ᠬᠥᠬᠡᠬᠤᠲᠠ ᠶᠢᠨ ᠰᠠᠶᠢᠬᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ︽ᠵᠢᠵᠢᠭ ᠪᠢᠴᠢᠯ ᠠᠵᠤ ᠠᠬᠤᠶᠢᠯᠠᠯ ᠤᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠭᠤᠷᠪᠠᠨ ᠵᠢᠯ ᠤᠨ ᠦᠰᠦᠨ ᠪᠤᠶᠢᠵᠢᠬᠤ ᠲᠥᠯᠥᠪᠯᠡᠭᠡ︾ ᠶᠢ ᠭᠦᠨᠵᠡᠭᠡᠶ ᠳᠥᠯᠭᠢᠨ ᠠᠬᠢᠭᠤᠯᠪᠠ
ᠨᠡᠶᠢᠲᠡᠯᠡᠭᠰᠡᠨ ᠴᠠᠭ᠄
2024/8/27

    ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠵᠢᠭ ᠪᠢᠴᠢᠯ ᠠᠵᠤ ᠠᠬᠤᠶᠢᠯᠠᠯ ᠤᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠭᠤᠷᠪᠠᠨ ᠵᠢᠯ ᠤᠨ ᠦᠰᠦᠨ ᠪᠤᠶᠢᠵᠢᠬᠤ ᠲᠥᠯᠥᠪᠯᠡᠭᠡ ︵2023 — 2025 ᠣᠨ︶︾ ᠶᠢ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ ᠬᠥᠬᠡᠬᠤᠲᠠ ᠶᠢᠨ ᠰᠠᠶᠢᠬᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠤᠯᠪᠣᠭᠳᠠᠯ ᠪᠦᠬᠦᠢ ᠠᠵᠢᠯ ᠤᠨ ᠱᠠᠭᠠᠷᠳᠠᠯᠭ᠎ᠠ ᠶᠢ ᠦᠨᠳᠦᠰᠦᠯᠡᠨ ᠬᠠᠷᠢᠶ᠎ᠠ ᠣᠷᠣᠨ ᠤ ᠪᠣᠳᠠᠲᠠᠢ ᠲᠠᠢ ᠪᠠᠨ ᠤᠶᠠᠯᠳᠤᠭᠤᠯᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠪᠠ ᠵᠢᠵᠢᠭ ᠪᠢᠴᠢᠯ ᠠᠵᠤ ᠠᠬᠤᠶᠢᠯᠠᠯ ᠤᠨ ᠡᠷᠡᠭᠦᠯ ᠪᠥᠭᠡᠳ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠪᠠ᠃

    ᠨᠢᠭᠡ ᠳᠤ᠂ ᠦᠢᠯᠡᠴᠢᠯᠡᠭᠡᠨ ᠤ ᠦᠷ᠎ᠡ ᠪᠦᠲᠦᠮᠵᠢ ᠶᠢ ᠴᠢᠩᠭᠠᠷᠠᠭᠤᠯᠵᠤ᠂ ᠪᠦᠷᠢᠳᠬᠡᠨ ᠳᠠᠩᠰᠠᠯᠠᠬᠤ ᠶᠢ ᠰᠢᠯᠢᠳᠡᠭᠵᠢᠭᠦᠯᠪᠡ᠃ ︽ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠨᠠᠵᠠᠭᠠᠶ ᠲᠠᠯ᠎ᠠ ᠶᠢᠨ ᠨᠠᠷᠢᠨ ᠳᠠᠩᠰᠠ ︾ ︽ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ ᠳᠠᠩᠰᠠ ︾ ᠶᠢᠨ ᠲᠦᠷᠢᠮ ᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠣᠷᠤᠬᠤ ᠶᠢ ᠵᠥᠪᠰᠢᠶᠡᠷᠡᠬᠦ᠂ ᠡᠵᠡᠩᠨᠡᠯᠲᠡ ᠶᠢ ᠵᠥᠪᠰᠢᠶᠡᠷᠡᠬᠦ᠂ ᠦᠢᠯᠡᠴᠢᠯᠡᠬᠦ᠂ ᠪᠤᠴᠠᠭᠠᠨ ᠭᠠᠷᠭᠠᠬᠤ︾ ᠡᠯ᠎ᠡ ᠭᠤᠭᠴᠤᠭ᠎ᠠ ᠳᠤ ᠭᠤᠣᠯᠳᠠᠯᠭ᠎ᠠ ᠲᠠᠢ ᠪᠠᠷ ᠠᠩᠬᠠᠷᠤᠯ ᠢᠶᠠᠨ ᠲᠥᠪᠯᠡᠷᠡᠭᠦᠯᠵᠦ᠂ ᠭᠠᠷᠳᠠᠮ ᠢ ᠬᠦᠴᠦᠯᠡᠨ ᠳᠥᠭᠦᠮᠴᠢᠯᠡᠵᠦ᠂ ᠭᠦᠢᠴᠡᠳᠬᠡᠬᠦ ᠴᠠᠭ ᠢ ᠪᠣᠭᠤᠨᠢᠰᠬᠠᠪᠠ᠃ ᠡᠯ᠎ᠡ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ ᠤᠨ ᠬᠡᠷᠡᠭ ᠡᠷᠬᠢᠯᠡᠬᠦ ᠶᠡᠭᠡ ᠲᠢᠩᠬᠢᠮ ᠳᠤ ︽ᠬᠥᠲᠥᠯᠥᠨ ᠵᠢᠯᠣᠭᠤᠳᠴᠤ ᠬᠠᠪᠰᠤᠷᠤᠨ ᠭᠦᠢᠴᠡᠳᠬᠡᠬᠦ ᠵᠥᠪᠯᠡᠯᠭᠡ ᠥᠭᠬᠦ ᠲᠠᠪᠴᠠᠩ︾ ᠢ ᠪᠠᠶᠢᠭᠤᠯᠵᠤ᠂ ᠲᠤᠰᠬᠠᠶ ᠬᠥᠮᠦᠨ ᠲᠣᠬᠢᠷᠠᠭᠤᠯᠤᠨ ᠪᠦᠷᠢᠳᠬᠡᠨ ᠳᠠᠩᠰᠠᠯᠠᠬᠤ ᠵᠦᠢᠯᠡᠰ ᠢ ᠭᠦᠢᠴᠡᠳᠬᠡᠬᠦ ᠣᠯᠠᠨ ᠲᠦᠮᠡᠨ ᠳᠤ ᠵᠥᠪᠯᠡᠯᠭᠡ ᠥᠭᠬᠦ᠂ ᠬᠠᠪᠰᠤᠷᠤᠨ ᠭᠦᠢᠴᠡᠳᠬᠡᠬᠦ ᠦᠢᠯᠡᠴᠢᠯᠡᠭᠡ ᠬᠠᠩᠭᠠᠵᠤ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠳᠤ ᠨᠠᠩ ᠲᠥᠬᠦᠮ᠂ ᠨᠠᠩ ᠴᠢᠨᠠᠷ ᠰᠠᠶᠢᠲᠠᠶ ᠬᠡᠷᠡᠭ ᠡᠷᠬᠢᠯᠡᠬᠦ ᠪᠡᠶᠡᠴᠢ ᠣᠶᠢᠯᠠᠭᠠᠯᠲᠠ ᠶᠢ ᠬᠠᠩᠭᠠᠪᠠ᠃ ᠡᠨᠡ ᠵᠢᠯ ᠤᠨ 6 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ︽12345︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠤᠲᠠᠰᠤᠨ ᠤ ᠠᠵᠢᠯ ᠤᠨ ᠬᠠᠭᠤᠳᠠᠰᠤ ᠵᠢᠴᠢ 23 ᠬᠡᠮᠡᠷᠯᠢᠭ ᠲᠤᠭ ᠢ ᠵᠠᠯᠭᠠᠭ᠎ᠠ ᠪᠠᠷ ᠭᠥᠯᠢᠶᠡᠨ ᠠᠪᠴᠠᠶ᠃

    ᠬᠤᠶᠠᠷ ᠲᠤ᠂ ᠤᠨᠢᠨ ᠳᠡᠭᠡᠷ᠎ᠡ ᠨᠢ ᠬᠠᠪᠰᠤᠷᠤᠨ ᠲᠡᠳᠬᠦᠬᠦ ᠶᠢ ᠴᠢᠩᠭᠠᠷᠠᠭᠤᠯᠵᠤ ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠪᠠ᠃ ᠠᠵᠤ ᠠᠬᠤᠶᠢᠯᠠᠯ ᠢ ᠲᠤᠰᠠᠯᠠᠬᠤ ᠲᠠᠪᠴᠠᠩ ᠤᠨ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠵᠦ᠂ ︽ᠥᠪᠥᠷ ᠮᠣᠩᠭᠤᠯ ᠠᠵᠤ ᠠᠬᠤᠶᠢᠯᠠᠯ ᠢ ᠨᠡᠪᠲᠡᠷᠡᠭᠦᠯᠬᠦ ︾ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ ᠢ ᠳᠡᠯᠭᠡᠷᠡᠭᠦᠯᠦᠨ ᠦᠢᠯᠡᠴᠢᠯᠡᠬᠦ ᠶᠢ ᠦᠷᠭᠦᠯᠵᠢᠯᠡᠨ ᠥᠷᠨᠢᠭᠦᠯᠵᠦ᠂ ᠠᠵᠤ ᠠᠬᠤᠶᠢᠯᠠᠯ ᠤᠨ ᠬᠦᠰᠡᠯ ᠱᠠᠭᠠᠷᠳᠠᠯᠭ᠎ᠠ ᠶᠢ ᠴᠠᠭ ᠲᠤᠬᠠᠢ ᠳᠤ ᠨᠢ ᠰᠢᠢᠳᠪᠦᠷᠢᠯᠡᠨ᠂ ᠠᠵᠤ ᠠᠬᠤᠶᠢᠯᠠᠯ ᠤᠨ ᠡᠵᠡᠩᠨᠡᠯᠲᠡ ᠬᠥᠭᠵᠢᠯᠲᠡ ᠶᠢᠨ ᠣᠷᠴᠢᠨ ᠲᠣᠭᠤᠷᠢᠨ ᠶᠠᠭ ᠲᠠᠰᠤᠷᠠᠯᠲᠠ ᠦᠭᠡᠢ ᠰᠢᠯᠢᠳᠡᠭᠵᠢᠵᠦ᠂ 6 ᠳ᠋ᠤᠭᠠᠷ ᠰᠠᠷ᠎ᠠ ᠪᠣᠯᠲᠠᠯ᠎ᠠ᠂ ︽ᠥᠪᠥᠷ ᠮᠣᠩᠭᠤᠯ ᠠᠵᠤ ᠠᠬᠤᠶᠢᠯᠠᠯ ᠢ ᠨᠡᠪᠲᠡᠷᠡᠭᠦᠯᠬᠦ︾ ᠲᠠᠪᠴᠠᠩ ᠤᠨ ᠢᠯᠡᠷᠡᠭᠰᠡᠨ ᠶᠤᠰᠤᠭᠠᠷ᠂ ᠰᠠᠶᠢᠬᠠᠨ ᠲᠣᠭᠤᠷᠢᠭ ᠲᠤ ︽ᠥᠪᠥᠷ ᠮᠣᠩᠭᠤᠯ ᠠᠵᠤ ᠠᠬᠤᠶᠢᠯᠠᠯ ᠢ ᠨᠡᠪᠲᠡᠷᠡᠭᠦᠯᠬᠦ︾ ᠡᠵᠡᠩᠨᠡᠯᠲᠡ ᠶᠢᠨ ᠭᠤᠣᠯ ᠴᠣᠭᠴᠠ 17769 ᠪᠠᠶᠢᠵᠤ᠂ ᠳᠠᠩᠰᠠᠯᠠᠭᠤᠯᠤᠭᠰᠠᠨ ᠬᠡᠮᠵᠢᠶ᠎ᠡ ᠨᠢ ᠬᠥᠬᠡᠬᠤᠲᠠ ᠳᠤ ᠨᠢᠭᠡᠳᠦᠭᠡᠷ ᠲᠤ ᠵᠢᠭᠰᠠᠭᠠᠭᠳᠠᠪᠠ︔ ᠠᠵᠤ ᠠᠬᠤᠶᠢᠯᠠᠯ ᠳᠤ 206 ᠬᠤᠪᠢ ᠭᠤᠮᠣᠳᠠᠯ ᠱᠠᠭᠠᠷᠳᠠᠯᠭ᠎ᠠ ᠶᠢ ᠮᠡᠳᠡᠭᠦᠯᠵᠦ᠂ ᠰᠢᠢᠳᠪᠦᠷᠢᠯᠡᠭᠰᠡᠨ ᠨᠤᠷᠮ᠎ᠠ ᠨᠢ 100% ᠳᠤ ᠬᠦᠷᠴᠦ ᠂ ᠰᠠᠶᠢᠨ ᠦᠨᠡᠯᠡᠯᠲᠡ ᠶᠢᠨ ᠨᠣᠷᠮ᠎ᠠ ᠨᠢ 100% ᠳᠤ ᠬᠦᠷᠴᠡᠢ ᠃ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠠᠭᠤᠴᠢ ᠦᠢᠯᠡᠴᠢᠯᠡᠭᠡᠨ ᠤ ᠰᠦᠢᠳᠭᠡᠯ ᠬᠤᠷᠢᠶᠠᠬᠤ᠂ ᠠᠵᠢᠯ ᠲᠥᠷᠥᠯ ᠤᠨ ᠨᠡᠶᠢᠭᠡᠮᠯᠢᠭ ᠤᠨ ᠰᠦᠢᠳᠭᠡᠯ ᠬᠤᠷᠢᠶᠠᠬᠤ ᠲᠤᠰᠬᠠᠶ ᠪᠠᠶᠢᠴᠠᠭᠠᠯᠲᠠ ᠶᠢ ᠦᠷᠭᠦᠯᠵᠢᠯᠡᠨ ᠭᠦᠨᠵᠡᠭᠡᠶ ᠥᠷᠨᠢᠭᠦᠯᠪᠡ᠃ ᠣᠳᠣᠬᠠᠨ ᠳᠤ᠂ ᠵᠠᠭᠤᠴᠢ ᠪᠠᠶᠢᠭᠤᠯᠤᠮᠵᠢ᠂ ᠠᠵᠢᠯ ᠲᠥᠷᠥᠯ ᠤᠨ ᠨᠡᠶᠢᠭᠡᠮᠯᠢᠭ ᠢ ᠨᠡᠶᠢᠲᠡ 6 ᠪᠠᠶᠢᠴᠠᠭᠠᠵᠤ᠂ 1 ᠵᠢᠷᠤᠮᠵᠢᠭᠤᠨ ᠰᠦᠢᠳᠬᠡᠯ ᠬᠤᠷᠢᠶᠠᠬᠤ ᠶᠢ ᠨᠡᠶᠢᠲᠡᠯᠡᠵᠦ᠂ ᠦᠨ᠎ᠡ ᠬᠠᠩᠰᠢ ᠶᠢᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠢᠯᠡᠷᠡᠭᠦᠯᠦᠭᠰᠡᠨ ᠦᠭᠡᠢ᠃ ᠨᠡᠶᠢᠲᠡ ᠶᠢᠨ ᠥᠮᠴᠢᠯᠡᠯ ᠤᠨ ᠪᠤᠰᠤ ᠨᠠᠮ ᠤᠨ ᠪᠠᠶᠢᠭᠤᠯᠤᠯᠲᠠ ᠶᠢᠨ ᠵᠣᠬᠢᠶᠠᠨ ᠪᠠᠶᠢᠭᠤᠯᠤᠯᠲᠠ ᠶᠢᠨ ᠠᠮᠢᠵᠢᠷᠠᠯ ᠤᠨ ᠬᠦᠴᠦᠨ ᠢ ᠬᠥᠭᠵᠢᠭᠡᠵᠦ᠂ ︽ᠵᠢᠵᠢᠭ ᠬᠤᠪᠢ ᠶᠢᠨ ᠲᠤᠰᠬᠠᠶᠢᠵᠢᠭᠰᠠᠨ︾ 14 ᠠᠵᠤ ᠠᠬᠤᠶᠢᠯᠠᠯ ᠤᠨ ᠨᠠᠮ ᠤᠨ ᠪᠠᠶᠢᠭᠤᠯᠤᠯᠲᠠ ᠶᠢᠨ ᠵᠢᠯᠣᠭᠤᠳᠬᠤ ᠥᠷᠲᠡᠭᠡ ᠶᠢ ᠵᠣᠬᠢᠶᠠᠨ ᠪᠠᠶᠢᠭᠤᠯᠵᠤ᠂ ᠠᠵᠤ ᠠᠬᠤᠶᠢᠯᠠᠯ ᠢ ᠬᠠᠪᠰᠤᠷᠤᠨ ᠰᠢᠨ᠎ᠡ ᠵᠣᠬᠢᠶᠠᠨ ᠪᠠᠶᠢᠭᠤᠯᠤᠯᠲᠠ᠂ ᠰᠢᠨ᠎ᠡ ᠡᠵᠡᠩᠨᠡᠯᠲᠡ ᠶᠢᠨ ᠬᠡᠯᠪᠡᠷᠢ ᠶᠢᠨ ᠬᠥᠭᠵᠢᠯᠲᠡ ᠶᠢᠨ ︽ᠪᠠᠴᠢᠮ ᠪᠡᠷᠬᠡ ᠵᠣᠪᠠᠨᠢᠯ ᠬᠦᠰᠡᠯ︾ ᠤᠨ ᠠᠰᠠᠭᠤᠳᠠᠯ ᠢ ᠰᠢᠢᠳᠪᠦᠷᠢᠯᠡᠪᠡ᠃ ᠣᠳᠣᠬᠠᠨ ᠳᠤ ᠠᠵᠤ ᠠᠬᠤᠶᠢᠯᠠᠯ ᠢ ᠬᠠᠪᠰᠤᠷᠤᠨ 600 ᠭᠠᠷᠤᠶ ᠠᠵᠢᠯᠴᠢᠨ ᠬᠡᠷᠡᠭᠯᠡᠬᠦ ᠳᠤᠲᠠᠭᠤᠳᠠᠯ ᠢ ᠰᠢᠢᠳᠪᠦᠷᠢᠯᠡᠵᠡᠶ᠃

    ᠭᠤᠷᠪᠠ ᠳᠤ᠂ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠷᠠᠭᠤᠯᠵᠤ᠂ ︽ᠠᠵᠤ ᠠᠬᠤᠶᠢᠯᠠᠯ ᠳᠤ ᠠᠰᠢᠭ ᠬᠦᠷᠲᠡᠭᠡᠬᠦ︾ ᠬᠠᠮ ᠠᠷᠭ᠎ᠠ ᠬᠡᠮᠵᠢᠶ᠎ᠡ ᠶᠢ ᠰᠠᠶᠢᠲᠤᠷ ᠠᠳᠬᠤᠪᠠ᠃ ︽ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠬᠡᠯᠪᠡᠷᠢ ᠲᠥᠷᠥᠯ ᠬᠤᠪᠢᠶᠠᠨ ᠨᠠᠷᠢᠯᠢᠭ ᠣᠨᠣᠪᠴᠢᠲᠠᠢ ᠪᠠᠷ ᠬᠠᠪᠰᠤᠷᠤᠨ ᠲᠡᠳᠬᠦᠬᠦ ᠶᠢ ᠥᠷᠨᠢᠭᠦᠯᠵᠦ ᠬᠥᠭᠵᠢᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠬᠦ ᠲᠤᠬᠠᠶ ᠵᠢᠯᠣᠭᠤᠳᠬᠤ ᠰᠠᠨᠠᠯ︾ ᠢ ᠪᠥᠬᠦ ᠲᠠᠯ᠎ᠠ ᠪᠠᠷ ᠲᠤᠭᠤᠰᠢᠯᠠᠭᠤᠯᠤᠨ᠂ ︽ᠨᠠᠷᠠᠲᠤ ᠰᠢᠯᠢᠳᠡᠭ ᠣᠨᠴᠠ ᠰᠢᠨ᠎ᠡ︾ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠰᠢᠨ᠎ᠡ ᠶᠢ ᠡᠭᠦᠳᠦᠨ ᠬᠥᠭᠵᠢᠭᠦᠯᠬᠦ᠂ ᠰᠠᠭᠠᠳ ᠥᠬᠡᠶ ᠨᠡᠪᠲᠡᠷᠡᠬᠦ ᠵᠠᠮ ᠤᠨ ᠦᠢᠯᠡᠴᠢᠯᠡᠭᠡ ᠬᠠᠩᠭᠠᠬᠤ ᠶᠢ ᠳᠡᠮᠵᠢᠬᠦ ᠶᠢᠨ ᠬᠠᠮᠲᠤ ᠬᠠᠨᠳᠤᠯᠭᠠᠲᠤ ᠴᠢᠨᠠᠷᠲᠠᠶ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠪᠠ ᠲᠥᠯᠥᠪᠯᠡᠭᠡ ᠲᠣᠭᠲᠠᠭᠠᠵᠤ᠂ ᠬᠡᠷ ᠲᠤ ᠨᠢ ᠬᠦᠷᠴᠦ ᠦᠢᠯᠡᠴᠢᠯᠡᠬᠦ ᠶᠢ ᠥᠷᠨᠢᠭᠦᠯᠦᠨ᠂ ᠨᠢᠭᠡ ᠨᠢᠭᠡ ᠪᠠᠷ ᠵᠢᠯᠣᠭᠤᠳᠴᠤ ᠬᠠᠪᠰᠤᠷᠤᠨ ᠲᠡᠳᠭᠦᠪᠡ᠃ ᠮᠥᠩᠭᠦᠨ ᠭᠦᠢᠯᠭᠡᠭᠡᠨ ᠤ ᠳᠡᠮᠵᠢᠯᠭᠡ ᠶᠢᠨ ᠲᠣᠭᠲᠠᠯᠴᠠᠭ᠎ᠠ ᠶᠢ ᠪᠦᠷᠢᠨᠰᠢᠬᠦᠯᠵᠦ᠂ ᠪᠥᠬᠦ ᠬᠦᠴᠦᠨ ᠢᠶᠠᠷ ᠢᠶᠠᠨ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠵᠦ᠂ ︽ᠵᠠᠰᠠᠭ ᠤᠨ ᠣᠷᠳᠣᠨ ᠬᠥᠲᠥᠯᠦᠨ ᠵᠢᠯᠣᠭᠤᠳᠬᠤ︾ + ︽ᠣᠯᠠᠨ ᠲᠠᠰ ᠳᠠᠪᠬᠤᠷᠭ᠎ᠠ ᠶᠢᠨ ᠮᠥᠩᠭᠦᠨ ᠭᠦᠢᠯᠭᠡᠭᠡᠨ ᠤ ᠦᠢᠯᠡᠴᠢᠯᠡᠭᠡ︾ + ︽ᠭᠤᠤᠯᠯᠠᠭᠴᠢ ᠠᠵᠤ ᠠᠬᠤᠶᠢᠯᠠᠯ ᠳᠠᠶᠢᠴᠢᠯᠠᠬᠤ︾ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠨᠡᠶᠢᠭᠡᠮ ᠤᠨ ᠴᠢᠨᠠᠷᠲᠠᠶ ᠪᠠᠯᠠ ᠲᠣᠬᠢᠷᠠᠭᠤᠯᠭ᠎ᠠ ᠶᠢ ᠪᠡᠶᠡᠯᠡᠭᠦᠯᠵᠦ᠂ ᠬᠠᠷᠢᠶ᠎ᠠ ᠣᠷᠣᠨ ᠤ ᠢᠳᠡᠭᠡᠨ ᠤᠮᠳᠠᠭᠠᠨ ᠤ ᠦᠢᠯᠡᠰ ᠡᠷᠭᠢᠯᠡᠬᠦ ᠶᠢ ᠬᠥᠲᠥᠯᠦᠨ ᠵᠢᠯᠣᠭᠤᠳᠬᠤ ᠪᠠ ᠬᠠᠪᠰᠤᠷᠤᠨ ᠲᠡᠳᠬᠦᠵᠦ᠂ ᠢᠳᠡᠭᠡᠨ ᠤ ᠭᠦᠢᠯᠭᠡᠭᠡᠨ ᠤ ᠪᠣᠷᠣᠯᠠᠭᠤᠯᠭ᠎ᠠ ᠶᠢᠨ ᠠᠵᠢᠯ ᠲᠥᠷᠥᠯ᠂ ᠦᠢᠯᠡᠴᠢᠯᠡᠭᠡᠨ ᠤ ᠦᠢᠯᠡᠰ ᠵᠡᠷᠭᠡ 15 ᠬᠤᠪᠢ ᠶᠢᠨ ᠡᠷᠦᠬᠡ ︽ᠢᠲᠡᠭᠡᠮᠵᠢᠲᠦ ᠵᠢᠭᠡᠯᠡᠯᠭᠡ ᠵᠢᠭᠡᠯᠡᠬᠦ︾ ᠪᠠᠷᠢᠴᠠᠭᠠᠲᠤ ᠵᠢᠭᠡᠯᠡᠯᠭᠡ ᠶᠢᠨ ᠭᠠᠷᠳᠠᠮ ᠥᠬᠡᠶ ᠪᠠᠶᠢᠵᠤ᠂ ᠨᠡᠶᠢᠲᠡ 850 ᠭᠠᠷᠤᠶ ᠲᠦᠮᠡᠨ ᠲᠥᠭᠦᠷᠢᠭ ᠤᠨ ᠪᠠᠯᠠ ᠲᠣᠬᠢᠷᠠᠭᠤᠯᠭ᠎ᠠ ᠬᠢᠵᠦ᠂ ᠵᠢᠵᠢᠭ ᠪᠢᠴᠢᠯ ᠠᠵᠤ ᠠᠬᠤᠶᠢᠯᠠᠯ᠂ ᠬᠤᠪᠢ ᠶᠢᠨ ᠡᠷᠦᠬᠡ ᠳᠤ ᠪᠦᠲᠦᠮᠵᠢᠲᠡᠶ᠂ ᠪᠣᠳᠠᠲᠠᠶ ᠨᠠᠷᠢᠯᠢᠭ ᠣᠨᠣᠪᠴᠢᠲᠠᠢ ᠬᠠᠪᠰᠤᠷᠤᠨ ᠲᠡᠳᠬᠦᠬᠦ ᠶᠢ ᠦᠨᠡᠨ ᠬᠦ ᠬᠠᠩᠭᠠᠵᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠬᠥᠭᠵᠢᠯᠲᠡ ᠳᠤ ᠬᠦᠴᠦᠨ ᠨᠡᠮᠡᠷᠢᠯᠡᠪᠡ᠃ ︽ᠬᠤᠪᠢ ᠶᠢ ᠠᠵᠤ ᠠᠬᠤᠶᠢᠯᠠᠯ ᠪᠣᠯᠭᠠᠨ ᠬᠤᠪᠢᠷᠠᠭᠤᠯᠬᠤ︾ ᠠᠵᠢᠯᠯᠠᠭ᠎ᠠ ᠶᠢ ᠭᠦᠨᠵᠡᠭᠡᠶᠢᠷᠡᠭᠦᠯᠵᠦ᠂ ᠡᠭᠦᠷᠭᠡ ᠴᠢᠳᠠᠪᠤᠷᠢ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠤᠨ᠂ ︽ᠬᠤᠪᠢ ᠶᠢ ᠠᠵᠤ ᠠᠬᠤᠶᠢᠯᠠᠯ ᠪᠣᠯᠭᠠᠨ ᠬᠤᠪᠢᠷᠠᠭᠤᠯᠬᠤ︾ ᠤᠬᠠᠭᠤᠯᠭ᠎ᠠ ᠪᠠᠷ ᠳᠠᠮᠵᠢᠭᠤᠯᠤᠨ᠂ ᠨᠡᠶᠢᠲᠡ 6 ᠬᠤᠪᠢ ᠶᠢᠨ ᠡᠷᠦᠬᠡ ᠶᠢ ᠠᠮᠵᠢᠯᠲᠠ ᠲᠠᠢ ᠪᠠᠷ ᠬᠡᠯᠪᠡᠷᠢ ᠶᠢ ᠨᠢ ᠬᠤᠪᠢᠷᠠᠭᠤᠯᠤᠭᠤᠯᠪᠠ᠃

    ᠳᠥᠷᠪᠡ ᠳᠤ ᠂ ᠳᠤᠯᠠᠭᠠᠯᠭ᠎ᠠ ᠶᠢᠨ ᠠᠵᠢᠯ ᠲᠥᠷᠥᠯ ᠤᠨ ᠲᠣᠭᠲᠠᠭᠠᠯ ᠠᠴᠠ ᠵᠥᠷᠢᠴᠡᠨ ᠰᠦᠢᠳᠬᠡᠯ ᠬᠤᠷᠢᠶᠠᠬᠤ ᠶᠢ ᠲᠤᠰᠬᠠᠶ ᠴᠡᠭᠴᠡᠯᠡᠨ ᠵᠠᠰᠠᠬᠤ ᠠᠵᠢᠯ ᠢ ᠴᠢᠩᠭᠠᠳᠬᠠᠵᠤ᠂ ︽ᠵᠢᠷᠭᠤᠭᠠᠨ ᠶᠡᠭᠡ ᠢᠨᠵᠧᠨᠧᠷᠢᠩ︾ ᠢ ᠬᠡᠷᠡᠭᠵᠢᠭᠦᠯᠬᠦ ᠳᠤ ᠬᠦᠴᠦᠨ ᠨᠡᠮᠡᠷᠢᠯᠡᠪᠡ᠃

 

ᠢᠷᠡᠯᠲᠡ᠄ ᠬᠥᠬᠡᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ