ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠢᠲᠡᠭᠡᠮᠵᠢ ᠶᠢ ᠳᠡᠭᠡᠭᠰᠢᠯᠡᠭᠦᠯᠵᠦ ᠡᠵᠡᠩᠨᠡᠯᠲᠡ ᠶᠢᠨ ᠭᠤᠤᠯ ᠴᠣᠭᠴᠠ ᠶᠢᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠬᠦ ᠭᠤᠷᠪᠠᠨ ᠵᠢᠯ ᠤᠨ ᠠᠵᠢᠯᠯᠠᠭ᠎ᠠ ᠥᠷᠨᠢᠭᠦᠯᠬᠦ ᠳᠤ ᠪᠠᠶᠢᠷᠢᠯᠠᠭᠤᠯᠤᠯᠲᠠ ᠬᠢᠪᠡ
ᠨᠡᠶᠢᠲᠡᠯᠡᠭᠰᠡᠨ ᠴᠠᠭ᠄
2024/8/7

    ᠣᠶᠢᠷ᠎ᠠ ᠳᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ︽ᠪᠥᠬᠦ ᠤᠯᠤᠰ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠤᠨ ᠢᠲᠡᠭᠡᠮᠵᠢ ᠶᠢ ᠳᠡᠭᠡᠭᠰᠢᠯᠡᠭᠦᠯᠵᠦ ᠡᠵᠡᠩᠨᠡᠯᠲᠡ ᠶᠢᠨ ᠭᠤᠤᠯ ᠴᠣᠭᠴᠠ ᠶᠢᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠬᠦ ᠭᠤᠷᠪᠠᠨ ᠵᠢᠯ ᠤᠨ ᠠᠵᠢᠯᠯᠠᠭᠠᠨ ᠤ ᠲᠥᠰᠦᠯ ︵2024 - 2026︶︾ ᠢ ᠳᠠᠷᠤᠮᠠᠯᠯᠠᠨ ᠲᠠᠷᠬᠠᠭᠠᠪᠠ᠃ ᠡᠨᠡ ᠪᠣᠯ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠨᠡᠶᠢᠭᠡᠮ ᠤᠨ ᠢᠲᠡᠭᠡᠮᠵᠢ ᠶᠢᠨ ᠲᠦᠷᠢᠮ ᠢ ᠲᠡᠭᠦᠯᠳᠡᠷᠵᠢᠭᠦᠯᠬᠦ ᠲᠤᠬᠠᠶ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠣᠳᠠᠲᠠᠶ ᠠᠷᠭ᠎ᠠ ᠬᠡᠮᠵᠢᠶ᠎ᠡ ᠮᠥᠨ᠂ ᠪᠠᠰᠠ ᠴᠤ ᠢᠲᠡᠭᠡᠮᠵᠢ ᠪᠠᠷ ᠰᠠᠭᠤᠷᠢ ᠪᠣᠯᠭᠠᠭᠰᠠᠨ ᠰᠢᠨ᠎ᠡ ᠬᠡᠯᠪᠡᠷᠢ ᠶᠢᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠲᠦᠷᠭᠡᠳᠬᠡᠨ ᠪᠠᠶᠢᠭᠤᠯᠵᠤ᠂ ᠦᠨᠡᠨᠴᠢ ᠢᠲᠡᠭᠡᠮᠵᠢᠲᠡᠶ ᠪᠠᠷ ᠡᠵᠡᠩᠨᠡᠬᠦ ᠢᠲᠡᠭᠡᠮᠵᠢ ᠶᠢᠨ ᠣᠷᠴᠢᠨ ᠨᠥᠬᠦᠴᠡᠯ ᠢ ᠪᠣᠶ ᠪᠣᠯᠭᠠᠵᠤ᠂ ᠡᠵᠡᠩᠨᠡᠯᠲᠡ ᠶᠢᠨ ᠭᠤᠤᠯ ᠴᠣᠭᠴᠠ ᠶᠢᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠬᠦ ᠰᠢᠷᠢᠰ ᠲᠥᠷᠥ ᠶᠢᠨ ᠪᠣᠳᠣᠯᠭ᠎ᠠ ᠮᠥᠨ᠃

    ᠲᠣᠰ ᠤᠳᠠᠭᠠᠨ ᠤ ᠲᠤᠰᠬᠠᠶ ᠠᠵᠢᠯᠯᠠᠭ᠎ᠠ ᠨᠢ ᠡᠵᠡᠩᠨᠡᠯᠲᠡ ᠶᠢᠨ ᠭᠤᠤᠯ ᠴᠣᠭᠴᠠ ᠶᠢᠨ ᠬᠥᠭᠵᠢᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠬᠦ ᠪᠠᠷ ᠬᠦᠴᠦᠯᠡᠴᠡ ᠪᠣᠯᠭᠠᠵᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠤᠨ ᠢᠲᠡᠭᠡᠮᠵᠢ ᠶᠢᠨ ᠦᠢᠯᠡᠴᠢᠯᠡᠭᠡᠨ ᠤ ᠬᠥᠭᠵᠢᠯᠲᠡ ᠶᠢᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠵᠤ᠂ ᠵᠠᠬ᠎ᠠ ᠳᠡᠯᠭᠡᠭᠦᠷ ᠤᠨ ᠢᠲᠡᠭᠡᠮᠵᠢ ᠶᠢᠨ ᠣᠷᠴᠢᠨ ᠨᠦᠬᠦᠴᠡᠯ ᠢ ᠲᠦᠷᠭᠡᠳᠬᠡᠨ ᠪᠠᠶᠢᠭᠤᠯᠬᠤ ᠪᠠᠷ ᠵᠣᠷᠢᠯᠭ᠎ᠠ ᠪᠠᠨ ᠪᠣᠯᠭᠠᠪᠠ᠃ ︽ᠲᠥᠰᠦᠯ︾ ᠳᠤ᠂ ᠦᠨᠳᠦᠰᠦ ᠶᠢ ᠪᠠᠬᠢᠵᠢᠭᠦᠯᠵᠦ ᠰᠠᠭᠤᠷᠢ ᠶᠢ ᠪᠠᠲᠤᠳᠬᠠᠬᠤ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ᠂ ᠵᠠᠮ ᠨᠡᠭᠡᠭᠡᠨ ᠰᠢᠨ᠎ᠡ ᠶᠢ ᠡᠭᠦᠳᠬᠦ ᠭᠤᠷᠪᠠᠨ ᠭᠤᠤᠯ ᠰᠡᠳᠦᠪᠲᠦ ᠵᠢᠯ ᠤᠨ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠤᠨ᠂ 2026 ᠣᠨ ᠤ ᠡᠴᠦᠰ ᠪᠣᠯᠬᠤ ᠳᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠤᠨ ᠢᠲᠡᠭᠡᠮᠵᠢ ᠶᠢᠨ ᠪᠠᠶᠢᠭᠤᠯᠤᠯᠲᠠ ᠶᠢᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢᠨ ᠦᠢᠯᠡᠴᠢᠯᠡᠭᠡᠨ ᠤ ᠴᠢᠨᠠᠷ ᠰᠠᠶᠢᠲᠠᠶ ᠬᠥᠭᠵᠢᠯᠲᠡ ᠶᠢᠨ ᠴᠢᠳᠠᠪᠤᠷᠢ ᠶᠢ ᠤᠯᠠᠮ ᠨᠢᠭᠡ ᠠᠯᠬᠤᠮ ᠴᠢᠩᠭᠠᠳᠬᠠᠨ᠂ ᠡᠵᠡᠩᠨᠡᠯᠲᠡ ᠶᠢᠨ ᠭᠤᠤᠯ ᠴᠣᠭᠴᠠ ᠶᠢᠨ ᠦᠨᠡᠨᠴᠢ ᠢᠲᠡᠭᠡᠮᠵᠢ ᠶᠢᠨ ᠦᠵᠡᠯ ᠤᠬᠠᠮᠰᠠᠷ ᠪᠠ ᠢᠲᠡᠭᠡᠮᠵᠢ ᠶᠢᠨ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠵᠦ᠂ ︽ᠢᠲᠡᠭᠡᠮᠵᠢ ᠶᠢ ᠮᠡᠳᠡᠬᠦ᠂ ᠢᠲᠡᠭᠡᠮᠵᠢ ᠶᠢ ᠰᠠᠬᠢᠬᠤ ᠂ ᠢᠳᠡᠭᠡᠮᠵᠢ ᠲᠠᠢ ᠪᠠᠶᠢᠬᠤ ᠂ ᠢᠲᠡᠭᠡᠮᠵᠢ ᠪᠠᠨ ᠨᠡᠮᠡᠭᠳᠡᠭᠦᠯᠬᠦ ︾ ᠢᠲᠡᠭᠡᠮᠵᠢ ᠶᠢᠨ ᠣᠷᠴᠢᠨ ᠲᠣᠭᠤᠷᠢᠨ ᠢ ᠦᠨᠳᠦᠰᠦᠨ ᠳᠤ ᠪᠠᠨ ᠪᠦᠷᠢᠯᠳᠦᠭᠦᠯᠬᠦ ᠪᠠᠷ ᠴᠢᠷᠮᠠᠶᠢᠨ᠎ᠠ ᠭᠡᠵᠦ ᠳᠤᠷᠠᠳᠤᠨ ᠭᠠᠷᠭᠠᠪᠠ᠃

    ᠲᠥᠰᠦᠯ ᠳᠤ 13 ᠵᠦᠢᠯ ᠤᠨ ᠭᠤᠣᠯ ᠡᠭᠦᠷᠭᠡ ᠶᠢ ᠲᠤᠳᠤᠷᠬᠠᠶᠢᠯᠠᠪᠠ᠃

    ᠨᠢᠭᠡ ᠳᠤ᠂ ᠢᠲᠡᠭᠡᠮᠵᠢ ᠶᠢ ᠰᠡᠷᠭᠦᠭᠡᠵᠦ ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠢᠲᠡᠭᠡᠮᠵᠢ ᠶᠢ ᠰᠡᠷᠭᠦᠭᠡᠬᠦ ᠲᠦᠷᠢᠮ ᠢ ᠵᠢᠷᠤᠮᠵᠢᠭᠤᠯᠵᠤ᠂ ᠢᠲᠡᠭᠡᠮᠵᠢ ᠶᠢ ᠰᠡᠷᠭᠦᠭᠡᠬᠦ ᠪᠠ ᠵᠢᠯᠣᠭᠤᠳᠬᠤ ᠶᠢ ᠴᠢᠩᠭᠠᠳᠬᠠᠵᠤ᠂ ᠢᠲᠡᠭᠡᠮᠵᠢ ᠶᠢ ᠰᠡᠷᠭᠦᠭᠡᠬᠦ ᠳᠥᠭᠦᠮ ᠳᠥᠲᠡ ᠦᠢᠯᠡᠴᠢᠯᠡᠭᠡ ᠬᠠᠩᠭᠠᠨ᠎ᠠ᠃

    ᠬᠤᠶᠠᠷ ᠲᠤ᠂ ᠢᠲᠡᠭᠡᠯ ᠠᠯᠳᠠᠭᠰᠠᠳ ᠢ ᠵᠠᠯᠬᠠᠭᠠᠨ ᠴᠡᠭᠡᠷᠯᠡᠭᠦᠯᠬᠦ ᠶᠢ ᠵᠢᠷᠤᠮᠵᠢᠭᠤᠯᠵᠤ᠂ ᠡᠵᠡᠩᠨᠡᠯᠲᠡ ᠶᠢᠨ ᠬᠡᠪ ᠤᠨ ᠪᠤᠰᠤ ᠨᠡᠷᠡᠰ ᠤᠨ ᠵᠢᠭᠰᠠᠭᠠᠯᠲᠠ᠂ ᠬᠠᠤᠯᠢ ᠶᠢ ᠬᠦᠨᠳᠦ ᠨᠣᠴᠢᠲᠠᠶ ᠵᠥᠷᠢᠴᠡᠵᠦ ᠢᠲᠡᠭᠡᠯ ᠠᠯᠳᠠᠭᠰᠠᠨ ᠨᠡᠷᠡᠰ ᠤᠨ ᠬᠠᠮᠢᠶᠠᠷᠤᠯᠲᠠ ᠶᠢᠨ ᠲᠦᠷᠢᠮ ᠪᠠ ᠬᠠᠮᠲᠤᠷᠠᠨ ᠵᠠᠯᠬᠠᠭᠠᠨ ᠴᠡᠭᠡᠷᠯᠡᠭᠦᠯᠬᠦ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠦᠨ᠎ᠡ᠃

    ᠭᠤᠷᠪᠠ ᠳᠤ᠂ ᠢᠲᠡᠭᠡᠮᠵᠢ ᠶᠢᠨ ᠲᠦᠭᠰᠢᠭᠦᠷᠢ ᠶᠢ ᠲᠦᠷᠦᠯ ᠬᠤᠪᠢᠶᠠᠨ ᠬᠠᠮᠢᠶᠠᠷᠬᠤ ᠶᠢ ᠥᠷᠭᠡᠳᠬᠡᠵᠦ᠂ ᠠᠵᠤ ᠠᠬᠤᠶᠢᠯᠠᠯ ᠤᠨ ᠢᠲᠡᠭᠡᠮᠵᠢ ᠶᠢᠨ ᠲᠦᠭᠰᠢᠭᠦᠷᠢ ᠶᠢ ᠲᠦᠷᠦᠯ ᠬᠤᠪᠢᠶᠠᠨ ᠬᠠᠮᠢᠶᠠᠷᠬᠤ ᠶᠢ ᠭᠦᠨᠵᠡᠭᠡᠢ ᠠᠬᠢᠭᠤᠯᠵᠤ᠂ ︽ᠬᠤᠶᠠᠷ ᠢ ᠲᠠᠰᠢᠷᠠᠮ ᠳᠠᠭᠠᠤ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢᠨ ᠳᠤᠮᠳᠠ ᠢᠲᠡᠭᠡᠮᠵᠢ ᠶᠢᠨ ᠲᠦᠭᠰᠢᠭᠦᠷᠢ ᠶᠢ ᠲᠦᠷᠦᠯ ᠬᠤᠪᠢᠶᠠᠭᠰᠠᠨ ᠳ᠋ᠦᠩ ᠢ ᠪᠠᠶᠢᠩᠭᠤᠵᠢᠭᠤᠯᠤᠨ ᠬᠡᠷᠡᠭᠯᠡᠵᠦ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠢᠲᠡᠭᠡᠮᠵᠢ ᠶᠢᠨ ᠲᠦᠭᠰᠢᠭᠦᠷᠢ ᠶᠢ ᠲᠦᠷᠦᠯ ᠬᠤᠪᠢᠶᠠᠨ ᠬᠠᠮᠢᠶᠠᠷᠬᠤ ᠶᠢ ᠬᠡᠷᠡᠭᠵᠢᠭᠦᠯᠬᠦ ᠶᠢ ᠠᠬᠢᠭᠤᠯᠤᠨ᠎ᠠ᠃

    ᠲᠦᠷᠪᠡ ᠳᠤ᠂ ᠤᠶᠠᠨ ᠬᠠᠲᠠᠨ ᠴᠢᠨᠠᠷᠲᠠᠢ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠵᠦ᠂ ︽ᠤᠴᠢᠷ ᠦᠭᠡᠢ ᠪᠣᠯ ᠬᠠᠷᠰᠢᠯᠠᠬᠤ ᠦᠭᠡᠢ︾ ᠪᠠᠶᠢᠬᠤ ᠶᠢ ᠬᠠᠮᠤᠭ ᠤᠨ ᠶᠡᠭᠡ ᠬᠡᠮᠵᠢᠶ᠎ᠡ ᠪᠠᠷ ᠪᠡᠶᠡᠯᠡᠭᠦᠯᠵᠦ᠂ ᠰᠢᠨ᠎ᠡ ᠠᠵᠤ ᠦᠢᠯᠡᠰ ᠰᠢᠨ᠎ᠡ ᠡᠵᠡᠩᠨᠡᠯᠲᠡ ᠶᠢᠨ ᠬᠡᠯᠪᠡᠷᠢ ᠰᠢᠨ᠎ᠡ ᠬᠡᠪ ᠵᠠᠭᠪᠤᠷ ᠤᠨ ᠡᠵᠡᠩᠨᠡᠯᠲᠡ ᠶᠢᠨ ᠭᠤᠣᠯ ᠴᠣᠭᠴᠠ ᠳᠤ ᠪᠠᠭᠲᠠᠭᠠᠮᠵᠢᠲᠠᠢ ᠬᠢᠨᠠᠭᠤᠷ ᠪᠣᠯᠭᠤᠮᠵᠢᠲᠠᠢ ᠬᠢᠨᠠᠯᠲᠠ ᠬᠠᠮᠢᠶᠠᠷᠤᠯᠲᠠ ᠶᠢ ᠶᠠᠪᠤᠭᠤᠯᠤᠨ᠎ᠠ᠃

    ᠲᠠᠪᠤ ᠳᠤ᠂ ᠢᠲᠡᠭᠡᠮᠵᠢ ᠲᠠᠢ ᠪᠠᠶᠢᠬᠤ ᠶᠢ ᠵᠣᠷᠢᠭᠵᠢᠭᠤᠯᠬᠤ ᠶᠢ ᠬᠡᠷᠡᠭᠵᠢᠭᠦᠯᠵᠦ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠨᠡᠶᠢᠲᠡᠯᠡᠬᠦ ᠶᠢ ᠴᠢᠩᠭᠠᠳᠬᠠᠵᠤ᠂ ᠢᠲᠡᠭᠡᠮᠵᠢ ᠲᠠᠢ ᠪᠠᠶᠢᠬᠤ ᠶᠢ ᠤᠷᠮᠠᠰᠢᠭᠤᠯᠤᠨ ᠵᠣᠷᠢᠭᠵᠢᠭᠤᠯᠵᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶᠡᠨ ᠳᠠᠬᠢ ᠬᠡᠷᠡᠭᠯᠡᠬᠦ ᠪᠠᠶᠢᠳᠠᠯ ᠢ ᠲᠠᠰᠤᠷᠠᠯᠲᠠ ᠦᠭᠡᠢ ᠪᠠᠶᠠᠯᠢᠭᠵᠢᠭᠤᠯᠵᠤ᠂ ᠠᠵᠤ ᠠᠬᠤᠶᠢᠯᠠᠯ ᠤᠨ ᠢᠲᠡᠭᠡᠮᠵᠢ ᠶᠢᠨ ᠬᠤᠯᠪᠣᠭᠠᠨ ᠤ ᠪᠠᠶᠢᠩᠭᠤᠵᠢᠭᠰᠠᠨ ᠠᠵᠢᠯᠯᠠᠭᠠᠨ ᠢ ᠠᠬᠢᠭᠤᠯᠤᠨ᠎ᠠ᠃

    ᠵᠢᠷᠭᠤᠭ᠎ᠠ ᠳᠤ ᠂ ᠢᠲᠡᠭᠡᠮᠵᠢ ᠶᠢᠨ ᠠᠮᠠᠯᠠᠯᠲᠠ ᠶᠢ ᠲᠡᠭᠦᠯᠳᠡᠷᠵᠢᠭᠦᠯᠵᠦ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠢᠲᠡᠭᠡᠮᠵᠢ ᠶᠢᠨ ᠠᠮᠠᠯᠠᠯᠲᠠ ᠶᠢᠨ ᠵᠦᠢᠯᠡᠰ ᠤᠨ ᠲᠤᠳᠤᠷᠬᠠᠢ ᠬᠠᠭᠤᠳᠠᠰᠤ ᠶᠢ ᠨᠠᠶᠢᠷᠠᠭᠤᠯᠤᠨ ᠵᠣᠬᠢᠶᠠᠵᠤ᠂ ᠠᠵᠢᠯ ᠶᠠᠪᠤᠳᠠᠯ ᠤᠨ ᠡᠮᠦᠨᠡᠬᠢ ᠢᠲᠡᠭᠡᠮᠵᠢ ᠶᠢᠨ ᠠᠮᠠᠯᠠᠯᠲᠠ ᠬᠢᠭᠡᠳ ᠠᠵᠢᠯ ᠶᠠᠪᠤᠳᠠᠯ ᠤᠨ ᠳᠤᠮᠳᠠᠬᠢ ᠪᠠ ᠠᠵᠢᠯ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢᠨ ᠵᠣᠯᠭᠠᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃

    ᠳᠣᠯᠤᠭ᠎ᠠ ᠳᠤ᠂ ᠢᠲᠡᠭᠡᠮᠵᠢ ᠶᠢᠨ ᠲᠣᠭᠲᠠᠭᠠᠯ ᠳᠤ ᠨᠡᠶᠢᠴᠡᠬᠦ ᠶᠢ ᠭᠦᠨᠵᠡᠭᠡᠶᠢᠷᠡᠭᠦᠯᠵᠦ᠂ ᠢᠲᠡᠭᠡᠮᠵᠢ ᠶᠢᠨ ᠲᠣᠭᠲᠠᠭᠠᠯ ᠳᠤ ᠨᠡᠶᠢᠴᠡᠬᠦ ᠪᠠᠶᠢᠭᠤᠯᠤᠯᠲᠠ ᠶᠢᠨ ᠵᠦᠭᠯᠡᠭᠦᠷ ᠢ ᠲᠣᠭᠲᠠᠭᠠᠨ᠂ ᠤᠯᠤᠰ ᠤᠨ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢ ᠨᠡᠶᠢᠲᠡᠯᠡᠬᠦ ᠰᠢᠰᠲ᠋ᠧᠮ ᠢ ᠠᠰᠢᠭᠯᠠᠨ ᠰᠠᠨᠠᠭᠤᠯᠤᠮᠵᠢ ᠶᠢᠨ ᠦᠢᠯᠡᠴᠢᠯᠡᠭᠡ ᠥᠷᠨᠢᠭᠦᠯᠵᠦ᠂ ᠡᠵᠡᠩᠨᠡᠯᠲᠡ ᠶᠢᠨ ᠭᠤᠤᠯ ᠴᠣᠭᠴᠠ ᠶᠢ ᠵᠣᠷᠢᠭᠵᠢᠭᠤᠯᠬᠤ ᠪᠠ ᠬᠥᠲᠥᠯᠦᠨ ᠵᠢᠯᠣᠭᠤᠳᠴᠤ ᠪᠠᠶᠢᠭᠠᠳ ᠣᠯᠠᠨ ᠲᠠᠯ᠎ᠠ ᠠᠴᠠ ᠢᠲᠡᠭᠡᠮᠵᠢ ᠶᠢᠨ ᠲᠣᠭᠲᠠᠭᠠᠯ ᠳᠤ ᠨᠡᠶᠢᠴᠡᠬᠦ ᠪᠠᠶᠢᠭᠤᠯᠤᠯᠲᠠ ᠶᠢ ᠴᠢᠩᠭᠠᠳᠬᠠᠵᠤ᠂ ᠡᠵᠡᠩᠨᠡᠯᠲᠡ ᠶᠢᠨ ᠭᠤᠤᠯ ᠴᠣᠭᠴᠠ ᠶᠢᠨ ᠢᠲᠡᠭᠡᠮᠵᠢ ᠶᠢᠨ ᠲᠣᠭᠲᠠᠭᠠᠯ ᠳᠤ ᠨᠡᠶᠢᠴᠡᠬᠦ ᠴᠢᠳᠠᠪᠤᠷᠢ ᠪᠠ ᠵᠠᠬ᠎ᠠ ᠳᠡᠯᠭᠡᠭᠦᠷ ᠤᠨ ᠥᠷᠢᠰᠥᠯᠳᠦᠬᠦ ᠬᠦᠴᠦᠨ ᠢ ᠳᠡᠭᠡᠭᠰᠢᠯᠡᠭᠦᠯᠦᠨ᠎ᠡ᠃

    ᠨᠠᠢᠮᠠ ᠳᠤ ᠂ ᠪᠠᠷᠢᠮᠵᠢᠶ᠎ᠠ ᠶᠢᠨ ᠪᠠᠶᠢᠭᠤᠯᠤᠯᠲᠠ ᠶᠢ ᠠᠬᠢᠭᠤᠯᠵᠤ᠂ ᠡᠵᠡᠩᠨᠡᠯᠲᠡ ᠶᠢᠨ ᠭᠤᠣᠯ ᠴᠣᠭᠴᠠ ᠶᠢᠨ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢᠨ ᠪᠠᠷᠢᠮᠵᠢᠶ᠎ᠠ ᠶᠢᠨ ᠲᠣᠭᠲᠠᠯᠴᠠᠭ᠎ᠠ ᠶᠢ ᠲᠦᠷᠭᠡᠪᠴᠢᠯᠡᠨ ᠪᠠᠶᠢᠭᠤᠯᠵᠤ᠂ ᠡᠯ᠎ᠡ ᠭᠠᠵᠠᠷ ᠤᠨ ᠬᠠᠤᠯᠢ ᠲᠣᠭᠲᠠᠭᠠᠯ ᠶᠣᠰᠣᠭᠠᠷ ᠣᠷᠣᠨ ᠨᠤᠲᠤᠭ ᠤᠨ ᠪᠠᠷᠢᠮᠵᠢᠶ᠎ᠠ ᠶᠢ ᠲᠣᠭᠲᠠᠭᠠᠬᠤ ᠶᠢ ᠵᠣᠷᠢᠭᠵᠢᠭᠤᠯᠤᠨ᠎ᠠ᠃

    ᠶᠢᠰᠦ ᠳᠤ ᠂ ᠮᠡᠳᠡᠭᠡ ᠵᠠᠩᠭᠢ ᠶᠢ ᠴᠤᠭᠯᠠᠭᠤᠯᠤᠨ ᠡᠮᠬᠢᠳᠬᠡᠬᠦ ᠶᠢ ᠴᠢᠩᠭᠠᠳᠬᠠᠵᠤ᠂ ᠤᠯᠤᠰ ᠤᠨ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢ ᠨᠡᠶᠢᠲᠡᠯᠡᠬᠦ ᠰᠢᠰᠲ᠋ᠧᠮ ᠳᠤ ᠲᠦᠰᠢᠭᠯᠡᠨ᠂ ᠡᠵᠡᠩᠨᠡᠯᠲᠡ ᠶᠢᠨ ᠭᠤᠣᠯ ᠴᠣᠭᠴᠠ ᠶᠢ ᠬᠠᠮᠤᠷᠤᠭᠰᠠᠨ ᠪᠦᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ ᠢᠲᠡᠭᠡᠮᠵᠢ ᠶᠢᠨ ᠪᠠᠶᠢᠳᠠᠯ ᠢ ᠲᠡᠮᠳᠡᠭᠯᠡᠵᠦ᠂ ᠮᠡᠳᠡᠭᠡ ᠵᠠᠩᠭᠢ ᠶᠢ ᠴᠤᠭᠯᠠᠭᠤᠯᠤᠨ ᠡᠮᠬᠢᠳᠬᠡᠬᠦ ᠶᠢ ᠬᠢᠨᠠᠨ ᠬᠠᠮᠢᠶᠠᠷᠬᠤ ᠪᠠ ᠨᠡᠶᠢᠭᠡᠮᠴᠢᠯᠡᠭᠰᠡᠨ ᠠᠬᠤᠢ ᠪᠠᠶᠢᠳᠠᠯ ᠳᠤ ᠬᠡᠷᠡᠭᠯᠡᠬᠦ ᠶᠢ ᠴᠢᠩᠭᠠᠳᠬᠠᠨ᠎ᠠ᠃

    ᠠᠷᠪᠠ ᠳᠤ ᠂ ᠲᠣᠳᠣᠷᠬᠠᠶᠢᠯᠠᠯᠲᠠ ᠶᠢᠨ ᠲᠣᠭᠲᠠᠯᠴᠠᠭ᠎ᠠ ᠶᠢ ᠪᠠᠶᠢᠭᠤᠯᠵᠤ᠂ ᠡᠵᠡᠩᠨᠡᠯᠲᠡ ᠶᠢᠨ ᠭᠤᠣᠯ ᠴᠣᠭᠴᠠ ᠶᠢᠨ ᠲᠣᠳᠣᠷᠬᠠᠶᠢᠯᠠᠯᠲᠠ ᠶᠢᠨ ᠲᠣᠭᠲᠠᠯᠴᠠᠭ᠎ᠠ᠂ ᠲᠣᠳᠣᠷᠬᠠᠶᠢᠯᠠᠯᠲᠠ ᠶᠢᠨ ᠲᠦᠷᠢᠮ ᠢ ᠪᠠᠶᠢᠭᠤᠯᠵᠤ᠂ ᠡᠵᠡᠩᠨᠡᠯᠲᠡ ᠶᠢᠨ ᠭᠤᠣᠯ ᠴᠣᠭᠴᠠ ᠶᠢᠨ ᠲᠣᠳᠣᠷᠬᠠᠶᠢᠯᠠᠯᠲᠠ ᠶᠢᠨ ᠲᠣᠭᠲᠠᠯᠴᠠᠭ᠎ᠠ ᠶᠢ ᠭᠤᠣᠯᠳᠠᠯᠭ᠎ᠠ ᠲᠠᠢ ᠬᠢᠨᠠᠨ ᠬᠠᠮᠢᠶᠠᠷᠬᠤ᠂ ᠰᠠᠯᠠᠭ᠎ᠠ ᠮᠥᠴᠢᠷ ᠠᠯᠤᠰᠯᠠᠭᠰᠠᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠵᠡᠷᠭᠡ ᠲᠠᠯ᠎ᠠ ᠳᠤ ᠬᠡᠷᠡᠭᠯᠡᠬᠦ ᠶᠢ ᠠᠬᠢᠭᠤᠯᠤᠨ᠎ᠠ᠃

    ᠠᠷᠪᠠᠨ ᠨᠢᠭᠡ ᠳᠤ ᠂ ︽ᠢᠲᠡᠭᠡᠮᠵᠢ + ︾ ᠦᠢᠯᠡᠴᠢᠯᠡᠭᠡ ᠶᠢ ᠥᠷᠨᠢᠭᠦᠯᠵᠦ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠢᠲᠡᠭᠡᠮᠵᠢ ᠶᠢᠨ ᠪᠠᠭᠠᠵᠢ᠂ ᠢᠲᠡᠭᠡᠮᠵᠢ ᠶᠢᠨ ᠮᠡᠳᠡᠭᠡ ᠵᠠᠩᠭᠢ ᠶᠢᠨ ᠬᠡᠷᠡᠭᠯᠡᠭᠡᠨ ᠤ ᠪᠠᠶᠢᠳᠠᠯ ᠢ ᠥᠷᠭᠡᠳᠬᠡᠨ᠂ ᠰᠠᠯᠠᠭ᠎ᠠ ᠮᠥᠴᠢᠷ᠂ ᠪᠠᠶᠢᠭᠤᠯᠤᠮᠵᠢ ᠶᠢᠨ ᠬᠤᠭᠤᠷᠣᠨᠳᠣᠬᠢ ᠢᠲᠡᠭᠡᠮᠵᠢ ᠶᠢᠨ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠬᠠᠮᠲᠤᠷᠠᠯᠴᠠᠭ᠎ᠠ ᠶᠢ ᠴᠢᠩᠭᠠᠳᠬᠠᠨ᠎ᠠ᠃

    ᠠᠷᠪᠠᠨ ᠬᠤᠶᠠᠷ ᠲᠤ ᠂ ᠠᠷᠠᠳ ᠤᠨ ᠡᠵᠡᠩᠨᠡᠯᠲᠡ ᠶᠢᠨ ᠠᠵᠤ ᠠᠬᠤᠶ ᠶᠢᠨ ᠬᠥᠭᠵᠢᠯᠲᠡ ᠳᠤ ᠬᠦᠴᠦᠨ ᠨᠡᠮᠡᠷᠢᠯᠡᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠶ ᠶᠢᠨ ᠬᠥᠭᠵᠢᠯᠲᠡ ᠳᠤ ᠦᠢᠯᠡᠴᠢᠯᠡᠬᠦ ᠢᠲᠡᠭᠡᠮᠵᠢ ᠶᠢᠨ ᠲᠣᠭᠲᠠᠴᠠ ᠶᠢ ᠦᠷᠭᠦᠯᠵᠢᠯᠡᠨ ᠰᠢᠨ᠎ᠡ ᠶᠢ ᠡᠭᠦᠳᠴᠦ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠪᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠢᠲᠡᠭᠡᠮᠵᠢ ᠶᠢᠨ ᠲᠠᠰ ᠲᠣᠭᠲᠠᠭᠠᠬᠤ ᠪᠠ ᠦᠨᠡᠯᠡᠬᠦ ᠲᠣᠭᠲᠠᠯᠴᠠᠭ᠎ᠠ ᠶᠢ ᠪᠠᠶᠢᠭᠤᠯᠤᠨ ᠪᠦᠷᠢᠨᠰᠢᠬᠦᠯᠵᠦ᠂ ᠲᠣᠮᠣ ᠬᠡᠯᠪᠡᠷᠢ ᠶᠢᠨ ᠠᠵᠤ ᠠᠬᠤᠶᠢᠯᠠᠯ ᠤᠨ ᠬᠤᠭᠤᠴᠠᠭ᠎ᠠ ᠬᠡᠲᠦᠷᠡᠲᠡᠯ᠎ᠡ ᠵᠣᠭᠤᠰ ᠲᠤᠰᠢᠶᠠᠭᠠᠳᠤᠢ ᠪᠠᠶᠢᠳᠠᠯ ᠢ ᠨᠡᠶᠢᠲᠡᠯᠡᠬᠦ ᠪᠠ ᠰᠤᠭᠤᠴᠢᠨ ᠪᠠᠶᠢᠴᠠᠭᠠᠬᠤ ᠠᠵᠢᠯ ᠢ ᠴᠢᠩᠭᠠᠳᠬᠠᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠳᠤ ᠬᠥᠭᠵᠢᠯᠲᠡ ᠶᠢᠨ ᠲᠥᠬᠦᠮ ᠢ ᠦᠵᠡᠭᠦᠯᠦᠨ᠎ᠡ᠃

    ᠠᠷᠪᠠᠨ ᠭᠤᠷᠪᠠ ᠳᠤ ᠂ ᠦᠨᠡᠨᠴᠢ ᠢᠲᠡᠭᠡᠮᠵᠢᠲᠡᠶ ᠪᠠᠷ ᠡᠵᠡᠩᠨᠡᠬᠦ ᠰᠣᠶᠣᠯ ᠤᠨ ᠪᠠᠶᠢᠭᠤᠯᠤᠯᠲᠠ ᠶᠢ ᠴᠢᠩᠭᠠᠳᠬᠠᠵᠤ᠂ ᠢᠲᠡᠭᠡᠮᠵᠢ ᠶᠢᠨ ᠪᠠᠶᠢᠭᠤᠯᠤᠯᠲᠠ ᠳᠤ ᠬᠤᠯᠪᠣᠭᠳᠠᠬᠤ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠤᠨ ᠲᠤᠭᠤᠰᠢᠯᠠᠭᠤᠯᠬᠤ ᠠᠵᠢᠯ ᠢ ᠥᠷᠨᠢᠭᠦᠯᠵᠦ᠂ ᠦᠨᠡᠨᠴᠢ ᠢᠲᠡᠭᠡᠮᠵᠢᠲᠡᠶ ᠪᠠᠷ ᠡᠵᠡᠩᠨᠡᠬᠦ ᠰᠣᠶᠣᠯ᠂ ᠢᠲᠡᠭᠡᠮᠵᠢ ᠶᠢᠨ ᠠᠵᠤ ᠠᠬᠤᠶᠢᠯᠠᠯ ᠢ ᠳᠡᠮᠵᠢᠬᠦ ᠪᠠᠷ ᠭᠤᠤᠯ ᠰᠡᠳᠦᠪ ᠪᠣᠯᠭᠠᠭᠰᠠᠨ ᠤᠬᠠᠭᠤᠯᠭ᠎ᠠ ᠶᠢᠨ ᠠᠵᠢᠯᠯᠠᠭ᠎ᠠ ᠶᠢ ᠪᠠᠶᠢᠩᠭᠤᠵᠢᠭᠤᠯᠤᠨ ᠵᠣᠬᠢᠶᠠᠨ ᠪᠠᠶᠢᠭᠤᠯᠤᠨ ᠥᠷᠨᠢᠭᠦᠯᠵᠦ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠯᠤᠭ᠎ᠠ ᠶᠢᠨ ᠬᠠᠮᠲᠤᠷᠠᠯᠴᠠᠭᠠᠨ ᠤ ᠡᠷᠴᠢᠮ ᠢᠶᠠᠨ ᠴᠢᠩᠭᠠᠷᠠᠭᠤᠯᠵᠤ᠂ ᠢᠲᠡᠭᠡᠮᠵᠢ ᠶᠢ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠵᠦ ᠬᠠᠮᠲᠤ ᠪᠠᠷ ᠬᠡᠷᠡᠭᠯᠡᠬᠦ ᠶᠢ ᠠᠬᠢᠭᠤᠯᠤᠨ᠎ᠠ᠃

    ︽ᠲᠥᠰᠦᠯ︾ ᠳᠤ ᠂ ᠡᠯ᠎ᠡ ᠱᠠᠲᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠢᠲᠡᠭᠡᠮᠵᠢ ᠶᠢ ᠳᠡᠭᠡᠭᠰᠢᠯᠡᠭᠦᠯᠬᠦ ᠭᠤᠷᠪᠠᠨ ᠵᠢᠯ ᠤᠨ ᠠᠵᠢᠯᠯᠠᠭ᠎ᠠ ᠶᠢ ᠥᠷᠨᠢᠭᠦᠯᠬᠦ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠶ ᠲᠠᠨᠢᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠂ ᠨᠢᠭᠡᠳᠦᠯᠲᠡᠶ ᠲᠥᠯᠥᠪᠯᠡᠨ ᠪᠠᠶᠢᠷᠢᠯᠠᠭᠤᠯᠬᠤ ᠪᠠᠨ ᠴᠢᠩᠭᠠᠷᠠᠭᠤᠯᠵᠤ ᠂ ᠬᠠᠶᠢᠨ ᠰᠦᠪᠡᠭᠴᠢᠯᠡᠵᠦ ᠰᠢᠨ᠎ᠡ ᠶᠢ ᠡᠭᠦᠳᠬᠦ ᠡᠷᠴᠢᠮ ᠢᠶᠠᠨ ᠴᠢᠩᠭᠠᠷᠠᠭᠤᠯᠤᠨ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤ ᠪᠠᠨ ᠲᠣᠬᠢᠷᠠᠭᠤᠯᠤᠨ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠨᠠᠷᠢᠯᠢᠬᠵᠢᠭᠤᠯᠬᠤ ᠬᠡᠷᠡᠭᠲᠡᠶ᠃ ᠡᠯ᠎ᠡ ᠵᠦᠢᠯ ᠤᠨ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠯᠠᠪᠳᠠᠭᠤᠨ ᠢᠶᠠᠷ ᠠᠬᠢᠭᠤᠯᠵᠤ᠂ ᠦᠷ᠎ᠡ ᠪᠦᠲᠦᠮᠵᠢ ᠲᠤᠷᠰᠢᠯᠭ᠎ᠠ ᠪᠠᠨ ᠴᠠᠭ ᠲᠤᠬᠠᠢ  ᠳᠤ ᠨᠢ ᠳ᠋ᠦᠩᠨᠡᠵᠦ᠂ ᠳᠠᠭᠤᠷᠢᠶᠠᠵᠤ ᠪᠣᠯᠬᠤ ᠳᠡᠯᠭᠡᠷᠡᠭᠦᠯᠵᠦ ᠪᠣᠯᠬᠤ ᠠᠵᠢᠯ ᠤᠨ ᠲᠤᠷᠰᠢᠯᠭ᠎ᠠ ᠶᠢ ᠴᠢᠷᠮᠠᠶᠢᠨ ᠪᠦᠷᠢᠯᠳᠦᠭᠦᠯᠵᠦ᠂ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢᠨ ᠦᠢᠯᠡᠴᠢᠯᠡᠭᠡᠨ ᠤ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠡᠵᠡᠩᠨᠡᠯᠲᠡ ᠶᠢᠨ ᠭᠤᠣᠯ ᠴᠣᠭᠴᠠ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃

 

ᠢᠷᠡᠯᠲᠡ᠄ ᠬᠤᠲᠠ ᠶᠢᠨ ᠰᠢᠨ᠎ᠡ ᠦᠭᠡ ᠬᠡᠯᠡ