ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ
ᠨᠡᠶᠢᠲᠡᠯᠡᠭᠰᠡᠨ ᠴᠠᠭ᠄
2024/8/5

    8 ᠳ᠋ᠤᠭᠠᠷ ᠰᠠᠷ᠎ᠠ ᠶᠢᠨ 2 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠥᠷᠭᠡᠳᠬᠡᠭᠰᠡᠨ ᠬᠤᠷᠠᠯ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠵᠤ᠂ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠦ᠋ ᠵᠧᠨ ᠴᠢᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠲᠣᠪᠴᠢᠶ᠎ᠠ ᠶᠢᠨ ᠤᠳᠤᠷᠢᠳᠬᠤ ᠪᠠᠭ ᠤᠨ ᠭᠡᠰᠢᠭᠦᠨ ᠪᠠ ᠬᠡᠰᠡᠭ ᠭᠠᠵᠠᠷ ᠲᠠᠰᠤᠭ ᠤᠨ ᠬᠠᠷᠢᠭᠤᠴᠠᠯᠭᠠᠲᠠᠨ ᠣᠷᠣᠯᠴᠠᠵᠠᠶ᠃

    ᠬᠤᠷᠠᠯ ᠠᠴᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠤᠭᠠᠷ ᠪᠦᠬᠦᠳᠡ ᠬᠤᠷᠠᠯ ᠪᠣᠯ ᠪᠦᠬᠦ ᠣᠷᠣᠨ ᠢᠶᠠᠷ ᠢᠶᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ᠂ ︽ᠵᠢᠷᠭᠤᠭᠠᠨ ᠢᠨᠵᠧᠨᠧᠷᠢᠩ︾ ᠢ ᠨᠠᠶᠢᠳᠠᠪᠤᠷᠢᠵᠢᠭᠤᠯᠬᠤ ᠵᠠᠩᠭᠢᠯᠠᠭ᠎ᠠ ᠶᠢᠨ ᠦᠶ᠎ᠡ ᠳᠤ ᠬᠤᠷᠠᠯᠳᠤᠭᠤᠯᠤᠭᠰᠠᠨ ᠨᠢᠭᠡ ᠤᠳᠠᠭᠠᠨ ᠤ ᠴᠢᠬᠤᠯᠠ ᠬᠤᠷᠠᠯ ᠪᠣᠯᠤᠨ᠎ᠠ᠂ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠥᠪᠥᠷ ᠮᠣᠩᠭᠤᠯ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠪᠣᠳᠠᠲᠠᠢ ᠬᠠᠷᠠᠯᠲᠠ ᠡᠭᠦᠷᠭᠡ ᠶᠢ ᠤᠯᠠᠮ ᠴᠢᠨᠠᠭᠰᠢᠳᠠ ᠲᠣᠳᠣᠷᠬᠠᠶᠢᠯᠠᠵᠠᠢ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠢᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠠᠢ ᠤᠶᠠᠯᠳᠤᠭᠤᠯᠵᠤ᠂ ᠨᠡᠪᠲᠡᠷᠡᠯᠴᠡᠭᠦᠯᠦᠨ ᠰᠤᠷᠤᠯᠴᠠᠵᠤ᠂ ᠨᠢᠭᠡ ᠴᠣᠭᠴᠠᠵᠢᠭᠤᠯᠤᠨ ᠠᠬᠢᠭᠤᠯᠵᠤ᠂ ᠤᠬᠠᠮᠰᠠᠷ ᠠᠴᠠ ᠪᠠᠨ ᠶᠡᠭᠡ ᠲᠠᠯ᠎ᠠ ᠶᠢᠨ ᠲᠣᠭᠤᠷᠢᠨ ᠳᠤ ᠬᠢᠨᠠᠯᠲᠠ ᠬᠠᠮᠢᠶᠠᠷᠤᠯᠲᠠ ᠶᠢ ᠪᠣᠳᠣᠯᠬᠢᠯᠠᠨ᠂ ᠬᠥᠭᠵᠢᠯᠲᠡ ᠶᠢ ᠪᠣᠳᠣᠯᠬᠢᠯᠠᠵᠤ ᠥᠭᠡᠷᠡᠴᠢᠯᠡᠯᠲᠡ ᠶᠢ ᠠᠳᠬᠤᠵᠤ᠂ ᠬᠤᠷᠠᠯ ᠤᠨ ᠵᠣᠷᠢᠭ ᠰᠠᠨᠠᠭ᠎ᠠ ᠶᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠡᠯ᠎ᠡ ᠵᠦᠢᠯ ᠤᠨ ᠠᠵᠢᠯ ᠤᠨ ᠦᠢᠯᠡᠳᠦᠯᠭᠡ ᠳᠤᠮᠳᠠ ᠯᠠᠪᠳᠠᠭᠤᠨ ᠪᠠᠲᠤᠲᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃

    ᠬᠤᠷᠠᠯ ᠠᠴᠠ᠂ ᠪᠦᠬᠦ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠤᠨ ᠬᠢᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠤᠭᠠᠷ ᠪᠦᠬᠦᠳᠡ ᠬᠤᠷᠠᠯ ᠠᠴᠠ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶᠡᠨ ᠳᠤ ᠭᠠᠷᠭᠠᠭᠰᠠᠨ ᠴᠢᠬᠤᠯᠠ ᠥᠭᠡᠷᠡᠴᠢᠯᠡᠯᠲᠡ ᠶᠢᠨ ᠪᠠᠶᠢᠷᠢᠯᠠᠭᠤᠯᠤᠯᠲᠠ ᠶᠢ ᠭᠦᠨᠵᠡᠭᠡᠢ ᠡᠵᠡᠮᠳᠡᠵᠦ᠂ ᠵᠤᠷᠰᠢᠯ ᠠᠴᠠ ᠮᠤᠯᠲᠤᠷᠠᠵᠤ᠂ ᠵᠣᠷᠢᠭᠲᠠᠢ ᠪᠠᠷ ᠤᠷᠢᠳ ᠢᠶᠠᠷ ᠬᠡᠷᠡᠭᠵᠢᠭᠦᠯᠵᠦ ᠤᠷᠢᠳ ᠢᠶᠠᠷ ᠲᠤᠷᠰᠢᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠴᠢᠩᠭ᠎ᠠ ᠴᠡᠭᠡᠷᠯᠡᠵᠦ᠂ ᠨᠢᠭᠡ ᠪᠦᠯᠦᠭ ᠰᠢᠨ᠎ᠡ ᠶᠢ ᠡᠭᠦᠳᠬᠦ᠂ ᠬᠢᠯᠠᠰ ᠴᠡᠭ ᠲᠠᠢ᠂ ᠬᠦᠨᠳᠦᠴᠡ ᠲᠠᠢ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠰᠤᠳᠤᠯᠤᠨ ᠳᠤᠷᠠᠳᠬᠤ ᠬᠡᠷᠡᠭᠲᠡᠢ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠪᠠᠶᠢᠩᠭᠤ ᠪᠥᠭᠡᠳ ᠤᠷᠳᠤ ᠬᠤᠭᠤᠴᠠᠭ᠎ᠠ ᠪᠠᠷ ᠰᠠᠶᠢᠲᠤᠷ ᠠᠳᠬᠤᠵᠤ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠵᠦ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠵᠤ᠂ ᠠᠵᠢᠯ ᠲᠦᠷᠦᠯ ᠤᠨ ᠰᠤᠷᠲᠠᠯ ᠤᠨ ᠪᠠᠶᠢᠭᠤᠯᠤᠯᠲᠠ ᠶᠢ ᠭᠦᠨᠵᠡᠭᠡᠢ ᠠᠬᠢᠭᠤᠯᠬᠤ ᠬᠡᠷᠡᠭᠲᠡᠢ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠠᠵᠢᠯ ᠤᠨ ᠳᠤᠮᠳᠠᠬᠢ ᠭᠦᠨ ᠳᠠᠪᠬᠤᠷᠭ᠎ᠠ ᠶᠢᠨ ᠠᠰᠠᠭᠤᠳᠠᠯ ᠢ ᠢᠳᠡᠪᠬᠢᠲᠡᠢ ᠰᠢᠢᠳᠪᠦᠷᠢᠯᠡᠬᠦ ᠪᠠᠷ ᠳᠠᠮᠵᠢᠭᠤᠯᠤᠨ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠭᠲᠠᠯᠴᠠᠭ᠎ᠠ ᠶᠢ ᠲᠦᠷᠭᠡᠳᠬᠡᠨ ᠲᠡᠭᠦᠯᠳᠡᠷᠵᠢᠭᠦᠯᠵᠦ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠣᠳᠣᠬᠢᠴᠢᠯᠠᠯᠲᠠ ᠶᠢᠨ ᠬᠢᠷᠢ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠯᠲᠠ ᠶᠢᠨ ᠬᠠᠭᠤᠳᠠᠰᠤ ᠶᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃

    ᠬᠤᠷᠠᠯ ᠠᠴᠠ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠨᠠᠮ ᠤᠨ ᠭᠡᠰᠢᠭᠦᠨ ᠺᠠᠳ᠋ᠷᠴᠤᠳ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠦᠵᠡᠯ ᠰᠠᠨᠠᠭᠠᠨ ᠤ ᠤᠬᠠᠮᠰᠠᠷ ᠢᠶᠠᠨ ᠴᠢᠩᠭᠠᠳᠬᠠᠵᠤ᠂ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠠᠵᠢᠯ ᠢ ᠬᠢᠨᠠᠮᠠᠭᠠᠶ ᠰᠠᠶᠢᠲᠤᠷ ᠬᠢᠬᠦ ᠬᠡᠷᠡᠭᠲᠡᠶ᠃ ᠭᠠᠷᠠᠭ ᠤᠨ ᠲᠣᠭᠲᠠᠮᠠᠯ ᠬᠤᠷᠠᠯ᠂ ᠪᠣᠯᠪᠠᠰᠤᠷᠠᠯ ᠤᠨ ᠠᠩᠭᠢ᠂ ᠨᠣᠮ ᠤᠩᠰᠢᠬᠤ ᠠᠩᠭᠢ᠂ ᠲᠤᠰᠬᠠᠶ ᠰᠡᠳᠦᠪᠲᠦ ᠲᠠᠶᠢᠯᠤᠮᠵᠢ ᠬᠢᠬᠦ ᠵᠡᠷᠭᠡ ᠬᠡᠯᠪᠡᠷᠢ ᠪᠠᠷ ᠳᠠᠮᠵᠢᠭᠤᠯᠤᠨ᠂ ᠺᠠᠳ᠋ᠷ ᠠᠵᠢᠯᠲᠠᠨ ᠠᠵᠢᠯᠴᠢᠨ ᠢ ᠵᠣᠬᠢᠶᠠᠨ ᠪᠠᠶᠢᠭᠤᠯᠤᠨ ᠲᠡᠷᠡ ᠬᠡᠪ ᠢᠶᠠᠷ ᠨᠢ ᠰᠤᠷᠤᠯᠴᠠᠭᠤᠯᠵᠤ᠂ ᠪᠥᠬᠦ ᠲᠠᠯ᠎ᠠ ᠪᠠᠷ ᠰᠢᠰᠲ᠋ᠧᠮ ᠲᠠᠢ ᠰᠤᠷᠤᠯᠴᠠᠭᠤᠯᠵᠤ᠂ ᠵᠣᠷᠢᠭ ᠰᠠᠨᠠᠭᠠᠨ ᠤ ᠮᠥᠨ ᠴᠢᠨᠠᠷ ᠢ ᠤᠶᠢᠯᠠᠭᠠᠨ᠂ ᠰᠣᠷᠣᠭᠰᠠᠨ ᠢᠶᠠᠨ ᠬᠡᠷᠡᠭᠯᠡᠬᠦ ᠶᠢ ᠪᠡᠶᠡᠯᠡᠭᠦᠯᠬᠦ ᠬᠡᠷᠡᠭᠲᠡᠶ᠃ ᠤᠬᠠᠭᠤᠯᠬᠤ ᠠᠷᠭ᠎ᠠ ᠬᠡᠯᠪᠡᠷᠢ ᠶᠢᠨ ᠲᠠᠯ᠎ᠠ ᠪᠠᠷ ᠰᠢᠨ᠎ᠡ ᠶᠢ ᠡᠭᠦᠳᠴᠦ᠂ ᠡᠯᠪᠡᠭ ᠪᠠᠶᠠᠯᠢᠭ ᠣᠯᠠᠨ ᠶᠠᠩᠵᠤ ᠶᠢᠨ ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠦᠨᠳᠦᠰᠦᠨ ᠱᠠᠲᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠬᠠᠨᠳᠤᠭᠤᠯᠤᠨ᠂ ᠬᠢᠨᠠᠨ ᠬᠠᠮᠢᠶᠠᠷᠴᠤ ᠦᠢᠯᠡᠴᠢᠯᠡᠬᠦ ᠡᠲᠡᠭᠡᠳ ᠲᠤ ᠬᠠᠨᠳᠤᠭᠤᠯᠵᠤ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠠᠵᠢᠯ ᠤᠨ ᠤᠬᠠᠭᠤᠯᠭ᠎ᠠ ᠶᠢ ᠥᠷᠨᠢᠭᠦᠯᠵᠦ᠂ ᠥᠷᠭᠡᠨ ᠣᠯᠠᠨ ᠺᠠᠳ᠋ᠷ ᠠᠵᠢᠯᠲᠠᠨ ᠠᠵᠢᠯᠴᠢᠨ᠂ ᠡᠵᠡᠩᠨᠡᠯᠲᠡ ᠶᠢᠨ ᠪᠡᠶᠡᠴᠢ ᠴᠣᠭᠴᠠ ᠪᠠ ᠬᠡᠷᠡᠭᠯᠡᠭᠴᠢᠳ ᠲᠤ ᠥᠭᠡᠷᠡᠴᠢᠯᠡᠯᠲᠡ ᠶᠢᠨ ᠠᠵᠢᠯ ᠢ ᠨᠡᠩ ᠢᠯᠡᠭᠦᠤ ᠣᠶᠢᠯᠠᠭᠠᠭᠤᠯᠤᠨ ᠳᠡᠮᠵᠢᠭᠦᠯᠬᠦ ᠬᠡᠷᠡᠭᠲᠡᠶ ᠭᠡᠵᠦ ᠱᠠᠭᠠᠷᠳᠠᠪᠠ᠃

 

ᠢᠷᠡᠯᠲᠡ᠄ ᠪᠠᠶᠢᠭᠤᠯᠭ᠎ᠠ ᠶᠢᠨ ᠨᠠᠮ ᠤᠨ ᠬᠤᠷᠢᠶ᠎ᠠ