ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠰᠢᠪᠲᠤᠯᠤᠯᠲᠠ︾ - ᠮᠡᠳᠡᠯᠭᠡ ᠶᠢᠨ ᠥᠮᠴᠢᠯᠡᠯ ᠤᠨ ᠡᠷᠬᠡ ᠪᠠᠷ ᠤᠯᠤᠰ ᠢᠶᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠵᠦ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠠᠮᠠᠭᠠᠯᠠᠯᠲᠠ ᠶᠢᠨ ᠲᠣᠭᠲᠠᠯᠴᠠᠭ᠎ᠠ ᠶᠢᠨ ᠪᠠᠶᠢᠭᠤᠯᠤᠯᠲᠠ ᠶᠢ ᠲᠡᠭᠦᠯᠳᠡᠷᠵᠢᠭᠦᠯᠦᠨ᠎ᠡ
ᠨᠡᠶᠢᠲᠡᠯᠡᠭᠰᠡᠨ ᠴᠠᠭ᠄
2024/8/7

    ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠷᠠᠳ ᠤᠨ ᠵᠠᠰᠠᠭ ᠤᠨ ᠣᠷᠳᠣᠨ ᠤ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠦᠴᠦᠷᠬᠡᠭ ᠤᠯᠤᠰ ᠤᠨ ᠪᠥᠲᠥᠭᠡᠨ ᠪᠠᠶᠢᠭᠤᠯᠤᠯᠲᠠ ᠶᠢᠨ ᠲᠤᠬᠠᠶ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠠᠶᠢᠨ ᠰᠠᠶᠢᠬᠠᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠲᠦᠷᠭᠡᠳᠬᠡᠨ ᠪᠠᠶᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠰᠢᠪᠲᠤᠯᠤᠯᠲᠠ︾ ᠶᠢᠨ ᠢᠨᠵᠧᠨᠧᠷᠢᠩ ᠳᠤ ᠬᠦᠴᠦᠨ ᠨᠡᠮᠡᠷᠢᠯᠡᠬᠦ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠠᠮᠠᠭᠠᠯᠠᠯᠲᠠ ᠶᠢᠨ ᠲᠣᠭᠲᠠᠯᠴᠠᠭ᠎ᠠ  ᠶᠢ ᠲᠦᠷᠭᠡᠳᠬᠡᠨ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢᠨ ᠲᠤᠰᠠᠳᠠ᠂ ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠥᠪᠡᠷᠲᠡᠭᠡᠨ ᠵᠠᠰᠠᠬᠤ ᠣᠷᠣᠨ ᠤ ᠮᠡᠳᠡᠯᠭᠡ ᠶᠢᠨ ᠥᠮᠴᠢᠯᠡᠯ ᠤᠨ ᠡᠷᠬᠡ ᠶᠢᠨ ᠪᠠᠶᠢᠯᠳᠤᠬᠤ ᠪᠣᠳᠣᠯᠭ᠎ᠠ ᠶᠢᠨ ᠬᠡᠷᠡᠭᠵᠢᠭᠦᠯᠬᠦ ᠠᠵᠢᠯ ᠤᠨ ᠲᠢᠩᠬᠢᠮ ᠤᠨ ᠬᠤᠭᠤᠷᠣᠨᠳᠣᠬᠢ ᠬᠠᠮᠲᠤᠷᠠᠭᠰᠠᠨ ᠬᠤᠷᠠᠯ ᠤᠨ ᠡᠯ᠎ᠡ ᠪᠦᠷᠢᠯᠳᠦᠬᠦᠨ ᠨᠢᠭᠡᠴᠢ ᠳᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠠᠮᠠᠭᠠᠯᠠᠯᠲᠠ ᠶᠢᠨ ᠲᠣᠭᠲᠠᠯᠴᠠᠭ᠎ᠠ  ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠬᠡᠷᠡᠭᠵᠢᠭᠦᠯᠬᠦ ᠲᠥᠰᠦᠯ︾ ︵ᠳᠣᠷᠣᠭᠰᠢ ︽ᠬᠡᠷᠡᠭᠵᠢᠭᠦᠯᠬᠦ ᠲᠥᠰᠦᠯ︾ ᠭᠡᠵᠦ ᠲᠣᠪᠴᠢᠯᠠᠨ᠎ᠠ︶ ᠵᠢᠴᠢ ︽2024 - 2025 ᠣᠨ ᠤ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠦᠴᠦᠷᠬᠡᠭ ᠣᠷᠣᠨ ᠤ ᠪᠠᠶᠢᠭᠤᠯᠤᠯᠲᠠ ᠪᠠ ᠬᠠᠮᠠᠭᠠᠯᠠᠯᠲᠠ ᠶᠢᠨ ᠲᠣᠭᠲᠠᠯᠴᠠᠭ᠎ᠠ  ᠶᠢᠨ ᠪᠠᠶᠢᠭᠤᠯᠤᠯᠲᠠ ᠶᠢᠨ ᠢᠨᠵᠧᠨᠧᠷᠢᠩ ᠢ ᠠᠬᠢᠭᠤᠯᠬᠤ ᠲᠥᠯᠥᠪᠯᠡᠭᠡ︾ ︵ᠳᠣᠷᠣᠭᠰᠢ ︽ᠠᠬᠢᠭᠤᠯᠬᠤ ᠲᠥᠯᠥᠪᠯᠡᠭᠡ︾ ᠭᠡᠵᠦ ᠲᠣᠪᠴᠢᠯᠠᠨ᠎ᠠ︶ ᠶᠢ ᠲᠣᠭᠲᠠᠭᠠᠨ ᠲᠠᠷᠬᠠᠭᠠᠪᠠ᠃

    ︽ᠬᠡᠷᠡᠭᠵᠢᠭᠦᠯᠬᠦ ᠲᠥᠰᠦᠯ︾ ᠠᠴᠠ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠠᠮᠠᠭᠠᠯᠠᠯᠲᠠ ᠶᠢᠨ ᠲᠣᠭᠲᠠᠯᠴᠠᠭ᠎ᠠ ᠶᠢ ᠪᠠᠶᠢᠭᠤᠯᠬᠤ ᠪᠣᠯ ᠨᠢᠭᠡ ᠵᠦᠢᠯ ᠤᠨ ᠰᠢᠰᠲ᠋ᠧᠮᠲᠦ ᠢᠨᠵᠧᠨᠧᠷᠢᠩ ᠮᠥᠨ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠠᠮᠠᠭᠠᠯᠠᠯᠲᠠ ᠶᠢᠨ ᠪᠦᠬᠦ ᠬᠡᠯᠬᠢᠶ᠎ᠡ᠂ ᠪᠦᠬᠦ ᠶᠠᠪᠤᠴᠠ᠂ ᠪᠦᠬᠦ ᠬᠦᠴᠦᠨ ᠵᠦᠢᠯ ᠠᠴᠠ ᠡᠭᠦᠰᠴᠦ᠂ ᠭᠤᠣᠯᠳᠠᠯᠭ᠎ᠠ ᠲᠠᠢ ᠪᠠᠷ ᠲᠤᠯᠤᠭᠠᠨ ᠲᠠᠯ᠎ᠠ ᠪᠠᠷ ᠥᠷᠨᠢᠭᠦᠯᠬᠦ ᠬᠡᠷᠡᠭᠲᠡᠢ᠃ ᠨᠢᠭᠡ ᠳᠤ᠂ ᠰᠢᠰᠲ᠋ᠧᠮ ᠨᠢ ᠪᠦᠷᠢᠨ ᠲᠡᠭᠦᠯᠳᠡᠷ᠂ ᠬᠡᠷᠡᠭᠵᠢᠭᠦᠯᠦᠯᠲᠡ ᠨᠢ ᠤᠷᠤᠭᠰᠢᠲᠠᠢ᠂ ᠬᠥᠳᠡᠯᠦᠩᠭᠦᠶ ᠪᠠᠷ ᠲᠣᠬᠢᠷᠠᠭᠤᠯᠤᠯᠲᠠ ᠬᠢᠬᠦ ᠬᠠᠮᠠᠭᠠᠯᠠᠯᠲᠠ ᠶᠢᠨ ᠲᠥᠷᠥ ᠶᠢᠨ ᠪᠣᠳᠣᠯᠭ᠎ᠠ ᠪᠠ ᠪᠠᠷᠢᠮᠵᠢᠶ᠎ᠠ ᠶᠢᠨ ᠲᠣᠭᠲᠠᠯᠴᠠᠭ᠎ᠠ ᠶᠢ ᠪᠠᠶᠢᠭᠤᠯᠤᠨ᠎ᠠ᠃ ᠬᠤᠶᠠᠷ ᠲᠤ᠂ ᠣᠷᠭᠠᠨᠢᠭ ᠢᠶᠠᠷ ᠵᠣᠯᠭᠠᠯᠳᠤᠭᠰᠠᠨ᠂ ᠬᠠᠮᠵᠢᠯᠴᠠᠨ ᠥᠨᠳᠥᠷ ᠪᠦᠲᠦᠮᠵᠢᠲᠡᠶ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠠᠤᠯᠢ ᠬᠡᠷᠡᠭᠵᠢᠭᠦᠯᠬᠦ ᠬᠠᠤᠯᠢ ᠴᠠᠭᠠᠵᠠ ᠶᠢᠨ ᠲᠣᠭᠲᠠᠯᠴᠠᠭ᠎ᠠ ᠶᠢ ᠪᠠᠶᠢᠭᠤᠯᠤᠨ᠎ᠠ᠃ ᠭᠤᠷᠪᠠ ᠳᠤ᠂ ᠬᠢᠨᠠᠨ ᠪᠠᠶᠢᠴᠠᠭᠠᠬᠤ ᠴᠢᠳᠠᠪᠤᠷᠢ ᠪᠠᠷ ᠲᠤᠪᠤᠶᠢᠮ᠎ᠠ᠂ ᠣᠷᠣᠯᠠᠨ ᠭᠦᠢᠴᠡᠳᠬᠡᠬᠦ ᠦᠢᠯᠡᠴᠢᠯᠡᠭᠡᠨ ᠤ ᠵᠢᠷᠤᠮᠵᠢᠯ᠂ ᠰᠢᠨ᠎ᠡ ᠶᠢ ᠡᠭᠦᠳᠬᠦ ᠭᠤᠣᠯ ᠴᠣᠭᠴᠠ ᠶᠢᠨ ᠬᠠᠨᠤᠮᠵᠢᠲᠠᠢ ᠮᠡᠳᠡᠯᠭᠡ ᠶᠢᠨ ᠥᠮᠴᠢᠯᠡᠯ ᠤᠨ ᠡᠷᠬᠡ ᠶᠢᠨ ᠡᠷᠬᠡ ᠣᠯᠭᠤᠬᠤ ᠡᠷᠬᠡ ᠶᠢ ᠨᠤᠲᠠᠯᠠᠨ ᠲᠣᠭᠲᠠᠭᠠᠬᠤ ᠲᠣᠭᠲᠠᠯᠴᠠᠭ᠎ᠠ ᠶᠢ ᠪᠠᠶᠢᠭᠤᠯᠤᠨ᠎ᠠ᠃ ᠳᠥᠷᠪᠡ ᠳᠤ᠂ ᠬᠠᠮᠵᠢᠯᠴᠠᠨ ᠬᠥᠳᠡᠯᠦᠯᠴᠡᠭᠰᠡᠨ᠂ ᠵᠣᠯᠭᠠᠯᠲᠠ ᠨᠢ ᠰᠢᠯᠤᠭᠤᠨ᠂ ᠠᠵᠢᠯᠯᠠᠭᠠᠨ ᠨᠢ ᠥᠨᠳᠥᠷ ᠪᠦᠲᠦᠮᠵᠢᠲᠡᠶ ᠮᠡᠳᠡᠯᠭᠡ ᠶᠢᠨ ᠥᠮᠴᠢᠯᠡᠯ ᠤᠨ ᠡᠷᠬᠡ ᠶᠢ ᠬᠠᠮᠠᠭᠠᠯᠠᠬᠤ ᠬᠠᠮᠢᠶᠠᠷᠤᠯᠲᠠ ᠶᠢᠨ ᠲᠣᠭᠲᠠᠯᠴᠠᠭ᠎ᠠ ᠶᠢ ᠪᠠᠶᠢᠭᠤᠯᠤᠨ᠎ᠠ᠃ ᠲᠠᠪᠤ ᠳᠤ᠂ ᠳᠥᠭᠦᠮ ᠳᠥᠲᠡ ᠥᠨᠳᠥᠷ ᠪᠦᠲᠦᠮᠵᠢᠲᠡᠶ᠂ ᠣᠯᠠᠨ ᠡᠰᠢᠲᠦ᠂ ᠨᠡᠶᠢᠭᠡᠮ ᠤᠨ ᠡᠯ᠎ᠡ ᠲᠠᠯ᠎ᠠ ᠶᠢᠨ ᠬᠢᠨ ᠥᠷᠭᠡᠨ ᠢᠶᠠᠷ ᠣᠷᠣᠯᠴᠠᠭᠰᠠᠨ ᠮᠡᠳᠡᠯᠭᠡ ᠶᠢᠨ ᠥᠮᠴᠢᠯᠡᠯ ᠤᠨ ᠡᠷᠬᠡ ᠶᠢ ᠬᠠᠮᠠᠭᠠᠯᠠᠵᠤ ᠨᠡᠶᠢᠭᠡᠮ ᠤᠨ ᠬᠠᠮᠲᠤ ᠪᠠᠷ ᠵᠠᠰᠠᠬᠤ ᠲᠣᠭᠲᠠᠯᠴᠠᠭ᠎ᠠ ᠶᠢ ᠪᠠᠶᠢᠭᠤᠯᠤᠨ᠎ᠠ᠃ ᠵᠢᠷᠭᠤᠭ᠎ᠠ ᠳᠤ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠦᠷᠢᠶᠡᠨ ᠳᠠᠬᠢ ᠬᠦᠨᠳᠦ ᠶᠡᠭᠡ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠠᠮᠤᠷ ᠲᠦᠪᠰᠢᠨ ᠤ ᠵᠠᠰᠠᠯᠲᠠ ᠶᠢᠨ ᠲᠣᠭᠲᠠᠯᠴᠠᠭ᠎ᠠ ᠶᠢ ᠪᠠᠶᠢᠭᠤᠯᠤᠨ᠎ᠠ᠃ ᠲᠤᠯᠤᠭ᠎ᠠ ᠳᠤ᠂ ᠲᠤᠰᠬᠠᠶᠢᠵᠢᠭᠰᠠᠨ᠂ ᠮᠡᠳᠡᠭᠡ ᠵᠠᠩᠭᠢᠴᠢᠯᠠᠭᠰᠠᠨ᠂ ᠤᠶᠤᠨᠴᠢᠯᠠᠭᠰᠠᠨ ᠮᠡᠳᠡᠯᠭᠡ ᠶᠢᠨ ᠥᠮᠴᠢᠯᠡᠯ ᠤᠨ ᠡᠷᠬᠡ ᠶᠢ ᠬᠠᠮᠠᠭᠠᠯᠠᠬᠤ ᠴᠢᠳᠠᠪᠤᠷᠢ ᠶᠢᠨ ᠲᠤᠯᠭᠠᠭᠤᠷᠢᠯᠠᠬᠤ ᠲᠣᠭᠲᠠᠯᠴᠠᠭ᠎ᠠ ᠶᠢ ᠪᠠᠶᠢᠭᠤᠯᠤᠨ᠎ᠠ᠃ ︽ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠲᠠᠷᠬᠠᠭᠠᠭᠰᠠᠨ ᠨᠢ ᠰᠢᠰᠲ᠋ᠧᠮ ᠤᠨ ᠦᠵᠡᠯᠲᠡ ᠶᠢ ᠪᠠᠷᠢᠮᠲᠠᠯᠠᠬᠤ᠂ ᠪᠦᠬᠦᠯᠢ ᠴᠣᠭᠴᠠ ᠪᠠᠷ ᠲᠥᠯᠥᠪᠵᠢᠭᠦᠯᠬᠦ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠠᠮᠠᠭᠠᠯᠠᠯᠲᠠ ᠶᠢᠨ ᠲᠣᠭᠲᠠᠯᠴᠠᠭ᠎ᠠ ᠪᠠ ᠬᠠᠮᠠᠭᠠᠯᠠᠬᠤ ᠴᠢᠳᠠᠪᠤᠷᠢ ᠶᠢᠨ ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ᠂ ᠡᠷᠬᠡ ᠣᠯᠭᠤᠬᠤ ᠡᠷᠬᠡ ᠶᠢ ᠨᠤᠲᠠᠯᠠᠨ ᠲᠣᠭᠲᠠᠭᠠᠬᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ᠂ ᠬᠠᠤᠯᠢ ᠴᠠᠭᠠᠵᠠ ᠶᠢᠨ ᠬᠠᠮᠠᠭᠠᠯᠠᠯᠲᠠ᠂ ᠬᠥᠨᠳᠡᠯᠡᠨ ᠠᠴᠠ ᠲᠠᠰᠤᠯᠬᠤ ᠡᠶᠡᠳᠡᠭᠦᠯᠭᠡ᠂ ᠠᠵᠢᠯ ᠲᠥᠷᠥᠯ ᠤᠨ ᠥᠪᠡᠷ ᠢ ᠪᠠᠨ ᠱᠠᠭᠠᠷᠳᠠᠬᠤ᠂ ᠠᠷᠠᠳ ᠢᠷᠭᠡᠳ ᠤᠨ ᠦᠨᠡᠨᠴᠢ ᠢᠲᠡᠭᠡᠮᠵᠢ ᠵᠡᠷᠭᠡ ᠭᠤᠭᠴᠤᠭ᠎ᠠ ᠠᠴᠠ ᠬᠠᠮᠠᠭᠠᠯᠠᠯᠲᠠ ᠶᠢᠨ ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ ᠬᠠᠮᠵᠢᠯᠴᠠᠨ ᠬᠠᠮᠲᠤᠷᠠᠯᠴᠠᠬᠤ ᠶᠢ ᠴᠢᠩᠭᠠᠳᠬᠠᠨ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠪᠥᠬᠦ ᠬᠡᠯᠬᠢᠶ᠎ᠡ ᠶᠢᠨ ᠬᠠᠮᠠᠭᠠᠯᠠᠯᠲᠠ ᠶᠢ ᠴᠢᠩᠭᠠᠷᠠᠭᠤᠯᠵᠤ᠂ ᠬᠠᠮᠠᠭᠠᠯᠠᠯᠲᠠ ᠶᠢᠨ ᠲᠦᠷᠢᠮ᠂ ᠬᠠᠮᠠᠭᠠᠯᠠᠯᠲᠠ ᠶᠢᠨ ᠠᠷᠭ᠎ᠠ ᠪᠠᠷᠢᠯ ᠪᠠ ᠬᠠᠮᠠᠭᠠᠯᠠᠯᠲᠠ ᠶᠢᠨ ᠬᠡᠪ ᠵᠠᠭᠪᠤᠷ ᠤᠨ ᠰᠢᠨ᠎ᠡ ᠶᠢ ᠡᠭᠦᠳᠴᠦ᠂ ᠴᠢᠩᠭ᠎ᠠ ᠬᠠᠮᠠᠭᠠᠯᠠᠬᠤ᠂ ᠬᠠᠮᠵᠢᠯᠴᠠᠨ ᠬᠠᠮᠠᠭᠠᠯᠠᠬᠤ᠂ ᠨᠠᠷᠢᠯᠢᠭ ᠣᠨᠣᠪᠴᠢᠲᠠᠢ ᠪᠠᠷ ᠬᠠᠮᠠᠭᠠᠯᠠᠬᠤ᠂ ᠥᠨᠳᠥᠷ ᠪᠦᠲᠦᠮᠵᠢᠲᠡᠶ ᠪᠠᠷ ᠬᠠᠮᠠᠭᠠᠯᠠᠬᠤ᠂ ᠣᠶᠤᠨᠴᠢ ᠬᠠᠮᠠᠭᠠᠯᠠᠯᠲᠠ ᠶᠢ ᠴᠢᠷᠮᠠᠶᠢᠨ ᠪᠡᠶᠡᠯᠡᠭᠦᠯᠵᠦ᠂ ᠬᠤᠶᠠᠷ ᠶᠡᠭᠡ ᠶᠠᠪᠤᠳᠠᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠠᠮᠠᠭᠠᠯᠠᠯᠲᠠ ᠶᠢᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ ᠴᠢᠩᠭᠠᠳᠬᠠᠪᠠ᠃

    ︽ᠠᠬᠢᠭᠤᠯᠬᠤ ᠲᠥᠯᠥᠪᠯᠡᠭᠡ︾ ᠨᠢ ᠮᠡᠳᠡᠯᠭᠡ ᠶᠢᠨ ᠥᠮᠴᠢᠯᠡᠯ ᠤᠨ ᠡᠷᠬᠡ ᠶᠢᠨ ᠲᠦᠷᠢᠮ ᠢ ᠲᠡᠭᠦᠯᠳᠡᠷᠵᠢᠭᠦᠯᠬᠦ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠠᠮᠠᠭᠠᠯᠠᠯᠲᠠ ᠶᠢ ᠴᠢᠩᠭᠠᠷᠠᠭᠤᠯᠬᠤ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠬᠦ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠦᠷᠢᠶᠡᠨ ᠳᠠᠬᠢ ᠤᠯᠤᠰ ᠤᠨ ᠠᠮᠤᠷ ᠲᠦᠪᠰᠢᠨ ᠤ ᠵᠠᠰᠠᠯᠲᠠ ᠶᠢ ᠴᠢᠩᠭᠠᠳᠬᠠᠬᠤ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠦᠷᠢᠶᠡᠨ ᠳᠠᠬᠢ ᠨᠡᠶᠢᠭᠡᠮ ᠤᠨ ᠰᠠᠶᠢᠨ ᠰᠠᠶᠢᠬᠠᠨ ᠣᠷᠴᠢᠨ ᠲᠣᠭᠤᠷᠢᠨ ᠢ ᠪᠣᠶ ᠪᠣᠯᠭᠠᠬᠤ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠠᠮᠲᠤᠷᠠᠯᠴᠠᠭ᠎ᠠ ᠰᠣᠯᠢᠯᠴᠠᠭ᠎ᠠ ᠶᠢ ᠭᠦᠨᠵᠡᠭᠡᠶᠢᠷᠡᠭᠦᠯᠬᠦ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ ᠴᠢᠩᠭᠠᠳᠬᠠᠬᠤ ᠵᠡᠷᠭᠡ ᠶᠢᠰᠦᠨ ᠲᠠᠯ᠎ᠠ ᠠᠴᠠ 2024 - 2025 ᠣᠨ ᠤ 88 ᠵᠦᠢᠯ ᠤᠨ ᠭᠤᠤᠯᠳᠠᠯᠭ᠎ᠠ ᠲᠠᠢ ᠡᠭᠦᠷᠭᠡ ᠪᠠ ᠠᠵᠢᠯ ᠤᠨ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠬᠠᠮᠲᠤᠷᠠᠭᠰᠠᠨ ᠬᠤᠷᠠᠯ ᠤᠨ ᠠᠯᠪᠠᠨ ᠬᠡᠷ ︵ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶ ᠨᠢ ᠡᠯ᠎ᠡ ᠪᠦᠷᠢᠯᠳᠦᠬᠦᠨ ᠨᠢᠭᠡᠴᠢ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠭᠤᠤᠯᠳᠠᠯᠭ᠎ᠠ ᠲᠠᠢ ᠡᠭᠦᠷᠭᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠤᠯᠠᠷᠢᠯ ᠤᠨ ᠲᠣᠬᠢᠷᠠᠭᠤᠯᠤᠯᠲᠠ ᠬᠢᠬᠦ ᠪᠣᠯᠣᠨ᠎ᠠ᠃

 

ᠢᠷᠡᠯᠲᠡ᠄ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠠᠮᠠᠭᠠᠯᠠᠯᠲᠠ ᠶᠢᠨ ᠭᠠᠵᠠᠷ