ᠵᠠᠭᠤᠴᠢᠯᠠᠭᠤᠷ ᠤᠨ ᠠᠩᠬᠠᠷᠣᠯ ᠳᠤ — ᠠᠷᠠᠳ ᠤᠨ ᠡᠳᠦᠷ ᠤᠨ ᠰᠣᠨᠢᠨ ᠤ ᠬᠡᠷᠡᠭᠯᠡᠭᠴᠢ ᠶᠢᠨ ᠦᠵᠦᠭᠦᠷ ᠬᠥᠬᠡᠬᠤᠲᠠ ᠶᠢᠨ ᠡᠨᠡ ᠬᠦ ᠠᠵᠢᠯ ᠳᠤ ᠠᠩᠬᠠᠷᠤᠯ ᠢᠶᠠᠨ ᠬᠠᠨᠲᠤᠭᠤᠯᠪᠠ
ᠨᠡᠶᠢᠲᠡᠯᠡᠭᠰᠡᠨ ᠴᠠᠭ᠄
2024/8/5

    2024 ᠣᠨ ᠤ 7 ᠳ᠋ᠤᠭᠠᠷ ᠰᠠᠷ᠎ᠠ ᠶᠢᠨ 31 ᠤ ᠡᠳᠦᠷ᠂ ᠠᠷᠠᠳ ᠤᠨ ᠡᠳᠦᠷ ᠤᠨ ᠰᠣᠨᠢᠨ ᠤ ᠬᠡᠷᠡᠭᠯᠡᠭᠴᠢ ᠶᠢᠨ ᠦᠵᠦᠭᠦᠷ ︽ᠮᠡᠳᠡᠯᠭᠡ ᠶᠢᠨ ᠥᠮᠴᠢᠯᠡᠯ ᠤᠨ ᠡᠷᠬᠡ ᠶᠢ ᠬᠠᠮᠠᠭᠠᠯᠠᠬᠤ ᠠᠵᠢᠯ ᠢ ᠳᠥᠯᠭᠢᠨ ᠠᠬᠢᠭᠤᠯᠵᠤ ᠡᠵᠡᠩᠨᠡᠯᠲᠡ ᠶᠢᠨ ᠭᠤᠤᠯ ᠴᠣᠭᠴᠠ ᠶᠢᠨ ᠵᠠᠬ᠎ᠠ ᠳᠡᠯᠭᠡᠭᠦᠷ ᠤᠨ ᠰᠢᠨ᠎ᠡ ᠶᠢ ᠡᠭᠦᠳᠬᠦ ᠬᠥᠳᠡᠯᠭᠡᠬᠦ ᠬᠦᠴᠦᠨ ᠪᠠ ᠠᠮᠢᠵᠢᠷᠠᠯ ᠤᠨ ᠬᠦᠴᠦᠨ ᠢ ᠬᠥᠭᠵᠢᠭᠡᠶ᠎ᠡ — ᠥᠪᠥᠷ ᠮᠣᠩᠭᠤᠯ ᠤᠨ ᠬᠥᠬᠡᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ ᠡᠵᠡᠩᠨᠡᠯᠲᠡ ᠶᠢᠨ ᠭᠤᠤᠯ ᠴᠣᠭᠴᠠ ᠶᠢᠨ ᠰᠢᠨ᠎ᠡ ᠶᠢ ᠡᠭᠦᠳᠬᠦ ᠬᠥᠳᠡᠯᠭᠡᠬᠦ ᠬᠦᠴᠦᠨ ᠤ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠬᠦ︾ ᠶᠢ ᠨᠡᠶᠢᠲᠡᠯᠡᠪᠡ᠂ ᠪᠥᠬᠦ ᠠᠭᠤᠯᠭ᠎ᠠ ᠨᠢ ᠳᠣᠤᠷᠠᠬᠢ ᠮᠡᠲᠦ᠄

    ᠮᠡᠳᠡᠯᠭᠡ ᠶᠢᠨ ᠥᠮᠴᠢᠯᠡᠯ ᠤᠨ ᠡᠷᠬᠡ ᠶᠢ ᠬᠠᠮᠠᠭᠠᠯᠠᠬᠤ ᠠᠵᠢᠯ ᠢ ᠳᠥᠯᠭᠢᠨ ᠠᠬᠢᠭᠤᠯᠵᠤ ᠡᠵᠡᠩᠨᠡᠯᠲᠡ ᠶᠢᠨ ᠭᠤᠤᠯ ᠴᠣᠭᠴᠠ ᠶᠢᠨ ᠵᠠᠬ᠎ᠠ ᠳᠡᠯᠭᠡᠭᠦᠷ ᠤᠨ ᠰᠢᠨ᠎ᠡ ᠶᠢ ᠡᠭᠦᠳᠬᠦ ᠬᠥᠳᠡᠯᠭᠡᠬᠦ ᠬᠦᠴᠦᠨ ᠪᠠ ᠠᠮᠢᠵᠢᠷᠠᠯ ᠤᠨ ᠬᠦᠴᠦᠨ ᠢ ᠬᠥᠭᠵᠢᠭᠡᠶ᠎ᠡ — ᠥᠪᠥᠷ ᠮᠣᠩᠭᠤᠯ ᠤᠨ ᠬᠥᠬᠡᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ ᠡᠵᠡᠩᠨᠡᠯᠲᠡ ᠶᠢᠨ ᠭᠤᠤᠯ ᠴᠣᠭᠴᠠ ᠶᠢᠨ ᠰᠢᠨ᠎ᠡ ᠶᠢ ᠡᠭᠦᠳᠬᠦ ᠬᠥᠳᠡᠯᠭᠡᠬᠦ ᠬᠦᠴᠦᠨ ᠤ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠪᠡ

    ᠮᠡᠳᠡᠯᠭᠡ ᠶᠢᠨ ᠥᠮᠴᠢᠯᠡᠯ ᠤᠨ ᠡᠷᠬᠡ ᠶᠢ ᠬᠠᠮᠠᠭᠠᠯᠠᠬᠤ ᠪᠣᠯ ᠰᠢᠨ᠎ᠡ ᠶᠢ ᠡᠭᠦᠳᠬᠦ ᠶᠠᠪᠤᠳᠠᠯ ᠪᠣᠯᠣᠨ᠎ᠠ᠃ ᠡᠨᠡ ᠵᠢᠯ ᠠᠴᠠ ᠨᠠᠭᠠᠰᠢ᠂ ᠥᠪᠥᠷ ᠮᠣᠩᠭᠤᠯ ᠤᠨ ᠬᠥᠬᠡᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠮᠡᠳᠡᠯᠭᠡ ᠶᠢᠨ ᠥᠮᠴᠢᠯᠡᠯ ᠤᠨ ᠡᠷᠬᠡ ᠶᠢᠨ ᠲᠣᠪᠴᠢᠶ᠎ᠠ︶ ᠨᠢ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠮᠡᠳᠡᠯᠭᠡ ᠶᠢᠨ ᠥᠮᠴᠢᠯᠡᠯ ᠤᠨ ᠡᠷᠬᠡ ᠶᠢᠨ ᠲᠣᠪᠴᠢᠶ᠎ᠠ︶ ᠶᠢᠨ ᠲᠤᠬᠠᠢ ︽ᠮᠡᠳᠡᠯᠭᠡ ᠶᠢᠨ  ᠥᠮᠴᠢᠯᠡᠯ ᠤᠨ ᠡᠷᠬᠡ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ︾ ᠬᠠᠷᠠᠯᠲᠠ ᠶᠢ ᠲᠠᠰᠤᠷᠠᠯᠲᠠ ᠦᠭᠡᠢ ᠨᠠᠶᠢᠳᠠᠪᠤᠷᠢᠵᠢᠭᠤᠯᠵᠤ᠂ ᠡᠵᠡᠩᠨᠡᠯᠲᠡ ᠶᠢᠨ ᠭᠤᠣᠯ ᠴᠣᠭᠴᠠ ᠶᠢᠨ ᠱᠢᠨ᠎ᠡ ᠶᠢ ᠡᠭᠦᠳᠬᠦ ᠬᠥᠳᠡᠯᠭᠡᠬᠦ ᠬᠦᠴᠦᠨ ᠤ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠬᠦᠯᠬᠦ ᠠᠵᠢᠯᠯᠠᠭ᠎ᠠ ᠶᠢ ᠬᠡᠷᠡᠭᠵᠢᠭᠦᠯᠵᠦ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠦᠴᠦᠷᠬᠡᠭ ᠬᠤᠲᠠ ᠶᠢ ᠪᠦᠬᠦ ᠲᠠᠯ᠎ᠠ ᠪᠠᠷ ᠪᠠᠶᠢᠭᠤᠯᠪᠠ᠃

    ᠥᠨᠳᠥᠷ ᠥᠷᠲᠡᠭᠲᠦ ᠡᠭᠦᠳᠦᠯᠲᠡ ᠶᠢ ᠲᠦᠷᠭᠡᠳᠬᠡᠵᠦ᠂ ᠠᠵᠤ ᠦᠢᠯᠡᠰ ᠤᠨ ᠬᠥᠭᠵᠢᠯᠲᠡ ᠶᠢᠨ ︽ᠰᠢᠨ᠎ᠡ ᠬᠥᠳᠡᠯᠭᠡᠭᠴᠢ ᠡᠨᠧᠷᠭᠢ︾ ᠶᠢ ᠬᠥᠭᠵᠢᠭᠡᠪᠡ

    2024 ᠣᠨ ᠳᠤ᠂ ᠬᠥᠬᠡᠬᠤᠲᠠ ᠶᠢᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠡᠭᠦᠳᠦᠨ ᠪᠦᠲᠦᠭᠡᠬᠦ ᠶᠠᠰᠤ ᠴᠢᠨᠠᠷ ᠲᠣᠭᠲᠠᠭᠤᠨ ᠢᠶᠠᠷ ᠳᠡᠭᠡᠭᠰᠢᠯᠡᠵᠦ᠂ ᠳᠡᠭᠡᠷ᠎ᠡ ᠬᠠᠭᠠᠰ ᠵᠢᠯ ᠳᠤ ᠡᠷᠬᠡ ᠣᠯᠭᠤᠭᠰᠠᠨ ᠲᠤᠰᠬᠠᠶ ᠠᠰᠢᠭ ᠨᠡᠶᠢᠲᠡ 3599 ᠪᠠᠶᠢᠵᠤ᠂ ᠥᠪᠡᠷᠲᠡᠭᠡᠨ ᠵᠠᠰᠠᠬᠤ ᠣᠷᠣᠨ ᠤ ᠬᠦᠴᠦᠨ ᠪᠥᠬᠦᠶ ᠡᠭᠦᠳᠦᠯᠲᠡ ᠶᠢᠨ ᠲᠤᠰᠬᠠᠶ ᠠᠰᠢᠭ ᠤᠨ ᠶᠡᠷᠦᠩᠬᠡᠶ ᠬᠡᠮᠵᠢᠶᠡᠨ ᠤ 28.9% ᠶᠢ ᠡᠵᠡᠯᠡᠪᠡ︔ ᠪᠥᠬᠦ ᠬᠤᠲᠠ ᠶᠢᠨ ᠲᠠᠸᠠᠷ ᠤᠨ ᠲᠡᠮᠳᠡᠭ ᠢ ᠭᠤᠶᠤᠴᠢᠯᠠᠭᠰᠠᠨ 8362 ᠪᠠᠶᠢᠵᠤ᠂ ᠥᠪᠡᠷᠲᠡᠭᠡᠨ ᠵᠠᠰᠠᠬᠤ ᠣᠷᠣᠨ ᠤ ᠲᠠᠸᠠᠷ ᠤᠨ ᠲᠡᠮᠳᠡᠭ ᠤᠨ ᠭᠤᠶᠤᠴᠢᠯᠠᠭᠰᠠᠨ ᠬᠡᠮᠵᠢᠶᠡᠨ ᠤ 25.13% ᠶᠢ ᠡᠵᠡᠯᠡᠪᠡ︔ ᠪᠥᠬᠦ ᠬᠤᠲᠠ ᠶᠢᠨ ᠲᠠᠸᠠᠷ ᠤᠨ ᠲᠡᠮᠳᠡᠭ ᠤᠨ ᠳᠠᠩᠰᠠᠯᠠᠭᠤᠯᠤᠭᠰᠠᠨ ᠬᠡᠮᠵᠢᠶ᠎ᠡ 5788 ᠪᠠᠶᠢᠵᠤ᠂ ᠥᠪᠡᠷᠲᠡᠭᠡᠨ ᠵᠠᠰᠠᠬᠤ ᠣᠷᠣᠨ ᠤ ᠲᠠᠸᠠᠷ ᠤᠨ ᠲᠡᠮᠳᠡᠭ ᠤᠨ ᠳᠠᠩᠰᠠᠯᠠᠭᠤᠯᠤᠭᠰᠠᠨ ᠬᠡᠮᠵᠢᠶᠡᠨ ᠤ 25.47% ᠶᠢ ᠡᠵᠡᠯᠡᠪᠡ᠃ 2024 ᠣᠨ ᠤ ᠳᠡᠭᠡᠷ᠎ᠡ ᠬᠠᠭᠠᠰ ᠵᠢᠯ ᠪᠣᠯᠲᠠᠯ᠎ᠠ᠂ ᠬᠥᠬᠡᠬᠤᠲᠠ ᠶᠢᠨ ᠬᠦᠴᠦᠨ ᠪᠥᠬᠦᠶ ᠡᠭᠦᠳᠦᠯᠲᠡ ᠶᠢᠨ ᠲᠤᠰᠬᠠᠶ ᠠᠰᠢᠭ 5999 ᠪᠠᠶᠢᠵᠤ᠂ ᠥᠪᠡᠷᠲᠡᠭᠡᠨ ᠵᠠᠰᠠᠬᠤ ᠣᠷᠣᠨ ᠤ ᠬᠦᠴᠦᠨ ᠪᠥᠬᠦᠶ ᠡᠭᠦᠳᠦᠯᠲᠡ ᠶᠢᠨ ᠲᠤᠰᠬᠠᠶ ᠠᠰᠢᠭ ᠤᠨ ᠶᠡᠷᠦᠩᠬᠡᠶ ᠬᠡᠮᠵᠢᠶᠡᠨ ᠤ 42.7% ᠶᠢ ᠡᠵᠡᠯᠡᠪᠡ︔ ᠲᠠᠸᠠᠷ ᠤᠨ ᠲᠡᠮᠳᠡᠭ ᠤᠨ ᠬᠦᠴᠦᠨ ᠪᠥᠬᠦᠶ ᠳᠠᠩᠰᠠᠯᠠᠭᠤᠯᠤᠭᠰᠠᠨ ᠬᠡᠮᠵᠢᠶ᠎ᠡ 107322 ᠪᠠᠶᠢᠵᠤ᠂ ᠪᠥᠬᠦ ᠣᠷᠣᠨ ᠤ ᠲᠠᠸᠠᠷ ᠤᠨ ᠲᠡᠮᠳᠡᠭ ᠤᠨ ᠬᠦᠴᠦᠨ ᠪᠥᠬᠦᠶ ᠳᠠᠩᠰᠠᠯᠠᠭᠤᠯᠤᠭᠰᠠᠨ ᠬᠡᠮᠵᠢᠶᠡᠨ ᠤ 26.98% ᠶᠢ ᠡᠵᠡᠯᠡᠪᠡ︔ ᠲᠦᠮᠡᠨ ᠬᠥᠮᠦᠨ ᠤ ᠬᠦᠴᠦᠨ ᠪᠥᠬᠦᠶ ᠡᠭᠦᠳᠦᠯᠲᠡ ᠶᠢᠨ ᠲᠤᠰᠬᠠᠶ ᠠᠰᠢᠭ ᠤᠨ ᠪᠠᠶᠢᠬᠤ ᠬᠡᠮᠵᠢᠶ᠎ᠡ 16.64 ᠪᠠᠶᠢᠵᠤ᠂ ᠠᠳᠠᠯᠢ ᠬᠤᠭᠤᠴᠠᠭᠠᠨ ᠤ ᠬᠢ ᠠᠴᠠ 3.78 ᠨᠡᠮᠡᠭᠳᠡᠪᠡ᠃ ᠲᠤᠰᠬᠠᠶ ᠠᠰᠢᠭ ᠤᠨ ᠡᠷᠬᠡ ᠣᠯᠭᠤᠭᠰᠠᠨ ᠬᠡᠮᠵᠢᠶ᠎ᠡ᠂ ᠬᠦᠴᠦᠨ ᠪᠥᠬᠦᠶ ᠡᠭᠦᠳᠦᠯᠲᠡ ᠶᠢᠨ ᠲᠤᠰᠬᠠᠶ ᠠᠰᠢᠭ᠂ ᠲᠦᠮᠡᠨ ᠬᠥᠮᠦᠨ ᠤ ᠬᠦᠴᠦᠨ ᠪᠥᠬᠦᠶ ᠡᠭᠦᠳᠦᠯᠲᠡ ᠶᠢᠨ ᠲᠤᠰᠬᠠᠶ ᠠᠰᠢᠭ ᠤᠨ ᠪᠠᠶᠢᠬᠤ ᠬᠡᠮᠵᠢᠶ᠎ᠡ᠂ ᠲᠠᠸᠠᠷ ᠤᠨ ᠲᠡᠮᠳᠡᠭ ᠭᠤᠶᠤᠴᠢᠯᠠᠭᠰᠠᠨ ᠬᠡᠮᠵᠢᠶ᠎ᠡ᠂ ᠲᠠᠸᠠᠷ ᠤᠨ ᠲᠡᠮᠳᠡᠭ ᠳᠠᠩᠰᠠᠯᠠᠭᠤᠯᠤᠭᠰᠠᠨ ᠬᠡᠮᠵᠢᠶ᠎ᠡ᠂ ᠲᠠᠸᠠᠷ ᠤᠨ ᠲᠡᠮᠳᠡᠭ ᠤᠨ ᠬᠦᠴᠦᠨ ᠪᠦᠬᠦᠢ ᠳᠠᠩᠰᠠᠯᠠᠭᠤᠯᠤᠭᠰᠠᠨ ᠬᠡᠮᠵᠢᠶ᠎ᠡ ᠵᠡᠷᠭᠡ ᠭᠤᠤᠯ ᠮᠡᠳᠡᠯᠭᠡ ᠶᠢᠨ ᠥᠮᠴᠢᠯᠡᠯ ᠤᠨ ᠡᠷᠬᠡ ᠶᠢᠨ ᠭᠦᠢᠴᠡᠳᠭᠡᠯ ᠲᠤᠭ᠎ᠠ ᠨᠢ ᠥᠪᠡᠷᠲᠡᠭᠡᠨ ᠵᠠᠰᠠᠬᠤ ᠣᠷᠣᠨ ᠳᠤ ᠲᠡᠷᠢᠭᠦᠯᠡᠬᠦ ᠶᠢ ᠦᠷᠭᠦᠯᠵᠢᠯᠡᠨ ᠪᠠᠲᠤᠯᠠᠪᠠ᠃

    ᠦᠷ᠎ᠡ ᠠᠰᠢᠭ ᠤᠨ ᠬᠡᠷᠡᠭᠯᠡᠯᠲᠡ ᠶᠢ ᠠᠬᠢᠭᠤᠯᠵᠤ᠂ ᠠᠵᠤ ᠠᠬᠤᠢ ᠶᠢᠨ ᠴᠢᠨᠠᠷ ᠰᠠᠶᠢᠲᠠᠢ ︽ᠰᠢᠨ᠎ᠡ ᠬᠥᠭᠵᠢᠯᠲᠡ︾ ᠶᠢ ᠠᠬᠢᠭᠤᠯᠪᠠ

ᠨᠢᠭᠡ ᠳᠤ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠡᠭᠦᠳᠦᠨ ᠪᠦᠲᠦᠭᠡᠵᠦ ᠬᠡᠷᠡᠭᠯᠡᠬᠦ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠪᠠ᠃ 2024 ᠣᠨ ᠤ ᠳᠡᠭᠡᠷ᠎ᠡ ᠬᠠᠭᠠᠰ ᠵᠢᠯ ᠳᠤ ᠤᠯᠤᠰ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠳᠠᠪᠠᠭᠤᠯᠢᠭ ᠴᠣᠯᠠ ᠶᠢ ᠭᠥᠷᠳᠡᠭᠰᠡᠨ 1 ᠠᠵᠤ ᠠᠬᠤᠶᠢᠯᠠᠯ ᠳᠤ 30 ᠲᠦᠮᠡᠨ ᠲᠥᠭᠦᠷᠢᠭ ᠤᠨ ᠱᠠᠩᠨᠠᠯ ᠤᠨ ᠮᠥᠩᠭᠦ ᠣᠯᠭᠤᠵᠤ᠂ ᠤᠯᠤᠰ ᠤᠨ ᠲᠤᠰᠬᠠᠶ ᠠᠰᠢᠭ ᠤᠨ ᠱᠠᠩᠨᠠᠯ ᠭᠥᠷᠳᠡᠭᠰᠡᠨ 4 ᠠᠵᠤ ᠠᠬᠤᠶᠢᠯᠠᠯ ᠳᠤ 50 ᠲᠦᠮᠡᠨ ᠲᠥᠭᠦᠷᠢᠭ ᠤᠨ ᠱᠠᠩᠨᠠᠯ ᠤᠨ ᠮᠥᠩᠭᠦ ᠣᠯᠭᠤᠵᠤ᠂ ︽ᠪᠠᠷᠢᠮᠵᠢᠶ᠎ᠠ ᠶᠢ ᠨᠠᠶᠢᠳᠠᠪᠤᠷᠢᠵᠢᠭᠤᠯᠬᠤ︾ ᠪᠠᠷ ᠳᠡᠮᠵᠢᠨ 24 ᠠᠵᠤ ᠠᠬᠤᠶᠢᠯᠠᠯ ᠳᠤ 66.8 ᠲᠦᠮᠡᠨ ᠲᠥᠭᠦᠷᠢᠭ ᠤᠨ ᠲᠤᠰᠠᠯᠠᠮᠵᠢ ᠶᠢᠨ ᠪᠠᠯᠠ ᠮᠥᠩᠭᠦ ᠣᠯᠭᠤᠪᠠ᠃ ᠬᠤᠶᠠᠷ ᠲᠤ᠂ ᠬᠥᠬᠡᠬᠤᠲᠠ ᠳᠤ ᠰᠠᠭᠤᠭ᠎ᠠ ᠶᠡᠭᠡ ᠳᠡᠭᠡᠳᠦ ᠰᠤᠷᠭᠠᠭᠤᠯᠢ ᠶᠢᠨ ᠲᠤᠰᠬᠠᠶ ᠠᠰᠢᠭ ᠤᠨ ᠪᠦᠷᠢᠳᠬᠡᠬᠦ ᠠᠵᠢᠯ ᠢ ᠥᠷᠨᠢᠭᠦᠯᠪᠡ᠃ ᠬᠥᠬᠡᠬᠤᠲᠠ ᠳᠤ ᠰᠠᠭᠤᠭ᠎ᠠ ᠶᠡᠭᠡ ᠳᠡᠭᠡᠳᠦ ᠰᠤᠷᠭᠠᠭᠤᠯᠢ ᠶᠢᠨ ᠦᠯᠡᠳᠡᠭᠡᠯ ᠲᠤᠰᠬᠠᠶ ᠠᠰᠢᠭ ᠢ ᠲᠣᠭᠠᠯᠠᠨ ᠪᠦᠷᠢᠳᠬᠡᠬᠦ ᠠᠵᠢᠯ ᠢ ᠢᠳᠡᠪᠬᠢᠲᠡᠶ ᠵᠣᠬᠢᠶᠠᠨ ᠪᠠᠶᠢᠭᠤᠯᠵᠤ᠂ ᠶᠡᠭᠡ ᠳᠡᠭᠡᠳᠦ ᠰᠤᠷᠭᠠᠭᠤᠯᠢ ᠶᠢᠨ ᠴᠡᠭ ᠠᠴᠠ ᠴᠡᠭ ᠲᠤ ᠬᠥᠷᠬᠦ᠂ ᠦᠯᠡᠳᠡᠭᠡᠯ ᠲᠤᠰᠬᠠᠶ ᠠᠰᠢᠭ ᠤᠨ ᠲᠠᠩᠰᠠ ᠡᠪᠬᠡᠮᠡᠯ ᠪᠠᠶᠢᠭᠤᠯᠬᠤ᠂ ᠲᠣᠭᠠᠯᠠᠨ ᠪᠦᠷᠢᠳᠬᠡᠬᠦ᠂ ᠬᠥᠮᠥᠷᠭᠡ ᠳᠤ ᠣᠷᠣᠭᠤᠯᠬᠤ ᠠᠵᠢᠯ ᠢ ᠨᠢᠭᠤᠷᠲᠠᠨ ᠵᠢᠯᠣᠭᠤᠳᠴᠤ᠂ ᠣᠳᠣᠬᠠᠨ ᠳᠤ ᠪᠣᠯᠲᠠᠯ᠎ᠠ᠂ ᠨᠢᠭᠡᠨᠲᠡ 5197 ᠲᠤᠰᠬᠠᠶ ᠠᠰᠢᠭ ᠢ ᠲᠣᠭᠠᠯᠠᠨ ᠪᠦᠷᠢᠳᠬᠡᠵᠦ᠂ 1954 ᠬᠤᠪᠢ ᠶᠢ ᠨᠢ ᠬᠥᠮᠥᠷᠭᠡ ᠳᠤ ᠣᠷᠣᠭᠤᠯᠵᠤ᠂ ᠶᠡᠭᠡ ᠳᠡᠭᠡᠳᠦ ᠰᠤᠷᠭᠠᠭᠤᠯᠢ ᠶᠢᠨ ᠵᠠᠯᠭᠠᠮᠵᠢ ᠲᠤᠰᠬᠠᠶ ᠠᠰᠢᠭ ᠤᠨ ᠡᠵᠡᠩᠨᠡᠯᠲᠡ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢ ᠤᠯᠠᠷᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠴᠡᠶ᠃

    ᠥᠨᠳᠥᠷ ᠪᠠᠷᠢᠮᠵᠢᠶᠠᠲᠤ ᠬᠠᠮᠠᠭᠠᠯᠠᠯᠲᠠ ᠶᠢ ᠴᠢᠩᠭᠠᠷᠠᠭᠤᠯᠵᠤ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ︽ᠰᠢᠨ᠎ᠡ ᠬᠠᠭᠤᠳᠠᠰᠤ︾ ᠶᠢ ᠪᠢᠴᠢᠭᠯᠡᠪᠡ

    2024 ᠣᠨ ᠤ ᠳᠡᠭᠡᠷ᠎ᠡ ᠬᠠᠭᠠᠰ ᠵᠢᠯ ᠳᠤ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠦᠷᠢᠶᠡᠨ ᠳᠠᠬᠢ ᠨᠡᠶᠢᠲᠡ 78 ᠬᠡᠷᠡᠭ ᠢ ᠰᠢᠢᠳᠪᠦᠷᠢᠯᠡᠵᠦ᠂ 23 ᠮᠡᠳᠡᠯᠭᠡ ᠶᠢᠨ ᠥᠮᠴᠢᠯᠡᠯ ᠤᠨ ᠡᠷᠬᠡ ᠶᠢᠨ ᠵᠢᠭᠤᠷᠠᠯᠳᠤᠭᠠᠨ ᠢ ᠠᠮᠵᠢᠯᠲᠠ ᠲᠠᠢ ᠡᠶᠡᠳᠡᠭᠦᠯᠵᠦ᠂ ᠡᠷᠬᠡᠲᠦ ᠬᠥᠮᠦᠨ ᠳᠤ 10.02 ᠲᠦᠮᠡᠨ ᠲᠥᠭᠦᠷᠢᠭ ᠤᠨ ᠠᠵᠤ ᠠᠬᠤᠶ ᠶᠢᠨ ᠬᠤᠬᠢᠷᠠᠯ ᠢ ᠡᠭᠡᠭᠦᠯᠦᠨ ᠠᠪᠴᠢᠷᠠᠪᠠ᠃ ᠪᠥᠬᠦ ᠬᠤᠲᠠ ᠶᠢᠨ 9 ᠬᠤᠰᠢᠭᠤ ᠰᠢᠶᠠᠨ ᠲᠣᠭᠤᠷᠢᠭ ᠤᠨ 9 ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ ᠪᠥᠬᠦ ᠣᠷᠣᠨ ᠤ ᠠᠩᠬᠠᠳᠠᠭᠴᠢ ᠪᠦᠯᠦᠭ ᠥᠪᠡᠷᠲᠡᠭᠡᠨ ᠵᠠᠰᠠᠬᠤ ᠣᠷᠣᠨ ᠤ ᠮᠡᠳᠡᠯᠭᠡ ᠶᠢᠨ ᠥᠮᠴᠢᠯᠡᠯ ᠤᠨ ᠡᠷᠬᠡ ᠶᠢᠨ ᠵᠠᠰᠠᠭ ᠵᠠᠬᠢᠷᠭᠠᠨ ᠤ ᠲᠣᠭᠲᠠᠭᠠᠯᠲᠠ ᠶᠢᠨ ᠭᠠᠵᠠᠷ ᠢᠶᠠᠷ ᠵᠥᠪᠰᠢᠶᠡᠷᠡᠭᠳᠡᠵᠦ᠂ 1 ᠶᠡᠷᠦᠩᠬᠡᠶᠢᠯᠡᠭᠰᠡᠨ ᠵᠠᠬ᠎ᠠ ᠳᠡᠯᠭᠡᠭᠦᠷ ᠢ ᠣᠨ ᠤ ᠥᠪᠡᠷᠲᠡᠭᠡᠨ ᠵᠠᠰᠠᠬᠤ ᠣᠷᠣᠨ ᠤ ᠲᠠᠰ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠠᠮᠠᠭᠠᠯᠠᠯᠲᠠ ᠶᠢᠨ ᠵᠢᠷᠤᠮᠵᠢᠭᠤᠯᠤᠭᠰᠠᠨ ᠵᠠᠬ᠎ᠠ ᠳᠡᠯᠭᠡᠭᠦᠷ ᠤᠨ ᠪᠥᠲᠥᠭᠡᠨ ᠪᠠᠶᠢᠭᠤᠯᠤᠯᠲᠠ ᠪᠠᠷ ᠲᠣᠭᠲᠠᠭᠠᠪᠠ᠃ ᠡᠭᠦᠨ ᠤ ᠬᠠᠮᠲᠤ ᠣᠷᠣᠨ ᠪᠦᠰᠡ ᠠᠯᠤᠰᠯᠠᠭᠰᠠᠨ᠂ ᠰᠠᠯᠠᠭ᠎ᠠ ᠮᠥᠴᠢᠷ ᠠᠯᠤᠰᠯᠠᠭᠰᠠᠨ᠂ ᠬᠦᠷᠢᠶ᠎ᠡ ᠴᠠᠷᠠᠭ᠎ᠠ ᠠᠯᠤᠰᠯᠠᠭᠰᠠᠨ ᠮᠡᠳᠡᠯᠭᠡ ᠶᠢᠨ ᠥᠮᠴᠢᠯᠡᠯ ᠤᠨ ᠡᠷᠬᠡ ᠶᠢ ᠬᠠᠮᠠᠭᠠᠯᠠᠬᠤ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠬᠤ ᠶᠢᠨ ᠲᠤᠰᠠᠳᠠ᠂ ᠰᠢᠯᠢ ᠶᠢᠨ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠮᠡᠳᠡᠯᠭᠡ ᠶᠢᠨ ᠥᠮᠴᠢᠯᠡᠯ ᠤᠨ ᠡᠷᠬᠡ ᠶᠢᠨ ᠲᠣᠪᠴᠢᠶ᠎ᠠ︶ ᠯᠤᠭ᠎ᠠ ︽ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠠᠮᠠᠭᠠᠯᠠᠯᠲᠠ ᠶᠢᠨ ᠬᠠᠮᠵᠢᠯᠴᠠᠬᠤ ᠬᠡᠯᠡᠯᠴᠡᠭᠡᠷ︾ ᠲᠣᠭᠲᠠᠵᠤ᠂ ᠣᠷᠣᠨ ᠪᠦᠰᠡ ᠠᠯᠤᠰᠯᠠᠨ ᠪᠠᠶᠠᠨᠨᠠᠭᠤᠷ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠮᠡᠳᠡᠯᠭᠡ ᠶᠢᠨ ᠥᠮᠴᠢᠯᠡᠯ ᠤᠨ ᠡᠷᠬᠡ ᠶᠢᠨ ᠲᠣᠪᠴᠢᠶ᠎ᠠ︶ ᠲᠠᠢ ᠬᠠᠮᠲᠤᠷᠠᠨ ᠲᠠᠸᠠᠷ ᠤᠨ ᠲᠡᠮᠲᠡᠭᠲᠦ ᠶᠢᠨ ᠲᠤᠰᠬᠠᠶ ᠡᠷᠬᠡ ᠳᠤ ᠬᠠᠯᠳᠠᠭᠰᠠᠨ ᠰᠡᠵᠢᠭᠯᠡᠯᠲᠡᠶ 3 ᠡᠵᠡᠩᠨᠡᠯᠲᠡ ᠶᠢᠨ ᠭᠤᠤᠯ ᠴᠣᠭᠴᠠ ᠳᠤ ᠲᠤᠬᠠᠶ ᠶᠢᠨ ᠭᠠᠵᠠᠷ ᠤᠨ ᠪᠠᠶᠢᠴᠠᠭᠠᠯᠲᠠ ᠥᠷᠨᠢᠭᠦᠯᠪᠡ᠃ ᠬᠤᠲᠠ ᠶᠢᠨ ᠠᠷᠠᠳ ᠤᠨ ᠪᠠᠶᠢᠴᠠᠭᠠᠬᠤ ᠬᠤᠷᠢᠶ᠎ᠠ᠂ ᠬᠤᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶ᠎ᠠ᠂ ᠬᠤᠲᠠ ᠶᠢᠨ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠯᠦᠭᠡ ᠰᠠᠶᠢᠨ ᠰᠠᠶᠢᠬᠠᠨ ᠬᠠᠷᠢᠯᠴᠠᠨ ᠬᠥᠳᠡᠯᠦᠯᠴᠡᠵᠦ᠂ ᠬᠠᠮᠵᠢᠯᠴᠠᠨ ᠬᠤᠯᠪᠣᠭᠠᠯᠠᠨ ᠬᠥᠳᠡᠯᠦᠯᠴᠡᠪᠡ᠃

    ᠴᠢᠨᠠᠷ ᠰᠠᠶᠢᠲᠠᠶ ᠦᠢᠯᠡᠴᠢᠯᠡᠭᠡ ᠶᠢ ᠬᠡᠷᠡᠭᠵᠢᠭᠦᠯᠵᠦ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ︽ᠰᠢᠨ᠎ᠡ ᠥᠨᠳᠦᠷᠴᠡ︾ ᠳᠤ ᠬᠦᠷᠪᠡ

    ᠤᠯᠤᠰ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠠᠮᠠᠭᠠᠯᠠᠯᠲᠠ ᠶᠢᠨ ᠲᠥᠪ ᠤᠨ ᠭᠤᠶᠤᠴᠢᠯᠠᠨ ᠮᠡᠳᠡᠭᠦᠯᠬᠦ ᠠᠵᠢᠯ ᠢ ᠯᠠᠪᠳᠠᠭᠤᠨ ᠢᠶᠠᠷ ᠠᠬᠢᠭᠤᠯᠵᠤ᠂ ︽ᠬᠥᠬᠡᠬᠤᠲᠠ ᠶᠢᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠪᠠ ᠤᠮᠠᠷᠠᠲᠤ ᠶᠢᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠲᠣᠮᠣ ᠳ᠋ᠠᠶᠢᠲ᠋ᠠ ᠶᠢᠨ ᠲᠥᠪ︾ ᠤᠨ ᠶᠣᠰᠣᠭᠠᠷ ᠮᠡᠳᠡᠯᠭᠡ ᠶᠢᠨ ᠥᠮᠴᠢᠯᠡᠯ ᠤᠨ ᠡᠷᠬᠡ ᠶᠢᠨ ᠰᠦᠯᠵᠢᠶᠡᠨ ᠳᠡᠭᠡᠷᠡᠬᠢ ᠦᠢᠯᠡᠴᠢᠯᠡᠭᠡᠨ ᠤ ᠠᠵᠢᠯ ᠢ ᠥᠷᠨᠢᠭᠦᠯᠵᠦ᠂ 60 ᠤᠳᠠᠭ᠎ᠠ ᠲᠤᠰᠬᠠᠶ ᠠᠰᠢᠭ ᠤᠨ ᠠᠷᠠᠯᠵᠢᠶ᠎ᠠ ᠲᠠᠢ ᠵᠣᠯᠭᠠᠭᠤᠯᠵᠤ᠂ 2 ᠤᠳᠠᠭ᠎ᠠ ᠲᠠᠸᠠᠷ ᠤᠨ ᠲᠡᠮᠲᠡᠭᠲᠦ ᠶᠢᠨ ᠠᠷᠠᠯᠵᠢᠶ᠎ᠠ ᠬᠢᠪᠡ᠃ ᠲᠠᠪᠴᠠᠩ ᠨᠢ ᠴᠢᠳᠠᠪᠤᠷᠢᠲᠠᠨ ᠢᠶᠠᠷ ᠬᠤᠲᠠ ᠪᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠶᠢ ᠭᠤᠤᠯᠳᠠᠯᠭ᠎ᠠ ᠲᠠᠢ ᠬᠡᠷᠡᠭᠵᠢᠭᠦᠯᠬᠦ ᠪᠠ ᠤᠨᠴᠠᠯᠢᠬᠳᠤ ᠠᠵᠤ ᠦᠢᠯᠡᠰ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠮᠡᠳᠡᠭᠡ ᠵᠠᠩᠭᠢ ᠶᠢᠨ ᠦᠢᠯᠡᠴᠢᠯᠡᠭᠡ ᠶᠢ ᠴᠢᠩᠭᠠᠳᠬᠠᠬᠤ ᠪᠠᠷ ᠠᠵᠢᠯᠯᠠᠭ᠎ᠠ ᠶᠢᠨ ᠬᠠᠷᠠᠯᠲᠠ ᠪᠣᠯᠭᠠᠵᠤ᠂ ᠨᠡᠶᠢᠲᠡ 5 ᠲᠠᠯᠠᠪᠤᠷ ᠤᠬᠠᠭᠤᠯᠭ᠎ᠠ ᠪᠣᠯᠪᠠᠰᠤᠷᠠᠯ ᠤᠨ ᠠᠵᠢᠯᠯᠠᠭ᠎ᠠ ᠶᠢ ᠡᠷᠭᠢᠯᠡᠵᠦ᠂ ᠨᠡᠶᠢᠲᠡ 1000 ᠭᠠᠷᠤᠶ ᠬᠥᠮᠦᠨ ᠤᠳᠠᠭ᠎ᠠ ᠣᠷᠣᠯᠴᠠᠵᠤ᠂ 15 ᠤᠳᠠᠭ᠎ᠠ ᠰᠡᠵᠢᠭᠯᠡᠯ ᠳᠤ ᠨᠢ ᠬᠠᠷᠢᠭᠤ ᠥᠭᠪᠡ᠃ ᠰᠢᠨ᠎ᠡ ᠶᠢ ᠡᠭᠦᠳᠬᠦ ᠤᠳᠤᠷᠢᠳᠤᠮᠵᠢ᠂ ᠲᠤᠰᠬᠠᠶ ᠮᠡᠷᠭᠡᠵᠢᠯ ᠤᠨ ᠡᠮᠦᠨ᠎ᠡ ᠵᠠᠬ᠎ᠠ ᠶᠢᠨ ︽ᠬᠥᠬᠡᠬᠤᠲᠠ ᠶᠢᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠲᠤᠰᠬᠠᠶ ᠮᠡᠷᠭᠡᠵᠢᠯ ᠤᠨ ᠰᠤᠳᠤᠯᠭᠠᠨ ᠤ ᠬᠤᠷᠰᠢᠶ᠎ᠠ︾ ᠶᠢᠨ ᠨᠠᠷᠠᠲᠤ ᠲᠡᠮᠳᠡᠭᠲᠦ ᠶᠢ ᠬᠦᠴᠦᠯᠡᠨ ᠪᠣᠶ ᠪᠣᠯᠭᠠᠵᠤ᠂ ︽ᠲᠠᠸᠠᠷ ᠤᠨ ᠲᠡᠮᠲᠡᠭᠲᠦ ᠶᠢ ᠬᠡᠷᠡᠭᠯᠡᠬᠦ ᠪᠠ ᠥᠷᠲᠡᠭ ᠤᠨ ᠵᠢᠱᠢᠯᠲᠡ — ᠨᠠᠷᠠᠲᠤ ᠲᠡᠮᠳᠡᠭᠲᠦ ᠶᠢᠨ ᠥᠷᠢᠰᠥᠯᠳᠦᠬᠦ ᠬᠦᠴᠦᠨ ᠢ ᠴᠢᠩᠭᠠᠷᠠᠭᠤᠯᠬᠤ ᠶᠢᠨ ᠵᠠᠪᠠᠯ ᠥᠩᠭᠡᠷᠡᠬᠦ ᠵᠠᠮ︾ ᠭᠡᠬᠦ ᠰᠦᠯᠵᠢᠶᠡᠨ ᠳᠡᠭᠡᠷᠡᠬᠢ ᠪᠣᠯᠪᠠᠰᠤᠷᠠᠯ ᠤᠨ ᠠᠵᠢᠯᠯᠠᠭ᠎ᠠ ᠶᠢ ᠡᠷᠭᠢᠯᠡᠵᠦ᠂ ᠪᠣᠯᠪᠠᠰᠤᠷᠠᠯ ᠳᠤ ᠣᠷᠣᠯᠴᠠᠭᠰᠠᠨ ᠬᠥᠮᠦᠨ ᠤ ᠲᠤᠭ᠎ᠠ 600 ᠭᠠᠷᠤᠶ ᠪᠣᠯᠪᠠ᠃

    ᠥᠨᠳᠥᠷ ᠪᠦᠲᠦᠮᠵᠢᠲᠡᠢ ᠪᠠᠷ ᠰᠢᠢᠳᠪᠦᠷᠢᠯᠡᠬᠦ ᠶᠢ ᠠᠬᠢᠭᠤᠯᠵᠤ᠂ ᠠᠵᠢᠯ ᠤᠨ ︽ᠰᠢᠨ᠎ᠡ ᠵᠣᠬᠢᠴᠠᠮᠵᠢ︾ ᠶᠢᠨ ᠰᠢᠨ᠎ᠡ ᠶᠢ ᠡᠭᠦᠳᠪᠡ

ᠬᠥᠬᠡᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠮᠡᠳᠡᠯᠭᠡ ᠶᠢᠨ ᠥᠮᠴᠢᠯᠡᠯ ᠤᠨ ᠡᠷᠬᠡ ᠶᠢᠨ ᠲᠣᠪᠴᠢᠶ᠎ᠠ︶ ᠨᠢ ᠠᠵᠤ ᠠᠬᠤᠶᠢᠯᠠᠯ ᠤᠨ ᠢᠯᠡᠴᠢᠯᠡᠨ ᠮᠡᠳᠡᠭᠦᠯᠵᠦ ᠵᠠᠭᠠᠯᠳᠤᠬᠤ ᠪᠠ ᠡᠷᠬᠡ ᠪᠠᠨ ᠬᠠᠮᠠᠭᠠᠯᠠᠬᠤ ᠪᠠᠷ ᠭᠤᠶᠤᠴᠢᠯᠠᠬᠤ ᠵᠠᠮ ᠢ ᠲᠠᠰᠤᠷᠠᠯᠲᠠ ᠥᠬᠡᠶ ᠰᠠᠭᠠᠳ ᠥᠬᠡᠶ ᠨᠡᠪᠲᠡᠷᠡᠭᠦᠯᠵᠦ᠂ 2024 ᠣᠨ ᠤ ᠳᠡᠭᠡᠷ᠎ᠡ ᠬᠠᠭᠠᠰ ᠵᠢᠯ ᠳᠤ ᠬᠥᠬᠡᠬᠤᠲᠠ ᠶᠢᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠵᠢᠭᠤᠷᠠᠯᠳᠤᠭᠠᠨ ᠤ ᠠᠷᠠᠳ ᠤᠨ ᠡᠶᠡᠳᠡᠭᠦᠯᠬᠦ ᠵᠥᠪᠯᠡᠯ ᠨᠢ ᠨᠡᠶᠢᠲᠡ 308 ᠬᠡᠷᠡᠭ ᠢ ᠭᠥᠯᠢᠶᠡᠨ ᠠᠪᠴᠤ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠵᠢᠭᠤᠷᠠᠯᠳᠤᠭᠠᠨ ᠤ 40 ᠬᠤᠪᠢ ᠶᠢ ᠠᠮᠵᠢᠯᠲᠠ ᠲᠠᠢ ᠪᠠᠷ ᠡᠶᠡᠳᠡᠭᠦᠯᠦᠨ᠂ ᠵᠠᠭᠠᠯᠳᠤᠬᠤ ᠠᠴᠠ ᠡᠮᠦᠨ᠎ᠡ ᠡᠶᠡᠳᠡᠭᠦᠯᠬᠦ ᠬᠡᠷᠡᠭ ᠠᠴᠠ 22 ᠬᠤᠪᠢ ᠬᠠᠤᠯᠢ ᠴᠠᠭᠠᠵᠠ ᠶᠢᠨ ᠨᠤᠲᠠᠯᠠᠯᠲᠠ ᠬᠢᠭᠰᠡᠨ ᠬᠢᠨᠠᠨ ᠲᠠᠰᠤᠯᠤᠯᠲᠠ ᠶᠢᠨ ᠪᠢᠴᠢᠭ ᠭᠠᠷᠭᠠᠵᠤ᠂ ᠡᠷᠬᠡᠲᠦ ᠬᠥᠮᠦᠨ ᠳᠤ 12.46 ᠲᠦᠮᠡ ᠭᠠᠷᠤᠶ ᠲᠥᠭᠦᠷᠢᠭ ᠤᠨ ᠠᠵᠤ ᠠᠬᠤᠶ ᠶᠢᠨ ᠬᠤᠬᠢᠷᠠᠯ ᠢ ᠡᠭᠡᠭᠦᠯᠦᠨ ᠠᠪᠴᠢᠷᠠᠪᠠ᠃ 6 ᠳ᠋ᠤᠭᠠᠷ ᠰᠠᠷ᠎ᠠ ᠶᠢᠨ 4 ᠤ ᠡᠳᠦᠷ ᠬᠥᠬᠡᠬᠤᠲᠠ ᠶᠢᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠵᠢᠭᠤᠷᠠᠯᠳᠤᠭᠠᠨ ᠤ ᠠᠷᠠᠳ ᠤᠨ ᠡᠶᠡᠳᠡᠭᠦᠯᠬᠦ ᠵᠥᠪᠯᠡᠯ ᠤᠨ ︽ᠮᠡᠳᠡᠬᠦᠢ ᠬᠢᠬᠦᠢ ᠬᠥᠬᠡᠬᠤᠲᠠ︾ ᠶᠢᠨ ᠠᠵᠢᠯ ᠤᠨ ᠥᠷᠲᠡᠭᠡ ᠶᠢ ᠪᠠᠶᠢᠭᠤᠯᠵᠤ᠂ ᠰᠢᠨ᠎ᠡ ᠬᠤᠲᠠ ᠲᠣᠭᠤᠷᠢᠭ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠰᠢᠭᠦᠨ ᠲᠠᠰᠤᠯᠬᠤ ᠰᠢᠭᠦᠬᠦ ᠲᠢᠩᠬᠢᠮ ᠳᠤ ᠣᠷᠣᠵᠤ᠂ ᠲᠣᠰ ᠰᠢᠭᠦᠬᠦ ᠲᠢᠩᠬᠢᠮ ᠳᠤ ᠣᠷᠣᠵᠤ ᠢᠷᠡᠭᠰᠡᠨ ᠠᠩᠬᠠᠳᠠᠭᠴᠢ ᠠᠷᠠᠳ ᠤᠨ ᠡᠶᠡᠳᠡᠭᠦᠯᠬᠦ ᠵᠣᠬᠢᠶᠠᠨ ᠪᠠᠶᠢᠭᠤᠯᠤᠯᠲᠠ ᠪᠣᠯᠤᠭᠰᠠᠨ ᠪᠥᠭᠡᠳ ᠡᠶᠡᠳᠡᠭᠦᠯᠬᠦ ᠠᠵᠢᠯ ᠤᠨ ᠥᠷᠲᠡᠭᠡ ᠪᠠᠶᠢᠭᠤᠯᠤᠭᠳᠠᠭᠰᠠᠨ ᠤ ᠳᠠᠷᠠᠭᠠᠬᠢ ᠮᠡᠳᠡᠯᠭᠡ ᠶᠢᠨ ᠥᠮᠴᠢᠯᠡᠯ ᠤᠨ ᠡᠷᠬᠡ ᠶᠢᠨ ᠠᠩᠬᠠᠳᠠᠭᠴᠢ ᠵᠢᠭᠤᠷᠠᠯᠳᠤᠭᠠᠨ ᠤ ᠬᠡᠷᠡᠭ ᠪᠣᠯᠤᠭᠰᠠᠨ ᠪᠠᠶᠢᠨ᠎ᠠ᠃ ᠣᠶᠢᠷ᠎ᠠ ᠳᠤ᠂ ᠬᠥᠬᠡᠬᠤᠲᠠ ᠶᠢᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠠᠮᠠᠭᠠᠯᠠᠯᠲᠠ ᠶᠢᠨ ᠲᠥᠪ ︽ᠭᠠᠳᠠᠭᠠᠳᠤ ᠶᠢᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠵᠢᠭᠤᠷᠠᠯᠳᠤᠭᠠᠨ ᠢ ᠠᠷᠭᠠᠴᠠᠭᠠᠬᠤ ᠵᠢᠯᠣᠭᠤᠳᠬᠤ ᠲᠥᠪ ᠤᠨ ᠣᠷᠣᠨ ᠨᠤᠲᠤᠭ ᠤᠨ ᠬᠤᠪᠢᠶᠠᠷᠢ ᠲᠥᠪ︾ ᠢᠶᠠᠷ ᠵᠢᠩᠬᠢᠨᠢ ᠪᠠᠷ ᠵᠥᠪᠰᠢᠶᠡᠷᠡᠭᠳᠡᠭᠰᠡᠨ ᠪᠥᠭᠡᠳ ᠬᠥᠬᠡᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠮᠡᠳᠡᠯᠭᠡ ᠶᠢᠨ ᠥᠮᠴᠢᠯᠡᠯ ᠤᠨ ᠡᠷᠬᠡ ᠶᠢᠨ ᠲᠣᠪᠴᠢᠶ᠎ᠠ︶ ᠶᠢᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠤᠲᠠ ᠪᠠᠷ ᠬᠤᠲᠠ ᠶᠢ ᠪᠥᠲᠥᠭᠡᠨ ᠪᠠᠶᠢᠭᠤᠯᠬᠤ ᠶᠢ ᠠᠬᠢᠭᠤᠯᠬᠤ᠂ ᠳᠤᠮᠳᠠᠳᠤ ᠤᠯᠤᠰ ︵ᠥᠪᠥᠷ ᠮᠣᠩᠭᠤᠯ︶ ᠤᠨ ᠴᠢᠯᠥᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠤ ᠬᠥᠬᠡᠬᠤᠲᠠ ᠶᠢᠨ ᠭᠤᠤᠯ ᠣᠷᠣᠨ᠂ ᠣᠷᠣᠨ ᠤ ᠲᠥᠪ ᠠᠵᠤ ᠠᠬᠤᠶᠢᠯᠠᠯ ᠤᠨ ᠴᠢᠨᠠᠷ ᠰᠠᠶᠢᠲᠠᠶ ᠬᠥᠭᠵᠢᠯᠲᠡ ᠶᠢ ᠳᠡᠮᠵᠢᠬᠦ ᠳᠤ ᠬᠦᠴᠦᠨ ᠨᠡᠮᠡᠷᠢᠯᠡᠬᠦ ᠴᠢᠬᠤᠯᠠ ᠠᠷᠭ᠎ᠠ ᠬᠡᠮᠵᠢᠶ᠎ᠡ ᠪᠣᠯᠪᠠ᠃

    ᠬᠦᠴᠦᠲᠡᠢ ᠳᠡᠮᠵᠢᠯᠭᠡ ᠬᠠᠩᠭᠠᠵᠤ᠂ ᠮᠦᠩᠭᠦᠨ ᠭᠦᠢᠯᠭᠡᠭᠡ ᠪᠠᠷ ᠬᠦᠴᠦᠨ ᠨᠡᠮᠡᠷᠢᠯᠡᠬᠦ ︽ᠰᠢᠨ᠎ᠡ ᠰᠢᠪᠲᠤᠯᠤᠯᠲᠠ︾ ᠶᠢ ᠪᠡᠶᠡᠯᠡᠭᠦᠯᠪᠡ

ᠬᠥᠬᠡᠬᠤᠲᠠ ᠶᠢᠨ ᠳᠤᠮᠳᠠ ᠪᠠᠭ᠎ᠠ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠤᠯᠠᠮ ᠨᠢᠭᠡ ᠠᠯᠬᠤᠮ ᠠᠬᠢᠭᠤᠯᠵᠤ᠂ ᠬᠥᠬᠡᠬᠤᠲᠠ ᠶᠢᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠳᠠᠨᠵᠢᠯᠠᠭ᠎ᠠ ᠲᠠᠢ ᠪᠠᠯᠠ ᠳᠣᠭᠢᠷᠠᠭᠤᠯᠬᠤ ᠠᠵᠢᠯ ᠢ ᠳᠥᠯᠭᠢᠨ ᠠᠬᠢᠭᠤᠯᠵᠤ᠂ ᠵᠠᠰᠠᠭ ᠪᠠᠩᠬᠢ ᠠᠵᠤ ᠠᠬᠤᠶᠢᠯᠠᠯ ᠤᠨ ᠭᠦᠨᠵᠡᠭᠡᠶ ᠬᠠᠮᠲᠤᠷᠠᠯᠴᠠᠭ᠎ᠠ ᠶᠢ ᠠᠬᠢᠭᠤᠯᠤᠨ᠂ ︽ᠬᠦᠷᠢᠶᠡᠯᠡᠩ ᠳᠤ ᠣᠷᠣᠵᠤ ᠠᠵᠤ ᠠᠬᠤᠶᠢᠯᠠᠯ ᠳᠤ ᠠᠰᠢᠭ ᠬᠦᠷᠲᠡᠭᠡᠬᠦ︾ ᠠᠵᠢᠯᠯᠠᠭ᠎ᠠ ᠶᠢ ᠦᠷᠭᠦᠯᠵᠢᠯᠡᠨ ᠠᠬᠢᠭᠤᠯᠬᠤ ᠶᠢᠨ ᠲᠥᠯᠥᠭᠡ᠂ ᠡᠭᠦᠨ ᠤ ᠬᠠᠮᠲᠤ 2024 ᠣᠨ ᠤ ᠮᠡᠳᠡᠯᠭᠡ ᠶᠢᠨ  ᠥᠮᠴᠢᠯᠡᠯ ᠤᠨ ᠡᠷᠬᠡ ᠶᠢᠨ ᠵᠠᠰᠠᠭ ᠪᠠᠩᠬᠢ ᠠᠵᠤ ᠠᠬᠤᠶᠢᠯᠠᠯ ᠢ ᠵᠣᠯᠭᠠᠭᠤᠯᠬᠤ ᠬᠤᠷᠠᠯ ᠵᠢᠴᠢ ᠮᠡᠳᠡᠯᠭᠡ ᠶᠢᠨ ᠥᠮᠴᠢᠯᠡᠯ ᠤᠨ ᠡᠷᠬᠡ ᠶᠢᠨ ᠣᠯᠠᠨ ᠤᠯᠤᠰ ᠤᠨ ᠪᠠᠷᠢᠮᠵᠢᠶ᠎ᠠ ᠶᠢ ᠬᠡᠷᠡᠭᠵᠢᠭᠦᠯᠬᠦ ᠪᠣᠳᠠᠲᠤ ᠶᠠᠪᠤᠳᠠᠯ ᠤᠨ ᠪᠣᠯᠪᠠᠰᠤᠷᠠᠯ ᠤᠨ ᠠᠩᠭᠢ ᠬᠤᠷᠠᠯᠳᠤᠭᠤᠯᠵᠤ᠂ ︽ᠵᠠᠰᠠᠭ ᠠᠵᠤ ᠠᠬᠤᠶᠢᠯᠠᠯ᠂ ᠪᠠᠩᠬᠢ ᠠᠵᠤ ᠠᠬᠤᠶᠢᠯᠠᠯ︾ ᠤᠨ ᠮᠡᠳᠡᠭᠡ ᠵᠠᠩᠭᠢ ᠶᠢᠨ ᠰᠣᠯᠢᠯᠴᠠᠭ᠎ᠠ ᠨᠡᠪᠲᠡᠷᠡᠯᠴᠡᠭᠡ ᠶᠢᠨ ᠵᠣᠬᠢᠴᠠᠮᠵᠢ ᠶᠢ ᠰᠠᠭᠠᠳ ᠥᠬᠡᠶ ᠨᠡᠪᠲᠡᠷᠡᠭᠦᠯᠪᠡ᠃ ᠡᠨᠡ ᠵᠢᠯ ᠠᠴᠠ ᠨᠠᠭᠠᠰᠢ᠂ ᠲᠠᠸᠠᠷ ᠤᠨ ᠲᠡᠮᠲᠡᠭᠲᠦ ᠶᠢᠨ ᠲᠤᠬᠠᠶᠢᠯᠠᠭᠰᠠᠨ ᠠᠵᠢᠯ ᠤᠨ ᠬᠥᠬᠡᠬᠤᠲᠠ ᠶᠢᠨ ᠬᠦᠯᠢᠶᠡᠨ ᠠᠪᠴᠤ ᠰᠢᠢᠳᠪᠦᠷᠢᠯᠡᠬᠦ ᠴᠣᠩᠬᠤᠪᠴᠢᠨ ᠳᠤ ᠲᠦᠰᠢᠭᠯᠡᠨ 11 ᠲᠠᠸᠠᠷ ᠤᠨ ᠲᠡᠮᠲᠡᠭᠲᠦ ᠶᠢᠨ ᠡᠷᠬᠡ ᠶᠢ ᠳᠠᠨᠵᠢᠯᠠᠨ ᠭᠤᠶᠤᠴᠢᠯᠠᠵᠤ᠂ 73 ᠲᠠᠸᠠᠷ ᠤᠨ ᠲᠡᠮᠲᠡᠭᠲᠦ ᠳᠤ ᠬᠤᠯᠪᠣᠭᠳᠠᠨ᠂ ᠪᠠᠷᠢᠴᠠᠭᠠᠯᠠᠭᠰᠠᠨ ᠵᠤᠭᠤᠰ ᠤᠨ ᠲᠤᠭ᠎ᠠ 1.37 ᠳ᠋ᠦᠩᠰᠢᠭᠤᠷ ᠲᠥᠭᠦᠷᠢᠭ ᠲᠤ ᠬᠦᠷᠴᠦ᠂ ᠥᠪᠡᠷᠲᠡᠭᠡᠨ ᠵᠠᠰᠠᠬᠤ ᠣᠷᠣᠨ ᠤ ᠡᠮᠦᠨ᠎ᠡ ᠡᠩᠨᠡᠭᠡᠨ ᠳᠤ ᠣᠷᠣᠵᠠᠢ᠃

    ᠲᠠᠷᠠᠭᠠᠴᠢ ᠶᠢᠨ ᠠᠯᠬᠤᠮ ᠳᠤ᠂ ᠬᠥᠬᠡᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠮᠡᠳᠡᠯᠭᠡ ᠶᠢᠨ ᠥᠮᠴᠢᠯᠡᠯ ᠤᠨ ᠡᠷᠬᠡ ᠶᠢᠨ ᠲᠣᠪᠴᠢᠶ᠎ᠠ︶ ᠨᠢ ᠪᠠᠰᠠ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠠᠮᠠᠭᠠᠯᠠᠯᠲᠠ ᠶᠢ ᠲᠠᠰᠤᠷᠠᠯᠲᠠ ᠥᠬᠡᠶ ᠴᠢᠩᠭᠠᠳᠬᠠᠵᠤ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠳᠤ ︽ᠨᠠᠶᠢᠳᠠᠪᠤᠷᠢᠲᠠᠢ︾ ᠬᠥᠭᠵᠢᠯᠲᠡ ᠶᠢᠨ ᠣᠷᠴᠢᠨ ᠲᠤᠭᠤᠷᠢᠨ ᠢ ᠪᠣᠶ ᠪᠣᠯᠭᠠᠵᠤ᠂ ᠣᠷᠣᠨ ᠤ ᠲᠥᠪ ᠬᠤᠲᠠ ᠶᠢᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠬᠦ ᠪᠣᠯᠣᠨ᠎ᠠ᠃

 

ᠢᠷᠡᠯᠲᠡ᠄ ᠬᠥᠬᠡᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ