᠪᠠᠷ ᠳᠡᠮᠵᠢᠨ᠂ ᠣᠲᠣ ᠥᠪᠥᠷ ᠮᠣᠩᠭᠤᠯ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠣᠯᠠᠨ ᠨᠡᠶᠢᠲᠡ ᠶᠢᠨ ᠳ᠋ᠤᠭᠠᠷ ᠢᠶᠠᠷ ᠳᠠᠮᠵᠢᠭᠤᠯᠤᠨ ᠵᠠᠯᠭᠠᠭ᠎ᠠ ᠪᠠᠷ ᠠᠷᠪᠠᠨ ᠶᠡᠭᠡ ᠨᠡᠶᠢᠲᠡᠯᠢᠭ ᠬᠡᠷᠡᠭ ᠤᠨ ᠵᠢᠱᠢᠶ᠎ᠡ ᠶᠢ ᠨᠡᠶᠢᠲᠡᠯᠡᠵᠦ᠂ ᠰᠤᠷᠤᠯᠴᠠᠵᠤ ᠯᠠᠪᠯᠠᠯᠲᠠ ᠪᠣᠯᠭᠠᠬᠤ ᠳᠤ ᠬᠠᠩᠭᠠᠵᠤ ᠪᠠᠶᠢᠨ᠎ᠠ᠃


1.jpg


    2013 ᠣᠨ ᠤ 5 ᠳ᠋ᠤᠭᠠᠷ ᠰᠠᠷ᠎ᠠ ᠳᠤ᠂ ︽ᠠᠤᠬᠠᠨ ᠤ ᠨᠠᠷᠢᠮᠤ︾ ᠶᠢ ᠤᠤᠯ ᠤᠨ ᠶᠠᠰᠤ ᠴᠢᠨᠠᠷ ᠤᠨ ᠪᠠᠶᠢᠴᠠᠭᠠᠯᠲᠠ ᠶᠢᠨ ᠶᠡᠷᠦᠩᠬᠡᠶ ᠲᠣᠪᠴᠢᠶ᠎ᠠ ᠶᠢᠨ ᠵᠥᠪᠰᠢᠶᠡᠷᠡᠯ ᠢᠶᠠᠷ ᠭᠠᠵᠠᠷ ᠵᠦᠶ ᠶᠢᠨ ᠪᠡᠯᠭᠡ ᠲᠡᠮᠳᠡᠭ ᠢᠶᠠᠷ ᠬᠠᠮᠠᠭᠠᠯᠠᠬᠤ ᠪᠦᠲᠦᠭᠡᠭᠳᠡᠬᠦᠨ ᠳᠤ ᠣᠷᠣᠭᠤᠯᠵᠤ᠂ 2017 ᠣᠨ ᠳᠤ ︽ᠠᠤᠬᠠᠨ ᠤ ᠨᠠᠷᠢᠮᠤ︾ ᠨᠢ ᠭᠠᠵᠠᠷ ᠵᠦᠶ ᠶᠢᠨ ᠪᠡᠯᠭᠡ ᠲᠡᠮᠳᠡᠭ ᠢᠶᠠᠷ ᠭᠡᠷᠡᠴᠢᠯᠡᠬᠦ ᠲᠠᠸᠠᠷ ᠤᠨ ᠲᠡᠮᠲᠡᠭᠲᠦ ᠪᠠᠷ ᠵᠥᠪᠰᠢᠶᠡᠷᠡᠭᠳᠡᠭᠰᠡᠨ ᠪᠠᠶᠢᠨ᠎ᠠ᠃ 10 ᠭᠠᠷᠤᠢ ᠵᠢᠯ ᠤᠨ ᠲᠤᠷᠰᠢ᠂ ᠠᠤᠬᠠᠨ ᠬᠤᠰᠢᠭᠤ ᠭᠠᠵᠠᠷ ᠵᠦᠢ ᠶᠢᠨ ᠪᠡᠯᠭᠡ ᠲᠡᠮᠳᠡᠭ ᠤᠨ ᠪᠦᠲᠦᠭᠡᠭᠳᠡᠬᠦᠨ ᠢ ᠬᠠᠮᠠᠭᠠᠯᠠᠬᠤ ᠪᠠ ᠬᠥᠭᠵᠢᠭᠦᠯᠬᠦ ᠠᠷᠭ᠎ᠠ ᠬᠡᠯᠪᠡᠷᠢ᠂ ᠠᠷᠭ᠎ᠠ ᠬᠡᠮᠵᠢᠶ᠎ᠡ ᠵᠢᠴᠢ ᠠᠷᠭ᠎ᠠ ᠵᠠᠮ ᠢ ᠢᠳᠡᠪᠬᠢᠲᠡᠢ ᠰᠦᠪᠡᠭᠴᠢᠯᠡᠵᠦ᠂ ᠤᠯᠠᠮᠵᠢᠯᠠᠯᠲᠤ ᠠᠵᠤ ᠦᠢᠯᠡᠰ ᠢ ᠳᠠᠪᠠᠭᠤᠯᠢᠭ ᠠᠵᠤ ᠦᠢᠯᠡᠰ ᠪᠣᠯᠭᠠᠵᠤ᠂ ᠥᠷᠭᠡᠨ ᠤᠯᠠᠨ ᠲᠠᠷᠢᠶᠠᠴᠢᠳ ᠲᠤ ᠶᠠᠳᠠᠭᠤ ᠠᠴᠠ ᠠᠩᠭᠢᠵᠢᠷᠠᠭᠤᠯᠤᠨ ᠪᠠᠶᠠᠵᠢᠭᠤᠯᠬᠤ ᠠᠷᠭ᠎ᠠ ᠵᠠᠮ ᠢ ᠡᠷᠢᠵᠦ ᠥᠭᠪᠡ᠃ ᠭᠠᠵᠠᠷ ᠵᠦᠶ ᠶᠢᠨ ᠪᠡᠯᠭᠡ ᠲᠡᠮᠳᠡᠭ ᠤᠨ ᠪᠦᠲᠦᠭᠡᠭᠳᠡᠬᠦᠨ ᠤ ᠨᠥᠯᠥᠭᠡᠯᠡᠬᠦ ᠬᠦᠴᠦᠨ ᠢ ᠭᠦᠢᠴᠡᠳ ᠠᠰᠢᠭᠯᠠᠨ᠂ ᠠᠤᠬᠠᠨ ᠤ ᠨᠠᠷᠢᠮᠤ ᠶᠢ ᠪᠥᠬᠦ ᠤᠯᠤᠰ ᠤᠨ ᠨᠠᠷᠠᠲᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠲᠡᠭᠲᠦ ᠪᠣᠯᠭᠠᠨ ᠪᠤᠶᠢᠵᠢᠭᠤᠯᠵᠤ᠂ ᠣᠲᠣ ︽ᠠᠤᠬᠠᠨ ᠤ ᠨᠠᠷᠢᠮᠤ︾ ᠶᠢ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠲᠠᠷᠢᠶᠠᠯᠠᠩ ᠤᠨ ᠰᠣᠳᠣᠨ ᠪᠦᠲᠦᠭᠡᠭᠳᠡᠬᠦᠨ ᠢ ᠪᠤᠶᠢᠵᠢᠭᠤᠯᠬᠤ ᠲᠥᠯᠥᠪᠯᠡᠭᠡ ᠳᠤ ᠣᠷᠣᠭᠤᠯᠤᠨ᠂ ᠪᠥᠬᠦ ᠤᠯᠤᠰ ᠤᠨ ᠲᠠᠷᠢᠶᠠᠯᠠᠩ ᠤᠨ ᠦᠯᠡᠳᠡᠭᠳᠡᠯ ᠰᠢᠯᠢᠳᠡᠭ ᠪᠦᠲᠦᠭᠡᠭᠳᠡᠬᠦᠨ ᠤ ᠠᠷᠪᠠᠨ ᠰᠢᠯᠢᠳᠡᠭ ᠨᠠᠷᠠᠲᠤ ᠲᠡᠮᠲᠡᠭᠲᠦ ᠶᠢ ᠣᠯᠵᠤ᠂ ᠠᠤᠬᠠᠨ ᠤ ᠨᠠᠷᠢᠮᠤ ᠶᠢᠨ ᠨᠠᠷᠠᠲᠤ ᠲᠡᠮᠳᠡᠭᠲᠦ ᠶᠢᠨ ᠥᠷᠲᠡᠭ ᠨᠢ 273 ᠳ᠋ᠦᠩᠰᠢᠭᠤᠷ ᠲᠥᠭᠦᠷᠢᠭ ᠲᠤ ᠬᠦᠷᠴᠦ᠂ ᠠᠤᠬᠠᠨ ᠤ ᠨᠠᠷᠢᠮᠤ ᠶᠢᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭᠲᠦ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠳᠤᠮᠳᠠᠬᠢ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠳᠤ ᠴᠢᠬᠤᠯᠠ ᠦᠢᠯᠡᠳᠦᠯ ᠦᠵᠡᠭᠦᠯᠪᠡ᠃


2.jpg


    ᠭᠠᠵᠠᠷ ᠵᠦᠶ ᠶᠢᠨ ᠪᠡᠯᠭᠡ ᠲᠡᠮᠳᠡᠭ ᠤᠨ ᠪᠦᠲᠦᠭᠡᠭᠳᠡᠬᠦᠨ ᠤ ᠶᠠᠰᠤ ᠴᠢᠨᠠᠷ ᠢ ᠪᠠᠲᠤᠯᠠᠬᠤ ᠶᠢᠨ ᠲᠤᠰᠠᠳᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠤᠨ ᠲᠦᠷᠦᠭᠦᠯᠡᠨ ᠬᠡᠷᠡᠭᠵᠢᠭᠦᠯᠦᠭᠰᠡᠨ ᠢᠶᠠᠷ ᠠᠤᠬᠠᠨ ᠬᠤᠰᠢᠭᠤ ︽ᠠᠤᠬᠠᠨ ᠬᠤᠰᠢᠭᠤᠨ ᠤ ᠭᠠᠵᠠᠷ ᠵᠦᠶ ᠶᠢᠨ ᠪᠡᠯᠭᠡ ᠲᠡᠮᠳᠡᠭ ᠤᠨ ᠪᠦᠲᠦᠭᠡᠭᠳᠡᠬᠦᠨ ᠢ ᠬᠠᠮᠠᠭᠠᠯᠠᠨ ᠬᠠᠮᠢᠶᠠᠷᠬᠤ ᠠᠷᠭ᠎ᠠ︾᠂ ︽ᠠᠤᠬᠠᠨ ᠤ ᠨᠠᠷᠢᠮᠤ ᠶᠢᠨ ᠤᠯᠤᠰ ᠤᠨ ᠭᠠᠵᠠᠷ ᠵᠦᠶ ᠶᠢᠨ ᠪᠡᠯᠭᠡ ᠲᠡᠮᠳᠡᠭ ᠤᠨ ᠲᠤᠰᠬᠠᠶ ᠲᠡᠮᠳᠡᠭᠲᠦ ᠪᠠᠷ ᠦᠢᠯᠡᠳᠪᠦᠷᠢᠯᠡᠬᠦ ᠬᠠᠮᠢᠶᠠᠷᠤᠯᠲᠠ ᠶᠢᠨ ᠵᠢᠷᠤᠮᠵᠢᠯ︾ ᠵᠡᠷᠭᠡ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠵᠠᠯᠭᠠᠭ᠎ᠠ ᠪᠠᠷ ᠳᠠᠷᠤᠮᠠᠯᠯᠠᠨ ᠲᠠᠷᠬᠠᠭᠠᠵᠤ᠂ ᠠᠤᠬᠠᠨ ᠤ ᠨᠠᠷᠢᠮᠤ ᠶᠢᠨ ᠭᠠᠵᠠᠷ ᠵᠦᠶ ᠶᠢᠨ ᠪᠡᠯᠭᠡ ᠲᠡᠮᠳᠡᠭ ᠤᠨ ᠪᠦᠲᠦᠭᠡᠭᠳᠡᠬᠦᠨ ᠤ ᠥᠷᠢᠰᠥᠯᠳᠦᠬᠦ ᠬᠦᠴᠦᠨ ᠢ ᠪᠦᠲᠦᠮᠵᠢᠲᠡᠶ ᠳᠡᠭᠡᠭᠰᠢᠯᠡᠭᠦᠯᠪᠡ᠃

    ᠤᠯᠠᠭᠠᠨᠬᠠᠳᠠ ᠬᠤᠲᠠ᠂ ᠠᠤᠬᠠᠨ ᠬᠤᠰᠢᠭᠤ ᠬᠤᠶᠠᠷ ᠱᠠᠲᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ︽ᠠᠤᠬᠠᠨ ᠤ ᠨᠠᠷᠢᠮᠤ︾ ᠶᠢᠨ ᠭᠠᠵᠠᠷ ᠵᠦᠶ ᠶᠢᠨ ᠪᠡᠯᠭᠡ ᠲᠡᠮᠳᠡᠭ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠳᠤ ᠬᠦᠴᠦᠨ ᠨᠡᠮᠡᠷᠢᠯᠡᠬᠦ ᠶᠢ ᠢᠳᠡᠪᠬᠢᠲᠡᠶ ᠠᠬᠢᠭᠤᠯᠪᠠ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠴᠢᠷᠮᠠᠶᠢᠯᠭ᠎ᠠ ᠪᠠᠷ᠂ ︽ᠠᠤᠬᠠᠨ ᠤ ᠨᠠᠷᠢᠮᠤ︾ ᠨᠢ ᠤᠯᠤᠰ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠲᠣᠪᠴᠢᠶ᠎ᠠ ᠶᠢᠨ ᠠᠩᠬᠠᠳᠠᠭᠴᠢ ᠪᠦᠯᠦᠭ ᠭᠠᠵᠠᠷ ᠵᠦᠶ ᠶᠢᠨ ᠪᠡᠯᠭᠡ ᠲᠡᠮᠳᠡᠭ ᠤᠨ ᠭᠤᠤᠯᠳᠠᠯᠭ᠎ᠠ ᠲᠠᠢ ᠬᠠᠷᠢᠯᠴᠠᠵᠤ ᠵᠢᠭᠠᠨ ᠵᠢᠯᠣᠭᠤᠳᠬᠤ ᠨᠡᠷᠡᠰ ᠤᠨ ᠵᠢᠭᠰᠠᠭᠠᠯᠲᠠ ᠳᠤ ᠠᠮᠵᠢᠯᠲᠠ ᠲᠠᠢ ᠪᠠᠷ ᠰᠣᠩᠭᠤᠭᠳᠠᠵᠤ᠂ ᠥᠪᠥᠷ ᠮᠣᠩᠭᠤᠯ ᠤᠨ ᠭᠠᠵᠠᠷ ᠵᠦᠶ ᠶᠢᠨ ᠪᠡᠯᠭᠡ ᠲᠡᠮᠳᠡᠭ ᠤᠨ ᠬᠡᠷᠡᠭᠯᠡᠯᠲᠡ ᠶᠢ ᠠᠬᠢᠭᠤᠯᠬᠤ ᠢᠨᠵᠧᠨᠧᠷᠢᠩ ᠤᠨ ᠲᠥᠷᠥᠯ ᠵᠦᠢᠯ ᠤᠨ ᠰᠢᠯᠭᠠᠨ ᠠᠪᠬᠤ ᠶᠢ ᠤᠷᠤᠭᠰᠢᠲᠠᠶ ᠥᠩᠭᠡᠷᠡᠭᠦᠯᠪᠡ᠃ ᠠᠤᠬᠠᠨ ᠬᠤᠰᠢᠭᠤᠨ ᠤ ᠨᠠᠷᠢᠮᠤ ᠶᠢᠨ ᠠᠵᠤ ᠦᠢᠯᠡᠰ ᠤᠨ ︽ᠬᠥᠲᠥᠴᠢ ᠠᠵᠤ ᠠᠬᠤᠶᠢᠯᠠᠯ + ᠬᠤᠷᠰᠢᠶᠠᠵᠢᠯ + ᠰᠠᠭᠤᠷᠢᠨ ᠭᠠᠵᠠᠷ︾ ᠤᠨ ᠠᠷᠭ᠎ᠠ ᠮᠠᠶ᠋ᠢᠭ ᠢ ᠬᠠᠶᠢᠨ ᠰᠦᠪᠡᠭᠴᠢᠯᠡᠵᠦ ᠦᠢᠯᠡᠳᠪᠦᠷᠢᠯᠡᠯ ᠪᠣᠷᠣᠯᠠᠭᠤᠯᠭ᠎ᠠ ᠶᠢ ᠵᠣᠯᠭᠠᠭᠤᠯᠬᠤ ᠶᠢ ᠠᠬᠢᠭᠤᠯᠵᠤ᠂ ᠣᠳᠣᠬᠠᠨ ᠳᠤ ᠠᠤᠬᠠᠨ ᠬᠤᠰᠢᠭᠤᠨ ᠤ ᠨᠠᠷᠢᠮᠤ ᠳᠠᠷᠢᠬᠤ ᠲᠠᠯᠠᠪᠠᠶ 100 ᠲᠦᠮᠡᠨ ᠮᠥ ᠶᠢ ᠲᠣᠭᠲᠠᠪᠤᠷᠢᠵᠢᠭᠤᠯᠵᠤ᠂ ᠣᠲᠣ ᠨᠠᠷᠢᠮᠤ ᠦᠢᠯᠡᠳᠪᠦᠷᠢᠯᠡᠵᠦ ᠡᠳ᠋ᠰᠢᠭᠦᠯᠬᠦ ᠬᠥᠲᠥᠴᠢ ᠠᠵᠤ ᠠᠬᠤᠶᠢᠯᠠᠯ 34 ᠪᠠᠶᠢᠵᠤ᠂ ᠨᠠᠷᠢᠮᠤ ᠶᠢᠨ ᠠᠵᠤ ᠦᠢᠯᠡᠰ ᠢᠶᠠᠷ ᠤᠳᠤᠷᠢᠳᠤᠮᠵᠢ ᠪᠣᠯᠭᠠᠭᠰᠠᠨ ᠵᠢᠱᠢᠶ᠎ᠡ ᠦᠵᠡᠭᠦᠯᠬᠦ ᠬᠤᠷᠰᠢᠶᠠᠵᠢᠯ 13 ᠪᠠᠶᠢᠵᠤ᠂ 2023 ᠣᠨ ᠳᠤ ᠪᠥᠬᠦ ᠬᠤᠰᠢᠭᠤᠨ ᠤ ᠨᠠᠷᠢᠮᠤ ᠶᠢᠨ ᠠᠵᠤ ᠦᠢᠯᠡᠰ ᠢᠶᠠᠷ ᠤᠳᠤᠷᠢᠳᠤᠮᠵᠢ ᠪᠣᠯᠭᠠᠭᠰᠠᠨ ᠵᠢᠱᠢᠶ᠎ᠡ ᠦᠵᠡᠭᠦᠯᠬᠦ ᠬᠤᠷᠰᠢᠶᠠᠵᠢᠯ 510 ᠡᠷᠦᠬᠡ᠂ 500 ᠮᠥ ᠠᠴᠠ ᠳᠡᠭᠡᠭᠰᠢᠬᠢ ᠲᠠᠷᠢᠮᠠᠯ ᠤᠨ ᠲᠣᠮᠣ ᠡᠷᠦᠬᠡ 120 ᠡᠷᠦᠬᠡ᠂ ᠮᠢᠩᠭᠠᠨ ᠮᠥ ᠠᠴᠠ ᠳᠡᠭᠡᠭᠰᠢᠬᠢ ᠲᠠᠷᠢᠮᠠᠯ ᠤᠨ ᠲᠣᠮᠣ ᠡᠷᠦᠬᠡ 30 ᠪᠠᠶᠢᠵᠤ᠂ ᠬᠡᠪᠴᠢᠶᠡᠵᠢᠭᠦᠯᠦᠨ ᠳᠠᠷᠢᠬᠤ ᠲᠠᠯᠠᠪᠠᠶ ᠨᠢᠭᠡᠨᠲᠡ 25 ᠲᠦᠮᠡᠨ ᠮᠥ ᠶᠢ ᠳᠠᠪᠠᠪᠠ᠃ ᠪᠦᠬᠦ ᠬᠤᠰᠢᠭᠤᠨ ᠤ ᠨᠠᠷᠢᠮᠤ ᠶᠢᠨ ᠠᠵᠤ ᠦᠢᠯᠡᠰ ᠨᠢ ᠣᠷᠣᠨ ᠪᠦᠰᠡᠴᠢᠯᠡᠭᠰᠡᠨ ᠲᠠᠷᠢᠮᠠᠯ᠂ ᠰᠠᠭᠤᠷᠢᠨᠵᠢᠭᠤᠯᠤᠭᠰᠠᠨ ᠦᠢᠯᠡᠳᠪᠦᠷᠢᠯᠡᠯ᠂ ᠬᠡᠪᠴᠢᠶᠡᠵᠢᠭᠰᠡᠨ ᠬᠠᠮᠢᠶᠠᠷᠤᠯᠲᠠ᠂ ᠵᠣᠬᠢᠶᠠᠨ ᠪᠠᠶᠢᠭᠤᠯᠤᠯᠴᠠᠭᠰᠠᠨ ᠡᠵᠡᠩᠨᠡᠯᠲᠡ ᠶᠢᠨ ᠰᠢᠨ᠎ᠡ ᠪᠠᠶᠢᠷᠢᠰᠢᠯ ᠢ ᠪᠦᠷᠢᠯᠳᠦᠭᠦᠯᠵᠦ᠂ ᠬᠦᠲᠦᠴᠢ ᠠᠵᠤ ᠠᠬᠤᠶᠢᠯᠠᠯ ᠤᠨ ᠵᠠᠬ᠎ᠠ ᠳᠡᠯᠭᠡᠭᠦᠷ ᠪᠣᠯᠬᠤ᠂ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠦᠢᠯᠡᠳᠪᠦᠷᠢᠯᠡᠯ ᠢ ᠠᠳᠬᠤᠬᠤ᠂ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠦᠢᠯᠡᠴᠢᠯᠡᠭᠡ ᠶᠢ ᠬᠢᠬᠦ ᠶᠢ ᠪᠡᠶᠡᠯᠡᠭᠦᠯᠵᠦ᠂ ᠬᠠᠮᠲᠤ ᠪᠠᠷ ᠲᠠᠷᠢᠶᠠᠴᠢᠳ ᠢ ᠳᠠᠭᠠᠭᠤᠯᠤᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠬᠤ ᠪᠦᠷᠢᠨ ᠪᠦᠲᠦᠨ ᠠᠵᠤ ᠦᠢᠯᠡᠰ ᠤᠨ ᠬᠡᠯᠬᠢᠶ᠎ᠡ ᠶᠢ ᠪᠡᠶᠡᠯᠡᠭᠦᠯᠵᠦ᠂ ᠨᠠᠷᠢᠮᠤ ᠶᠢᠨ ᠠᠵᠤ ᠦᠢᠯᠡᠰ ᠨᠢ ᠲᠤᠬᠠᠶ ᠶᠢᠨ ᠭᠠᠵᠠᠷ ᠤᠨ ᠲᠠᠷᠢᠶᠠᠯᠠᠩ ᠤᠨ ᠤᠨᠴᠠᠯᠢᠭᠳᠤ ᠳᠠᠪᠠᠭᠤᠯᠢᠭ ᠠᠵᠤ ᠦᠢᠯᠡᠰ ᠪᠣᠯᠤᠭᠰᠠᠨ ᠪᠥᠭᠡᠳ ᠠᠷᠠᠳ ᠢ ᠪᠠᠶᠠᠵᠢᠭᠤᠯᠤᠨ ᠬᠤᠰᠢᠭᠤ ᠶᠢ ᠬᠦᠴᠦᠷᠬᠡᠭᠵᠢᠭᠦᠯᠬᠦ ᠭᠤᠤᠯᠯᠠᠬᠤ ᠠᠵᠤ ᠦᠢᠯᠡᠰ ᠪᠣᠯᠤᠭᠰᠠᠨ ᠪᠠᠶᠢᠨ᠎ᠠ᠃

    ︽ᠳᠤᠮᠳᠠᠳᠤ ᠤᠯᠤᠰ ᠤᠨ ᠦᠨᠦᠷ ᠠᠮᠲᠠ ᠶᠢ ᠭᠠᠷᠭᠠᠬᠤ︾ ᠵᠠᠷ ᠮᠡᠳᠡᠭᠡᠨ ᠤ ᠦᠭᠡ ᠶᠢᠨ ᠬᠥᠮᠦᠨ ᠤ ᠰᠡᠳᠭᠢᠯ ᠳᠤ ᠣᠷᠣᠬᠤ ᠶᠢ ᠳᠠᠭᠠᠯᠳᠤᠨ᠂ ᠠᠤᠬᠠᠨ ᠤ ᠨᠠᠷᠢᠮᠤ ᠴᠦ ᠤᠯᠠᠮ ᠠᠴᠠ ᠤᠯᠠᠮ ᠥᠷᠭᠡᠨ ᠣᠯᠠᠨ ᠬᠡᠷᠡᠭᠯᠡᠭᠴᠢᠳ ᠲᠤ ᠮᠡᠳᠡᠷᠡᠭᠳᠡᠵᠦ ᠪᠣᠢ᠃ ᠣᠳᠣᠬᠠᠨ ᠳᠤ᠂ ᠠᠤᠬᠠᠨ ᠤ ᠨᠠᠷᠢᠮᠤ ᠶᠢᠨ ᠪᠣᠷᠣᠯᠠᠭᠤᠯᠭ᠎ᠠ ᠶᠢᠨ ᠰᠦᠯᠵᠢᠶ᠎ᠡ ᠨᠢ ᠨᠢᠭᠡᠨᠲᠡ ᠪᠥᠬᠦ ᠤᠯᠤᠰ ᠤᠨ ᠬᠤᠶᠠᠳᠤᠭᠠᠷ ᠭᠤᠷᠪᠠᠳᠤᠭᠠᠷ ᠱᠤᠭᠤᠮ ᠠᠴᠠ ᠳᠡᠭᠡᠭᠰᠢᠬᠢ ᠬᠤᠲᠠ ᠶᠢ ᠬᠠᠮᠤᠷᠤᠭᠰᠠᠨ ᠪᠥᠭᠡᠳ ᠶᠠᠫᠤᠨ᠂ ᠺᠣᠷᠢᠶᠠ᠂ ᠵᠡᠭᠦᠨ ᠡᠮᠦᠨᠡᠲᠦ ᠠᠽᠢᠶ᠎ᠠ ᠶᠢᠨ ᠭᠠᠵᠠᠷ ᠣᠷᠣᠨ ᠳᠤ ᠪᠣᠷᠣᠯᠠᠭᠤᠯᠤᠭᠳᠠᠵᠤ᠂ ᠪᠠᠰᠠ ᠠᠤᠬᠠᠨ ᠤ ᠨᠠᠷᠢᠮᠤ ᠶᠢᠨ ᠲᠢᠶᠠᠨ ᠮᠤᠤ ᠠᠯᠪᠠᠨ ᠤ ᠲᠠᠯ᠎ᠠ ᠶᠢᠨ ᠬᠤᠰᠢᠭᠤᠴᠢ ᠳᠡᠯᠭᠡᠭᠦᠷ᠂ ᠵᠢᠩ ᠳ᠋ᠦᠩ ᠬᠠᠭᠤᠷᠠᠶ ᠲᠠᠷᠢᠶᠠᠨ ᠤ ᠲᠠᠷᠢᠶᠠᠯᠠᠩ ᠤᠨ ᠥᠪ ᠤᠨ ᠣᠷᠳᠣᠨ ᠢ ᠨᠡᠭᠡᠭᠡᠵᠦ᠂ ︽ᠠᠤᠬᠠᠨ ᠤ ᠨᠠᠷᠢᠮᠤ ᠶᠢᠨ ᠪᠥᠬᠦ ᠳᠡᠯᠡᠬᠡᠶ ᠳᠠᠬᠢ ᠠᠯᠳᠠᠷᠰᠢᠯ︾ ᠢ ᠦᠨᠡᠨ ᠬᠦ ᠪᠡᠶᠡᠯᠡᠭᠦᠯᠪᠡ᠃

 

ᠢᠷᠡᠯᠲᠡ᠄ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠡᠷᠡᠭᠯᠡᠯᠲᠡ ᠶᠢ ᠠᠬᠢᠭᠤᠯᠬᠤ ᠭᠠᠵᠠᠷ