ᠪᠤᠭᠤᠲᠤ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠦᠷᠭᠦᠯᠵᠢᠯᠡᠨ ᠬᠦᠴᠦᠯᠡᠵᠦ ᠨᠠᠩ ᠡᠷᠬᠡ ᠲᠡᠭᠰᠢ ᠨᠠᠩ ᠠᠮᠢᠵᠢᠷᠠᠯ ᠤᠨ ᠬᠦᠴᠦᠨ ᠲᠠᠢ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠪᠣᠶ ᠪᠣᠯᠭᠠᠪᠠ
ᠨᠡᠶᠢᠲᠡᠯᠡᠭᠰᠡᠨ ᠴᠠᠭ᠄
2024/8/7

    ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠠᠴᠠ ︽ᠵᠠᠬ᠎ᠠ ᠳᠡᠯᠭᠡᠭᠦᠷ ᠤᠨ ᠲᠣᠭᠲᠠᠴᠠ ᠶᠢᠨ ᠦᠢᠯᠡᠳᠦᠯ ᠢ ᠨᠡᠩ ᠰᠠᠶᠢᠲᠤᠷ ᠪᠠᠳᠠᠷᠠᠭᠤᠯᠵᠤ᠂ ᠨᠡᠩ ᠡᠷᠬᠡ ᠲᠡᠭᠰᠢ᠂ ᠨᠡᠩ ᠠᠮᠢᠵᠢᠷᠠᠯ ᠤᠨ ᠬᠦᠴᠦᠨ ᠲᠠᠢ ᠵᠠᠬ᠎ᠠ ᠳᠡᠯᠭᠡᠭᠦᠷ ᠤᠨ ᠣᠷᠴᠢᠨ ᠨᠥᠬᠦᠴᠡᠯ ᠢ ᠡᠭᠦᠳᠴᠦ᠂ ᠪᠦᠬᠦ ᠨᠡᠶᠢᠭᠡᠮ ᠤᠨ ᠳᠣᠲᠣᠭᠠᠳᠤ ᠬᠥᠳᠡᠯᠭᠡᠬᠦ ᠬᠦᠴᠦᠨ ᠪᠠ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠬᠥᠭᠵᠢᠭᠡᠬᠦ ᠬᠡᠷᠡᠭᠲᠡᠢ︾ ᠭᠡᠵᠦ ᠳᠤᠷᠠᠳᠴᠠᠢ᠃ ᠪᠤᠭᠤᠲᠤ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠡᠭᠦᠷᠭᠡ ᠴᠢᠳᠠᠪᠤᠷᠢ ᠪᠠᠨ ᠦᠨᠡᠨ ᠬᠦ ᠬᠤᠪᠢᠷᠠᠭᠤᠯᠵᠤ᠂ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠨᠢᠭᠡ ᠪᠦᠯᠦᠭ ᠦᠨᠡᠨ ᠬᠦ ᠶᠠᠪᠤᠭᠳᠠᠭᠤᠰᠢᠲᠠᠶ᠂ ᠪᠣᠳᠠᠲᠠᠶ ᠶᠢ ᠡᠷᠬᠢᠮᠯᠡᠭᠰᠡᠨ ᠲᠤᠰᠠᠲᠠᠶ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠨᠡᠶᠢᠲᠡᠯᠡᠬᠦ ᠶᠢ ᠠᠬᠢᠭᠤᠯᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠠᠯ᠎ᠠ ᠪᠠᠷ ᠢᠯᠡᠳᠲᠡ ᠦᠷ᠎ᠡ ᠪᠦᠲᠦᠮᠵᠢ ᠣᠯᠵᠤ᠂ ᠠᠵᠤ ᠠᠬᠤᠶ ᠶᠢᠨ ᠳᠡᠭᠡᠭᠰᠢᠯᠡᠵᠦ ᠰᠠᠶᠢᠵᠢᠷᠠᠬᠤ ᠪᠠ ᠴᠢᠨᠠᠷ ᠰᠠᠶᠢᠲᠠᠶ ᠬᠥᠭᠵᠢᠯᠲᠡ ᠳᠤ ᠰᠠᠨᠠᠭᠠᠴᠢᠯᠠᠭ᠎ᠠ ᠠᠴᠠ ᠪᠠᠨ ᠦᠢᠯᠡᠴᠢᠯᠡᠬᠦ ᠶᠢ ᠠᠬᠢᠭᠤᠯᠬᠤ ᠳᠤᠮᠳᠠ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠢᠨ᠎ᠡ ᠵᠢᠳᠬᠦᠯ ᠴᠢᠷᠮᠠᠶᠢᠯᠭ᠎ᠠ ᠭᠠᠷᠭᠠᠪᠠ᠃

    ᠨᠢᠭᠡ ᠳᠤ᠂ ᠠᠷᠠᠳ ᠲᠤ ᠳᠥᠭᠦᠮ ᠦᠵᠡᠭᠦᠯᠬᠦ ︽ᠲᠠᠪᠤᠨ ᠦᠭᠡᠢ ︾ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠬᠡᠷᠡᠭᠵᠢᠭᠦᠯᠪᠡ᠂ ᠲᠤᠬᠠᠶᠢᠯᠠᠪᠠᠯ ︽ᠠᠭᠤᠯᠵᠠᠬᠤ ᠥᠬᠡᠶ᠂ ᠰᠦᠯᠵᠢᠶᠡᠨ ᠳᠡᠭᠡᠷ᠎ᠡ ᠭᠦᠢᠴᠡᠳᠭᠡᠬᠦ ︾ ︔ ᠭᠡᠷᠡᠴᠢᠯᠡᠯ ᠥᠬᠡᠶ᠂ ᠮᠠᠲ᠋ᠧᠷᠢᠶᠠᠯ ᠢ ᠴᠥᠬᠡᠳᠭᠡᠬᠦ ︔ ᠥᠪᠡᠷ ᠤᠨ ᠥᠷᠲᠡᠭ ᠥᠬᠡᠶ᠂ ᠡᠭᠦᠷᠭᠡᠯᠡᠯ ᠥᠬᠡᠶ︔ ᠬᠦᠯᠢᠶᠡᠬᠦ ᠥᠬᠡᠶ᠂ ᠳᠠᠷᠦ᠋ᠢᠬᠠᠨ ᠭᠦᠢᠴᠡᠳᠬᠡᠬᠦ ︔ ᠨᠠᠭᠠᠰᠢ ᠴᠠᠭᠠᠰᠢ ᠭᠦᠶᠦᠬᠦ ᠦᠭᠡᠢ ᠂ ᠡᠭᠦᠳᠡᠨ ᠳᠤ ᠬᠦᠷᠭᠡᠬᠦ︾  ᠪᠠᠷ ᠳᠠᠮᠵᠢᠭᠤᠯᠤᠨ᠂ ᠦᠨᠡᠮᠯᠡᠯ ᠠᠴᠠ ᠭᠡᠯᠳᠦᠷᠢᠭᠦᠯᠬᠦ ᠠᠵᠢᠯ ᠶᠠᠪᠤᠳᠠᠯ ᠭᠦᠢᠴᠡᠳᠭᠡᠬᠦ ᠵᠦᠢᠯ ᠤᠨ ᠨᠠᠷᠢᠨ ᠲᠠᠩᠰᠠ ᠶᠢ ᠡᠮᠬᠢᠯᠡᠵᠦ᠂ ᠡᠯᠧᠺᠲᠷᠣᠨ ᠡᠵᠡᠩᠨᠡᠯᠲᠡ ᠶᠢᠨ ᠦᠨᠡᠮᠯᠡᠯ ᠲᠠᠢ ᠬᠤᠯᠪᠣᠭᠳᠠᠬᠤ ᠠᠵᠤ ᠠᠬᠤᠶᠢᠯᠠᠯ ᠤᠨ ᠬᠤᠯᠪᠣᠭᠳᠠᠯ ᠪᠥᠬᠦᠶ ᠮᠡᠳᠡᠭᠡ ᠵᠠᠩᠭᠢ ᠪᠠᠷ ᠳᠠᠮᠵᠢᠭᠤᠯᠤᠨ᠂ ᠠᠵᠤ ᠠᠬᠤᠶᠢᠯᠠᠯ ᠳᠤ ᠬᠤᠯᠪᠣᠭᠳᠠᠬᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠭᠦᠢᠴᠡᠳᠭᠡᠬᠦ ᠳᠤ ᠬᠡᠷᠡᠭᠰᠡᠬᠦ ᠮᠡᠳᠡᠭᠡ ᠵᠠᠩᠭᠢ ᠶᠢ ᠲᠠᠭᠯᠠᠬᠤ ᠠᠴᠠ ᠭᠡᠯᠳᠦᠷᠢᠭᠦᠯᠬᠦ᠂ ᠴᠠᠭᠠᠰᠤᠨ ᠮᠠᠲ᠋ᠧᠷᠢᠶᠠᠯ ᠢ ᠲᠤᠰᠢᠶᠠᠬᠤ ᠠᠴᠠ ᠭᠡᠯᠳᠦᠷᠢᠭᠦᠯᠬᠦ᠂ ᠠᠳᠠᠯᠢ ᠨᠢᠭᠡ ᠵᠥᠪᠰᠢᠶᠡᠷᠡᠯ ᠤᠨ ᠵᠦᠢᠯᠡᠰ ᠢ ᠠᠳᠠᠯᠢ ᠨᠥᠬᠦᠴᠡᠯ ᠤᠨ ᠳᠣᠣᠷ᠎ᠠ ︽ᠢᠯᠭᠠᠭ᠎ᠠ ᠥᠬᠡᠶ ᠪᠠᠷ ᠭᠥᠯᠢᠶᠡᠨ ᠠᠪᠴᠤ ᠰᠢᠢᠳᠪᠦᠷᠢᠯᠡᠬᠦ᠂ ᠠᠳᠠᠯᠢ ᠪᠠᠷᠢᠮᠵᠢᠶ᠎ᠠ ᠪᠠᠷ ᠭᠦᠢᠴᠡᠳᠭᠡᠬᠦ︾ ᠶᠢ ᠪᠡᠶᠡᠯᠡᠭᠦᠯᠪᠡ᠃ ᠣᠳᠣᠬᠠᠨ ᠳᠤ ᠪᠣᠯᠲᠠᠯ᠎ᠠ᠂ ᠪᠥᠬᠦ ᠬᠤᠲᠠ ᠳᠤ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠤᠯ ᠴᠣᠭᠴᠠ 14737 ᠡᠷᠦᠬᠡ ᠰᠢᠨ᠎ᠡ ᠪᠠᠷ ᠨᠡᠮᠡᠭᠳᠡᠵᠦ᠂ ᠵᠠᠬ᠎ᠠ ᠳᠡᠯᠭᠡᠭᠦᠷ ᠤᠨ ᠭᠤᠤᠯ ᠴᠣᠭᠴᠠ ᠨᠡᠶᠢᠲᠡ 263890 ᠡᠷᠦᠬᠡ ᠪᠣᠯᠵᠤ ᠬᠥᠭᠵᠢᠪᠡ᠃

    ᠬᠤᠶᠠᠷ ᠲᠤ᠂ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠢ ᠯᠠᠪᠳᠠᠭᠤᠨ ᠪᠠᠲᠤᠲᠠᠢ ᠠᠬᠢᠭᠤᠯᠪᠠ᠃ ︽ᠬᠤᠶᠠᠷ ᠢ ᠲᠠᠰᠢᠷᠠᠮ ᠳᠠᠭᠠᠤ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠣᠳᠣᠬᠠᠨ ᠳᠤ ᠪᠣᠯᠲᠠᠯ᠎ᠠ᠂ ᠰᠤᠭᠤᠴᠢᠨ ᠪᠠᠶᠢᠴᠠᠭᠠᠬᠤ ᠵᠦᠢᠯᠡᠰ ᠤᠨ ᠨᠠᠷᠢᠨ ᠳᠠᠩᠰᠠ ᠶᠢᠨ ᠬᠤᠯᠪᠣᠭᠠᠯᠠᠭᠰᠠᠨ ᠨᠣᠷᠮ᠎ᠠ 83.29% ᠳᠤ ᠬᠥᠷᠪᠡ᠃ ᠢᠲᠡᠭᠡᠮᠵᠢ ᠶᠢ ᠰᠡᠷᠭᠦᠭᠡᠬᠦ ᠲᠤᠰᠬᠠᠶ ᠦᠢᠯᠡᠴᠢᠯᠡᠭᠡᠨ ᠤ ᠠᠵᠢᠯ ᠢ ᠢᠳᠡᠪᠬᠢᠲᠡᠶ ᠥᠷᠨᠢᠭᠦᠯᠵᠦ᠂ ᠨᠡᠶᠢᠲᠡ 4775 ᠠᠵᠤ ᠠᠬᠤᠶᠢᠯᠠᠯ᠂ 881 ᠲᠠᠷᠢᠶᠠᠴᠢᠨ ᠤ ᠲᠤᠰᠬᠠᠶ ᠬᠤᠷᠰᠢᠶᠠᠵᠢᠯ ᠤᠨ ᠡᠵᠡᠩᠨᠡᠯᠲᠡ ᠶᠢᠨ ᠬᠡᠪ ᠤᠨ ᠪᠤᠰᠤ ᠨᠡᠷᠡᠰ ᠤᠨ ᠵᠢᠭᠰᠠᠭᠠᠯᠲᠠ ᠶᠢ ᠰᠢᠯᠵᠢᠭᠦᠯᠦᠨ ᠭᠠᠷᠭᠠᠬᠤ ᠶᠢ ᠵᠢᠯᠣᠭᠤᠳᠴᠤ᠂ 60388 ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠬᠡᠪ ᠤᠨ ᠪᠤᠰᠤ ᠪᠠᠶᠢᠳᠠᠯ ᠤᠨ ᠲᠡᠮᠳᠡᠭᠯᠡᠯ ᠢ ᠰᠡᠷᠭᠦᠭᠡᠵᠦ᠂ ᠬᠠᠤᠯᠢ ᠶᠢ ᠬᠦᠨᠳᠦ ᠨᠣᠴᠢᠲᠠᠶ ᠵᠥᠷᠢᠴᠡᠵᠦ ᠢᠲᠡᠭᠡᠮᠵᠢ ᠠᠯᠳᠠᠭᠰᠠᠨ 1768 ᠠᠵᠤ ᠠᠬᠤᠶᠢᠯᠠᠯ ᠢ ᠬᠠᠪᠰᠤᠷᠤᠨ ᠲᠡᠳᠬᠦᠵᠦ ᠢᠲᠡᠭᠡᠮᠵᠢ ᠶᠢ ᠨᠢ ᠰᠡᠷᠭᠦᠭᠡᠪᠡ᠃ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠡᠯ᠎ᠡ ᠵᠦᠢᠯ ᠤᠨ ᠡᠭᠦᠷᠭᠡ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠪᠤᠭᠤᠲᠤ ᠶᠢᠨ ᠲᠠᠷᠢᠶᠠᠯᠠᠩ ᠬᠤᠳᠠᠯᠳᠤᠭᠠᠨ ᠤ ᠪᠠᠩᠬᠢ ᠲᠠᠢ ᠬᠠᠮᠲᠤᠷᠠᠨ ᠢᠲᠡᠭᠡᠮᠵᠢ ᠳᠤ ᠲᠦᠰᠢᠭᠯᠡᠬᠦ᠂ ᠪᠠᠷᠢᠴᠠᠭᠠᠯᠠᠬᠤ ᠥᠬᠡᠶ᠂ ᠳᠠᠭᠠᠭᠠᠯᠲᠠ ᠥᠬᠡᠶ ︽ᠬᠤᠪᠢ ᠶᠢᠨ ᠥᠪᠥᠷ ᠮᠣᠩᠭᠤᠯ ᠤᠨ ᠢᠲᠡᠭᠡᠮᠵᠢᠲᠦ ᠵᠢᠭᠡᠯᠡᠯᠭᠡ︾ ᠶᠢᠨ ᠲᠤᠬᠠᠶᠢᠯᠠᠭᠰᠠᠨ ᠠᠵᠢᠯ ᠢ ᠬᠠᠮᠲᠤ ᠪᠠᠷ ᠭᠠᠷᠭᠠᠵᠤ᠂ ᠨᠡᠶᠢᠲᠡ 82 ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠳᠤ 1548 ᠲᠦᠮᠡᠨ ᠲᠥᠭᠦᠷᠢᠭ ᠤᠨ ᠢᠲᠡᠭᠡᠮᠵᠢ ᠣᠯᠭᠤᠵᠤ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠲᠣᠭᠲᠠᠭᠤᠨ ᠢᠶᠠᠷ ᠤᠷᠤᠭᠰᠢᠯᠠᠬᠤ ᠶᠢ ᠠᠬᠢᠭᠤᠯᠪᠠ᠃

    ᠭᠤᠷᠪᠠ ᠳᠤ᠂ ︽ᠬᠤᠶᠠᠷ ᠲᠥᠪ ᠨᠢᠭᠡ ᠰᠠᠭᠤᠷᠢᠨ ᠭᠠᠵᠠᠷ ᠨᠢᠭᠡ ᠲᠠᠪᠴᠠᠩ︾ ᠢ ᠰᠠᠶᠢᠲᠤᠷ ᠪᠠᠶᠢᠭᠤᠯᠤᠨ ᠬᠦᠴᠦᠷᠬᠡᠭᠵᠢᠭᠦᠯᠪᠡ ᠃ ᠤᠯᠤᠰ ᠤᠨ ᠬᠤᠪᠣᠷ ᠰᠢᠷᠣᠶ ᠶᠢᠨ ᠴᠢᠳᠠᠮᠵᠢ ᠶᠢᠨ ᠮᠠᠲ᠋ᠧᠷᠢᠶᠠᠯ ᠤᠨ ᠠᠵᠤ ᠦᠢᠯᠡᠰ ᠤᠨ ᠬᠡᠮᠵᠢᠨ ᠲᠤᠷᠰᠢᠬᠤ ᠲᠥᠪ ᠪᠣᠯᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠡᠷᠡᠯ ᠴᠡᠨᠡᠭ ︵ᠴᠠᠬᠢᠭᠤᠷ ᠤᠨ ᠮᠠᠲ᠋ᠧᠷᠢᠶᠠᠯ︶ ᠤᠨ ᠠᠵᠤ ᠦᠢᠯᠡᠰ ᠤᠨ ᠬᠡᠮᠵᠢᠭᠦᠷ ᠤᠨ ᠲᠥᠪ ᠢ ᠨᠢᠭᠡᠨᠲᠡ ᠪᠠᠶᠢᠭᠤᠯᠵᠤ ᠳᠠᠭᠤᠰᠬᠠᠭᠠᠳ ᠠᠩᠬ᠎ᠠ ᠠᠯᠬᠤᠮ ᠤᠨ ᠦᠷ᠎ᠡ ᠪᠦᠲᠦᠮᠵᠢ ᠣᠯᠪᠠ᠃ ᠤᠯᠤᠰ ᠤᠨ ᠶᠠᠰᠤ ᠴᠢᠨᠠᠷ ᠤᠨ ᠰᠠᠭᠤᠷᠢ ᠪᠡᠯᠡᠳᠬᠡᠮᠵᠢ ᠶᠢᠨ ᠬᠤᠷᠠᠮᠠᠯ ᠦᠢᠯᠡᠴᠢᠯᠡᠭᠡᠨ ᠤ ᠰᠠᠭᠤᠷᠢᠨ ᠭᠠᠵᠠᠷ ᠤᠨ ᠲᠤᠷᠰᠢᠯᠲᠠ ᠶᠢᠨ ᠴᠡᠭ ︵ᠲᠠᠯᠠᠰᠲᠤ ᠴᠠᠬᠢᠭᠤᠷ ᠤᠨ ᠮᠠᠲ᠋ᠧᠷᠢᠶᠠᠯ︶ ᠤᠨ ᠪᠥᠲᠥᠭᠡᠨ ᠪᠠᠶᠢᠭᠤᠯᠤᠯᠲᠠ ᠶᠢᠨ ᠠᠵᠢᠯ ᠱᠠᠲᠤᠴᠢ ᠴᠢᠨᠠᠷᠲᠠᠶ ᠦᠷ᠎ᠡ ᠪᠦᠲᠦᠮᠵᠢ ᠣᠯᠵᠤ᠂ ᠶᠢᠩ ᠰᠾᠢ ᠲᠧ ᠬᠤᠪᠣᠷ ᠰᠢᠷᠣᠶ ᠵᠢᠴᠢ ᠲᠠᠯᠠᠰᠲᠤ ᠴᠠᠬᠢᠭᠤᠷ ᠤᠨ 12 ᠠᠵᠤ ᠠᠬᠤᠶᠢᠯᠠᠯ ᠢ ᠪᠠᠶᠢᠴᠠᠭᠠᠨ ᠰᠤᠳᠤᠯᠵᠤ ᠰᠤᠷᠪᠤᠯᠵᠢᠯᠠᠵᠤ᠂ ᠬᠠᠨᠳᠤᠯᠭᠠᠲᠤ ᠴᠢᠨᠠᠷᠲᠠᠶ ᠪᠠᠷ ︽ᠨᠢᠭᠡ ᠠᠵᠤ ᠠᠬᠤᠶᠢᠯᠠᠯ ᠳᠤ ᠨᠢᠭᠡ ᠠᠷᠭ᠎ᠠ ᠪᠣᠳᠣᠯᠭ᠎ᠠ ᠬᠡᠷᠡᠭᠵᠢᠭᠦᠯᠬᠦ︾ ᠮᠡᠷᠭᠡᠵᠢᠯ ᠤᠨ ᠦᠢᠯᠡᠴᠢᠯᠡᠭᠡ ᠶᠢ ᠬᠠᠩᠭᠠᠵᠤ᠂ ᠲᠠᠯᠠᠰᠲᠤ ᠴᠠᠬᠢᠭᠤᠷ ᠤᠨ ᠠᠵᠤ ᠦᠢᠯᠡᠰ ᠤᠨ ︽ᠬᠤᠶᠠᠷ ᠵᠢᠷᠤᠭ ᠭᠤᠷᠪᠠᠨ ᠳᠠᠩᠰᠠ︾ ︵ᠠᠵᠤ ᠦᠢᠯᠡᠰ ᠤᠨ ᠬᠡᠯᠬᠢᠶ᠎ᠡ ᠶᠢᠨ ᠪᠥᠬᠦ ᠦᠵᠡᠮᠵᠢ ᠶᠢᠨ ᠵᠢᠷᠤᠭ᠂ ᠶᠠᠰᠤ ᠴᠢᠨᠠᠷ ᠤᠨ ᠵᠢᠷᠤᠭ ᠤᠨ ᠵᠢᠭᠰᠠᠯ ᠪᠠ ᠶᠠᠰᠤ ᠴᠢᠨᠠᠷ ᠤᠨ ᠠᠰᠠᠭᠤᠳᠠᠯ ᠤᠨ ᠨᠠᠷᠢᠨ ᠲᠠᠩᠰᠠ᠂ ᠭᠤᠤᠯᠳᠠᠯᠭ᠎ᠠ ᠲᠠᠢ ᠪᠣᠭᠤᠮᠲᠠ ᠰᠢᠪᠲᠤᠯᠬᠤ ᠲᠥᠷᠥᠯ ᠵᠦᠢᠯ ᠤᠨ ᠨᠠᠷᠢᠨ ᠲᠠᠩᠰᠠ᠂ ᠶᠠᠰᠤ ᠴᠢᠨᠠᠷ ᠤᠨ ᠲᠥᠷᠥ ᠶᠢᠨ ᠪᠣᠳᠣᠯᠭ᠎ᠠ ᠶᠢᠨ ᠪᠠᠭᠠᠵᠢ ᠶᠢᠨ ᠨᠠᠷᠢᠨ ᠲᠠᠩᠰᠠ︶ ᠶᠢ ᠵᠢᠷᠤᠭᠯᠠᠪᠠ᠃ ︽ᠥᠪᠥᠷ ᠮᠣᠩᠭᠤᠯ ᠤᠨ ᠲᠠᠯᠠᠰᠲᠤ ᠴᠠᠬᠢᠭᠤᠷ ᠤᠨ ᠠᠵᠤ ᠦᠢᠯᠡᠰ ᠤᠨ ᠮᠡᠷᠭᠡᠵᠢᠯ ᠤᠨ ᠬᠤᠯᠪᠣᠭ᠎ᠠ︾ ᠶᠢ ᠪᠡᠯᠡᠳᠭᠡᠨ ᠪᠠᠶᠢᠭᠤᠯᠪᠠ᠃ ᠶᠠᠰᠤ ᠴᠢᠨᠠᠷ ᠤᠨ ᠰᠠᠭᠤᠷᠢ ᠪᠡᠯᠡᠳᠬᠡᠮᠵᠢ ᠶᠢᠨ ᠨᠢᠭᠡ ᠥᠷᠲᠡᠭᠡ ᠮᠠᠶ᠋ᠢᠭ ᠤᠨ ᠡᠷᠴᠢᠮᠵᠢᠭᠦᠯᠦᠭᠰᠡᠨ ᠦᠢᠯᠡᠴᠢᠯᠡᠭᠡᠨ ᠤ ᠲᠠᠪᠴᠠᠩ ᠢ ᠪᠠᠶᠢᠭᠤᠯᠵᠤ᠂ ᠣᠳᠣᠬᠠᠨ ᠳᠤ ᠲᠠᠪᠴᠠᠩ ᠤᠨ ᠳᠠᠩᠰᠠᠯᠠᠭᠤᠯᠤᠭᠰᠠᠨ ᠠᠵᠤ ᠠᠬᠤᠶᠢᠯᠠᠯ 3406 ᠳᠤ ᠬᠦᠷᠴᠦ᠂ ᠭᠡᠷ᠎ᠡ ᠲᠣᠭᠲᠠᠭᠰᠠᠨ ᠪᠠᠶᠢᠴᠠᠭᠠᠨ ᠰᠢᠯᠭᠠᠬᠤ ᠪᠠᠶᠢᠭᠤᠯᠤᠮᠵᠢ 38 ᠪᠣᠯᠪᠠ᠃

    ᠳᠥᠷᠪᠡ ᠳᠤ ᠂ ᠶᠠᠰᠤ ᠴᠢᠨᠠᠷ ᠢᠶᠠᠷ ᠬᠤᠲᠠ ᠪᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠶᠢ ᠭᠦᠨᠵᠡᠭᠡᠶ ᠠᠬᠢᠭᠤᠯᠪᠠ᠃ ᠤᠯᠤᠰ ᠤᠨ ᠮᠡᠷᠭᠡᠵᠢᠯ ᠤᠨ ᠪᠠᠷᠢᠮᠵᠢᠶ᠎ᠠ ᠶᠢᠨ ᠰᠢᠨ᠎ᠡ ᠶᠢ ᠡᠭᠦᠳᠬᠦ ᠰᠠᠭᠤᠷᠢᠨ ᠭᠠᠵᠠᠷ ︵ᠬᠤᠪᠣᠷ ᠰᠢᠷᠣᠢ︶ ᠵᠢᠩᠬᠢᠨᠢ ᠪᠠᠷ ᠵᠥᠪᠰᠢᠶᠡᠷᠡᠭᠳᠡᠵᠦ᠂ ᠬᠤᠪᠣᠷ ᠰᠢᠷᠣᠢ ᠶᠢᠨ ᠪᠠᠷᠢᠮᠵᠢᠶᠠᠵᠢᠭᠤᠯᠤᠭᠰᠠᠨ ᠬᠠᠮᠢᠶᠠᠷᠤᠯᠲᠠ ᠶᠢᠨ ᠲᠣᠭᠲᠠᠯᠴᠠᠭ᠎ᠠ ᠪᠠ ᠠᠵᠢᠯᠯᠠᠭᠠᠨ ᠤ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠬᠦ ᠶᠢ ᠪᠦᠲᠦᠮᠵᠢᠲᠡᠢ ᠠᠬᠢᠭᠤᠯᠪᠠ᠃ ᠦᠨᠡᠨᠴᠢ ᠢᠲᠡᠭᠡᠮᠵᠢ ᠶᠢᠨ ᠬᠡᠮᠵᠢᠯᠲᠡ ᠶᠢᠨ ᠬᠠᠮᠢᠶᠠᠷᠤᠯᠲᠠ ᠶᠢᠨ ᠵᠢᠷᠤᠮᠵᠢᠯ ᠪᠠ ᠲᠠᠯᠠᠰᠲᠤ ᠴᠠᠬᠢᠭᠤᠷ ᠤᠨ ᠬᠡᠷᠡᠯ ᠴᠡᠨᠡᠭ ᠤᠨ ᠬᠦᠷᠢᠶ᠎ᠡ ᠴᠠᠷᠠᠭ᠎ᠠ ᠶᠢᠨ 10 ᠭᠠᠷᠤᠶ ᠬᠤᠲᠠ ᠶᠢᠨ ᠱᠠᠲᠤᠨ ᠤ ᠣᠷᠣᠨ ᠨᠤᠲᠤᠭ ᠤᠨ ᠪᠠᠷᠢᠮᠵᠢᠶ᠎ᠠ ᠶᠢᠨ ᠠᠩᠬᠠᠨ ᠤ ᠨᠣᠤᠷᠠᠭ ᠢ ᠬᠢᠨᠠᠨ ᠲᠣᠭᠲᠠᠭᠠᠬᠤ ᠶᠢ ᠪᠡᠶᠡᠯᠡᠭᠦᠯᠵᠦ᠂ ᠵᠠᠯᠭᠠᠮᠵᠢ ᠲᠣᠭᠲᠠᠭᠠᠬᠤ ᠠᠵᠢᠯ ᠢ ᠡᠮᠬᠢ ᠵᠢᠷᠤᠮ ᠲᠠᠢ ᠠᠬᠢᠭᠤᠯᠪᠠ᠃ 8 ᠠᠵᠤ ᠠᠬᠤᠶᠢᠯᠠᠯ ᠢ ᠲᠠᠨᠢᠯᠴᠠᠭᠤᠯᠤᠨ ︽ᠥᠪᠥᠷ ᠮᠣᠩᠭᠤᠯ︾ ᠥᠰᠥᠭ ᠤᠨ ᠲᠡᠮᠲᠡᠭᠲᠦ ᠪᠦᠯᠬᠦᠮ ᠨᠡᠶᠢᠲᠡ ᠶᠢᠨ ᠭᠡᠷᠡᠴᠢᠯᠡᠯ ᠤᠨ ᠪᠠᠷᠢᠮᠵᠢᠶ᠎ᠠ ᠶᠢ ᠲᠥᠷᠥᠯ ᠵᠦᠢᠯ ᠲᠣᠭᠲᠠᠭᠠᠨ ᠰᠤᠳᠤᠯᠤᠨ ᠦᠢᠯᠡᠳᠴᠦ᠂ 6 ᠠᠵᠤ ᠠᠬᠤᠶᠢᠯᠠᠯ ᠢ ᠵᠣᠬᠢᠶᠠᠨ ᠪᠠᠶᠢᠭᠤᠯᠤᠨ ︽ᠥᠪᠥᠷ ᠮᠣᠩᠭᠤᠯ︾ ᠥᠰᠥᠭ ᠤᠨ ᠲᠡᠮᠲᠡᠭᠲᠦ ᠶᠢᠨ ᠭᠡᠷᠡᠴᠢᠯᠡᠯ ᠢ ᠭᠤᠶᠤᠴᠢᠯᠠᠨ ᠮᠡᠳᠡᠭᠦᠯᠪᠡ᠃

    ᠲᠠᠪᠤ ᠳᠤ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠬᠥᠭᠵᠢᠭᠡᠪᠡ᠃ ᠬᠤᠲᠠ ᠶᠢᠨ ᠵᠠᠰᠠᠭ ᠤᠨ ᠣᠷᠳᠣᠨ ᠠᠴᠠ ︽ᠪᠤᠭᠤᠲᠤ ᠬᠤᠲᠠ ᠶᠢᠨ ᠤᠯᠤᠰ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠦᠴᠦᠷᠬᠡᠭ ᠤᠯᠤᠰ ᠤᠨ ᠪᠥᠲᠥᠭᠡᠨ ᠪᠠᠶᠢᠭᠤᠯᠤᠯᠲᠠ ᠶᠢᠨ ᠲᠤᠷᠰᠢᠯᠲᠠ ᠶᠢᠨ ᠴᠡᠭ ᠤᠨ ᠬᠤᠲᠠ ᠶᠢᠨ ᠠᠵᠢᠯ ᠤᠨ ᠲᠥᠰᠦᠯ ︵2024 - 2026︶︾ ᠢ ᠳᠠᠷᠤᠮᠠᠯᠯᠠᠨ ᠲᠠᠷᠬᠠᠭᠠᠬᠤ ᠶᠢ ᠠᠬᠢᠭᠤᠯᠵᠤ᠂ ᠤᠯᠤᠰ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠳᠠᠪᠠᠭᠤᠯᠢᠭ ᠵᠢᠱᠢᠶ᠎ᠡ ᠦᠵᠡᠭᠦᠯᠬᠦ ᠠᠵᠤ ᠠᠬᠤᠶᠢᠯᠠᠯ᠂ ᠳᠤᠮᠳᠠᠳᠤ ᠤᠯᠤᠰ ᠤᠨ ᠲᠤᠰᠬᠠᠶ ᠠᠰᠢᠭ ᠤᠨ ᠱᠠᠩᠨᠠᠯ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠳᠠᠨᠵᠢᠯᠠᠭ᠎ᠠ ᠲᠠᠢ ᠪᠠᠯᠠ ᠲᠣᠬᠢᠷᠠᠭᠤᠯᠭ᠎ᠠ ᠶᠢᠨ ᠳᠠᠮ ᠬᠦᠦ ᠵᠡᠷᠭᠡ ᠱᠠᠩᠨᠠᠯ ᠨᠥᠬᠦᠪᠥᠷᠢ ᠶᠢᠨ ᠪᠠᠯᠠ ᠮᠥᠩᠭᠦ ᠶᠢ 954 ᠲᠦᠮᠡᠨ ᠲᠥᠭᠦᠷᠢᠭ ᠨᠠᠶᠢᠳᠠᠪᠤᠷᠢᠵᠢᠭᠤᠯᠬᠤ ᠶᠢ ᠳᠡᠪᠰᠢᠭᠦᠯᠪᠡ᠃ ᠮᠡᠳᠡᠯᠭᠡ ᠶᠢᠨ ᠥᠮᠴᠢᠯᠡᠯ ᠤᠨ ᠡᠷᠬᠡ ᠶᠢᠨ ᠡᠭᠦᠳᠦᠨ ᠪᠦᠲᠦᠭᠡᠬᠦ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠣᠳᠣᠬᠠᠨ ᠳᠤ ᠪᠣᠯᠲᠠᠯ᠎ᠠ᠂ ᠪᠥᠬᠦ ᠬᠤᠲᠠ ᠶᠢᠨ ᠲᠤᠰᠬᠠᠶ ᠠᠰᠢᠭ ᠤᠨ ᠡᠷᠬᠡ ᠣᠯᠭᠤᠭᠰᠠᠨ ᠶᠡᠷᠦᠩᠬᠡᠶ ᠬᠡᠮᠵᠢᠶ᠎ᠡ 32356 ᠬᠤᠪᠢ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 14.6% ᠪᠠᠷ ᠨᠡᠮᠡᠭᠳᠡᠪᠡ᠃ ᠡᠭᠦᠨ ᠳᠤ ᠡᠭᠦᠳᠦᠯᠲᠡ ᠶᠢᠨ ᠲᠤᠰᠬᠠᠶ ᠠᠰᠢᠭ 4304 ᠬᠤᠪᠢ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 21% ᠪᠠᠷ ᠨᠡᠮᠡᠭᠳᠡᠪᠡ᠃ ᠬᠦᠴᠦᠨ ᠪᠥᠬᠦᠶ ᠲᠠᠸᠠᠷ ᠤᠨ ᠲᠡᠮᠲᠡᠭᠲᠦ ᠶᠢᠨ ᠳᠠᠩᠰᠠᠯᠠᠭᠤᠯᠤᠭᠰᠠᠨ ᠬᠡᠮᠵᠢᠶ᠎ᠡ 41248 ᠬᠤᠪᠢ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 8.1 % ᠪᠠᠷ ᠨᠡᠮᠡᠭᠳᠡᠪᠡ᠃ ᠪᠥᠬᠦ ᠬᠤᠲᠠ ᠶᠢᠨ 8 ᠶᠡᠭᠡ ᠳᠡᠭᠡᠳᠦ ᠰᠤᠷᠭᠠᠭᠤᠯᠢ ᠶᠢᠨ 2 ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠤᠨ 2190 ᠲᠤᠰᠬᠠᠢ ᠠᠰᠢᠭ ᠢ ᠪᠦᠬᠦᠨ ᠢ ᠲᠣᠭᠠᠯᠠᠨ ᠪᠦᠷᠢᠳᠬᠡᠵᠦ᠂ ᠬᠦᠴᠦᠨ ᠪᠦᠬᠦᠢ ᠲᠤᠰᠬᠠᠢ ᠠᠰᠢᠭ ᠤᠨ ᠲᠤᠭᠠᠯᠠᠨ ᠪᠦᠷᠢᠳᠬᠡᠭᠦᠯᠬᠦ ᠶᠢ ᠪᠡᠶᠡᠯᠡᠭᠦᠯᠪᠡ᠃

    ᠵᠢᠷᠭᠤᠭ᠎ᠠ ᠳᠤ᠂ ᠡᠷᠬᠡ ᠲᠡᠭᠰᠢ ᠪᠠᠷ ᠥᠷᠢᠰᠦᠯᠳᠦᠬᠦ ᠵᠠᠬ᠎ᠠ ᠳᠡᠯᠭᠡᠭᠦᠷ ᠤᠨ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠪᠡ᠃ ᠡᠷᠬᠡ ᠲᠡᠭᠰᠢ ᠪᠠᠷ ᠦᠷᠢᠰᠦᠯᠳᠦᠬᠦ ᠶᠢ ᠬᠢᠨᠠᠨ ᠪᠠᠶᠢᠴᠠᠭᠠᠬᠤ ᠲᠣᠭᠲᠠᠴᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠡᠨᠡ ᠵᠢᠯ ᠪᠦᠬᠦ ᠬᠤᠲᠠ ᠳᠤ ᠨᠡᠮᠡᠭᠳᠡᠯ ᠪᠢᠴᠢᠭ ᠮᠠᠲ᠋ᠧᠷᠢᠶᠠᠯ ᠢ ᠨᠡᠶᠢᠲᠡ 1167 ᠬᠤᠪᠢ ᠬᠢᠨᠠᠨ ᠪᠠᠶᠢᠴᠠᠭᠠᠵᠤ᠂ ᠪᠦᠬᠦ ᠬᠤᠲᠠ ᠶᠢᠨ ᠡᠯ᠎ᠡ ᠱᠠᠲᠤᠨ ᠤ ᠡᠷᠬᠡ ᠲᠡᠭᠰᠢ ᠪᠠᠷ ᠦᠷᠢᠰᠦᠯᠳᠦᠬᠦ ᠶᠢ ᠬᠢᠨᠠᠨ ᠪᠠᠶᠢᠴᠠᠭᠠᠬᠤ ᠬᠠᠮᠲᠤᠷᠠᠭᠰᠠᠨ ᠬᠤᠷᠠᠯ ᠠᠴᠠ ᠨᠡᠶᠢᠲᠡ 383 ᠬᠤᠪᠢ ᠦᠯᠡᠳᠡᠭᠡᠯ ᠪᠢᠴᠢᠭ ᠮᠠᠲ᠋ᠧᠷᠢᠶᠠᠯ ᠢ ᠰᠤᠭᠤᠴᠢᠨ ᠪᠠᠶᠢᠴᠠᠭᠠᠵᠤ᠂ ᠠᠰᠠᠭᠤᠳᠠᠯ ᠢ ᠪᠢᠴᠢᠭ ᠮᠠᠲ᠋ᠧᠷᠢᠶᠠᠯ ᠲᠣᠭᠲᠠᠭᠠᠭᠰᠠᠨ ᠰᠠᠯᠠᠭ᠎ᠠ ᠮᠥᠴᠢᠷ ᠲᠤ ᠬᠢᠨᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠵᠠᠬᠢᠳᠠᠯ 8 ᠬᠤᠪᠢ ᠵᠣᠬᠢᠶᠠᠨ ᠲᠠᠷᠬᠠᠭᠠᠪᠠ᠃ ᠨᠢᠭᠡᠳᠦᠯᠲᠡᠶ ᠵᠠᠬ᠎ᠠ ᠳᠡᠯᠭᠡᠭᠦᠷ ᠪᠠ ᠭᠤᠤᠯᠴᠢ ᠥᠷᠢᠰᠥᠯᠳᠦᠭᠡᠨ ᠢ ᠬᠠᠷᠰᠢᠯᠠᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠢᠯᠭᠠᠷᠠᠭᠤᠯᠤᠨ ᠳᠢᠭᠯᠡᠬᠦ ᠵᠡᠷᠭᠡ ᠲᠤᠰᠬᠠᠶ ᠵᠦᠢᠯ ᠤᠨ ᠢᠯᠭᠠᠷᠠᠭᠤᠯᠤᠨ ᠳᠢᠭᠯᠡᠬᠦ ᠠᠵᠢᠯᠯᠠᠭ᠎ᠠ ᠶᠢ ᠥᠷᠨᠢᠭᠦᠯᠵᠦ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠡᠶᠢᠲᠡ 26343 ᠬᠤᠪᠢ ᠡᠮᠬᠢᠯᠡᠵᠦ᠂ ᠵᠠᠬ᠎ᠠ ᠳᠡᠯᠭᠡᠭᠦᠷ ᠤᠨ ᠭᠤᠤᠯ ᠴᠣᠭᠴᠠ ᠳᠤ ᠬᠤᠯᠪᠣᠭᠳᠠᠭᠰᠠᠨ ᠦᠯᠡᠳᠡᠭᠡᠯ ᠪᠢᠴᠢᠭ ᠮᠠᠲ᠋ᠧᠷᠢᠶᠠᠯ ᠢ 663 ᠬᠤᠪᠢ ᠭᠤᠤᠯᠳᠠᠯᠭ᠎ᠠ ᠲᠠᠢ ᠰᠢᠭᠰᠢᠨ ᠪᠠᠶᠢᠴᠠᠭᠠᠵᠤ᠂ ᠭᠤᠤᠯᠴᠢ ᠥᠷᠢᠰᠥᠯᠳᠦᠭᠡᠨ ᠤ ᠬᠢᠨᠠᠨ ᠪᠠᠶᠢᠴᠠᠭᠠᠬᠤ ᠪᠠᠷᠢᠮᠵᠢᠶ᠎ᠠ ᠶᠢ ᠵᠥᠷᠢᠴᠡᠭᠰᠡᠨ ᠢᠶᠠᠷ ᠰᠡᠵᠢᠭᠯᠡᠭᠳᠡᠭᠰᠡᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠢᠯᠡᠷᠡᠭᠦᠯᠦᠭᠰᠡᠨ ᠪᠥᠭᠡᠳ ᠴᠡᠭᠴᠡᠯᠡᠨ ᠰᠠᠶᠢᠵᠢᠷᠠᠭᠤᠯᠪᠠ᠃ ᠡᠷᠬᠡ ᠲᠡᠭᠰᠢ ᠪᠠᠷ ᠥᠷᠢᠰᠥᠯᠳᠦᠬᠦ ᠶᠢ ᠬᠢᠨᠠᠨ ᠪᠠᠶᠢᠴᠠᠭᠠᠬᠤ ᠭᠤᠷᠪᠠᠳᠠᠬᠢ ᠡᠲᠡᠭᠡᠳ ᠤᠨ ᠦᠨᠡᠯᠡᠨ ᠵᠢᠱᠢᠬᠦ ᠪᠠ ᠰᠢᠮᠳᠠᠭᠤᠯᠤᠨ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠨᠡᠶᠢᠲᠡ 63056 ᠭᠠᠷᠤᠶ ᠵᠤᠷᠪᠤᠰ ᠪᠢᠴᠢᠭ ᠮᠠᠲ᠋ᠧᠷᠢᠶᠠᠯ ᠤᠨ ᠭᠠᠷᠴᠠᠭ ᠢ ᠬᠢᠨᠠᠨ ᠪᠠᠶᠢᠴᠠᠭᠠᠵᠤ᠂ 1000 ᠭᠠᠷᠤᠶ ᠬᠤᠪᠢ ᠪᠢᠴᠢᠭ ᠮᠠᠲ᠋ᠧᠷᠢᠶᠠᠯ᠂ ᠬᠤᠷᠠᠯ ᠤᠨ ᠲᠣᠪᠴᠢ ᠶᠢ 718 ᠬᠤᠪᠢ ᠰᠤᠭᠤᠴᠢᠨ ᠪᠠᠶᠢᠴᠠᠭᠠᠵᠤ᠂ ᠡᠷᠬᠡ ᠲᠡᠭᠰᠢ ᠪᠠᠷ ᠥᠷᠢᠰᠥᠯᠳᠦᠬᠦ ᠶᠢ ᠬᠢᠨᠠᠨ ᠪᠠᠶᠢᠴᠠᠭᠠᠬᠤ ᠪᠠᠷᠢᠮᠵᠢᠶ᠎ᠠ ᠠᠴᠠ ᠵᠦᠷᠢᠴᠡᠭᠰᠡᠨ11 ᠬᠤᠪᠢ ᠪᠢᠴᠢᠭ ᠮᠠᠲ᠋ᠧᠷᠢᠶᠠᠯ ᠢ ᠢᠯᠡᠷᠡᠭᠦᠯᠵᠦ ᠴᠥᠮ ᠬᠠᠷᠭᠤᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠪᠠ᠃ ᠥᠷᠢᠰᠦᠯᠳᠦᠭᠡᠨ ᠢ ᠠᠷᠢᠯᠭᠠᠬᠤ ᠪᠠ ᠬᠢᠵᠠᠭᠠᠷᠯᠠᠬᠤ ᠠᠭᠤᠯᠭ᠎ᠠ ᠪᠦᠬᠦᠢ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠭᠰᠠᠨ 4 ᠨᠢᠭᠡᠴᠢ ᠲᠠᠢ ᠪᠣᠯᠵᠣᠨ ᠶᠠᠷᠢᠯᠴᠠᠵᠤ᠂ ᠡᠷᠬᠡ ᠲᠡᠭᠰᠢ ᠪᠠᠷ ᠥᠷᠢᠰᠥᠯᠳᠦᠬᠦ ᠶᠢ ᠬᠢᠨᠠᠨ ᠪᠠᠶᠢᠴᠠᠭᠠᠬᠤ ᠳᠦᠷᠢᠮ ᠤᠨ ᠬᠠᠲᠠᠭᠤ ᠬᠢᠵᠠᠭᠠᠷᠯᠠᠯ ᠢ ᠴᠢᠩᠭᠠᠷᠠᠭᠤᠯᠪᠠ᠃

 

ᠢᠷᠡᠯᠲᠡ᠄ ᠪᠤᠭᠤᠲᠤ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ