ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠣᠨᠴᠠ ᠲᠥᠷᠥᠯ ᠤᠨ ᠲᠥᠬᠦᠭᠡᠷᠦᠮᠵᠢ ᠶᠢᠨ ᠲᠦᠭᠰᠢᠭᠦᠷᠢ ᠶᠢᠨ ᠳᠠᠯᠳᠠ ᠬᠡᠮ ᠢ ᠲᠣᠭᠲᠠᠮᠠᠯ ᠬᠤᠭᠤᠴᠠᠭ᠎ᠠ ᠲᠠᠢ ᠪᠠᠷ ᠵᠠᠳᠠᠯᠤᠨ ᠰᠤᠳᠤᠯᠵᠤ ᠮᠠᠭᠠᠳᠯᠠᠪᠠ
ᠨᠡᠶᠢᠲᠡᠯᠡᠭᠰᠡᠨ ᠴᠠᠭ᠄
2024/8/29

    8 ᠳ᠋ᠤᠭᠠᠷ ᠰᠠᠷ᠎ᠠ ᠶᠢᠨ 6 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠤ ᠲᠣᠪᠴᠢᠶ᠎ᠠ ᠨᠢ ᠬᠢᠨᠠᠨ ᠦᠨᠡᠯᠡᠬᠦ ᠪᠠᠶᠢᠴᠠᠭᠠᠨ ᠰᠢᠯᠭᠠᠬᠤ ᠲᠥᠪ᠂ ᠥᠪᠡᠷᠲᠡᠭᠡᠨ ᠵᠠᠰᠠᠬᠤ ᠣᠷᠣᠨ ᠤ ᠣᠨᠴᠠ ᠲᠦᠷᠦᠯ ᠤᠨ ᠲᠣᠨᠤᠭ ᠲᠥᠬᠦᠭᠡᠷᠦᠮᠵᠢ ᠶᠢᠨ ᠪᠠᠶᠢᠴᠠᠭᠠᠬᠤ ᠬᠤᠷᠢᠶ᠎ᠠ ᠶᠢ ᠵᠣᠬᠢᠶᠠᠨ ᠪᠠᠶᠢᠭᠤᠯᠤᠨ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠲᠦᠭᠰᠢᠭᠦᠷᠢ ᠶᠢᠨ ᠳᠠᠯᠳᠠ ᠬᠡᠮ ᠢ ᠲᠣᠭᠲᠠᠮᠠᠯ ᠬᠤᠭᠤᠴᠠᠭ᠎ᠠ ᠲᠠᠢ ᠪᠠᠷ ᠵᠠᠳᠠᠯᠤᠨ ᠰᠤᠳᠤᠯᠵᠤ ᠮᠠᠭᠠᠳᠯᠠᠵᠤ ᠵᠥᠪᠳᠡᠯᠴᠡᠬᠦ ᠬᠤᠷᠠᠯ ᠬᠤᠷᠠᠯᠳᠤᠭᠤᠯᠪᠠ᠃

    ᠡᠨᠡ ᠪᠣᠯ ᠥᠪᠡᠷᠲᠡᠭᠡᠨ ᠵᠠᠰᠠᠬᠤ ᠣᠷᠣᠨ ᠤ ᠣᠨᠴᠠ ᠲᠥᠷᠥᠯ ᠤᠨ ᠲᠥᠬᠦᠭᠡᠷᠦᠮᠵᠢ ᠶᠢᠨ ᠠᠰᠠᠭᠤᠳᠠᠯ ᠢ ᠢᠯᠡᠷᠡᠭᠦᠯᠬᠦ ᠲᠣᠭᠲᠠᠴᠠ ᠶᠢ ᠨᠠᠶᠢᠳᠠᠪᠤᠷᠢᠵᠢᠭᠤᠯᠬᠤ ᠨᠢᠭᠡ ᠵᠦᠢᠯ ᠤᠨ ᠪᠣᠳᠠᠲᠠᠶ ᠠᠷᠭ᠎ᠠ ᠬᠡᠮᠵᠢᠶ᠎ᠡ ᠪᠠᠶᠢᠵᠤ ᠂ ᠬᠢᠨᠠᠨ ᠪᠠᠶᠢᠴᠠᠭᠠᠬᠤ ᠰᠠᠯᠠᠭ᠎ᠠ ᠮᠥᠴᠢᠷ ᠪᠣᠯᠤᠨ ᠬᠠᠤᠯᠢ ᠪᠠᠷ ᠲᠣᠭᠲᠠᠭᠠᠭᠰᠠᠨ ᠰᠢᠯᠭᠠᠨ ᠪᠠᠶᠢᠴᠠᠭᠠᠬᠤ ᠪᠠᠶᠢᠭᠤᠯᠤᠮᠵᠢ ᠶᠢᠨ ᠲᠣᠭᠲᠠᠮᠠᠯ ᠬᠤᠭᠤᠴᠠᠭᠠᠲᠤ ᠮᠡᠳᠡᠭᠡ ᠵᠠᠩᠭᠢ ᠶᠢᠨ ᠨᠡᠪᠲᠡᠷᠡᠯᠴᠡᠭᠡ ᠵᠥᠪᠳᠡᠯᠴᠡᠭᠡ ᠪᠠᠷ ᠳᠠᠮᠵᠢᠭᠤᠯᠤᠨ᠂ ᠵᠠᠰᠠᠭ ᠵᠠᠬᠢᠷᠭᠠᠨ ᠤ ᠬᠢᠨᠠᠯᠲᠠ ᠬᠠᠮᠢᠶᠠᠷᠤᠯᠲᠠ ᠪᠣᠯᠤᠨ ᠮᠡᠷᠭᠡᠵᠢᠯ ᠤᠨ ᠬᠢᠨᠠᠯᠲᠠ ᠲᠠᠯᠪᠢᠯᠲᠠ ᠶᠢᠨ ᠰᠠᠶᠢᠨ ᠦᠢᠯᠡᠳᠦᠯᠴᠡᠯ ᠢ ᠪᠡᠶᠡᠯᠡᠭᠦᠯᠵᠦ᠂ ᠠᠵᠢᠯ ᠤᠨ ᠳᠤᠮᠳᠠ ᠢᠯᠡᠷᠡᠭᠦᠯᠦᠭᠰᠡᠨ ᠲᠦᠭᠰᠢᠭᠦᠷᠢ ᠶᠢᠨ ᠳᠠᠯᠳᠠ ᠭᠡᠮ ᠢ ᠠᠷᠢᠯᠭᠠᠬᠤ ᠶᠢᠨ ᠲᠥᠯᠥᠭᠡ ᠶᠤᠮ᠃

    ᠬᠤᠷᠠᠯ ᠳᠡᠭᠡᠷ᠎ᠡ᠂ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠢ ᠬᠢᠨᠠᠨ ᠪᠠᠶᠢᠴᠠᠭᠠᠬᠤ ᠲᠣᠪᠴᠢᠶ᠎ᠠ ᠳᠡᠭᠡᠷ᠎ᠡ ᠬᠠᠭᠠᠰ ᠵᠢᠯ ᠤᠨ ᠪᠥᠬᠦ ᠤᠯᠤᠰ ᠪᠠ ᠪᠥᠬᠦ ᠣᠷᠣᠨ ᠤ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠤ ᠪᠠᠶᠢᠳᠠᠯ ᠢ ᠵᠠᠳᠠᠯᠵᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠶᠢᠨ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠶᠠᠷᠢᠯᠴᠠᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠳᠡᠭᠡᠷ᠎ᠡ ᠬᠠᠭᠠᠰ ᠵᠢᠯ ᠤᠨ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠬᠤᠯᠪᠣᠭᠳᠠᠯ ᠪᠥᠬᠦᠶ ᠠᠮᠤᠷ ᠲᠦᠪᠰᠢᠨ ᠤ ᠠᠳᠡᠯ ᠤᠨ ᠪᠠᠶᠢᠳᠠᠯ ᠢ ᠮᠡᠳᠡᠭᠳᠡᠪᠡ᠃ ᠬᠤᠷᠠᠯ ᠳᠤ ᠣᠷᠣᠯᠴᠠᠭᠰᠠᠨ ᠡᠯ᠎ᠡ ᠨᠢᠭᠡᠴᠢ ᠨᠦᠭᠦᠳ ᠣᠶᠢᠷ᠎ᠠ ᠶᠢᠨ ᠬᠤᠭᠤᠴᠠᠭᠠᠨ ᠤ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠭᠰᠠᠨ ᠪᠠ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠭᠰᠡᠨ ᠵᠢᠴᠢ ᠢᠯᠡᠷᠡᠭᠦᠯᠦᠭᠰᠡᠨ ᠡᠯ᠎ᠡ ᠲᠥᠷᠥᠯ ᠤᠨ ᠲᠣᠪᠤᠶᠢᠮ᠎ᠠ ᠠᠰᠠᠭᠤᠳᠠᠯ ᠤᠨ ᠪᠠᠶᠢᠳᠠᠯ ᠤᠨ ᠲᠤᠬᠠᠶ ᠶᠠᠷᠢᠶ᠎ᠠ ᠲᠠᠯᠪᠢᠵᠤ᠂ ᠣᠶᠢᠷ᠎ᠠ ᠶᠢᠨ ᠬᠤᠭᠤᠴᠠᠭᠠᠨ ᠤ ᠣᠨᠴᠠ ᠲᠥᠷᠥᠯ ᠤᠨ ᠲᠣᠨᠤᠭ ᠲᠥᠬᠦᠭᠡᠷᠦᠮᠵᠢ ᠳᠤ ᠣᠷᠣᠰᠢᠵᠤ ᠪᠠᠶᠢᠭ᠎ᠠ ᠲᠦᠭᠰᠢᠭᠦᠷᠢ ᠶᠢᠨ ᠳᠠᠯᠳᠠ ᠬᠡᠮ ᠢ ᠵᠠᠳᠠᠯᠤᠨ ᠰᠢᠨᠵᠢᠯᠡᠵᠦ ᠰᠤᠳᠤᠯᠤᠨ ᠶᠠᠷᠢᠯᠴᠠᠪᠠ᠃

    ᠬᠤᠷᠠᠯ ᠠᠴᠠ᠂ ᠨᠢᠭᠡ ᠳᠤ᠂ ᠣᠳᠣᠬᠠᠨ ᠤ ᠣᠨᠴᠠ ᠲᠦᠷᠦᠯ ᠤᠨ ᠲᠤᠨᠤᠭ ᠲᠥᠬᠦᠭᠡᠷᠦᠮᠵᠢ ᠶᠢᠨ ᠠᠮᠤᠷ ᠲᠦᠪᠰᠢᠨ ᠤ ᠪᠠᠶᠢᠳᠠᠯ ᠢ ᠲᠣᠳᠣᠷᠬᠠᠢ ᠲᠠᠨᠢᠬᠤ ᠬᠡᠷᠡᠭᠲᠡᠢ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠶᠢᠨ ᠳᠡᠳ᠋ ᠳᠠᠷᠤᠭ᠎ᠠ ᠪᠠᠶ ᠴᠢᠩ ᠶᠤᠸᠠᠨ ᠤ 7 ᠳ᠋ᠤᠭᠠᠷ ᠰᠠᠷ᠎ᠠ ᠶᠢᠨ 5 ᠤ ᠡᠳᠦᠷ ᠵᠣᠨ ᠤ ᠠᠮᠠᠷᠠᠯᠲᠠ ᠶᠢᠨ ᠬᠤᠭᠤᠴᠠᠭᠠᠨ ᠤ ᠪᠥᠬᠦ ᠤᠯᠤᠰ ᠤᠨ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠸᠢᠳᠢᠣ᠋ ᠬᠤᠷᠠᠯ ᠳᠡᠭᠡᠷ᠎ᠡ ᠭᠠᠷᠭᠠᠭᠰᠠᠨ ᠴᠢᠬᠤᠯᠠ ᠪᠠᠶᠢᠷᠢᠯᠠᠭᠤᠯᠤᠯᠲᠠ ᠵᠢᠴᠢ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠲᠣᠪᠴᠢᠶ᠎ᠠ ᠶᠢᠨ ᠬᠠᠭᠠᠰ ᠵᠢᠯ ᠤᠨ ᠶᠠᠷᠢᠯᠴᠠᠬᠤ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠲᠣᠰ ᠴᠣᠭᠴᠠ ᠶᠢᠨ ᠨᠡᠮᠡᠭᠳᠡᠯ ᠤᠨ ᠬᠡᠮᠵᠢᠶ᠎ᠡ᠂ ᠰᠢᠨ᠎ᠡ ᠮᠡᠷᠭᠡᠵᠢᠯ ᠤᠨ ᠬᠡᠷᠡᠭᠯᠡᠯᠲᠡ ᠪᠠ ᠲᠣᠨᠤᠭ ᠲᠥᠬᠦᠭᠡᠷᠦᠮᠵᠢ ᠶᠢᠨ ᠬᠠᠭᠤᠴᠢᠷᠠᠭᠰᠠᠨ ᠠᠴᠠ ᠪᠣᠯᠤᠭᠰᠠᠨ ᠲᠦᠭᠰᠢᠭᠦᠷᠢ ᠶᠢ ᠴᠢᠬᠤᠯᠠᠴᠢᠯᠠᠨ᠂ ᠠᠵᠤ ᠠᠬᠤᠶᠢᠯᠠᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠴᠢᠬᠤᠯᠠᠴᠢᠯᠠᠵᠤ᠂ ᠬᠤᠲᠠ ᠪᠠᠯᠭᠠᠰᠤᠨ ᠤ ᠰᠢᠲᠠᠮᠠᠬᠠᠶ ᠬᠡᠶ ᠶᠢᠨ ᠠᠮᠤᠷ ᠲᠦᠪᠰᠢᠨ ᠪᠠ ᠵᠣᠨ ᠤ ᠠᠮᠠᠷᠠᠯᠲᠠ ᠶᠢᠨ ᠬᠤᠭᠤᠴᠠᠭ᠎ᠠ ᠵᠡᠷᠭᠡ ᠭᠠᠳᠠᠭᠠᠳᠤ ᠣᠷᠴᠢᠨ ᠲᠣᠭᠤᠷᠢᠨ ᠠᠴᠠ ᠪᠣᠯᠤᠭᠰᠠᠨ ᠲᠦᠭᠰᠢᠭᠦᠷᠢ ᠶᠢᠨ ᠬᠦᠴᠦᠨ ᠵᠦᠢᠯ ᠢ ᠴᠢᠬᠤᠯᠠᠴᠢᠯᠠᠬᠤ ᠬᠡᠷᠡᠭᠲᠡᠶ᠃ ᠬᠤᠶᠠᠷ ᠲᠤ᠂ ᠣᠨᠴᠠ ᠲᠦᠷᠦᠯ ᠤᠨ ᠲᠤᠨᠤᠭ ᠲᠥᠬᠦᠭᠡᠷᠦᠮᠵᠢ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠬᠤ ᠬᠡᠷᠡᠭᠲᠡᠢ᠃ ᠠᠵᠢᠯ ᠤᠨ ᠳᠤᠮᠳᠠ ᠦᠷᠭᠦᠯᠵᠢᠯᠡᠨ ᠰᠡᠷᠡᠮᠵᠢᠯᠡᠭᠦᠯᠬᠦ ᠬᠥᠮᠦᠵᠢᠯ ᠢ ᠴᠢᠩᠭᠠᠷᠠᠭᠤᠯᠵᠤ᠂ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢ ᠦᠢᠯᠡᠳᠪᠦᠷᠢᠯᠡᠬᠦ᠂ ᠬᠡᠷᠡᠭᠯᠡᠬᠦ ᠨᠢᠭᠡᠴᠢ ᠶᠢ ᠰᠢᠮᠳᠠᠭᠤᠯᠵᠤ ᠪᠠᠶᠢᠭᠠᠳ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠤ ᠬᠠᠷᠢᠭᠤᠴᠠᠯᠭ᠎ᠠ ᠶᠢᠨ ᠲᠣᠭᠲᠠᠯᠴᠠᠭ᠎ᠠ ᠶᠢ ᠪᠠᠶᠢᠭᠤᠯᠤᠨ ᠪᠦᠷᠢᠨᠰᠢᠭᠦᠯᠵᠦ᠂ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯᠲᠠᠨ ᠪᠠ ᠠᠵᠢᠯᠯᠠᠭᠴᠢ ᠶᠢ ᠪᠦᠷᠢᠨ ᠭᠦᠢᠴᠡᠳ ᠴᠢᠩᠭ᠎ᠠ ᠲᠣᠬᠢᠷᠠᠭᠤᠯᠵᠤ᠂ ᠰᠢᠯᠭᠠᠨ ᠪᠠᠶᠢᠴᠠᠭᠠᠬᠤ᠂ ᠬᠢᠨᠠᠨ ᠲᠣᠭᠲᠠᠭᠠᠬᠤ᠂ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠪᠠ ᠵᠠᠰᠠᠭ ᠵᠠᠬᠢᠷᠭᠠᠨ ᠤ ᠬᠢᠨᠠᠨ ᠪᠠᠶᠢᠴᠠᠭᠠᠬᠤ ᠠᠵᠢᠯ ᠢ ᠬᠢᠵᠦ ᠪᠠᠶᠢᠭ᠎ᠠ ᠬᠥᠮᠦᠰ ᠲᠤ ᠤᠬᠠᠭᠤᠯᠭ᠎ᠠ ᠬᠥᠮᠦᠵᠢᠯ ᠢ ᠴᠢᠩᠭᠠᠳᠬᠠᠬᠤ ᠬᠡᠷᠡᠭᠲᠡᠶ᠃ ᠭᠤᠷᠪᠠ ᠳᠤ᠂ ᠲᠤᠪᠤᠶᠢᠮ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ ᠣᠨᠣᠪᠴᠢᠲᠠᠢ ᠵᠠᠳᠠᠯᠤᠨ ᠰᠤᠳᠤᠯᠵᠤ ᠮᠠᠭᠠᠳᠯᠠᠬᠤ ᠬᠡᠷᠡᠭᠲᠡᠢ᠃ ᠬᠤᠷᠠᠯ ᠳᠤ ᠣᠷᠣᠯᠴᠠᠭᠰᠠᠨ ᠡᠯ᠎ᠡ ᠨᠢᠭᠡᠴᠢ ᠠᠮᠤᠷ ᠲᠦᠪᠰᠢᠨ ᠢ ᠬᠢᠨᠠᠨ ᠪᠠᠶᠢᠴᠠᠭᠠᠬᠤ᠂ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ᠂ ᠰᠢᠯᠭᠠᠨ ᠪᠠᠶᠢᠴᠠᠭᠠᠵᠤ ᠰᠢᠯᠭᠠᠨ ᠬᠡᠮᠵᠢᠬᠦ ᠵᠡᠷᠭᠡ ᠡᠯ᠎ᠡ ᠭᠤᠭᠴᠤᠭ᠎ᠠ ᠶᠢᠨ ᠠᠵᠢᠯ ᠤᠨ ᠳᠤᠮᠳᠠ᠂ ᠲᠤᠪᠤᠶᠢᠮ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠳᠡᠯ ᠤᠨ ᠰᠢᠯᠲᠠᠭᠠᠨ ᠢ ᠨᠠᠷᠢᠨ ᠬᠢᠨᠠᠮᠠᠭᠠᠢ ᠵᠠᠳᠠᠯᠵᠤ᠂ ᠲᠦᠭᠰᠢᠭᠦᠷᠢ ᠶᠢᠨ ᠭᠡᠮ ᠰᠣᠭᠤᠭ ᠢ ᠨᠠᠷᠢᠨ ᠬᠢᠨᠠᠮᠠᠭᠠᠢ ᠡᠷᠢᠬᠦ ᠶᠢᠨ ᠬᠠᠮᠲᠤ ᠣᠨᠣᠪᠴᠢᠲᠠᠢ ᠵᠠᠳᠠᠯᠵᠤ ᠰᠤᠳᠤᠯᠤᠨ ᠮᠠᠭᠠᠳᠯᠠᠬᠤ ᠬᠡᠷᠡᠭᠲᠡᠢ᠃ ᠣᠳᠣᠬᠠᠨ ᠤ ᠴᠠᠬᠢᠯᠭᠠᠨ ᠱᠠᠲᠤ᠂ ᠬᠡᠢ ᠶᠢᠨ ᠲᠦᠩᠰᠡ᠂ ᠳᠠᠷᠤᠯᠲᠠᠲᠤ ᠬᠤᠭᠤᠯᠠᠶ ᠵᠢᠴᠢ ᠠᠶᠠᠨᠴᠢᠳ ᠤᠨ ᠲᠡᠭᠡᠭᠡᠪᠦᠷᠢ ᠶᠢᠨ ᠳᠡᠭᠦᠵᠢᠩ ᠵᠠᠮ ᠪᠣᠯᠤᠨ ᠲᠣᠮᠣ ᠬᠡᠯᠪᠡᠷᠢ ᠶᠢᠨ ᠲᠣᠭᠯᠠᠭᠠᠮ ᠤᠨ ᠪᠡᠯᠡᠳᠬᠡᠮᠵᠢ ᠵᠡᠷᠭᠡ ᠲᠠᠯ᠎ᠠ ᠪᠠᠷ ᠣᠷᠣᠰᠢᠵᠤ ᠪᠠᠶᠢᠭ᠎ᠠ ᠠᠰᠠᠭᠤᠳᠠᠯ ᠢ ᠭᠤᠤᠯᠳᠠᠯᠭ᠎ᠠ ᠲᠠᠢ ᠰᠢᠢᠳᠪᠦᠷᠢᠯᠡᠵᠦ ᠂ ᠬᠦᠨᠳᠦ ᠶᠢ ᠡᠷᠭᠦᠬᠦ ᠮᠠᠰᠢᠨ ᠪᠣᠯᠤᠨ ᠲᠠᠯᠠᠪᠤᠷ ︵ᠦᠢᠯᠡᠳᠪᠦᠷᠢ︶ ᠤᠨ ᠳᠣᠲᠣᠷᠠᠬᠢ ᠮᠠᠰᠢᠨᠲᠤ ᠲᠡᠷᠭᠡᠨ ᠤ ᠠᠳᠠᠯ ᠭᠠᠷᠬᠤ ᠶᠢ ᠬᠤᠷᠢᠭᠯᠠᠬᠤ ᠬᠡᠷᠡᠭᠲᠡᠶ᠃ ᠲᠦᠷᠪᠡ ᠳᠤ᠂ ᠬᠠᠮᠵᠢᠯᠴᠠᠭ᠎ᠠ ᠪᠠᠨ ᠴᠢᠩᠭᠠᠷᠠᠭᠤᠯᠵᠤ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠬᠦ ᠬᠡᠷᠡᠭᠲᠡᠶ᠃ ᠬᠤᠷᠠᠯ ᠳᠤ ᠣᠷᠣᠯᠴᠠᠭᠰᠠᠨ ᠡᠯ᠎ᠡ ᠨᠢᠭᠡᠴᠢ  ᠨᠦᠭᠦᠳ ᠥᠪᠡᠷᠲᠡᠭᠡᠨ ᠵᠠᠰᠠᠬᠤ ᠣᠷᠣᠨ ᠤ ᠱᠠᠲᠤᠨ ᠤ ᠵᠥᠪᠳᠡᠯᠴᠡᠬᠦ ᠠᠵᠢᠯ ᠤᠨ ᠲᠣᠭᠲᠠᠴᠠ ᠶᠢ ᠭᠦᠢᠴᠡᠳ ᠪᠠᠳᠠᠷᠠᠭᠤᠯᠬᠤ ᠪᠠ ᠰᠠᠶᠢᠲᠤᠷ ᠬᠡᠷᠡᠭᠯᠡᠵᠦ᠂ ᠮᠡᠳᠡᠭᠡ ᠵᠠᠩᠭᠢ ᠶᠢᠨ ᠬᠠᠷᠢᠯᠴᠠᠨ ᠨᠡᠪᠲᠡᠷᠡᠯᠴᠡᠯ ᠢ ᠴᠢᠩᠭᠠᠳᠬᠠᠨ᠂ ᠥᠪᠡᠷᠲᠡᠭᠡᠨ ᠵᠠᠰᠠᠬᠤ ᠣᠷᠣᠨ ᠤ ᠱᠠᠲᠤᠨ ᠤ ᠵᠥᠪᠳᠡᠯᠴᠡᠬᠦ ᠠᠵᠢᠯ ᠤᠨ ᠲᠣᠭᠲᠠᠴᠠ ᠶᠢ ᠠᠯᠬᠤᠮ ᠠᠯᠬᠤᠮ ᠢᠶᠠᠷ ᠲᠡᠭᠦᠯᠳᠡᠷᠵᠢᠭᠦᠯᠵᠦ᠂ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠲᠦᠭᠰᠢᠭᠦᠷᠢ ᠶᠢᠨ ᠳᠠᠯᠳᠠ ᠬᠡᠮ ᠢ ᠲᠣᠭᠲᠠᠮᠠᠯ ᠬᠤᠭᠤᠴᠠᠭ᠎ᠠ ᠲᠠᠢ ᠪᠠᠷ ᠵᠠᠳᠠᠯᠤᠨ ᠰᠤᠳᠤᠯᠵᠤ ᠮᠠᠭᠠᠳᠯᠠᠵᠤ ᠵᠥᠪᠳᠡᠯᠴᠡᠬᠦ ᠠᠵᠢᠯ ᠤᠨ ᠲᠣᠭᠲᠠᠴᠠ ᠶᠢᠨ ᠪᠦᠲᠦᠮᠵᠢᠲᠦ ᠴᠢᠨᠠᠷ᠂ ᠣᠷᠳᠣ ᠬᠤᠭᠤᠴᠠᠭᠠᠲᠤ ᠴᠢᠨᠠᠷ ᠢ ᠦᠨᠡᠨ ᠬᠦ ᠪᠠᠲᠤᠯᠠᠬᠤ ᠬᠡᠷᠡᠭᠲᠡᠶ ᠭᠡᠵᠡᠢ᠃

 

ᠢᠷᠡᠯᠲᠡ᠄ ᠣᠨᠴᠠ ᠲᠦᠷᠦᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠢ ᠬᠢᠨᠠᠨ ᠪᠠᠶᠢᠴᠠᠭᠠᠬᠤ ᠲᠣᠪᠴᠢᠶ᠎ᠠ