ᠥᠪᠡᠷᠲᠡᠭᠡᠨ ᠵᠠᠰᠠᠬᠤ ᠣᠷᠣᠨ ᠤ ᠠᠵᠤ ᠦᠢᠯᠡᠰ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠡᠵᠡᠩᠨᠡᠯᠲᠡ ᠶᠢᠨ ᠲᠥᠪ ᠵᠢᠴᠢ ᠥᠨᠳᠥᠷ ᠥᠷᠲᠡᠭᠲᠦ ᠲᠤᠰᠬᠠᠶ ᠠᠰᠢᠭ ᠪᠤᠶᠢᠵᠢᠭᠤᠯᠬᠤ ᠲᠥᠪ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/8/5

    7 ᠳ᠋ᠤᠭᠠᠷ ᠰᠠᠷ᠎ᠠ ᠶᠢᠨ 29 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠮᠡᠳᠡᠯᠭᠡ ᠶᠢᠨ ᠥᠮᠴᠢᠯᠡᠯ ᠤᠨ ᠡᠷᠬᠡ ᠶᠢᠨ ᠲᠣᠪᠴᠢᠶ᠎ᠠ︶ ᠥᠪᠡᠷᠲᠡᠭᠡᠨ ᠵᠠᠰᠠᠬᠤ ᠣᠷᠣᠨ ᠤ ᠠᠵᠤ ᠦᠢᠯᠡᠰ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠡᠵᠡᠩᠨᠡᠯᠲᠡ ᠶᠢᠨ ᠲᠥᠪ ᠵᠢᠴᠢ ᠥᠨᠳᠥᠷ ᠥᠷᠲᠡᠭᠲᠦ ᠲᠤᠰᠬᠠᠶ ᠠᠰᠢᠭ ᠢ ᠪᠤᠶᠢᠵᠢᠭᠤᠯᠬᠤ ᠲᠥᠪ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ᠃ ᠪᠥᠬᠦ ᠣᠷᠣᠨ ᠤ ᠥᠪᠡᠷᠲᠡᠭᠡᠨ ᠵᠠᠰᠠᠬᠤ ᠣᠷᠣᠨ ᠤ ᠠᠵᠤ ᠦᠢᠯᠡᠰ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠠᠵᠢᠯᠯᠠᠭᠠᠨ ᠤ ᠲᠥᠪ ᠪᠣᠯᠤᠨ ᠥᠨᠳᠥᠷ ᠥᠷᠲᠡᠭᠲᠦ ᠲᠤᠰᠬᠠᠶ ᠠᠰᠢᠭ ᠢ ᠪᠤᠶᠢᠵᠢᠭᠤᠯᠬᠤ ᠲᠥᠪ ᠤᠨ 14 ᠬᠠᠷᠢᠭᠤᠴᠠᠯᠭᠠᠲᠠᠨ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠲᠡᠭᠡᠭᠡᠪᠦᠷᠢ ᠶᠢ ᠠᠬᠢᠭᠤᠯᠬᠤ ᠭᠠᠵᠠᠷ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠠᠮᠠᠭᠠᠯᠠᠯᠲᠠ ᠶᠢᠨ ᠲᠥᠪ ᠤᠨ ᠬᠠᠷᠢᠭᠤᠴᠠᠯᠭᠠᠲᠠᠨ᠂ ᠡᠯ᠎ᠡ ᠠᠶᠢᠮᠠᠭ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠤᠪᠢᠳᠠᠨ ᠬᠠᠮᠢᠶᠠᠷᠴᠤ ᠪᠦᠬᠦᠢ ᠲᠣᠪᠴᠢᠶᠠᠨ ᠳᠠᠷᠤᠭ᠎ᠠ᠂ ᠰᠠᠯᠠᠭᠠᠨ ᠳᠠᠷᠤᠭ᠎ᠠ ᠵᠡᠷᠭᠡ 50 ᠬᠥᠮᠦᠨ ᠬᠤᠷᠠᠯ ᠳᠤ ᠣᠷᠣᠯᠴᠠᠪᠠ᠃


8-5-要闻-自治区产业知识产权运营中心及高价值专利培育中心建设推进会召开.jpg


    ᠬᠤᠷᠠᠯ ᠠᠴᠠ ᠰᠦ ᠶᠢᠨ ᠦᠢᠯᠡᠰ᠂ ᠡᠪᠡᠰᠦᠨ ᠤ ᠠᠵᠤ ᠦᠢᠯᠡᠰ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠡᠵᠡᠩᠨᠡᠯᠲᠡ ᠶᠢᠨ ᠲᠥᠪ ᠵᠡᠷᠭᠡ 4 ᠠᠵᠤ ᠦᠢᠯᠡᠰ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠡᠵᠡᠩᠨᠡᠯᠲᠡ ᠶᠢᠨ ᠲᠥᠪ ᠪᠣᠯᠤᠨ ᠥᠪᠥᠷ ᠮᠣᠩᠭᠤᠯ ᠤᠨ ᠹᠦ᠋ ᠹᠧᠩ ᠠᠮᠢᠳᠤ ᠪᠣᠳᠠᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠨᠢᠭᠡᠳᠦᠭᠡᠷ ᠮᠠᠰᠢᠨ ᠮᠧᠬᠠᠨᠢᠭ ᠤᠨ ᠪᠦᠯᠦᠭᠯᠡᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ 2 ᠥᠨᠳᠥᠷ ᠥᠷᠲᠡᠭᠲᠦ ᠲᠤᠰᠬᠠᠢ ᠠᠰᠢᠭ ᠢ ᠪᠤᠶᠢᠵᠢᠭᠤᠯᠬᠤ ᠲᠥᠪ ᠤᠨ ᠪᠦᠳᠦᠭᠡᠨ ᠪᠠᠶᠢᠭᠤᠯᠤᠯᠲᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠥᠪᠡᠷᠲᠡᠭᠡᠨ ᠵᠠᠰᠠᠬᠤ ᠣᠷᠣᠨ ᠤ ᠮᠡᠳᠡᠯᠭᠡ ᠶᠢᠨ ᠥᠮᠴᠢᠯᠡᠯ ᠤᠨ ᠡᠷᠬᠡ ᠶᠢ ᠬᠠᠮᠠᠭᠠᠯᠠᠬᠤ ᠲᠥᠪ ᠪᠣᠯᠤᠨ ᠬᠥᠬᠡᠬᠤᠲᠠ᠂ ᠪᠤᠭᠤᠲᠤ ᠬᠤᠳᠠ ᠵᠡᠷᠭᠡ ᠠᠶᠢᠮᠠᠭ ᠬᠤᠳᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠲᠤᠰᠬᠠᠢ ᠠᠰᠢᠭ ᠢ ᠬᠤᠪᠢᠷᠠᠭᠤᠯᠬᠤ ᠲᠤᠰᠬᠠᠢ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠠᠢ᠃

    ᠬᠤᠷᠠᠯ ᠠᠴᠠ ᠂ ᠡᠯ᠎ᠡ ᠠᠵᠤ ᠦᠢᠯᠡᠰ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠠᠵᠢᠯᠯᠠᠭᠠᠨ ᠤ ᠲᠥᠪ ᠪᠠᠶᠢᠭᠤᠯᠤᠭᠳᠠᠭᠰᠠᠨ ᠠᠴᠠ ᠨᠠᠭᠠᠰᠢ᠂ ᠮᠠᠨ ᠤ ᠣᠷᠣᠨ ᠤ ᠭᠤᠤᠯᠳᠠᠯᠭ᠎ᠠ ᠲᠠᠢ ᠠᠵᠤ ᠦᠢᠯᠡᠰ ᠤᠨ ᠳᠠᠪᠠᠭᠤᠯᠢᠭ ᠲᠤ ᠰᠠᠭᠤᠷᠢᠯᠠᠨ᠂ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠤᠨ ᠬᠤᠪᠢᠷᠠᠭᠤᠯᠤᠯᠲᠠ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠭᠠᠷᠭᠠᠯᠲᠠ ᠶᠢᠨ ᠡᠯ᠎ᠡ ᠲᠥᠷᠥᠯ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠦᠢᠯᠡᠰ ᠤᠨ ᠲᠤᠰᠬᠠᠶ ᠠᠰᠢᠭ ᠤᠨ ᠲᠠᠪᠴᠠᠩ ᠢ ᠪᠠᠶᠢᠭᠤᠯᠵᠤ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠨᠢᠭᠡ ᠥᠷᠲᠡᠭᠡ ᠮᠠᠶ᠋ᠢᠭ ᠤᠨ ᠦᠢᠯᠡᠴᠢᠯᠡᠭᠡᠨ ᠤ ᠲᠠᠪᠴᠠᠩ ᠢ ᠪᠣᠶ ᠪᠣᠯᠭᠠᠵᠤ᠂ ᠠᠵᠤ ᠦᠢᠯᠡᠰ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠡᠵᠡᠩᠨᠡᠯᠲᠡ ᠶᠢᠨ ᠠᠵᠢᠯ ᠢ ᠥᠷᠨᠢᠭᠦᠯᠵᠦ᠂ ᠮᠠᠨ ᠤ ᠣᠷᠣᠨ ᠤ ᠲᠤᠰᠬᠠᠶ ᠠᠰᠢᠭ ᠢ ᠬᠤᠪᠢᠷᠠᠭᠤᠯᠬᠤ᠂ ᠨᠡᠭᠡᠭᠡᠯᠲᠡ ᠬᠢᠵᠦ ᠵᠥᠪᠰᠢᠶᠡᠷᠡᠬᠦ᠂ ᠲᠤᠰᠬᠠᠶ ᠠᠰᠢᠭ ᠢ ᠪᠦᠷᠢᠳᠬᠡᠬᠦ᠂ ᠲᠤᠰᠬᠠᠶ ᠠᠰᠢᠭ ᠢ ᠵᠠᠮᠴᠢᠯᠠᠬᠤ᠂ ᠳᠠᠨᠵᠢᠯᠠᠵᠤ ᠪᠠᠯᠠ ᠳᠣᠭᠢᠷᠠᠭᠤᠯᠬᠤ ᠵᠡᠷᠭᠡ ᠠᠵᠢᠯ ᠢ ᠢᠳᠡᠪᠬᠢᠲᠡᠶ ᠳᠡᠮᠵᠢᠪᠡ︔ ᠡᠯ᠎ᠡ ᠥᠨᠳᠥᠷ ᠥᠷᠲᠡᠭᠲᠦ ᠲᠤᠰᠬᠠᠶ ᠠᠰᠢᠭ ᠢ ᠪᠤᠶᠢᠵᠢᠭᠤᠯᠬᠤ ᠲᠥᠪ ᠨᠢ ᠡᠮᠦᠨ᠎ᠡ ᠵᠠᠬ᠎ᠠ ᠶᠢᠨ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠵᠠᠩᠭᠢᠯᠠᠭ᠎ᠠ ᠶᠢᠨ ᠮᠡᠷᠭᠡᠵᠢᠯ ᠢ ᠰᠢᠪᠲᠤᠯᠤᠨ᠂ ᠥᠨᠳᠥᠷ ᠥᠷᠲᠡᠭᠲᠦ ᠲᠤᠰᠬᠠᠶ ᠠᠰᠢᠭ ᠤᠨ ᠳᠣᠲᠣᠭᠠᠳᠤ ᠬᠥᠳᠡᠯᠭᠡᠬᠦ ᠬᠦᠴᠦᠨ ᠢ ᠦᠷᠭᠦᠯᠵᠢᠯᠡᠨ ᠬᠥᠭᠵᠢᠭᠡᠵᠦ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠦᠨ᠂ ᠠᠵᠤ ᠠᠬᠤᠶᠢᠯᠠᠯ ᠴᠢᠨᠠᠭᠰᠢᠯᠠᠪᠠᠯ ᠠᠵᠤ ᠦᠢᠯᠡᠰ ᠤᠨ ᠪᠦᠬᠦᠯᠢ ᠴᠣᠭᠴᠠ ᠶᠢᠨ ᠥᠷᠢᠰᠥᠯᠳᠦᠬᠦ ᠬᠦᠴᠦᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠮᠠᠨ ᠤ ᠣᠷᠣᠨ ᠤ ᠥᠨᠳᠥᠷ ᠥᠷᠲᠡᠭᠲᠦ ᠲᠤᠰᠬᠠᠶ ᠠᠰᠢᠭ ᠤᠨ ᠭᠦᠢᠴᠡᠳᠭᠡᠯ ᠲᠤᠭ᠎ᠠ ᠶᠡᠭᠡ ᠪᠠᠷ ᠨᠡᠮᠡᠭᠳᠡᠬᠦ ᠶᠢ ᠠᠬᠢᠭᠤᠯᠪᠠ᠃ ᠮᠡᠳᠡᠯᠭᠡ ᠶᠢᠨ ᠥᠮᠴᠢᠯᠡᠯ ᠤᠨ ᠡᠷᠬᠡ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠲᠡ ᠶᠢ ᠰᠢᠪᠲᠤᠯᠬᠤ︾ ᠶᠢ ᠮᠥᠨ ᠬᠦ ᠤᠯᠠᠮ ᠨᠢᠭᠡ ᠠᠯᠬᠤᠮ ᠴᠢᠩᠭᠠᠷᠠᠭᠤᠯᠬᠤ ᠴᠢᠬᠤᠯᠠᠲᠠᠢ ᠭᠡᠵᠦ ᠵᠢᠭᠠᠵᠤ ᠭᠠᠷᠭᠠᠪᠠ᠃

    ᠬᠤᠷᠠᠯ ᠠᠴᠠ᠂ ᠨᠢᠭᠡ ᠳᠤ᠂ ᠲᠤᠰᠬᠠᠢ ᠠᠰᠢᠭ ᠢ ᠣᠨᠳᠣᠣᠰᠢᠭᠤᠯᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠵᠤ ᠦᠢᠯᠡᠰ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠡᠵᠡᠩᠨᠡᠯᠲᠡ ᠶᠢᠨ ᠲᠥᠪ ᠨᠢ ᠳᠤᠲᠠᠭᠳᠠᠵᠤ ᠪᠣᠯᠤᠰᠢ ᠦᠭᠡᠢ ᠪᠦᠷᠢᠯᠳᠦᠬᠦᠨ ᠬᠡᠰᠡᠭ ᠪᠣᠯᠤᠭᠰᠠᠨ ᠤ ᠬᠤᠪᠢ ᠳᠤ᠂ ᠠᠵᠤ ᠦᠢᠯᠡᠰ ᠢ ᠭᠦᠨᠵᠡᠭᠡᠢ ᠠᠭᠤᠳᠠᠯᠬᠤ᠂ ᠭᠤᠣᠯ ᠴᠣᠭᠴᠠ ᠶᠢ ᠬᠡᠯᠬᠢᠨ ᠬᠤᠯᠪᠣᠬᠤ᠂ ᠣᠨᠳᠣᠣᠰᠢᠭᠤᠯᠤᠯᠲᠠ  ᠶᠢ ᠠᠬᠢᠭᠤᠯᠬᠤ ᠵᠡᠷᠭᠡ ᠴᠢᠳᠠᠪᠬᠢ ᠪᠠᠨ ᠪᠠᠳᠠᠷᠠᠭᠤᠯᠵᠤ᠂ ᠬᠡᠯᠬᠢᠶ᠎ᠡ ᠳᠤ ᠪᠠᠶᠢᠭ᠎ᠠ ᠠᠵᠤ ᠠᠬᠤᠶᠢᠯᠠᠯ ᠢ ᠳᠠᠶᠢᠴᠢᠯᠠᠨ ᠲᠤᠰᠬᠠᠢ ᠠᠰᠢᠭ ᠤᠨ ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ᠂ ᠲᠤᠰᠬᠠᠢ ᠠᠰᠢᠭ ᠤᠨ ᠪᠦᠲᠦᠭᠡᠭᠳᠡᠬᠦᠨ ᠢ ᠳᠠᠩᠰᠠᠯᠠᠬᠤ᠂ ᠲᠤᠰᠬᠠᠢ ᠠᠰᠢᠭ ᠢ ᠠᠵᠤ ᠦᠢᠯᠡᠰᠵᠢᠭᠦᠯᠬᠦ ᠵᠡᠷᠭᠡ ᠠᠵᠢᠯ ᠢ ᠥᠷᠨᠢᠭᠦᠯᠬᠦ ᠬᠡᠷᠡᠭᠲᠡᠢ᠃ ᠬᠤᠶᠠᠷ ᠲᠤ᠂ ᠡᠵᠡᠩᠨᠡᠯᠲᠡ ᠶᠢᠨ ᠲᠥᠪ ᠤᠨ ᠠᠵᠢᠯ ᠢ ᠥᠨᠳᠥᠷ ᠪᠠᠷᠢᠮᠵᠢᠶ᠎ᠠ ᠪᠠᠷ ᠠᠬᠢᠭᠤᠯᠵᠤ᠂ ᠡᠯ᠎ᠡ ᠥᠪᠡᠷᠲᠡᠭᠡᠨ ᠵᠠᠰᠠᠬᠤ ᠣᠷᠣᠨ ᠤ ᠠᠵᠤ ᠦᠢᠯᠡᠰ ᠤᠨ ᠡᠵᠡᠩᠨᠡᠯᠲᠡ ᠶᠢᠨ ᠲᠥᠪ ᠨᠢ ᠮᠡᠳᠡᠯᠭᠡ ᠶᠢᠨ ᠥᠮᠴᠢᠯᠡᠯ ᠶᠢᠨ ᠡᠷᠬᠡ ᠶᠢᠨ ᠡᠭᠦᠳᠦᠨ ᠪᠦᠲᠦᠭᠡᠬᠦ᠂ ᠡᠵᠡᠩᠨᠡᠬᠦ᠂ ᠬᠠᠮᠠᠭᠠᠯᠠᠬᠤ᠂ ᠬᠠᠮᠢᠶᠠᠷᠬᠤ᠂ ᠦᠢᠯᠡᠴᠢᠯᠡᠬᠦ ︽ᠲᠠᠲᠠᠬᠤ ᠱᠤᠭᠤᠮ︾ ᠪᠣᠯᠤᠭᠰᠠᠨ ᠤ ᠬᠤᠪᠢ ᠳᠤ᠂ ᠮᠠᠨ ᠤ ᠣᠷᠣᠨ ᠤ ᠪᠣᠬᠢᠷᠲᠤᠯ ᠥᠬᠡᠶ ᠬᠥᠭᠵᠢᠯᠲᠡ ᠶᠢᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠦᠴᠦᠷᠬᠡᠭ ᠣᠷᠣᠨ ᠤ ᠪᠥᠲᠥᠭᠡᠨ ᠪᠠᠶᠢᠭᠤᠯᠤᠯᠲᠠ ᠶᠢ ᠪᠡᠶᠡᠯᠡᠭᠦᠯᠬᠦ ᠳᠤ ᠲᠤᠯᠭᠠᠭᠤᠷᠢᠯᠠᠯ ᠪᠠ ᠦᠢᠯᠡᠴᠢᠯᠡᠭᠡ ᠬᠠᠩᠭᠠᠵᠤ᠂ ᠤᠯᠤᠰ ᠤᠨ ᠲᠠᠰ ᠤᠨ ᠠᠵᠤ ᠦᠢᠯᠡᠰ ᠤᠨ ᠡᠵᠡᠩᠨᠡᠯᠲᠡ ᠶᠢᠨ ᠲᠥᠪ ᠠᠴᠠ ᠪᠠᠷᠢᠮᠵᠢᠶ᠎ᠠ ᠲᠠᠢ ᠬᠠᠷᠭᠤᠭᠤᠯᠵᠤ᠂ ᠵᠥᠷᠢᠶ᠎ᠡ ᠪᠠᠨ ᠡᠷᠢᠵᠦ᠂ ᠳᠤᠲᠠᠭᠤᠳᠠᠯ ᠢᠶᠠᠨ ᠨᠥᠬᠦᠪᠥᠷᠢᠯᠡᠵᠦ᠂ ᠡᠵᠡᠩᠨᠡᠯᠲᠡ ᠶᠢᠨ ᠲᠥᠪ ᠤᠨ ᠡᠯ᠎ᠡ ᠵᠦᠢᠯ ᠤᠨ ᠠᠵᠢᠯ ᠢ ᠥᠨᠳᠥᠷ ᠡᠬᠢᠯᠡᠯᠲᠡ ᠲᠠᠢ᠂ ᠥᠨᠳᠥᠷ ᠪᠠᠷᠢᠮᠵᠢᠶ᠎ᠠ ᠲᠠᠢ᠂ ᠴᠢᠨᠠᠷ ᠰᠠᠶᠢᠲᠠᠶ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃

    ᠬᠤᠷᠠᠯ ᠠᠴᠠ ᠂ ᠡᠯ᠎ᠡ ᠨᠢᠭᠡᠴᠢ ᠶᠢᠨ ᠬᠢᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠪᠠᠶᠢᠷᠢᠯᠠᠭᠤᠯᠤᠭᠰᠠᠨ ᠲᠤᠰᠬᠠᠶ ᠠᠰᠢᠭ ᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠲᠡ ᠶᠢ ᠰᠢᠪᠲᠤᠯᠬᠤ︾᠂ ᠥᠨᠳᠥᠷ ᠥᠷᠲᠡᠭᠲᠦ ᠲᠤᠰᠬᠠᠶ ᠠᠰᠢᠭ ᠢ ᠪᠤᠶᠢᠵᠢᠭᠤᠯᠬᠤ᠂ ᠬᠡᠯᠬᠢᠶ᠎ᠡ ᠶᠢ ᠬᠦᠴᠦᠷᠬᠡᠭᠵᠢᠭᠦᠯᠦᠨ ᠠᠵᠤ ᠠᠬᠤᠶᠢᠯᠠᠯ ᠢ ᠲᠤᠰᠠᠯᠠᠬᠤ᠂ ᠮᠡᠳᠡᠯᠭᠡ ᠶᠢᠨ ᠥᠮᠴᠢᠯᠡᠯ ᠤᠨ ᠡᠷᠬᠡ ᠶᠢ ᠳᠠᠨᠵᠢᠯᠠᠨ ᠪᠡᠯᠡ ᠲᠤᠬᠢᠷᠠᠭᠤᠯᠬᠤ᠂ ᠲᠤᠰᠬᠠᠶ ᠠᠰᠢᠭ ᠢ ᠨᠡᠭᠡᠭᠡᠯᠲᠡ ᠬᠢᠬᠦ ᠵᠥᠪᠰᠢᠶᠡᠷᠡᠯ ᠢ ᠳᠠᠩᠰᠠᠯᠠᠬᠤ᠂ ᠲᠤᠰᠬᠠᠶ ᠠᠰᠢᠭ ᠤᠨ ᠵᠠᠮᠴᠢᠯᠠᠭ᠎ᠠ ᠶᠢᠨ ᠦᠷ᠎ᠡ ᠪᠦᠲᠦᠭᠡᠯ ᠢ ᠨᠡᠶᠢᠲᠡᠯᠡᠬᠦ ᠵᠡᠷᠭᠡ 6 ᠶᠡᠭᠡ ᠭᠤᠤᠯᠳᠠᠯᠭ᠎ᠠ ᠲᠠᠢ ᠠᠵᠢᠯ ᠢ ᠲᠠᠷᠠᠭᠠᠴᠢ ᠶᠢᠨ ᠱᠠᠲᠤᠨ ᠤ ᠲᠤᠰᠬᠠᠶ ᠠᠰᠢᠭ ᠢ ᠬᠤᠪᠢᠷᠠᠭᠤᠯᠬᠤ ᠴᠢᠬᠤᠯᠠ ᠠᠷᠭ᠎ᠠ ᠬᠡᠮᠵᠢᠶ᠎ᠡ ᠪᠣᠯᠭᠠᠵᠤ᠂ ᠳᠠᠪᠠᠭᠤᠯᠢᠭ ᠤᠨᠴᠠᠯᠢᠬᠳᠤ ᠠᠵᠤ ᠦᠢᠯᠡᠰ ᠢᠶᠠᠷ ᠭᠤᠤᠯᠳᠠᠯᠭ᠎ᠠ ᠪᠣᠯᠭᠠᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠪᠣᠳᠠᠲᠤ ᠦᠢᠯᠡᠳᠪᠦᠷᠢᠯᠡᠯ ᠤᠨ ᠬᠦᠴᠦᠨ ᠲᠡᠶᠢᠰᠢ ᠬᠤᠪᠢᠷᠠᠭᠤᠯᠬᠤ ᠶᠢ ᠪᠥᠬᠦ ᠬᠦᠴᠦᠨ ᠢᠶᠠᠷ ᠠᠬᠢᠭᠤᠯᠵᠤ᠂ ᠰᠦᠯᠵᠢᠶᠡᠨ ᠳᠡᠭᠡᠷᠡᠬᠢ ᠲᠤᠰᠬᠠᠶ ᠠᠰᠢᠭ ᠲᠤ ᠲᠦᠰᠢᠭᠯᠡᠨ ᠡᠬᠢ ᠪᠠᠶᠠᠯᠢᠭ ᠤᠨ ᠬᠥᠮᠥᠷᠭᠡ ᠶᠢ ᠬᠤᠪᠢᠷᠠᠭᠤᠯᠵᠤ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠦᠢᠯᠡᠴᠢᠯᠡᠭᠡᠨ ᠤ ᠪᠠᠶᠢᠭᠤᠯᠤᠮᠵᠢ ᠵᠡᠷᠭᠡ ᠨᠡᠶᠢᠭᠡᠮ ᠤᠨ ᠡᠬᠢ ᠪᠠᠶᠠᠯᠢᠭ ᠢ ᠳᠠᠶᠢᠴᠢᠯᠠᠵᠤ᠂ ᠮᠡᠳᠡᠯᠭᠡ ᠶᠢᠨ ᠥᠮᠴᠢᠯᠡᠯ ᠤᠨ ᠡᠷᠬᠡ ᠶᠢ ᠥᠨᠳᠥᠷ ᠪᠦᠲᠦᠮᠵᠢᠲᠡᠶ ᠪᠠᠷ ᠣᠨᠳᠣᠣᠰᠢᠭᠤᠯᠬᠤ ᠪᠠ ᠬᠠᠮᠵᠢᠯᠴᠠᠨ ᠬᠡᠷᠡᠭᠯᠡᠬᠦ ᠶᠢ ᠶᠡᠭᠡ ᠪᠠᠷ ᠠᠬᠢᠭᠤᠯᠵᠤ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠤ ᠬᠥᠭᠵᠢᠯᠲᠡ ᠳᠤ ᠬᠦᠴᠦᠨ ᠨᠡᠮᠡᠷᠢᠯᠡᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠪᠲᠤᠯᠤᠯᠲᠠ ᠶᠢᠨ ᠢᠨᠵᠧᠨᠧᠷᠢᠩ ᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠳᠤ ᠨᠠᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠶ ᠭᠡᠵᠦ ᠱᠠᠭᠠᠷᠳᠠᠪᠠ᠃

 

ᠢᠷᠡᠯᠲᠡ᠄ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠡᠷᠡᠭᠯᠡᠯᠲᠡ ᠶᠢ ᠠᠬᠢᠭᠤᠯᠬᠤ ᠭᠠᠵᠠᠷ