ᠪᠤᠭᠤᠲᠤ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠤᠰᠬᠠᠶ ᠠᠰᠢᠭ ᠢ ᠬᠤᠪᠢᠷᠠᠭᠤᠯᠤᠨ ᠬᠡᠷᠡᠭᠯᠡᠬᠦ ᠶᠢ ᠯᠠᠪᠳᠠᠭᠤᠨ ᠪᠠᠲᠤᠲᠠᠶ ᠠᠬᠢᠭᠤᠯᠵᠤ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠪᠠ
ᠨᠡᠶᠢᠲᠡᠯᠡᠭᠰᠡᠨ ᠴᠠᠭ᠄
2024/8/27

    ᠡᠨᠡ ᠵᠢᠯ ᠠᠴᠠ ᠨᠠᠭᠠᠰᠢ᠂ ᠪᠤᠭᠤᠲᠤ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠮᠡᠳᠡᠯᠭᠡ ᠶᠢᠨ ᠥᠮᠴᠢᠯᠡᠯ ᠤᠨ ᠡᠷᠬᠡ ᠶᠢᠨ ᠲᠣᠪᠴᠢᠶ᠎ᠠ︶ ᠨᠢ ᠬᠤᠲᠠ ᠶᠢᠨ ᠨᠠᠮ ᠤᠨ ᠬᠤᠷᠢᠶ᠎ᠠ ᠬᠤᠲᠠ ᠶᠢᠨ ᠵᠠᠰᠠᠭ ᠤᠨ ᠣᠷᠳᠣᠨ ᠤ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠲᠤᠬᠠᠢ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠤᠭᠤᠲᠤ ᠬᠤᠲᠠ ᠶᠢᠨ ︽3 + 5 + N︾ ᠣᠳᠣᠬᠢᠴᠢᠯᠠᠭᠰᠠᠨ ᠠᠵᠤ ᠦᠢᠯᠡᠰ ᠤᠨ ᠲᠣᠭᠲᠠᠯᠴᠠᠭᠠᠨ ᠤ ᠲᠣᠭᠤᠷᠢᠨ ᠳᠤ᠂ ᠲᠤᠰᠬᠠᠢ ᠠᠰᠢᠭ  ᠢ ᠬᠤᠪᠢᠷᠠᠭᠤᠯᠤᠨ ᠬᠡᠷᠡᠭᠯᠡᠬᠦ ᠠᠵᠢᠯ ᠢ ᠪᠦᠬᠦ ᠲᠠᠯ᠎ᠠ ᠪᠠᠷ ᠠᠬᠢᠭᠤᠯᠵᠤ᠂ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠪᠲᠤᠯᠤᠯᠲᠠ ᠶᠢᠨ ᠢᠨᠵᠧᠨᠧᠷᠢᠩ︾ ᠢ ᠬᠡᠷᠡᠭᠵᠢᠭᠦᠯᠬᠦ ᠳᠤ ᠬᠦᠴᠦᠯᠡᠨ᠂ ᠲᠤᠰᠬᠠᠢ ᠠᠰᠢᠭ ᠤᠨ ᠶᠠᠰᠤ ᠴᠢᠨᠠᠷ ᠢ ᠳᠡᠭᠡᠭᠰᠢᠯᠡᠭᠦᠯᠬᠦ ᠪᠠ ᠲᠥᠷᠥ ᠶᠢᠨ ᠪᠣᠳᠣᠯᠭ᠎ᠠ ᠶᠢᠨ ᠵᠣᠷᠢᠭᠵᠢᠭᠤᠯᠤᠯ  ᠢ ᠴᠢᠩᠭᠠᠳᠬᠠᠬᠤ ᠬᠤᠶᠠᠷ ᠲᠠᠯ᠎ᠠ ᠪᠠᠷ ᠬᠦᠴᠦᠯᠡᠵᠦ᠂ ᠲᠤᠰᠬᠠᠢ ᠠᠰᠢᠭ ᠢ ᠬᠤᠪᠢᠷᠠᠭᠤᠯᠤᠨ ᠬᠡᠷᠡᠭᠯᠡᠬᠦ ᠵᠠᠩᠭᠢᠯᠠᠭ᠎ᠠ ᠶᠢᠨ ᠠᠰᠠᠭᠤᠳᠠᠯ ᠢ ᠬᠦᠴᠦᠯᠡᠨ ᠨᠡᠪᠲᠡᠷᠡᠭᠦᠯᠵᠦ᠂ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠪᠣᠳᠠᠲᠤ ᠦᠢᠯᠡᠳᠪᠦᠷᠢᠯᠡᠯ ᠤᠨ ᠬᠦᠴᠦᠨ ᠪᠣᠯᠭᠠᠨ ᠬᠤᠪᠢᠷᠠᠭᠤᠯᠬᠤ ᠶᠢ ᠲᠥᠷᠭᠡᠳᠭᠡᠪᠡ᠃

    ᠨᠢᠭᠡ ᠳᠤ᠂ ᠤᠨᠢᠨ ᠳᠡᠭᠡᠷ᠎ᠡ ᠨᠢ ᠲᠦᠷᠦ ᠶᠢᠨ ᠪᠤᠳᠤᠯᠭ᠎ᠠ ᠶᠢ ᠬᠡᠷᠡᠭᠵᠢᠭᠦᠯᠵᠦ ᠨᠢᠭᠡᠳᠦᠯᠲᠡᠢ ᠲᠥᠯᠥᠪᠵᠢᠭᠦᠯᠬᠦ ᠶᠢ ᠠᠳᠬᠤᠵᠤ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ︽ᠲᠥᠪ︾ ᠢ ᠡᠵᠡᠮᠰᠢᠪᠡ᠃ ︽ᠪᠤᠭᠤᠲᠤ ᠬᠤᠲᠠ ᠶᠢᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠱᠠᠩᠨᠠᠨ ᠤᠷᠮᠠᠰᠢᠭᠤᠯᠬᠤ ᠠᠷᠭ᠎ᠠ︾ ᠶᠢ ᠢᠳᠡᠪᠬᠢᠲᠡᠶ ᠨᠠᠶᠢᠳᠠᠪᠤᠷᠢᠵᠢᠭᠤᠯᠵᠤ᠂ ᠵᠠᠬ᠎ᠠ ᠳᠡᠯᠭᠡᠭᠦᠷ ᠤᠨ ᠭᠤᠤᠯ ᠴᠣᠭᠴᠠ ᠳᠤ 400 ᠲᠦᠮᠡᠨ ᠲᠥᠭᠦᠷᠢᠭ ᠤᠨ ᠲᠤᠰᠠᠯᠠᠮᠵᠢ ᠶᠢᠨ ᠮᠥᠩᠭᠦ ᠲᠠᠷᠬᠠᠭᠠᠵᠤ᠂ ᠲᠤᠰᠬᠠᠶ ᠠᠰᠢᠭ ᠢ ᠬᠤᠪᠢᠷᠠᠭᠤᠯᠬᠤ ᠪᠠ ᠳᠠᠨᠵᠢᠯᠠᠵᠤ ᠪᠠᠯᠠ ᠳᠣᠭᠢᠷᠠᠭᠤᠯᠬᠤ ᠵᠡᠷᠭᠡ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠡᠷᠡᠭᠯᠡᠯᠲᠡ ᠶᠢ ᠠᠬᠢᠭᠤᠯᠬᠤ ᠲᠥᠷᠥᠯ ᠵᠦᠢᠯ ᠳᠤ ᠲᠤᠰᠠᠯᠠᠮᠵᠢ ᠦᠵᠡᠭᠦᠯᠵᠦ᠂ ᠡᠳ᠋ ᠤᠨ ᠵᠠᠰᠠᠭ ᠤᠨ ᠪᠠᠯᠠ ᠮᠥᠩᠭᠦ ᠶᠢᠨ ᠬᠥᠲᠥᠯᠦᠨ ᠵᠢᠯᠣᠭᠤᠳᠬᠤ ᠦᠢᠯᠡᠳᠦᠯ ᠢ ᠪᠠᠳᠠᠷᠠᠭᠤᠯᠤᠨ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠪᠠ ᠬᠤᠪᠢᠷᠠᠭᠤᠯᠬᠤ ᠬᠥᠳᠡᠯᠭᠡᠬᠦ ᠬᠦᠴᠦᠨ ᠢ ᠬᠥᠭᠵᠢᠭᠡᠪᠡ᠃ ︽ᠲᠤᠰᠬᠠᠶ ᠠᠰᠢᠭ ᠢ ᠬᠤᠪᠢᠷᠠᠭᠤᠯᠤᠨ ᠬᠡᠷᠡᠭᠯᠡᠬᠦ ᠶᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠦᠰᠡᠯᠡᠯᠲᠡ ᠶᠢ ᠰᠢᠪᠲᠤᠯᠬᠤ ᠢᠨᠵᠧᠨᠧᠷᠢᠩ ᠢ ᠲᠦᠷᠭᠡᠳᠬᠡᠨ ᠠᠬᠢᠭᠤᠯᠬᠤ ᠲᠤᠬᠠᠶ ᠠᠷᠭ᠎ᠠ ᠬᠡᠮᠵᠢᠶ᠎ᠡ ᠨᠦᠭᠦᠳ︾ ᠢ ᠲᠣᠭᠲᠠᠭᠠᠨ ᠨᠡᠶᠢᠲᠡᠯᠡᠵᠦ᠂ ᠦᠯᠡᠳᠡᠭᠡᠯ ᠲᠤᠰᠬᠠᠶ ᠠᠰᠢᠭ ᠢ ᠡᠮᠬᠢᠯᠡᠨ ᠠᠮᠢᠳᠤᠯᠢᠭᠵᠢᠭᠤᠯᠬᠤ᠂ ᠭᠤᠤᠯᠳᠠᠯᠭ᠎ᠠ ᠲᠠᠢ ᠠᠵᠤ ᠦᠢᠯᠡᠰ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠡᠯᠬᠢᠶ᠎ᠡ ᠶᠢ ᠬᠦᠴᠦᠷᠬᠡᠭᠵᠢᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠣᠯᠠᠨ ᠡᠰᠢᠵᠢᠭᠰᠡᠨ ᠮᠥᠩᠭᠦᠨ ᠭᠦᠢᠯᠭᠡᠭᠡᠨ ᠤ ᠡᠷᠬᠡ ᠶᠢ ᠤᠯᠠᠷᠢᠭᠤᠯᠤᠨ ᠬᠡᠷᠡᠭᠯᠡᠬᠦ ᠦᠢᠯᠡᠴᠢᠯᠡᠭᠡᠨ ᠤ ᠬᠡᠯᠬᠢᠶ᠎ᠡ ᠶᠢ ᠲᠡᠭᠦᠯᠳᠡᠷᠵᠢᠭᠦᠯᠬᠦ ᠵᠡᠷᠭᠡ 11 ᠭᠤᠣᠯᠳᠠᠯᠭ᠎ᠠ ᠲᠠᠢ ᠡᠭᠦᠷᠭᠡ ᠶᠢᠨ ᠲᠣᠭᠤᠷᠢᠨ ᠳᠤ᠂ 28 ᠵᠦᠢᠯ ᠤᠨ ᠪᠣᠳᠠᠲᠠᠶ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠪᠠ᠃

    ᠬᠤᠶᠠᠷ ᠲᠤ᠂ ᠦᠯᠡᠳᠡᠭᠡᠯ ᠬᠡᠮᠵᠢᠶ᠎ᠡ ᠶᠢ ᠠᠮᠢᠳᠤᠯᠢᠭᠵᠢᠭᠤᠯᠤᠨ ᠬᠥᠭᠵᠢᠯᠲᠡ ᠶᠢ ᠠᠬᠢᠭᠤᠯᠵᠤ᠂ ᠲᠤᠰᠬᠠᠶ ᠠᠰᠢᠭ ᠢ ᠬᠤᠪᠢᠷᠠᠭᠤᠯᠬᠤ ︽ᠬᠦᠴᠦᠯᠡᠬᠦ ᠴᠡᠭ︾ ᠢ ᠣᠨᠣᠪᠴᠢᠲᠠᠶ ᠡᠷᠢᠵᠦ ᠣᠯᠪᠠ᠃ ᠶᠡᠭᠡ ᠳᠡᠭᠡᠳᠦ ᠰᠤᠷᠭᠠᠭᠤᠯᠢ᠂ ᠡᠷᠳᠡᠮ ᠰᠢᠨᠵᠢᠯᠡᠭᠡᠨ ᠤ ᠪᠠᠶᠢᠭᠤᠯᠤᠮᠵᠢ ᠶᠢᠨ ᠲᠤᠰᠬᠠᠶ ᠠᠰᠢᠭ ᠢ ᠲᠣᠭᠠᠯᠠᠨ ᠪᠦᠷᠢᠳᠬᠡᠬᠦ ᠠᠵᠢᠯ ᠢ ᠥᠷᠨᠢᠭᠦᠯᠵᠦ᠂ ᠨᠡᠶᠢᠲᠡ 2289 ᠦᠯᠡᠳᠡᠭᠡᠯ ᠲᠤᠰᠬᠠᠶ ᠠᠰᠢᠭ ᠢ ᠠᠮᠢᠳᠤᠯᠢᠭᠵᠢᠭᠤᠯᠵᠤ᠂ ᠡᠭᠦᠨ ᠳᠤ ᠶᠡᠭᠡ ᠳᠡᠭᠡᠳᠦ ᠰᠤᠷᠭᠠᠭᠤᠯᠢ 1739᠂  ᠡᠷᠳᠡᠮ ᠰᠢᠨᠵᠢᠯᠡᠭᠡᠨ ᠤ ᠪᠠᠶᠢᠭᠤᠯᠤᠮᠵᠢ 550 ᠪᠠᠶᠢᠨ᠎ᠠ᠃ ᠪᠤᠭᠤᠲᠤ ᠬᠤᠲᠠ ᠶᠢᠨ ᠬᠤᠪᠣᠷ ᠰᠢᠷᠣᠶ᠂ ᠲᠠᠯᠠᠰᠲᠤ ᠴᠠᠬᠢᠭᠤᠷ ᠤᠨ ᠬᠡᠷᠡᠯ ᠴᠡᠨᠡᠭ ᠪᠠ ᠰᠠᠯᠬᠢᠨ ᠬᠦᠴᠦᠨ ᠤ ᠴᠠᠬᠢᠯᠭᠠᠨ ᠤ ᠲᠣᠨᠤᠭ ᠲᠥᠬᠦᠭᠡᠷᠦᠮᠵᠢ ᠵᠡᠷᠭᠡ ᠭᠤᠷᠪᠠᠨ ᠶᠡᠭᠡ ᠭᠤᠤᠯᠯᠠᠬᠤ ᠠᠵᠤ ᠦᠢᠯᠡᠰ ᠤᠨ ᠲᠣᠭᠤᠷᠢᠨ ᠳᠤ ᠦᠯᠡᠳᠡᠭᠡᠯ ᠲᠤᠰᠬᠠᠶ ᠠᠰᠢᠭ ᠢ ᠲᠠᠰ ᠲᠥᠷᠥᠯ ᠬᠤᠪᠢᠶᠠᠬᠤ ᠠᠵᠢᠯ ᠢ ᠥᠷᠨᠢᠭᠦᠯᠵᠦ᠂ ᠭᠤᠷᠪᠠᠨ ᠠᠵᠤ ᠦᠢᠯᠡᠰ ᠤᠨ ᠦᠯᠡᠳᠡᠭᠡᠯ ᠲᠤᠰᠬᠠᠶ ᠠᠰᠢᠭ ᠢ S᠂ A᠂ B᠂ C ᠭᠡᠵᠦ ᠳᠥᠷᠪᠡᠨ ᠲᠠᠰ ᠬᠤᠪᠢᠶᠠᠵᠤ᠂ ᠲᠣᠮᠣ ᠳ᠋ᠠᠶᠢᠲ᠋ᠠ ᠶᠢ ᠠᠰᠢᠭᠯᠠᠨ ᠦᠯᠡᠳᠡᠭᠡᠯ ᠲᠤᠰᠬᠠᠶ ᠠᠰᠢᠭ ᠤᠨ ᠠᠵᠤ ᠦᠶᠢᠯᠡᠰᠵᠢᠯᠲᠡ ᠶᠢᠨ ᠳᠠᠯᠳᠠ ᠬᠦᠴᠦᠨ ᠢ ᠢᠯᠭᠠᠨ ᠲᠠᠨᠢᠵᠤ᠂ ᠬᠤᠪᠢᠷᠠᠭᠤᠯᠵᠤ ᠪᠣᠯᠬᠤ ᠲᠤᠰᠬᠠᠶ ᠠᠰᠢᠭ ᠤᠨ ᠡᠬᠢ ᠪᠠᠶᠠᠯᠢᠭ ᠤᠨ ᠬᠥᠮᠥᠷᠭᠡ ᠶᠢ ᠱᠠᠲᠤ ᠬᠤᠪᠢᠶᠠᠨ ᠪᠠᠶᠢᠭᠤᠯᠪᠠ᠃ ᠮᠠᠨ ᠤ ᠬᠤᠲᠠ ᠶᠢᠨ 8 ᠶᠡᠭᠡ ᠳᠡᠭᠡᠳᠦ ᠰᠤᠷᠭᠠᠭᠤᠯᠢ ᠶᠢᠨ ᠲᠣᠭᠲᠠᠭᠠᠭᠰᠠᠨ ᠲᠤᠰᠬᠠᠶ ᠠᠰᠢᠭ ᠤᠨ ᠠᠷᠠᠯᠵᠢᠶᠠᠨ ᠤ ᠭᠡᠷ᠎ᠡ 36 ᠪᠠᠶᠢᠵᠤ᠂ ᠭᠡᠷ᠎ᠡ ᠶᠢᠨ ᠵᠣᠭᠤᠰ ᠤᠨ ᠲᠤᠭ᠎ᠠ ᠨᠢ 362.5 ᠲᠦᠮᠡᠨ ᠲᠥᠭᠦᠷᠢᠭ ᠲᠤ ᠬᠦᠷᠪᠡ︔ ᠡᠭᠦᠨ ᠤ ᠬᠠᠮᠲᠤ᠂ 18 ᠵᠦᠢᠯ ᠤᠨ ᠲᠤᠰᠬᠠᠶ ᠠᠰᠢᠭ ᠢ ᠬᠤᠪᠢᠷᠠᠭᠤᠯᠤᠨ ᠨᠠᠶᠢᠳᠠᠪᠤᠷᠢᠵᠢᠭᠤᠯᠬᠤ ᠶᠢ ᠶᠠᠭ ᠠᠬᠢᠭᠤᠯᠵᠤ ᠪᠣᠢ᠃ 7 ᠡᠷᠳᠡᠮ ᠰᠢᠨᠵᠢᠯᠡᠭᠡᠨ ᠤ ᠪᠠᠶᠢᠭᠤᠯᠤᠮᠵᠢ ᠶᠢᠨ 7 ᠲᠤᠰᠬᠠᠶ ᠠᠰᠢᠭ ᠤᠨ ᠨᠡᠶᠢᠯᠡᠯ ᠢ ᠬᠤᠪᠢᠷᠠᠭᠤᠯᠵᠤ᠂ ᠰᠢᠯᠵᠢᠭᠦᠯᠦᠨ ᠥᠭᠬᠦ᠂ ᠵᠥᠪᠰᠢᠶᠡᠷᠡᠬᠦ᠂ ᠦᠨ᠎ᠡ ᠲᠣᠭᠲᠠᠭᠠᠨ ᠬᠤᠪᠢ ᠣᠷᠣᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ 718.75 ᠲᠦᠮᠡᠨ ᠲᠥᠭᠦᠷᠢᠭ ᠤᠨ ᠠᠰᠢᠭ ᠣᠷᠣᠯᠭ᠎ᠠ ᠣᠯᠵᠤ᠂ ᠲᠤᠰᠬᠠᠶ ᠠᠰᠢᠭ ᠤᠨ ᠲᠥᠷᠥᠯ ᠵᠦᠢᠯ ᠢ ᠬᠤᠪᠢᠷᠠᠭᠤᠯᠤᠭᠰᠠᠨ ᠨᠢ ᠲᠡᠤᠬᠡ ᠶᠢᠨ ᠰᠢᠨ᠎ᠡ ᠲᠡᠮᠳᠡᠭᠯᠡᠯ ᠢ ᠡᠭᠦᠳᠪᠡ᠃

    ᠭᠤᠷᠪᠠ ᠳᠤ᠂ ᠦᠢᠯᠡᠴᠢᠯᠡᠭᠡ ᠶᠢ ᠰᠢᠯᠢᠳᠡᠭᠵᠢᠭᠦᠯᠵᠦ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠠᠵᠤ ᠦᠢᠯᠡᠰ ᠤᠨ ᠳᠡᠰ ᠳᠡᠪᠰᠢᠬᠦ ︽ᠰᠠᠨᠠᠭᠠᠴᠢᠯᠠᠭᠠᠲᠤ ᠳᠠᠶᠢᠯᠠᠯᠳᠤᠭᠠᠨ︾ ᠢ ᠰᠠᠶᠢᠲᠤᠷ ᠬᠢᠪᠡ᠃ ᠭᠤᠸᠠᠩᠳᠦ᠋ᠩ ᠰᠢᠶᠠᠩᠭᠠᠩ ᠣᠣᠮᠧᠨ ᠤ ᠲᠣᠮᠣ ᠪᠤᠯᠤᠩ ᠤᠨ ᠣᠷᠣᠨ ᠤ ᠮᠡᠳᠡᠯᠭᠡ ᠶᠢᠨ ᠥᠮᠴᠢᠯᠡᠯ ᠤᠨ ᠡᠷᠬᠡ ᠶᠢᠨ ᠡᠬᠢ ᠪᠠᠶᠠᠯᠢᠭ — ᠾᠧᠩ ᠴᠢᠨ ᠣᠯᠠᠨ ᠤᠯᠤᠰ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠠᠷᠠᠯᠵᠢᠶᠠᠨ ᠤ ᠲᠥᠪ ᠤᠨ ᠬᠢᠵᠠᠭᠠᠷᠲᠤ ᠺᠣᠮᠫᠠᠨᠢ ︵ᠤᠯᠤᠰ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠠᠵᠢᠯᠯᠠᠭᠠᠨ ᠤ ᠲᠠᠪᠴᠠᠩ︶ ᠶᠢ ᠣᠷᠣᠭᠤᠯᠤᠨ ᠠᠪᠴᠢᠷᠠᠵᠤ᠂ ᠪᠤᠭᠤᠲᠤ ᠬᠤᠲᠠ ᠶᠢᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠦᠢᠯᠡᠴᠢᠯᠡᠭᠡᠨ ᠤ ᠦᠢᠯᠡᠰ ᠲᠥᠪᠯᠡᠷᠡᠭᠰᠡᠨ ᠲᠣᠭᠤᠷᠢᠭ ᠢ ᠪᠠᠶᠢᠭᠤᠯᠵᠤ᠂ ᠣᠲᠣ ᠨᠢᠭᠡᠨᠲᠡ ᠭᠤᠸᠠᠩᠵᠧᠦ ᠶᠢᠨ ᠱᠧᠩ ᠯᠢ ᠬᠤᠸᠠ᠂ ᠭᠤᠸᠠᠩᠳᠦ᠋ᠩ ᠤᠨ ᠶᠤᠸᠠᠢ ᠢ᠂ ᠱᠠᠨᠰᠢ ᠶᠢᠨ ᠵᠢᠶᠦ᠋ᠨ ᠸᠧᠶ ᠵᠡᠷᠭᠡ 7 ᠮᠡᠳᠡᠯᠭᠡ ᠶᠢᠨ ᠥᠮᠴᠢᠯᠡᠯ ᠤᠨ ᠡᠷᠬᠡ ᠶᠢᠨ ᠦᠢᠯᠡᠴᠢᠯᠡᠭᠡᠨ ᠤ ᠪᠠᠶᠢᠭᠤᠯᠤᠮᠵᠢ ᠶᠢ ᠣᠷᠣᠭᠤᠯᠤᠨ ᠠᠪᠴᠢᠷᠠᠪᠠ᠃ ᠲᠤᠰ ᠭᠠᠵᠠᠷ ᠤᠨ ᠣᠷᠣᠯᠠᠨ ᠭᠦᠢᠴᠡᠳᠬᠡᠬᠦ ᠪᠠᠶᠢᠭᠤᠯᠤᠮᠵᠢ ᠶᠢ ᠳᠠᠶᠢᠴᠢᠯᠠᠨ ᠣᠨᠣᠯᠵᠢᠬᠤᠨ ᠢᠶᠠᠨ ᠰᠢᠨᠡᠳᠬᠡᠵᠦ᠂ ᠦᠢᠯᠡᠴᠢᠯᠡᠭᠡᠨ ᠤ ᠬᠦᠷᠢᠶ᠎ᠡ ᠴᠠᠷᠠᠭ᠎ᠠ ᠶᠢ ᠥᠷᠭᠡᠳᠬᠡᠨ᠂ ᠲᠤᠰᠬᠠᠢ ᠠᠰᠢᠭ ᠢ ᠠᠵᠤ ᠦᠢᠯᠡᠰᠵᠢᠭᠦᠯᠬᠦ ᠪᠠᠷ ᠤᠳᠤᠷᠢᠳᠤᠮᠵᠢ ᠪᠣᠯᠭᠠᠵᠤ᠂ ᠭᠤᠣᠯᠯᠠᠬᠤ ᠮᠡᠷᠭᠡᠵᠢᠯ ᠤᠨ ᠪᠣᠭᠤᠮᠲᠠ ᠰᠢᠪᠲᠤᠯᠬᠤ ᠪᠠ ᠲᠤᠰᠬᠠᠢ ᠠᠰᠢᠭ ᠢ ᠬᠤᠪᠢᠷᠠᠭᠤᠯᠤᠨ ᠬᠡᠷᠡᠭᠯᠡᠬᠦ ᠳᠤ ᠬᠦᠴᠦᠨ ᠨᠡᠮᠡᠷᠢᠯᠡᠪᠡ᠃ ᠬᠤᠪᠣᠷ ᠰᠢᠷᠣᠢ᠂ ᠲᠠᠯᠠᠰᠲᠤ ᠴᠠᠬᠢᠭᠤᠷ ᠤᠨ ᠭᠡᠷᠡᠯ ᠴᠡᠨᠡᠭ᠂ ᠲᠣᠨᠤᠭ ᠲᠥᠬᠦᠭᠡᠷᠦᠮᠵᠢ ᠦᠢᠯᠡᠳᠬᠦ᠂ ᠢᠮᠠᠭᠠᠨ ᠨᠣᠣᠯᠤᠭᠤᠷ ᠵᠡᠷᠭᠡ ᠭᠤᠣᠯᠳᠠᠯᠭ᠎ᠠ ᠲᠠᠢ ᠠᠵᠤ ᠦᠢᠯᠡᠰ ᠤᠨ ᠲᠣᠭᠤᠷᠢᠨ ᠳᠤ ᠥᠪᠡᠷᠲᠡᠭᠡᠨ ᠵᠠᠰᠠᠬᠤ ᠣᠷᠣᠨ ᠤ ᠠᠵᠤ ᠦᠢᠯᠡᠰ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠠᠵᠢᠯᠯᠠᠭᠠᠨ ᠤ ᠲᠥᠪ 3 ᠵᠢᠴᠢ ᠥᠨᠳᠥᠷ ᠥᠷᠲᠡᠭᠲᠦ 3 ᠲᠤᠰᠬᠠᠢ ᠠᠰᠢᠭ ᠢ ᠪᠤᠶᠢᠵᠢᠭᠤᠯᠬᠤ ᠪᠠ ᠪᠠᠶᠢᠷᠢᠯᠠᠭᠤᠯᠬᠤ ᠲᠥᠪ ᠢ ᠪᠠᠶᠢᠭᠤᠯᠵᠤ᠂ ᠠᠵᠤ ᠦᠢᠯᠡᠰ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠰᠢᠨ᠎ᠡ ᠶᠢ ᠡᠭᠦᠳᠬᠦ ᠬᠤᠯᠪᠣᠭᠠᠲᠤ ᠴᠣᠭᠴᠠ ᠶᠢ ᠵᠣᠬᠢᠶᠠᠨ ᠪᠠᠶᠢᠭᠤᠯᠵᠤ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠲᠣᠭᠤᠷᠢᠨ ᠳᠤ ᠠᠵᠤ ᠦᠢᠯᠡᠰ ᠤᠨ ᠬᠡᠪᠴᠢᠶ᠎ᠡ ᠪᠠ ᠦᠷ᠎ᠡ ᠠᠰᠢᠭ ᠢ ᠥᠷᠭᠡᠳᠬᠡᠬᠦ ᠶᠢ ᠠᠬᠢᠭᠤᠯᠵᠤ᠂ ᠵᠠᠬ᠎ᠠ ᠳᠡᠯᠭᠡᠭᠦᠷ ᠤᠨ ᠳᠠᠪᠠᠭᠤᠯᠢᠭ ᠢ ᠲᠦᠷᠭᠡᠳᠬᠡᠨ ᠪᠦᠷᠢᠯᠳᠦᠭᠦᠯᠪᠡ᠃

    ᠲᠦᠷᠪᠡ ᠳᠤ᠂ ᠳᠠᠨᠵᠢᠯᠠᠨ ᠪᠠᠯᠠ ᠲᠣᠬᠢᠷᠠᠭᠤᠯᠭ᠎ᠠ ᠬᠢᠵᠦ ᠬᠦᠴᠢᠷ ᠠᠰᠠᠭᠤᠳᠠᠯ ᠢ ᠰᠢᠢᠳᠪᠦᠷᠢᠯᠡᠨ᠂ ᠠᠵᠤ ᠠᠬᠤᠶᠢᠯᠠᠯ ᠤᠨ ᠬᠥᠭᠵᠢᠯᠲᠡ ᠶᠢᠨ ︽ᠰᠢᠨ᠎ᠡ ᠬᠥᠳᠡᠯᠭᠡᠬᠦ ᠬᠦᠴᠦᠨ︾ ᠢ ᠨᠡᠮᠡᠭᠳᠡᠭᠦᠯᠪᠡ᠃ 1000 ᠲᠦᠮᠡᠨ ᠲᠥᠭᠦᠷᠢᠭ ᠤᠨ ᠮᠡᠳᠡᠯᠭᠡ ᠶᠢᠨ ᠥᠮᠴᠢᠯᠡᠯ ᠤᠨ ᠡᠷᠬᠡ ᠪᠠᠷ ᠳᠠᠨᠵᠢᠯᠠᠵᠤ ᠪᠠᠯᠠ ᠴᠤᠭᠯᠠᠭᠤᠯᠬᠤ ᠲᠦᠭᠰᠢᠭᠦᠷᠢ ᠶᠢ ᠨᠥᠬᠦᠪᠥᠷᠢᠯᠡᠬᠦ ᠪᠠᠯᠠ ᠮᠥᠩᠭᠦ ᠶᠢᠨ ᠲᠠᠲᠠᠭᠠᠯ ᠢ ᠪᠠᠶᠢᠭᠤᠯᠵᠤ᠂ ᠳᠤᠮᠳᠠᠳᠤ ᠤᠯᠤᠰ ᠤᠨ ᠪᠠᠩᠬᠢ᠂ ᠥᠪᠥᠷ ᠮᠣᠩᠭᠤᠯ ᠤᠨ ᠪᠠᠩᠬᠢ ᠲᠠᠢ ᠬᠤᠯᠪᠣᠭᠠᠯᠠᠨ ︽ᠮᠡᠳᠡᠯᠭᠡ ᠶᠢᠨ ᠥᠮᠴᠢᠯᠡᠯ ᠤᠨ ᠡᠷᠬᠡ ᠶᠢᠨ ᠵᠢᠭᠡᠯᠡᠯᠭᠡ︾ ᠢᠲᠡᠭᠡᠮᠵᠢᠲᠦ ᠵᠢᠭᠡᠯᠡᠯᠭᠡ ᠶᠢᠨ ᠦᠢᠯᠡᠳᠬᠦᠨ ᠢ ᠭᠠᠷᠭᠠᠵᠤ᠂ ᠠᠷᠠᠳ ᠤᠨ ᠪᠠᠩᠬᠢ ᠲᠠᠢ ᠬᠤᠯᠪᠣᠭᠠᠯᠠᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠳᠠᠨᠵᠢᠯᠠᠵᠤ ᠪᠠᠯᠠ ᠳᠣᠭᠢᠷᠠᠭᠤᠯᠬᠤ ᠠᠵᠤ ᠠᠬᠤᠶᠢᠯᠠᠯ ᠤᠨ ︽ᠴᠠᠭᠠᠨ ᠨᠡᠷᠡᠰ ᠤᠨ ᠵᠢᠭᠰᠠᠭᠠᠯᠲᠠ︾ ᠶᠢ ᠬᠤᠤᠰ ᠴᠢᠭᠯᠡᠯ ᠢᠶᠠᠷ ᠠᠬᠢᠭᠤᠯᠬᠤ ᠲᠣᠭᠲᠠᠴᠠ ᠶᠢ ᠪᠠᠶᠢᠭᠤᠯᠵᠤ᠂ ᠨᠢᠭᠡᠨᠲᠡ 120 ᠴᠠᠭᠠᠨ ᠨᠡᠷᠡᠰ ᠤᠨ ᠠᠵᠤ ᠠᠬᠤᠶᠢᠯᠠᠯ ᠢ ᠰᠣᠩᠭᠤᠨ ᠬᠦᠷᠭᠡᠪᠡ᠃ ᠮᠠᠨ ᠤ ᠬᠤᠲᠠ ᠶᠢᠨ ᠠᠷᠠᠳ ᠤᠨ ᠪᠠᠩᠬᠢ᠂ ᠮᠡᠳᠡᠯᠭᠡ ᠶᠢᠨ ᠥᠮᠴᠢᠯᠡᠯ ᠤᠨ ᠡᠷᠬᠡ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠂ ᠬᠥᠭᠵᠢᠭᠦᠯᠦᠯᠲᠡ ᠥᠭᠡᠷᠡᠴᠢᠯᠡᠯᠲᠡ᠂ ᠡᠳ᠋ ᠤᠨ ᠵᠠᠰᠠᠭ ᠵᠡᠷᠭᠡ ᠰᠠᠯᠠᠭ᠎ᠠ ᠮᠥᠴᠢᠷ ᠤᠳ ᠬᠠᠮᠲᠤ ᠪᠠᠷ ︽ᠪᠤᠭᠤᠲᠤ ᠬᠤᠲᠠ ᠶᠢᠨ ᠠᠩᠬᠠᠳᠤᠭᠠᠷ ᠬᠤᠭᠤᠴᠠᠭᠠᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠮᠥᠩᠭᠦᠨ ᠭᠦᠢᠯᠭᠡᠭᠡᠨ ᠤ ᠦᠢᠯᠡᠳᠬᠦᠨ ᠤ ᠳᠡᠯᠭᠡᠨ ᠦᠵᠡᠭᠦᠯᠬᠦ ᠤᠷᠤᠯᠳᠤᠭᠠᠨ︾ ᠢ ᠡᠷᠭᠢᠯᠡᠵᠦ᠂ ᠨᠠᠩ ᠣᠯᠠᠨ ᠪᠠᠩᠬᠢ ᠶᠢᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠳᠠᠨᠵᠢᠯᠠᠭ᠎ᠠ ᠲᠠᠢ ᠪᠠᠯᠠ ᠲᠣᠬᠢᠷᠠᠭᠤᠯᠭ᠎ᠠ ᠶᠢᠨ ︽ᠤᠷᠤᠯᠳᠤᠭᠠᠨ ᠤ ᠵᠠᠮ︾ ᠳᠤ ᠣᠷᠣᠬᠤ ᠶᠢ ᠵᠣᠷᠢᠭᠵᠢᠭᠤᠯᠵᠤ᠂ ᠪᠥᠬᠦ ᠬᠤᠲᠠ ᠶᠢᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠳᠠᠨᠵᠢᠯᠠᠭ᠎ᠠ ᠲᠠᠢ ᠪᠠᠯᠠ ᠲᠣᠬᠢᠷᠠᠭᠤᠯᠭ᠎ᠠ ᠶᠢᠨ ᠬᠡᠪᠴᠢᠶ᠎ᠡ ᠶᠢ ᠦᠷᠭᠦᠯᠵᠢᠯᠡᠨ ᠪᠤᠵᠠᠭᠠᠶᠢᠷᠠᠭᠤᠯᠪᠠ᠃ 2024 ᠣᠨ ᠤ 1 ᠳ᠋ᠦ᠋ᠭᠡᠷ ᠰᠠᠷ᠎ᠠ ᠠᠴᠠ 6 ᠳ᠋ᠤᠭᠠᠷ ᠰᠠᠷ᠎ᠠ ᠪᠣᠯᠲᠠᠯ᠎ᠠ᠂ ᠪᠤᠭᠤᠲᠤ ᠬᠤᠲᠠ ᠮᠡᠳᠡᠯᠭᠡ ᠶᠢᠨ ᠥᠮᠴᠢᠯᠡᠯ ᠤᠨ ᠡᠷᠬᠡ ᠶᠢᠨ ᠪᠠᠷᠢᠴᠠᠭᠠᠲᠤ ᠪᠠᠯᠠ ᠲᠣᠬᠢᠷᠠᠭᠤᠯᠭ᠎ᠠ ᠶᠢ 7.14 ᠳ᠋ᠦᠩᠰᠢᠭᠤᠷ ᠲᠥᠭᠦᠷᠢᠭ ᠪᠡᠶᠡᠯᠡᠭᠦᠯᠪᠡ᠃

    ᠲᠠᠷᠠᠭᠠᠴᠢ ᠶᠢᠨ ᠠᠯᠬᠤᠮ ᠳᠤ᠂ ᠪᠤᠭᠤᠲᠤ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠮᠡᠳᠡᠯᠭᠡ ᠶᠢᠨ ᠥᠮᠴᠢᠯᠡᠯ ᠤᠨ ᠡᠷᠬᠡ ᠶᠢᠨ ᠲᠣᠪᠴᠢᠶ᠎ᠠ︶ ᠨᠢ ᠲᠤᠰᠬᠠᠶ ᠠᠰᠢᠭ ᠢᠶᠠᠨ ᠬᠤᠪᠢᠷᠠᠭᠤᠯᠬᠤ ᠠᠵᠢᠯ ᠤᠨ ᠭᠤᠤᠯ ᠱᠤᠭᠤᠮ ᠢ ᠤᠯᠠᠮ ᠨᠢᠭᠡ ᠠᠯᠬᠤᠮ ᠡᠵᠡᠮᠳᠡᠵᠦ᠂ ᠴᠢᠨᠠᠷ ᠰᠠᠶᠢᠲᠠᠶ ᠬᠥᠭᠵᠢᠯᠲᠡ ᠶᠢᠨ ᠲᠡᠷᠢᠭᠦᠨ ᠴᠢᠬᠤᠯᠠ ᠡᠭᠦᠷᠭᠡ ᠶᠢ ᠪᠠᠲᠤ ᠡᠵᠡᠮᠳᠡᠵᠦ᠂ ᠦᠯᠡᠳᠡᠭᠡᠯ ᠲᠤᠰᠬᠠᠶ ᠠᠰᠢᠭ ᠢ ︽ᠲᠣᠭᠠᠯᠠᠨ ᠪᠦᠷᠢᠳᠬᠡᠬᠦ︾ ᠠᠴᠠ ︽ᠠᠮᠢᠳᠤᠯᠢᠭᠵᠢᠭᠤᠯᠬᠤ︾ ᠲᠡᠶᠢᠰᠢ ᠰᠢᠯᠵᠢᠭᠦᠯᠵᠦ᠂ ᠲᠤᠰᠬᠠᠶ ᠠᠰᠢᠭ ᠤᠨ ᠦᠷ᠎ᠡ ᠪᠦᠲᠦᠭᠡᠯ ᠢᠶᠠᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠪᠣᠯᠭᠠᠨ ᠬᠤᠪᠢᠷᠠᠭᠤᠯᠬᠤ ︽ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠬᠦ ᠪᠣᠯᠤᠨ᠎ᠠ᠃

 

ᠢᠷᠡᠯᠲᠡ᠄ ᠪᠤᠭᠤᠲᠤ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ