427 ᠡᠷᠦᠬᠡ ᠶᠢᠨ ᠬᠡᠮᠵᠢᠨ ᠲᠤᠷᠰᠢᠭᠰᠠᠨ ᠦᠷ᠎ᠡ ᠳ᠋ᠦᠩ ᠨᠢ ᠬᠠᠨᠤᠮᠵᠢᠲᠠᠢ︕ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︽ᠪᠠᠶᠢᠴᠠᠭᠠᠭᠠᠳ ᠦᠯᠦ ᠵᠥᠪᠰᠢᠶᠡᠷᠡᠬᠦ︾ ᠠᠰᠠᠭᠤᠳᠠᠯ ᠢ ᠬᠦᠴᠦᠯᠡᠨ ᠰᠢᠢᠳᠪᠦᠷᠢᠯᠡᠪᠡ
ᠨᠡᠶᠢᠲᠡᠯᠡᠭᠰᠡᠨ ᠴᠠᠭ᠄
2024/8/6

    2024 ᠣᠨ ᠳᠤ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠭᠤᠷᠪᠠᠨ ᠵᠦᠢᠯ ᠤᠨ ᠠᠷᠭ᠎ᠠ ᠬᠡᠮᠵᠢᠶ᠎ᠡ ᠠᠪᠴᠤ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠰᠢᠯᠭᠠᠨ ᠪᠠᠶᠢᠴᠠᠭᠠᠬᠤ ᠴᠢᠳᠠᠪᠤᠷᠢ ᠶᠢ ᠲᠣᠭᠲᠠᠭᠤᠨ ᠢᠶᠠᠷ ᠳᠡᠭᠡᠭᠰᠢᠯᠡᠭᠦᠯᠵᠦ᠂ ︽ᠪᠠᠶᠢᠴᠠᠭᠠᠭᠠᠳ ᠦᠯᠦ ᠵᠥᠪᠰᠢᠶᠡᠷᠡᠬᠦ︾ ᠠᠰᠠᠭᠤᠳᠠᠯ ᠢ ᠬᠦᠴᠦᠯᠡᠨ ᠰᠢᠢᠳᠪᠦᠷᠢᠯᠡᠪᠡ ᠃ ᠨᠢᠭᠡ ᠳᠤ᠂ ᠨᠡᠶᠢᠭᠡᠮ ᠤᠨ ᠠᠩᠬᠠᠷᠤᠯ ᠲᠠᠯᠪᠢᠵᠤ ᠪᠠᠶᠢᠭ᠎ᠠ ᠬᠡᠮᠵᠢᠶ᠎ᠡ ᠪᠠᠷ ᠨᠡᠯᠢᠶᠡᠳ ᠥᠨᠳᠥᠷ᠂ ᠣᠯᠠᠨ ᠲᠦᠮᠡᠨ ᠤ ᠲᠤᠰᠬᠠᠯ ᠨᠡᠯᠢᠶᠡᠳ ᠴᠢᠩᠭ᠎ᠠ ᠪᠠᠶᠢᠭ᠎ᠠ ᠠᠮᠢᠳᠤᠷᠠᠯ ᠤᠨ ᠤᠤᠭᠤᠬᠤ ᠤᠰᠤ᠂ ᠴᠠᠬᠢᠯᠭᠠᠨ ᠤᠲᠠᠰᠤ ᠴᠠᠬᠢᠯᠭᠠᠨ ᠳᠡᠭᠡᠰᠦ᠂ ᠨᠡᠭᠦᠷᠡᠰᠦ ᠵᠡᠷᠭᠡ ᠬᠦᠷᠢᠶᠡᠨ ᠤ 17 ᠪᠣᠯᠵᠣᠯᠲᠤ ᠲᠤᠭ᠎ᠠ ᠶᠢ ᠴᠢᠳᠠᠪᠤᠷᠢ ᠶᠢᠨ ᠰᠢᠯᠭᠠᠨ ᠪᠠᠲᠤᠯᠠᠬᠤ ᠲᠥᠷᠥᠯ ᠵᠦᠢᠯ ᠤᠨ ᠲᠣᠭᠤᠷᠢᠨ ᠳᠤ᠂ ᠪᠥᠬᠦ ᠣᠷᠣᠨ ᠤ ᠨᠥᠬᠦᠴᠡᠯ ᠳᠤ ᠨᠡᠶᠢᠴᠡᠬᠦ 602 ᠰᠢᠯᠭᠠᠨ ᠪᠠᠶᠢᠴᠠᠭᠠᠬᠤ ᠪᠠᠶᠢᠭᠤᠯᠤᠮᠵᠢ ᠶᠢ ᠵᠣᠬᠢᠶᠠᠨ ᠪᠠᠶᠢᠭᠤᠯᠤᠨ ᠪᠦᠬᠦᠨ ᠢ ᠴᠢᠳᠠᠪᠤᠷᠢ ᠶᠢᠨ ᠰᠢᠯᠭᠠᠨ ᠬᠢᠨᠠᠬᠤ ᠳᠤ ᠣᠷᠣᠯᠴᠠᠭᠤᠯᠪᠠ︔ ᠬᠤᠶᠠᠷ ᠲᠤ᠂ ᠪᠥᠬᠦ ᠣᠷᠣᠨ ᠤ ᠳᠣᠲᠣᠷ᠎ᠠ ᠭᠠᠳᠠᠨᠠᠬᠢ 53 ᠪᠠᠶᠢᠭᠤᠯᠤᠮᠵᠢ ᠶᠢ ᠵᠣᠬᠢᠶᠠᠨ ᠪᠠᠶᠢᠭᠤᠯᠤᠨ ᠴᠢᠳᠠᠪᠤᠷᠢ ᠶᠢ ᠰᠢᠯᠭᠠᠨ ᠬᠢᠨᠠᠪᠠ︔ ᠭᠤᠷᠪᠠ ᠳᠤ᠂ ᠯᠢᠶᠣᠤᠨᠢᠩ᠂ ᠬᠠᠷᠠᠮᠥ᠋ᠷᠡᠨ᠂ ᠭᠢᠷᠢᠨ ᠲᠠᠢ ᠬᠤᠯᠪᠣᠭᠠᠯᠠᠨ ᠣᠷᠣᠨ ᠪᠦᠰᠡ ᠠᠯᠤᠰᠯᠠᠭᠰᠠᠨ ᠴᠢᠳᠠᠪᠤᠷᠢ ᠶᠢ ᠰᠢᠯᠭᠠᠨ ᠲᠣᠭᠲᠠᠭᠠᠬᠤ ᠠᠵᠢᠯ ᠢ ᠥᠷᠨᠢᠭᠦᠯᠵᠦ᠂ ᠠᠮᠢᠳᠤᠷᠠᠯ ᠤᠨ ᠤᠤᠭᠤᠬᠤ ᠤᠰᠤᠨ ᠤ ᠳᠣᠲᠣᠷᠠᠬᠢ ᠠᠷᠰᠧᠨ ᠤ ᠠᠭᠤᠯᠤᠭᠳᠠᠴᠠ ᠶᠢ ᠬᠡᠮᠵᠢᠨ ᠲᠣᠭᠲᠠᠭᠠᠬᠤ᠂ ᠭᠤᠯᠭᠤᠭᠤᠷ ᠲᠣᠰᠣᠨ ᠤ ᠳᠤᠮᠳᠠᠬᠢ ᠬᠥᠳᠡᠯᠭᠡᠭᠡᠨ ᠤ ᠨᠢᠯᠴᠠᠭᠠᠢ ᠬᠡᠮᠵᠢᠶ᠎ᠡ᠂ ᠨᠡᠶᠢᠯᠡᠮᠡᠯ ᠪᠤᠷᠳᠤᠭᠤᠷ ᠤᠨ ᠳᠣᠲᠣᠷᠠᠬᠢ ᠪᠦᠲᠦᠮᠵᠢᠲᠡᠶ ᠹᠣᠰᠹᠣᠷ ᠤᠨ ᠠᠭᠤᠯᠤᠭᠳᠠᠴᠠ ᠶᠢ ᠰᠢᠯᠭᠠᠨ ᠲᠣᠭᠲᠠᠭᠠᠵᠤ᠂ ᠵᠡᠭᠦᠨ ᠬᠤᠶᠢᠲᠤ ᠶᠢᠨ ᠭᠤᠷᠪᠠᠨ ᠮᠤᠵᠢ ᠨᠢᠭᠡ ᠣᠷᠣᠨ ᠳᠤ ᠬᠤᠯᠪᠣᠭᠳᠠᠯ ᠪᠦᠬᠦᠢ ᠬᠢᠷᠢ ᠬᠡᠮ ᠲᠠᠢ ᠰᠢᠯᠭᠠᠨ ᠪᠠᠶᠢᠴᠠᠭᠠᠵᠤ ᠰᠢᠯᠭᠠᠨ ᠬᠡᠮᠵᠢᠬᠦ ᠪᠠᠶᠢᠭᠤᠯᠤᠮᠵᠢ ᠶᠢ ᠰᠠᠶᠢᠨ ᠳᠤᠷ᠎ᠠ ᠠᠴᠠ ᠪᠠᠨ ᠨᠡᠷ᠎ᠡ ᠮᠡᠳᠡᠭᠦᠯᠬᠦ ᠶᠢ ᠱᠠᠭᠠᠷᠳᠠᠪᠠ᠃


W020240806400186019265.jpg

    

    7 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ᠂ ᠠᠮᠢᠳᠤᠷᠠᠯ ᠤᠨ ᠤᠤᠭᠤᠬᠤ ᠤᠰᠤ᠂ ᠴᠠᠬᠢᠯᠭᠠᠨ ᠤᠲᠠᠰᠤ ᠴᠠᠬᠢᠯᠭᠠᠨ ᠳᠡᠭᠡᠰᠦ᠂ ᠨᠡᠭᠦᠷᠡᠰᠦ᠂ ᠵᠢᠶᠠᠩᠶ᠋ᠢᠦ ᠵᠡᠷᠭᠡ ᠪᠣᠯᠵᠣᠯᠲᠤ ᠲᠤᠭ᠎ᠠ ᠶᠢᠨ ᠴᠢᠳᠠᠪᠤᠷᠢ ᠶᠢ ᠰᠢᠯᠭᠠᠨ ᠪᠠᠲᠤᠯᠠᠬᠤ ᠳᠤ ᠣᠷᠣᠯᠴᠠᠭᠰᠠᠨ 394 ᠪᠠᠶᠢᠭᠤᠯᠤᠮᠵᠢ ᠶᠢᠨ ᠰᠢᠯᠭᠠᠨ ᠬᠢᠨᠠᠭᠰᠠᠨ ᠦᠷ᠎ᠡ ᠳ᠋ᠦᠩ ᠨᠢ ᠬᠠᠨᠤᠮᠵᠢᠲᠠᠶ ᠪᠠᠶᠢᠨ᠎ᠠ︔ ᠪᠥᠬᠦ ᠣᠷᠣᠨ ᠤ ᠢᠳᠡᠭᠡᠨ ᠤ ᠠᠮᠤᠷ ᠲᠦᠪᠰᠢᠨ ᠳᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠡᠭᠦᠷᠭᠡ ᠶᠢ ᠡᠭᠦᠷᠭᠡᠯᠡᠭᠰᠡᠨ 33 ᠪᠠᠶᠢᠭᠤᠯᠤᠮᠵᠢ ᠴᠢᠳᠠᠪᠤᠷᠢ ᠶᠢᠨ ᠰᠢᠯᠭᠠᠨ ᠬᠢᠨᠠᠭᠰᠠᠨ ᠦᠷ᠎ᠡ ᠳ᠋ᠦᠩ ᠨᠢ ᠬᠠᠨᠤᠮᠵᠢᠲᠠᠶ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠮᠡᠷᠭᠡᠵᠢᠯ ᠤᠨ ᠵᠢᠯᠣᠭᠤᠳᠣᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠠᠩᠬ᠎ᠠ ᠤᠳᠠᠭ᠎ᠠ ᠦᠷ᠎ᠡ ᠳ᠋ᠦᠩ ᠳᠤ ᠬᠠᠨᠤᠮᠵᠢ ᠥᠬᠡᠶ ᠪᠠᠶᠢᠭᠤᠯᠤᠮᠵᠢ ᠳᠤ ᠨᠥᠬᠦᠨ ᠬᠢᠨᠠᠨ ᠰᠢᠯᠭᠠᠯᠲᠠ ᠬᠢᠵᠦ᠂ ᠲᠣᠭᠲᠠᠭᠰᠠᠨ ᠴᠠᠭ ᠤᠨ ᠳᠣᠲᠣᠷ᠎ᠠ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠭᠰᠡᠨ ᠲᠤᠭ᠎ᠠ ᠪᠠᠷᠢᠮᠲᠠ ᠪᠠᠨ ᠮᠡᠳᠡᠭᠦᠯᠦᠨ ᠬᠦᠷᠭᠡᠬᠦ ᠶᠢ ᠱᠠᠭᠠᠷᠳᠠᠵᠤ᠂ ᠪᠠᠶᠢᠴᠠᠭᠠᠨ ᠰᠢᠯᠭᠠᠬᠤ ᠪᠠᠶᠢᠭᠤᠯᠤᠮᠵᠢ ᠶᠢ ᠰᠢᠮᠳᠠᠭᠤᠯᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃

 

ᠢᠷᠡᠯᠲᠡ᠄ ᠰᠢᠯᠭᠠᠨ ᠪᠠᠶᠢᠴᠠᠭᠠᠬᠤ ᠭᠠᠵᠠᠷ