ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠥᠬᠦ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠤᠨ ︽ᠪᠡᠶ᠎ᠡ ᠶᠢᠨ ᠪᠠᠶᠢᠴᠠᠭᠠᠯᠲᠠ ᠮᠠᠶ᠋ᠢᠭ ᠤᠨ ᠬᠢᠨᠠᠯᠲᠠ ᠬᠠᠮᠢᠶᠠᠷᠤᠯᠲᠠ᠂ ᠦᠢᠯᠡᠴᠢᠯᠡᠭᠡᠨ ᠤ ᠬᠡᠯᠪᠡᠷᠢ ᠶᠢᠨ ᠬᠠᠤᠯᠢ ᠬᠡᠷᠡᠭᠵᠢᠭᠦᠯᠦᠯᠲᠡ︾ ᠶᠢᠨ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/8/28

    8 ᠳ᠋ᠤᠭᠠᠷ ᠰᠠᠷ᠎ᠠ ᠶᠢᠨ 16 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠥᠬᠦ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠤᠨ ︽ᠪᠡᠶ᠎ᠡ ᠶᠢᠨ ᠪᠠᠶᠢᠴᠠᠭᠠᠯᠲᠠ ᠶᠢᠨ ᠮᠠᠶ᠋ᠢᠭ ᠤᠨ ᠬᠢᠨᠠᠯᠲᠠ ᠬᠠᠮᠢᠶᠠᠷᠤᠯᠲᠠ᠂ ᠦᠢᠯᠡᠴᠢᠯᠡᠭᠡᠨ ᠤ ᠬᠡᠯᠪᠡᠷᠢ ᠶᠢᠨ ᠬᠠᠤᠯᠢ ᠬᠡᠷᠡᠭᠵᠢᠭᠦᠯᠦᠯᠲᠡ︾ ᠶᠢᠨ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠦ᠋ ᠵᠧᠨ ᠴᠢᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠮᠠᠤ ᠪᠦᠦ ᠹᠧᠩ ᠬᠤᠷᠠᠯ ᠢ ᠡᠷᠬᠢᠯᠡᠪᠡ᠃


1 轮播图.png


    ᠮᠠᠤ ᠪᠦᠦ ᠹᠧᠩ ᠪᠠᠶᠢᠩᠭᠤᠵᠢᠭᠰᠠᠨ ᠨᠡᠪᠲᠡᠷᠡᠯᠴᠡᠬᠦ ᠲᠣᠭᠲᠠᠴᠠ ᠶᠢ ᠪᠠᠶᠢᠭᠤᠯᠬᠤ᠂ ᠤᠴᠢᠷ ᠶᠠᠪᠤᠳᠠᠯ ᠤᠨ ᠡᠮᠦᠨᠡᠬᠢ ︽ᠰᠤᠳᠠᠯ ᠪᠠᠷᠢᠬᠤ ᠮᠠᠶ᠋ᠢᠭ︾ ᠤᠨ ᠦᠢᠯᠡᠴᠢᠯᠡᠭᠡ᠂ ᠤᠴᠢᠷ ᠶᠠᠪᠤᠳᠠᠯ ᠤᠨ ᠳᠤᠮᠳᠠᠬᠢ ︽ᠬᠠᠨᠳᠤᠯᠭᠠᠲᠤ ᠮᠠᠶ᠋ᠢᠭ︾ ᠤᠨ ᠬᠠᠤᠯᠢ ᠬᠡᠷᠡᠭᠵᠢᠭᠦᠯᠦᠯᠲᠡ᠂ ᠤᠴᠢᠷ ᠶᠠᠪᠤᠳᠠᠯ ᠤᠨ ᠳᠠᠷᠠᠭᠠᠬᠢ ︽ᠡᠷᠡᠭᠦᠯᠵᠢᠯ ᠤᠨ ᠬᠡᠯᠪᠡᠷᠢ︾ ᠶᠢᠨ ᠬᠠᠷᠢᠭᠤ ᠰᠣᠷᠪᠣᠯᠵᠢᠯᠠᠯ ᠳᠤ ᠨᠡᠶᠢᠲᠡ 15 ᠵᠦᠢᠯ ᠤᠨ ᠪᠣᠳᠠᠲᠠᠶ ᠠᠷᠭ᠎ᠠ ᠬᠡᠮᠵᠢᠶ᠎ᠡ ᠶᠢᠨ ᠲᠣᠭᠤᠷᠢᠨ ᠳᠤ᠂ ︽ᠪᠥᠬᠦ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠳᠤ ︿ᠪᠡᠶ᠎ᠡ ᠶᠢᠨ ᠪᠠᠶᠢᠴᠠᠭᠠᠯᠲᠠ ᠮᠠᠶ᠋ᠢᠭ ᠤᠨ ᠬᠢᠨᠠᠯᠲᠠ ᠬᠠᠮᠢᠶᠠᠷᠤᠯᠲᠠ᠂ ᠦᠢᠯᠡᠴᠢᠯᠡᠭᠡᠨ ᠤ ᠬᠡᠯᠪᠡᠷᠢ ᠶᠢᠨ ᠬᠠᠤᠯᠢ ᠬᠡᠷᠡᠭᠵᠢᠭᠦᠯᠦᠯᠲᠡ︾ ᠶᠢᠨ ᠬᠡᠪ ᠵᠠᠭᠪᠤᠷ ᠢ ᠳᠡᠯᠭᠡᠷᠡᠭᠦᠯᠬᠦ ᠲᠤᠬᠠᠶ ᠰᠠᠨᠠᠯ︾ ᠢ ᠨᠠᠷᠢᠨ ᠲᠠᠶᠢᠯᠪᠤᠷᠢᠯᠠᠪᠠ᠃ ᠡᠭᠦᠨ ᠤ ᠬᠠᠮᠲᠤ ᠡᠯ᠎ᠡ ᠭᠠᠵᠠᠷ ᠤᠨ ᠠᠵᠢᠯ ᠤᠨ ᠠᠬᠢᠴᠠ ᠶᠢᠨ ᠪᠠᠶᠢᠳᠠᠯ ᠢ ᠮᠡᠳᠡᠭᠳᠡᠪᠡ᠃


2.png


    ᠦ᠋ ᠵᠧᠨ ᠴᠢᠩ᠂ ᠪᠥᠬᠦ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ︽ᠪᠡᠶ᠎ᠡ ᠶᠢᠨ ᠪᠠᠶᠢᠴᠠᠭᠠᠯᠲᠠ ᠮᠠᠶ᠋ᠢᠭ ᠤᠨ ᠬᠢᠨᠠᠯᠲᠠ ᠬᠠᠮᠢᠶᠠᠷᠤᠯᠲᠠ᠂ ᠦᠢᠯᠡᠴᠢᠯᠡᠭᠡᠨ ᠤ ᠬᠡᠯᠪᠡᠷᠢ ᠶᠢᠨ ᠬᠠᠤᠯᠢ ᠬᠡᠷᠡᠭᠵᠢᠭᠦᠯᠦᠯᠲᠡ︾ ᠶᠢ ᠳᠡᠯᠭᠡᠷᠡᠭᠦᠯᠬᠦ ᠪᠣᠯ ᠨᠠᠮ ᠤᠨ ᠲᠥᠪ ᠬᠤᠷᠢᠶᠠᠨ ᠤ ᠥᠨᠳᠥᠷ ᠲᠦᠪᠰᠢᠨ ᠪᠥᠬᠦᠶ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠶ ᠶᠢᠨ ᠪᠠᠶᠢᠭᠤᠯᠤᠯ ᠢ ᠪᠠᠶᠢᠭᠤᠯᠬᠤ ᠲᠤᠬᠠᠶ ᠴᠢᠬᠤᠯᠠ ᠠᠷᠭ᠎ᠠ ᠬᠡᠮᠵᠢᠶ᠎ᠡ ᠮᠥᠨ᠂ ᠪᠠᠰᠠ ᠴᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠣᠨᠣᠯᠵᠢᠬᠤᠨ ᠢ ᠲᠤᠭᠤᠰᠢᠯᠠᠭᠤᠯᠬᠤ ᠪᠣᠳᠠᠲᠠᠶ ᠢᠯᠡᠷᠡᠯ ᠮᠥᠨ᠂ ᠪᠠᠰᠠ ᠴᠦ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠴᠢᠬᠤᠯᠠ ᠠᠷᠭ᠎ᠠ ᠬᠡᠯᠪᠡᠷᠢ ᠪᠠᠶᠢᠵᠤ᠂ ᠨᠠᠩ ᠴᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠠᠤᠯᠢ ᠬᠡᠷᠡᠭᠵᠢᠭᠦᠯᠬᠦ ᠣᠶᠢᠯᠠᠭᠠᠭᠳᠠᠬᠤᠨ ᠢ ᠬᠤᠪᠢᠷᠠᠭᠤᠯᠬᠤ ᠪᠠ ᠴᠢᠳᠠᠪᠤᠷᠢ ᠶᠢ ᠳᠡᠭᠡᠭᠰᠢᠯᠡᠭᠦᠯᠬᠦ ᠶᠢᠨ ᠵᠠᠶᠢᠯᠠᠰᠢ ᠥᠬᠡᠶ ᠱᠠᠭᠠᠷᠳᠠᠯᠭ᠎ᠠ ᠪᠣᠯᠣᠨ᠎ᠠ᠂ ︽ᠤᠷᠢᠳᠴᠢᠯᠠᠨ ᠰᠡᠷᠭᠡᠶᠢᠯᠡᠬᠦ ᠪᠠᠷ ᠭᠤᠤᠯ ᠪᠣᠯᠭᠠᠬᠤ᠂ ᠬᠥᠩᠭᠡᠪᠲᠦᠷ ᠢ ᠲᠤᠷᠠᠭᠠᠯ ᠠᠴᠠ ᠭᠡᠯᠳᠦᠷᠢᠭᠦᠯᠬᠦ᠂ ᠬᠦᠨᠳᠦ ᠪᠠᠷ ᠵᠥᠷᠢᠴᠡᠪᠡᠯ ᠴᠢᠩᠭ᠎ᠠ ᠰᠢᠢᠳᠭᠡᠬᠦ᠂ ᠬᠡᠲᠦᠷᠡᠲᠡᠯ᠎ᠡ ᠰᠢᠢᠳᠭᠡᠬᠦ ᠶᠢ ᠵᠣᠬᠢᠴᠠᠭᠤᠯᠬᠤ᠂ ᠬᠡᠷᠡᠭ ᠤᠨ ᠳᠠᠷᠠᠭ᠎ᠠ ᠬᠠᠷᠢᠭᠤ ᠰᠤᠷᠪᠤᠯᠵᠢᠯᠠᠬᠤ︾ ᠬᠠᠤᠯᠢ ᠬᠡᠷᠡᠭᠵᠢᠭᠦᠯᠬᠦ ᠬᠡᠪ ᠵᠠᠭᠪᠤᠷ ᠢ ᠪᠠᠶᠢᠭᠤᠯᠬᠤ ᠳᠤ ᠠᠰᠢᠭᠲᠠᠶ ᠪᠠᠶᠢᠵᠤ᠂ ᠵᠢᠷᠤᠮᠵᠢᠭᠰᠠᠨ ᠲᠥᠪ ᠭᠤᠤᠯᠴᠢ ᠬᠠᠤᠯᠢᠵᠢᠯ ᠤᠨ ᠣᠷᠴᠢᠨ ᠨᠥᠬᠦᠴᠡᠯ᠂ ᠡᠷᠬᠡ ᠲᠡᠭᠰᠢ ᠡᠮᠬᠢ ᠵᠢᠷᠤᠮ ᠲᠠᠢ ᠥᠷᠢᠰᠥᠯᠳᠦᠭᠡᠨ ᠤ ᠣᠷᠴᠢᠨ ᠨᠥᠬᠦᠴᠡᠯ᠂ ᠳᠥᠭᠦᠮ ᠳᠥᠲᠡ ᠥᠨᠳᠥᠷ ᠪᠦᠲᠦᠮᠵᠢᠲᠡᠶ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠪᠠ ᠠᠮᠤᠷ ᠲᠦᠪᠰᠢᠨ ᠰᠠᠨᠠᠭ᠎ᠠ ᠠᠮᠤᠷ ᠬᠡᠷᠡᠭᠯᠡᠭᠡᠨ ᠤ ᠣᠷᠴᠢᠨ ᠨᠥᠬᠦᠴᠡᠯ ᠢ ᠪᠣᠶ ᠪᠣᠯᠭᠠᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠠᠤᠯᠢ ᠴᠠᠭᠠᠵᠠ ᠶᠢᠨ ᠦᠷ᠎ᠡ ᠪᠦᠲᠦᠮᠵᠢ ᠬᠢᠭᠡᠳ ᠤᠯᠤᠰ ᠲᠥᠷᠥ ᠶᠢᠨ ᠦᠷ᠎ᠡ ᠪᠦᠲᠦᠮᠵᠢ᠂ ᠨᠡᠶᠢᠭᠡᠮ ᠤᠨ ᠦᠷ᠎ᠡ ᠪᠦᠲᠦᠮᠵᠢ ᠶᠢ ᠬᠠᠷᠢᠯᠴᠠᠨ ᠨᠢᠭᠡᠲᠦᠯᠵᠢᠭᠦᠯᠬᠦ ᠶᠢ ᠪᠡᠶᠡᠯᠡᠭᠦᠯᠬᠦ ᠳᠤ ᠠᠰᠢᠭᠲᠠᠶ ᠶᠤᠮ ᠭᠡᠵᠦ ᠵᠢᠭᠠᠵᠤ ᠭᠠᠷᠭᠠᠵᠠᠢ᠃ ᠳᠠᠭᠠᠤ ᠳᠤ ᠨᠢ ᠪᠠᠰᠠ ᠠᠷᠠᠳ ᠤᠨ ᠲᠥᠯᠥᠭᠡ ᠬᠠᠤᠯᠢ ᠬᠡᠷᠡᠭᠵᠢᠭᠦᠯᠬᠦ ᠣᠶᠢᠯᠠᠭᠠᠭᠳᠠᠬᠤᠨ ᠢ ᠭᠦᠨᠵᠡᠭᠡᠶ ᠦᠢᠯᠡᠳᠦᠯᠭᠡᠵᠢᠭᠦᠯᠵᠦ᠂ ︽ᠬᠠᠲᠠᠨ ᠬᠢᠭᠡᠳ ᠤᠶᠠᠨ︾᠂ ︽ᠬᠠᠮᠢᠶᠠᠷᠤᠯᠲᠠ ᠬᠢᠭᠡᠳ ᠦᠢᠯᠡᠴᠢᠯᠡᠭᠡ︾᠂ ︽ᠴᠢᠩᠭ᠎ᠠ ᠬᠢᠭᠡᠳ ᠠᠭᠤᠵᠢᠭᠤ︾᠂ ︽ᠬᠠᠤᠯᠢ ᠬᠢᠭᠡᠳ ᠶᠣᠰᠣ︾ ᠪᠠ ︽ᠰᠠᠨᠠᠭᠠᠴᠢᠯᠠᠭᠠᠲᠤ ᠪᠤᠰᠤ ᠬᠢᠭᠡᠳ ᠰᠠᠨᠠᠭᠠᠴᠢᠯᠠᠭᠠᠲᠤ︾ ᠶᠢᠨ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠵᠦ᠂ ᠠᠭᠤᠴᠢᠯᠠᠨ ᠰᠢᠢᠳᠭᠡᠬᠦ ᠪᠠ ᠴᠢᠩᠭ᠎ᠠ ᠰᠢᠢᠳᠭᠡᠬᠦ ᠶᠢ ᠬᠤᠣᠰᠯᠠᠭᠤᠯᠵᠤ᠂ ᠬᠠᠤᠯᠢ ᠪᠠ ᠶᠣᠰᠣ ᠶᠢ ᠤᠶᠠᠯᠳᠤᠭᠤᠯᠬᠤ ᠬᠡᠷᠡᠭᠲᠡᠶ᠃ ᠤᠴᠢᠷ ᠶᠠᠪᠤᠳᠠᠯ ᠤᠨ ᠡᠮᠦᠨ᠎ᠡ ︽ᠤᠷᠢᠳ ᠢᠶᠠᠷ ᠦᠢᠯᠡᠴᠢᠯᠡᠬᠦ︾᠂ ᠤᠴᠢᠷ ᠶᠠᠪᠤᠳᠠᠯ ᠤᠨ ᠳᠤᠮᠳᠠ ︽ᠪᠦᠷᠢᠨ ᠭᠦᠢᠴᠡᠳ ᠦᠢᠯᠡᠴᠢᠯᠡᠬᠦ︾᠂ ᠤᠴᠢᠷ ᠶᠠᠪᠤᠳᠠᠯ ᠤᠨ ᠳᠠᠷᠠᠭ᠎ᠠ ︽ᠮᠥᠷᠳᠡᠨ ᠦᠢᠯᠡᠴᠢᠯᠡᠬᠦ︾᠂ ᠦᠢᠯᠡᠴᠢᠯᠡᠭᠡ ᠶᠢ ᠬᠢᠨᠠᠨ ᠬᠠᠮᠢᠶᠠᠷᠤᠯᠲᠠ ᠠᠴᠠ ᠡᠮᠦᠨ᠎ᠡ᠂ ᠬᠢᠨᠠᠯᠲᠠ ᠬᠠᠮᠢᠶᠠᠷᠤᠯᠲᠠ ᠶᠢ ᠲᠦᠭᠰᠢᠭᠦᠷᠢ ᠠᠴᠠ ᠡᠮᠦᠨ᠎ᠡ ᠭᠦᠶᠦᠯᠭᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃


3.png


     ᠦ᠋ ᠵᠧᠨ ᠴᠢᠩ ᠬᠠᠮᠤᠭ ᠤᠨ ᠰᠡᠭᠦᠯ ᠳᠤ᠂ ︽ᠪᠡᠶ᠎ᠡ ᠶᠢᠨ ᠪᠠᠶᠢᠴᠠᠭᠠᠯᠲᠠ ᠶᠢᠨ ᠬᠡᠯᠪᠡᠷᠢ ᠶᠢᠨ ᠬᠢᠨᠠᠯᠲᠠ ᠬᠠᠮᠢᠶᠠᠷᠤᠯᠲᠠ᠂ ᠦᠢᠯᠡᠴᠢᠯᠡᠭᠡᠨ ᠤ ᠬᠡᠯᠪᠡᠷᠢ ᠶᠢᠨ ᠬᠠᠤᠯᠢ ᠬᠡᠷᠡᠭᠵᠢᠭᠦᠯᠦᠯᠲᠡ︾ ᠬᠡᠪ ᠵᠠᠭᠪᠤᠷ ᠢ ᠳᠡᠯᠭᠡᠷᠡᠭᠦᠯᠬᠦ ᠪᠣᠯ ᠰᠢᠨ᠎ᠡ ᠶᠢ ᠡᠭᠦᠳᠬᠦ ᠴᠢᠨᠠᠷᠲᠠᠶ᠂ ᠨᠡᠭᠡᠭᠡᠯᠲᠡᠲᠦ ᠴᠢᠨᠠᠷᠲᠠᠶ᠂ ᠰᠢᠰᠲ᠋ᠧᠮᠲᠦ ᠴᠢᠨᠠᠷᠲᠠᠶ᠂ ᠣᠷᠳᠣ ᠬᠤᠭᠤᠴᠠᠭᠠᠲᠤ ᠴᠢᠨᠠᠷᠲᠠᠶ ᠢᠨᠵᠧᠨᠧᠷᠢᠩ ᠮᠥᠨ᠂ ᠡᠷᠬᠡᠪᠰᠢ ᠨᠢᠭᠡ ᠬᠥᠯᠭᠡ ᠰᠢᠲᠠᠷ᠎ᠠ ᠪᠠᠷ ᠪᠠᠶᠢᠷᠢᠰᠢᠭᠤᠯᠵᠤ᠂ ᠨᠢᠭᠡ ᠵᠢᠷᠤᠭ ᠢᠶᠠᠷ ᠲᠥᠯᠥᠪᠵᠢᠭᠦᠯᠵᠦ᠂ ᠨᠢᠭᠡ ᠴᠤᠭᠴᠠᠵᠢᠭᠤᠯᠤᠨ ᠠᠬᠢᠭᠤᠯᠵᠤ᠂ ᠡᠴᠦᠰ ᠲᠤ ᠪᠠᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠠᠵᠢᠯᠲᠠᠨ ᠨᠢᠭᠡᠪᠦᠷᠢ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠬᠡᠷᠡᠭᠲᠡᠶ᠂ ᠳᠡᠭᠡᠷ᠎ᠡ ᠠᠴᠠ ᠳᠣᠷᠣᠭᠰᠢ ᠬᠦᠷᠲᠡᠯ᠎ᠡ ᠰᠡᠳᠭᠢᠮᠵᠢ ᠪᠠᠨ ᠬᠤᠪᠢᠷᠠᠭᠤᠯᠵᠤ᠂ ᠲᠣᠭᠲᠠᠴᠠ ᠪᠠᠨ ᠲᠡᠭᠦᠯᠳᠡᠷᠵᠢᠭᠦᠯᠵᠦ᠂ ᠬᠠᠷᠢᠭᠤᠴᠠᠯᠭ᠎ᠠ ᠪᠠᠨ ᠴᠢᠩᠭᠠᠷᠠᠭᠤᠯᠵᠤ᠂ ᠠᠷᠭ᠎ᠠ ᠬᠡᠮᠵᠢᠶ᠎ᠡ ᠪᠠᠨ ᠰᠢᠨᠡᠴᠢᠯᠡᠵᠦ᠂ ᠠᠵᠤ ᠠᠬᠤᠶᠢᠯᠠᠯ ᠤᠨ ᠬᠦᠴᠢᠷᠳᠡᠯ᠂ ᠡᠪᠡᠷᠰᠢᠶᠡᠯ᠂ ᠲᠦᠭᠵᠢᠷᠡᠯ ᠳᠤ ᠰᠢᠭᠤᠳ ᠬᠠᠨᠳᠤᠵᠤ᠂ ᠦᠢᠯᠡᠴᠢᠯᠡᠭᠡᠨ ᠤ ᠣᠨᠣᠪᠴᠢᠲᠤ ᠴᠢᠨᠠᠷ ᠪᠠ ᠪᠦᠲᠦᠮᠵᠢᠲᠦ ᠴᠢᠨᠠᠷ ᠢ ᠴᠢᠩᠭᠠᠷᠠᠭᠤᠯᠵᠤ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠶᠢᠨ ᠬᠥᠭᠵᠢᠯᠲᠡ ᠶᠢᠨ ︽ᠰᠢᠨ᠎ᠡ ᠵᠠᠮ ᠢ ᠨᠡᠭᠡᠭᠡᠵᠦ᠂ ᠳᠤᠮᠳᠠ ᠲᠦᠪᠰᠢᠨ ᠳᠤ ᠣᠷᠣᠭᠤᠯᠬᠤ︾ ᠶᠢ ᠪᠡᠶᠡᠯᠡᠭᠦᠯᠬᠦ ᠳᠤ ᠨᠠᠩ ᠠᠮᠢᠵᠢᠷᠠᠯ ᠤᠨ ᠬᠦᠴᠦᠨ ᠲᠠᠢ᠂ ᠲᠣᠭᠲᠠᠭᠤᠨ᠂ ᠢᠯᠡ ᠲᠣᠳᠣ᠂ ᠵᠢᠱᠢᠵᠦ ᠪᠣᠯᠬᠤᠶᠢᠴᠠ ᠵᠠᠬ᠎ᠠ ᠳᠡᠯᠭᠡᠭᠦᠷ ᠤᠨ ᠣᠷᠴᠢᠨ ᠨᠥᠬᠦᠴᠡᠯ ᠢ ᠪᠣᠶ ᠪᠣᠯᠭᠠᠵᠤ ᠥᠭᠬᠦ ᠬᠡᠷᠡᠭᠲᠡᠶ ᠭᠡᠵᠦ ᠴᠢᠬᠤᠯᠠᠴᠢᠯᠠᠪᠠ᠃


4.png


    ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠤᠯᠪᠣᠭᠳᠠᠯ ᠪᠥᠬᠦᠶ ᠬᠦᠮᠦᠰ ᠣᠷᠣᠯᠴᠠᠵᠤ᠂ ᠡᠯ᠎ᠡ ᠠᠶᠢᠮᠠᠭ ᠬᠤᠲᠠ ᠶᠢᠨ ᠲᠣᠪᠴᠢᠶ᠎ᠠ ᠳᠤ ᠬᠤᠷᠠᠯ ᠤᠨ ᠬᠤᠪᠢᠶᠠᠷᠢ ᠲᠠᠯᠠᠪᠠᠶ ᠲᠣᠬᠢᠷᠠᠭᠤᠯᠪᠠ᠃

 

ᠢᠷᠡᠯᠲᠡ᠄ ᠬᠠᠤᠯᠢ ᠲᠣᠭᠲᠠᠭᠠᠯ ᠤᠨ ᠭᠠᠵᠠᠷ