ᠪᠥᠬᠦ ᠣᠷᠣᠨ ᠤ ᠡᠯ᠎ᠡ ᠭᠠᠵᠠᠷ ︽ᠰᠢᠯᠭᠠᠯᠲᠠ ᠪᠠᠷ ᠰᠤᠷᠤᠯᠴᠠᠯᠭ᠎ᠠ ᠶᠢ ᠠᠬᠢᠭᠤᠯᠵᠤ︾ ᠦᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠤ ︽ᠬᠤᠶᠠᠷ ᠬᠠᠷᠢᠭᠤᠴᠠᠯᠭ᠎ᠠ︾ ᠶᠢ ᠪᠣᠳᠠᠲᠠᠶ ᠨᠠᠷᠢᠯᠢᠭ ᠨᠠᠶᠢᠳᠠᠪᠤᠷᠢᠵᠢᠭᠤᠯᠬᠤ ᠶᠢ ᠠᠬᠢᠭᠤᠯᠪᠠ
ᠨᠡᠶᠢᠲᠡᠯᠡᠭᠰᠡᠨ ᠴᠠᠭ᠄
2024/8/6

    ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠣᠷᠳᠣᠰ ᠬᠤᠲᠠ ᠶᠢᠨ 13 ᠡᠷᠦᠬᠡ A ᠲᠠᠰ ᠤᠨ ᠦᠨᠡᠮᠯᠡᠯ ᠣᠯᠤᠭᠰᠠᠨ ᠦᠢᠯᠡᠳᠪᠦᠷᠢᠯᠡᠬᠦ ᠠᠵᠤ ᠠᠬᠤᠶᠢᠯᠠᠯ ᠤᠨ 28 ᠶᠠᠰᠤ ᠴᠢᠨᠠᠷ ᠤᠨ ᠠᠮᠤᠷ ᠲᠦᠪᠰᠢᠨ ᠤ ᠶᠡᠷᠦᠩᠬᠡᠶ ᠬᠢᠨᠠᠭᠴᠢ ᠪᠠ ᠶᠠᠰᠤ ᠴᠢᠨᠠᠷ ᠤᠨ ᠠᠮᠤᠷ ᠲᠦᠪᠰᠢᠨ ᠤ ᠠᠵᠢᠯᠲᠠᠨ ᠳᠤ ᠲᠤᠬᠠᠶ ᠶᠢᠨ ᠲᠠᠯᠠᠪᠤᠷ ᠤᠨ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠯᠲᠠ ᠬᠢᠪᠠ᠃ ᠲᠣᠰ ᠤᠳᠠᠭᠠᠨ ᠤ ᠰᠢᠯᠭᠠᠯᠲᠠ ᠶᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠶᠢᠨ ᠠᠵᠤ ᠦᠢᠯᠡᠳᠪᠦᠷᠢ ᠶᠢᠨ ᠦᠢᠯᠡᠳᠬᠦᠨ ᠦᠢᠯᠡᠳᠪᠦᠷᠢᠯᠡᠬᠦ ᠨᠢᠭᠡᠴᠢ ᠶᠢᠨ ᠶᠠᠰᠤ ᠴᠢᠨᠠᠷ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯᠲᠠᠨ ᠤ ᠰᠢᠯᠭᠠᠨ ᠬᠢᠨᠠᠬᠤ ᠵᠦᠭᠯᠡᠭᠦᠷ᠂ ᠰᠢᠯᠭᠠᠯᠲᠠ ᠶᠢᠨ ᠬᠥᠲᠥᠯᠪᠦᠷᠢ ᠪᠠ ᠬᠡᠷᠡᠭᠯᠡᠭᠡᠨ ᠤ ᠰᠡᠳᠦᠪ ᠤᠨ ᠬᠥᠮᠥᠷᠭᠡ ᠶᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠨᠢᠭᠡᠳᠦᠯᠲᠡᠶ ᠰᠡᠳᠦᠪ ᠭᠠᠷᠭᠠᠵᠤ᠂ ᠨᠢᠭᠡᠳᠦᠯᠲᠡᠶ ᠬᠢᠨᠠᠯᠲᠠ ᠲᠠᠯᠪᠢᠨ ᠰᠢᠯᠭᠠᠵᠤ᠂ ᠨᠢᠭᠡᠳᠦᠯᠲᠡᠶ ᠵᠣᠬᠢᠶᠠᠨ ᠪᠠᠶᠢᠭᠤᠯᠵᠤ ᠰᠢᠯᠭᠠᠯᠲᠠ ᠶᠢ ᠬᠢᠨᠠᠪᠠ᠃

    ᠠᠶᠢᠮᠠᠭ ᠬᠤᠲᠠ ᠶᠢᠨ ᠬᠢᠭᠰᠡᠨ ᠠᠷᠭ᠎ᠠ

    ᠪᠤᠭᠤᠲᠤ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ

    ᠰᠢᠯᠭᠠᠯᠲᠠ ᠶᠢᠨ ᠬᠥᠲᠥᠯᠪᠦᠷᠢ ᠳᠠᠬᠢ ᠬᠤᠯᠪᠣᠭᠳᠠᠯ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ᠂ ᠲᠤᠰᠬᠠᠶ ᠮᠡᠷᠭᠡᠵᠢᠯ ᠤᠨ ᠮᠡᠳᠡᠯᠭᠡ ᠶᠢ ᠰᠣᠩᠭᠤᠨ ᠰᠢᠯᠭᠠᠯᠲᠠ ᠭᠠᠷᠭᠠᠨ ᠂ B ᠲᠠᠰ ᠤᠨ 14 ᠠᠶᠤᠯᠲᠠᠶ ᠬᠢᠮᠢ ᠶᠢᠨ ᠪᠣᠳᠠᠰ ᠤᠨ ᠦᠨᠡᠮᠯᠡᠯ ᠣᠯᠤᠭᠰᠠᠨ ᠦᠢᠯᠡᠳᠪᠦᠷᠢᠯᠡᠯ ᠤᠨ ᠠᠵᠤ ᠠᠬᠤᠶᠢᠯᠠᠯ ᠤᠨ 29 ᠶᠠᠰᠤ ᠴᠢᠨᠠᠷ ᠤᠨ ᠠᠮᠤᠷ ᠲᠦᠪᠰᠢᠨ ᠤ ᠶᠡᠷᠦᠩᠬᠡᠶ ᠬᠢᠨᠠᠭᠴᠢ ᠪᠠ ᠶᠠᠰᠤ ᠴᠢᠨᠠᠷ ᠤᠨ ᠠᠮᠤᠷ ᠲᠦᠪᠰᠢᠨ ᠤ ᠠᠵᠢᠯᠲᠠᠨ ᠢ ᠵᠣᠬᠢᠶᠠᠨ ᠪᠠᠶᠢᠭᠤᠯᠤᠨ ᠲᠤᠬᠠᠶ ᠶᠢᠨ ᠲᠠᠯᠠᠪᠤᠷ ᠤᠨ ᠰᠢᠯᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠦᠢᠯᠡᠳᠪᠦᠷᠢᠯᠡᠯ ᠤᠨ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠲᠤᠰᠬᠠᠶ ᠮᠡᠷᠭᠡᠵᠢᠯ ᠤᠨ ᠮᠡᠳᠡᠯᠭᠡ ᠶᠢᠨ ᠰᠤᠷᠤᠯᠴᠠᠯᠭ᠎ᠠ ᠶᠢ ᠨᠢ ᠴᠢᠩᠭᠠᠳᠬᠠᠯᠭᠠᠪᠠ᠃


1包头.png


    ᠦᠬᠠᠢ ᠬᠤᠳᠠ ᠶᠢᠨ ᠵᠠᠬ᠎ᠠ ᠲᠡᠯᠭᠡᠭᠦᠷ ᠤᠨ ᠬᠢᠨᠠᠨ ᠬᠠᠮᠢᠶᠠᠷᠤᠯᠳᠠ ᠶᠢᠨ ᠲᠤᠪᠴᠢᠶ᠎ᠠ

    ᠪᠥᠬᠦ ᠬᠤᠲᠠ ᠶᠢᠨ 80 ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠪᠣᠷᠤᠯᠠᠭᠤᠯᠵᠤ ᠪᠦᠬᠦᠢ ᠨᠢᠭᠡᠴᠢ  ᠶᠢᠨ ᠶᠠᠰᠤ ᠴᠢᠨᠠᠷ ᠤᠨ ᠠᠮᠤᠷ ᠲᠦᠪᠰᠢᠨ ᠤ ᠠᠵᠢᠯᠲᠠᠨ ᠢ ᠵᠣᠬᠢᠶᠠᠨ ᠪᠠᠶᠢᠭᠤᠯᠤᠨ ᠬᠢᠨᠠᠨ ᠰᠢᠯᠭᠠᠭᠤᠯᠵᠤ᠂ ᠰᠢᠯᠭᠠᠯᠲᠠ ᠶᠢᠨ ᠠᠭᠤᠯᠭ᠎ᠠ ᠳᠤ ᠰᠠᠭᠤᠷᠢ ᠮᠡᠳᠡᠯᠭᠡ᠂ ᠬᠠᠤᠯᠢ ᠴᠠᠭᠠᠵᠠ ᠬᠠᠤᠯᠢ ᠲᠣᠭᠲᠠᠭᠠᠯ ᠪᠠ ᠲᠤᠰᠬᠠᠶ ᠮᠡᠷᠭᠡᠵᠢᠯ ᠤᠨ ᠮᠡᠳᠡᠯᠭᠡ ᠶᠢ ᠬᠠᠮᠤᠷᠴᠤ᠂ ᠶᠠᠰᠤ ᠴᠢᠨᠠᠷ ᠤᠨ ᠬᠠᠮᠢᠶᠠᠷᠤᠯᠲᠠ ᠶᠢᠨ ᠠᠵᠢᠯᠲᠠᠨ ᠤ ᠬᠠᠮᠢᠶᠠᠷᠤᠯᠲᠠ ᠶᠢᠨ ᠲᠦᠪᠰᠢᠨ ᠪᠠ ᠲᠤᠬᠠᠶᠢᠯᠠᠭᠰᠠᠨ ᠠᠵᠢᠯ ᠤᠨ ᠴᠢᠳᠠᠪᠤᠷᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠬᠦ ᠶᠢ ᠨᠢ ᠰᠢᠮᠳᠠᠭᠤᠯᠪᠠ᠃


2乌海.png


    ᠤᠯᠠᠭᠠᠨᠬᠠᠳᠠ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ

    ᠰᠦᠩᠱᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠠᠢ ᠬᠠᠮᠲᠤᠷᠠᠨ ᠬᠠᠷᠢᠶ᠎ᠠ ᠣᠷᠣᠨ ᠤ ᠪᠠᠨ 17 ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠪᠣᠷᠣᠯᠠᠭᠤᠯᠵᠤ ᠪᠦᠬᠦᠢ ᠨᠢᠭᠡᠴᠢ ᠶᠢᠨ ᠶᠠᠰᠤ ᠴᠢᠨᠠᠷ ᠤᠨ ᠠᠮᠤᠷ ᠲᠦᠪᠰᠢᠨ ᠤ ᠠᠵᠢᠯᠲᠠᠨ ᠳᠤ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠪᠠ ᠬᠢᠨᠠᠯᠲᠠ ᠲᠠᠯᠪᠢᠵᠤ ᠰᠤᠭᠤᠴᠢᠨ ᠰᠢᠯᠭᠠᠬᠤ ᠶᠢ ᠵᠣᠬᠢᠶᠠᠨ ᠪᠠᠶᠢᠭᠤᠯᠵᠤ᠂ ᠲᠡᠳᠡᠨ ᠤ ᠶᠠᠰᠤ ᠴᠢᠨᠠᠷ ᠤᠨ ᠠᠮᠤᠷ ᠲᠦᠪᠰᠢᠨ ᠤ ᠲᠦᠭᠰᠢᠭᠦᠷᠢ ᠶᠢ ᠢᠯᠭᠠᠨ ᠲᠠᠨᠢᠬᠤ ᠪᠠ ᠬᠠᠮᠢᠶᠠᠷᠤᠨ ᠡᠵᠡᠮᠳᠡᠬᠦ ᠴᠢᠳᠠᠪᠤᠷᠢ ᠪᠠᠨ ᠳᠡᠭᠡᠭᠰᠢᠯᠡᠭᠦᠯᠬᠦ ᠶᠢ ᠨᠢ ᠵᠢᠯᠤᠭᠤᠳᠪᠠ ᠃


3赤峰.png


    ᠲᠦᠩᠯᠢᠶᠣᠣ ᠬᠤᠲᠠ ᠶᠢᠨ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ

    ᠠᠵᠤ ᠦᠢᠯᠡᠳᠪᠦᠷᠢ ᠶᠢᠨ ᠦᠢᠯᠡᠳᠬᠦᠨ ᠤ ᠦᠢᠯᠡᠳᠪᠦᠷᠢᠯᠡᠯ ᠪᠣᠷᠣᠯᠠᠭᠤᠯᠭ᠎ᠠ ᠶᠢᠨ ᠨᠢᠭᠡᠴᠢ ᠶᠢ ᠡᠷᠬᠢᠯᠡᠨ ᠬᠢᠵᠦ᠂ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠠᠵᠢᠯ ᠢ ᠤᠬᠠᠭᠤᠯᠤᠨ ᠲᠤᠭᠤᠰᠢᠯᠠᠭᠤᠯᠬᠤ ᠪᠣᠯᠪᠠᠰᠤᠷᠠᠯ ᠢ ᠵᠣᠬᠢᠶᠠᠨ ᠪᠠᠶᠢᠭᠤᠯᠵᠤ᠂ ᠪᠥᠬᠦ ᠬᠤᠲᠠ ᠶᠢᠨ B ᠲᠠᠰ ᠤᠨ ᠦᠢᠯᠡᠳᠪᠦᠷᠢᠯᠡᠵᠦ ᠪᠣᠷᠣᠯᠠᠭᠤᠯᠬᠤ ᠨᠢᠭᠡᠴᠢ  ᠶᠢᠨ 30 ᠶᠠᠰᠤ ᠴᠢᠨᠠᠷ ᠤᠨ ᠠᠮᠤᠷ ᠲᠦᠪᠰᠢᠨ ᠤ ᠶᠡᠷᠦᠩᠬᠡᠶ ᠬᠢᠨᠠᠭᠴᠢ ᠪᠠ ᠶᠠᠰᠤ ᠴᠢᠨᠠᠷ ᠤᠨ ᠠᠮᠤᠷ ᠲᠦᠪᠰᠢᠨ ᠤ ᠠᠵᠢᠯᠲᠠᠨ ᠳᠤ ᠬᠢᠨᠠᠯᠲᠠ ᠲᠠᠯᠪᠢᠵᠤ ᠰᠤᠭᠤᠴᠢᠨ ᠰᠢᠯᠭᠠᠬᠤ ᠶᠢ ᠵᠣᠬᠢᠶᠠᠨ ᠪᠠᠶᠢᠭᠤᠯᠵᠤ᠂ ᠲᠡᠳᠡᠨ ᠢ ᠬᠠᠪᠰᠤᠷᠤᠨ ᠦᠢᠯᠡᠳᠬᠦᠨ ᠤ ᠶᠠᠰᠤ ᠴᠢᠨᠠᠷ ᠤᠨ ᠲᠦᠭᠰᠢᠭᠦᠷᠢ ᠶᠢᠨ ᠳᠠᠯᠳᠠ ᠬᠡᠮ ᠢ ᠥᠪᠡᠷᠲᠡᠭᠡᠨ ᠪᠠᠶᠢᠴᠠᠭᠠᠵᠤ ᠥᠪᠡᠷᠲᠡᠭᠡᠨ ᠵᠠᠯᠠᠷᠠᠭᠤᠯᠬᠤ ᠴᠢᠳᠠᠪᠤᠷᠢ ᠶᠢ ᠨᠢ ᠳᠡᠭᠡᠭᠰᠢᠯᠡᠭᠦᠯᠦᠭᠦᠯᠪᠡ᠃


4通辽.png


    ᠬᠥᠯᠥᠨ ᠪᠦᠷ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ

    ᠬᠢᠨᠠᠯᠲᠠ ᠲᠠᠯᠪᠢᠵᠤ ᠰᠤᠭᠤᠴᠢᠨ ᠰᠢᠯᠭᠠᠬᠤ ᠵᠢᠵᠢᠭ ᠫᠷᠤᠭ᠍ᠷᠠᠮ ᠤᠨ ᠰᠦᠯᠵᠢᠶᠡᠨ ᠳᠡᠭᠡᠷ᠎ᠡ 400 ᠭᠠᠷᠤᠢ ᠶᠠᠰᠤ ᠴᠢᠨᠠᠷ ᠤᠨ ᠠᠮᠤᠷ ᠲᠦᠪᠰᠢᠨ ᠤ ᠶᠡᠷᠦᠩᠬᠡᠶ ᠬᠢᠨᠠᠭᠴᠢ ᠪᠠ ᠶᠠᠰᠤ ᠴᠢᠨᠠᠷ ᠤᠨ ᠠᠮᠤᠷ ᠲᠦᠪᠰᠢᠨ ᠤ ᠠᠵᠢᠯᠲᠠᠨ ᠢ ᠰᠣᠩᠭᠤᠨ ᠰᠢᠯᠭᠠᠵᠤ᠂ ᠠᠵᠤ ᠠᠬᠤᠶᠢᠯᠠᠯ ᠤᠨ ᠶᠠᠰᠤ ᠴᠢᠨᠠᠷ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯᠲᠠᠨ ᠢ ᠬᠠᠪᠰᠤᠷᠤᠨ ᠲᠣᠰ ᠪᠡᠶ᠎ᠡ ᠶᠢᠨ ᠬᠦᠷᠦᠯᠴᠡᠬᠦ ᠥᠬᠡᠶ ᠲᠠᠯ᠎ᠠ ᠶᠢ ᠨᠢ ᠡᠷᠢᠭᠦᠯᠵᠦ᠂ ᠳᠤᠲᠠᠭᠤᠳᠠᠯ ᠪᠠᠭᠤᠷᠠᠶ ᠲᠠᠯ᠎ᠠ ᠶᠢ ᠨᠢ ᠨᠦᠬᠦᠪᠦᠷᠢᠯᠡᠭᠦᠯᠦᠭᠦᠯᠵᠦ ᠂ ᠠᠵᠤ ᠠᠬᠤᠶᠢᠯᠠᠯ ᠤᠨ ᠠᠵᠤ ᠦᠢᠯᠡᠳᠪᠦᠷᠢ ᠶᠢᠨ ᠦᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠦᠢᠯᠡᠳᠦᠯ ᠴᠢᠳᠠᠪᠤᠷᠢ ᠶᠢ ᠨᠢ ᠳᠡᠭᠡᠭᠰᠢᠯᠡᠭᠦᠯᠦᠭᠦᠯᠪᠡ᠃

ᠬᠢᠨᠠᠯᠲᠠ ᠲᠠᠯᠪᠢᠵᠤ ᠰᠤᠭᠤᠴᠢᠨ ᠰᠢᠯᠭᠠᠭᠰᠠᠨ ᠦᠷ᠎ᠡ ᠳ᠋ᠦᠩ ᠢ ᠦᠢᠯᠡᠳᠪᠦᠷᠢᠯᠡᠵᠦ ᠪᠣᠷᠣᠯᠠᠭᠤᠯᠬᠤ ᠨᠢᠭᠡᠴᠢ ᠶᠢᠨ ᠡᠳᠦᠷ ᠲᠤᠲᠤᠮ ᠤᠨ ᠬᠢᠨᠠᠯᠲᠠ ᠲᠠᠯᠪᠢᠵᠤ ᠪᠠᠶᠢᠴᠠᠭᠠᠬᠤ᠂ ᠶᠠᠰᠤ ᠴᠢᠨᠠᠷ ᠤᠨ ᠲᠦᠭᠰᠢᠭᠦᠷᠢ ᠶᠢ ᠱᠠᠲᠤ ᠬᠤᠪᠢᠶᠠᠨ ᠬᠢᠨᠠᠨ ᠬᠠᠮᠢᠶᠠᠷᠬᠤ ᠵᠡᠷᠭᠡ ᠠᠵᠢᠯ ᠤᠨ ᠦᠨᠳᠦᠰᠦᠯᠡᠯ ᠪᠣᠯᠭᠠᠵᠤ᠂ ᠰᠤᠭᠤᠴᠢᠨ ᠪᠠᠶᠢᠴᠠᠭᠠᠵᠤ ᠬᠢᠨᠠᠨ ᠰᠢᠯᠭᠠᠬᠤ ᠪᠠᠷ ᠳᠠᠮᠵᠢᠭᠤᠯᠤᠨ ᠦᠢᠯᠡᠳᠪᠦᠷᠢᠯᠡᠵᠦ ᠪᠣᠷᠣᠯᠠᠭᠤᠯᠬᠤ ᠨᠢᠭᠡᠴᠢ ᠶᠢ ᠤᠯᠠᠮ ᠨᠢᠭᠡ ᠠᠯᠬᠤᠮ ᠰᠢᠮᠳᠠᠭᠤᠯᠵᠤ ᠪᠠᠶᠢᠭᠠᠳ ᠶᠠᠰᠤ ᠴᠢᠨᠠᠷ ᠤᠨ ᠠᠮᠤᠷ ᠲᠦᠪᠰᠢᠨ ᠤ ᠶᠡᠷᠦᠩᠬᠡᠶ ᠬᠢᠨᠠᠭᠴᠢ ᠪᠠ ᠶᠠᠰᠤ ᠴᠢᠨᠠᠷ ᠤᠨ ᠠᠮᠤᠷ ᠲᠦᠪᠰᠢᠨ ᠤ ᠠᠵᠢᠯᠲᠠᠨ ᠢ ᠪᠣᠯᠪᠠᠰᠤᠷᠠᠭᠤᠯᠬᠤ ᠡᠷᠴᠢᠮ ᠢ ᠴᠢᠩᠭᠠᠷᠠᠭᠤᠯᠵᠤ᠂ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢᠨ ᠦᠵᠡᠯ ᠤᠬᠠᠮᠰᠠᠷ ᠪᠠ ᠶᠠᠰᠤ ᠴᠢᠨᠠᠷ ᠤᠨ ᠠᠮᠤᠷ ᠲᠦᠪᠰᠢᠨ ᠤ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠴᠢᠳᠠᠪᠤᠷᠢ ᠶᠢ ᠨᠢ ᠴᠢᠩᠭᠠᠷᠠᠭᠤᠯᠤᠨ᠎ᠠ᠃ ᠰᠢᠯᠭᠠᠨ ᠬᠢᠨᠠᠭᠰᠠᠨ ᠦᠷ᠎ᠡ ᠳ᠋ᠦᠩ ᠢ ᠪᠠᠰᠠ ︽ᠬᠤᠶᠠᠷ ᠬᠠᠷᠢᠭᠤᠴᠠᠯᠭ᠎ᠠ︾ ᠶᠢᠨ ᠠᠵᠢᠯ ᠤᠨ ᠨᠠᠶᠢᠳᠠᠪᠤᠷᠢᠵᠢᠭᠤᠯᠤᠭᠰᠠᠨ ᠪᠠᠶᠢᠳᠠᠯ ᠪᠣᠯᠭᠠᠵᠤ᠂ ᠬᠠᠷᠢᠶ᠎ᠠ ᠭᠠᠵᠠᠷ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠪᠠᠨ ᠭᠦᠢᠴᠡᠳᠬᠡᠬᠦ ᠶᠢ ᠤᠯᠠᠮ ᠨᠢᠭᠡ ᠠᠯᠬᠤᠮ ᠰᠢᠮᠳᠠᠭᠤᠯᠤᠨ᠎ᠠ᠃

 

ᠢᠷᠡᠯᠲᠡ᠄ ᠶᠠᠰᠤ ᠴᠢᠨᠠᠷ ᠤᠨ ᠬᠢᠨᠠᠯᠲᠠ ᠲᠠᠯᠪᠢᠬᠤ ᠭᠠᠵᠠᠷ