ᠪᠠᠶᠠᠨᠨᠠᠭᠤᠷ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ 7 ᠵᠦᠢᠯ ᠤᠨ ᠣᠷᠣᠨ ᠨᠤᠲᠤᠭ ᠤᠨ ᠪᠠᠷᠢᠮᠵᠢᠶ᠎ᠠ ᠶᠢ ᠨᠡᠶᠢᠲᠡᠯᠡᠵᠦ ᠠᠵᠤ ᠦᠢᠯᠡᠰ ᠤᠨ ᠬᠥᠭᠵᠢᠯᠲᠡ ᠳᠤ ᠢᠳᠡᠪᠬᠢᠲᠡᠶ ᠦᠢᠯᠡᠴᠢᠯᠡᠪᠡ
ᠨᠡᠶᠢᠲᠡᠯᠡᠭᠰᠡᠨ ᠴᠠᠭ᠄
2024/8/7

    7 ᠳ᠋ᠤᠭᠠᠷ ᠰᠠᠷ᠎ᠠ ᠶᠢᠨ 31 ᠤ ᠡᠳᠦᠷ᠂ ᠪᠠᠶᠠᠨᠨᠠᠭᠤᠷ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︽ᠡᠯ ᠯᠠᠩ ᠱᠠᠨ ᠤ ᠴᠠᠭᠠᠨ ᠨᠣᠣᠯᠤᠭᠤᠷᠲᠤ ᠢᠮᠠᠭᠠᠨ ᠤ ᠰᠠᠶᠢᠨ ᠡᠭᠦᠯᠳᠡᠷ ᠢ ᠦᠷᠡᠵᠢᠭᠦᠯᠦᠨ ᠪᠣᠶᠢᠵᠢᠭᠤᠯᠬᠤ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢᠨ ᠮᠡᠷᠭᠡᠵᠢᠯ ᠤᠨ ᠵᠢᠷᠤᠮᠵᠢᠯ︾ ︽ᠬᠠᠪᠤᠷ ᠤᠨ ᠡᠷᠳᠡᠨᠢ ᠰᠢᠰᠢ ᠲᠠᠷᠢᠬᠤ ᠪᠠ ᠴᠢᠬᠢ ᠶᠢᠨ ᠬᠤᠭᠤᠴᠠᠭᠠᠨ ᠤ ᠣᠶᠣᠨᠴᠢᠯᠠᠭᠰᠠᠨ ᠬᠠᠮᠢᠶᠠᠷᠤᠯᠲᠠ ᠶᠢᠨ ᠮᠡᠷᠭᠡᠵᠢᠯ ᠤᠨ ᠳᠦᠷᠢᠮ︾ ᠵᠡᠷᠭᠡ 7 ᠵᠦᠢᠯ ᠤᠨ ᠬᠤᠲᠠ ᠶᠢᠨ ᠲᠤᠰ ᠱᠠᠲᠤᠨ ᠤ ᠣᠷᠣᠨ ᠨᠤᠲᠤᠭ ᠤᠨ ᠪᠠᠷᠢᠮᠵᠢᠶ᠎ᠠ ᠶᠢ ᠲᠥᠪᠯᠡᠷᠡᠭᠦᠯᠦᠨ ᠨᠡᠶᠢᠲᠡᠯᠡᠪᠡ᠃ ᠡᠨᠡ ᠵᠢᠯ ᠠᠴᠠ ᠨᠠᠭᠠᠰᠢ᠂ ᠪᠠᠶᠠᠨᠨᠠᠭᠤᠷ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠣᠷᠣᠨ ᠨᠤᠲᠤᠭ ᠤᠨ ᠪᠠᠷᠢᠮᠵᠢᠶ᠎ᠠ ᠶᠢ ᠰᠤᠳᠤᠯᠤᠨ ᠦᠢᠯᠡᠳᠬᠦ ᠶᠢ ᠢᠳᠡᠪᠬᠢᠲᠡᠢ ᠵᠢᠯᠣᠭᠤᠳᠴᠤ᠂ ᠪᠦᠬᠦ ᠬᠤᠲᠠ ᠶᠢᠨ ︽ᠰᠠᠨ ᠶᠠᠩ ︾ ᠠᠵᠤ ᠦᠢᠯᠡᠰ ᠤᠨ ᠬᠥᠭᠵᠢᠯᠲᠡ ᠳᠤ ᠦᠢᠯᠡᠴᠢᠯᠡᠬᠦ᠂ ᠣᠶᠤᠨᠴᠢ ᠲᠠᠷᠢᠶᠠᠯᠠᠩ ᠤᠨ ᠬᠠᠮᠢᠶᠠᠷᠤᠯᠲᠠ ᠶᠢᠨ ᠬᠡᠪ ᠵᠠᠭᠪᠤᠷ ᠪᠣᠯᠤᠨ ᠲᠡᠷᠢᠭᠦᠨ ᠤ ᠮᠡᠷᠭᠡᠵᠢᠯ ᠢ ᠰᠢᠯᠢᠳᠡᠭᠵᠢᠭᠦᠯᠬᠦ᠂ ᠣᠷᠣᠨ ᠨᠤᠲᠤᠭ ᠤᠨ ᠪᠠᠷᠢᠮᠵᠢᠶᠠᠨ ᠤ ᠰᠢᠰᠲ᠋ᠧᠮ ᠢ ᠲᠡᠭᠦᠯᠳᠡᠷᠵᠢᠭᠦᠯᠬᠦ ᠳᠤ ᠢᠳᠡᠪᠬᠢᠲᠡᠢ ᠦᠢᠯᠡᠳᠦᠯ ᠦᠵᠡᠭᠦᠯᠪᠡ ᠃

    ︽ ᠡᠯ ᠯᠠᠩ ᠱᠠᠨ ᠤ ᠴᠠᠭᠠᠨ ᠨᠣᠣᠯᠤᠭᠤᠷᠲᠤ ᠢᠮᠠᠭᠠᠨ ᠤ ᠰᠠᠶᠢᠨ ᠡᠭᠦᠯᠳᠡᠷ ᠢ ᠦᠷᠡᠵᠢᠭᠦᠯᠦᠨ ᠪᠤᠶᠢᠵᠢᠭᠤᠯᠬᠤ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢᠨ ᠮᠡᠷᠭᠡᠵᠢᠯ ᠤᠨ ᠵᠢᠷᠤᠮᠵᠢᠯ︾ ᠵᠡᠷᠭᠡ 5 ᠵᠦᠢᠯ ᠤᠨ ᠣᠷᠣᠨ ᠨᠤᠲᠤᠭ ᠤᠨ ᠪᠠᠷᠢᠮᠵᠢᠶ᠎ᠠ ᠶᠢ ᠨᠡᠶᠢᠲᠡᠯᠡᠵᠦ᠂ ᠡᠯ ᠯᠠᠩ ᠱᠠᠨ ᠤ ᠴᠠᠭᠠᠨ ᠨᠣᠣᠯᠤᠭᠤᠷᠲᠤ ᠢᠮᠠᠭ᠎ᠠ ᠶᠢ ᠦᠷᠡᠵᠢᠭᠦᠯᠦᠨ ᠪᠤᠶᠢᠵᠢᠭᠤᠯᠬᠤ ᠵᠢᠴᠢ ᠠᠷᠠᠴᠢᠯᠠᠨ ᠲᠡᠵᠢᠭᠡᠬᠦ ᠡᠯ᠎ᠡ ᠭᠤᠭᠴᠤᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠰᠢᠨᠵᠢᠯᠡᠬᠦ ᠤᠬᠠᠭᠠᠨᠴᠢ ᠰᠢᠰᠲ᠋ᠧᠮ ᠲᠠᠢ ᠪᠦᠷᠢᠨ ᠪᠦᠲᠦᠨ ᠲᠠᠩᠰᠠ ᠡᠪᠬᠡᠮᠡᠯ ᠤᠨ ᠬᠠᠮᠢᠶᠠᠷᠤᠯᠲᠠ ᠶᠢᠨ ᠲᠣᠭᠲᠠᠯᠴᠠᠭ᠎ᠠ ᠶᠢ ᠪᠠᠶᠢᠭᠤᠯᠵᠤ᠂ ᠢᠮᠠᠭᠠᠨ ᠨᠣᠣᠯᠣᠭᠤᠷ ᠤᠨ ᠠᠵᠤ ᠦᠢᠯᠡᠰ ᠤᠨ ᠪᠠᠷᠢᠮᠵᠢᠶᠠᠵᠢᠭᠤᠯᠤᠯᠲᠠ᠂ ᠬᠡᠪᠴᠢᠶᠡᠵᠢᠯᠲᠡ᠂ ᠣᠳᠣᠬᠢᠴᠢᠯᠠᠯᠲᠠ ᠶᠢᠨ ᠬᠥᠭᠵᠢᠯᠲᠡ ᠶᠢ ᠲᠦᠷᠭᠡᠳᠬᠡᠨ ᠠᠬᠢᠭᠤᠯᠵᠤ᠂ ᠢᠮᠠᠭᠠᠨ ᠨᠣᠣᠯᠣᠭᠤᠷ  ᠤᠨ ᠪᠦᠲᠦᠭᠡᠭᠳᠡᠬᠦᠨ ᠤ ᠶᠠᠰᠤ ᠴᠢᠨᠠᠷ ᠪᠠ ᠡᠬᠢ ᠪᠠᠶᠠᠯᠢᠭ ᠤᠨ ᠠᠰᠢᠭᠯᠠᠯᠲᠠ ᠶᠢᠨ ᠨᠣᠷᠮ᠎ᠠ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠪᠠᠶᠠᠨᠨᠠᠭᠤᠷ ᠬᠤᠲᠠ ᠶᠢᠨ ᠢᠮᠠᠭᠠᠨ ᠨᠣᠣᠯᠣᠭᠤᠷ ᠤᠨ ᠨᠠᠷᠠᠲᠤ ᠲᠡᠮᠳᠡᠭᠲᠦ ᠶᠢ ᠪᠣᠶ ᠪᠣᠯᠭᠠᠬᠤ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃ ︽ᠬᠠᠪᠤᠷ ᠤᠨ ᠡᠷᠳᠡᠨᠢ ᠰᠢᠰᠢ ᠲᠠᠷᠢᠬᠤ ᠪᠠ ᠴᠢᠬᠢ ᠶᠢᠨ ᠬᠤᠭᠤᠴᠠᠭᠠᠨ ᠤ ᠤᠶᠤᠨᠴᠢᠯᠠᠭᠰᠠᠨ ᠬᠠᠮᠢᠶᠠᠷᠤᠯᠲᠠ ᠶᠢᠨ ᠮᠡᠷᠭᠡᠵᠢᠯ ᠤᠨ ᠲᠦᠷᠢᠮ︾ ᠵᠡᠷᠭᠡ 2 ᠵᠦᠢᠯ ᠤᠨ ᠣᠷᠣᠨ ᠨᠤᠲᠤᠭ ᠤᠨ ᠪᠠᠷᠢᠮᠵᠢᠶ᠎ᠠ ᠪᠠᠷ ᠬᠥᠷᠥᠰᠥ ᠰᠢᠷᠣᠢ᠂ ᠠᠭᠤᠷ ᠠᠮᠢᠰᠬᠤᠯ᠂ ᠡᠷᠳᠡᠨᠢ ᠰᠢᠰᠢ ᠶᠢᠨ ᠡᠭᠦᠯᠳᠡᠷ ᠲᠦᠷᠦᠯ ᠵᠦᠢᠯ ᠵᠢᠴᠢ ᠦᠢᠯᠡᠳᠪᠦᠷᠢᠯᠡᠭᠴᠢ ᠶᠢᠨ ᠬᠠᠷᠠᠯᠲᠠ ᠶᠢᠨ ᠬᠡᠷᠡᠭᠴᠡᠭᠡ ᠶᠢ ᠨᠢᠭᠡᠳᠦᠯᠲᠡᠢ ᠲᠥᠯᠥᠪᠵᠢᠭᠦᠯᠦᠨ ᠪᠣᠳᠣᠯᠬᠢᠯᠠᠵᠤ᠂ ᠤᠰᠤ ᠪᠤᠷᠳᠤᠭᠤᠷ ᠬᠡᠷᠡᠭᠯᠡᠬᠦ ᠲᠥᠰᠦᠯ ᠢ ᠰᠢᠯᠢᠳᠡᠭᠵᠢᠭᠦᠯᠦᠨ᠂ ᠤᠰᠤᠯᠠᠯᠲᠠ ᠶᠢᠨ ᠤᠰᠤ ᠬᠢᠭᠡᠳ ᠪᠤᠷᠳᠤᠭᠤᠷ ᠤᠨ ᠠᠰᠢᠭᠯᠠᠯᠲᠠ ᠶᠢᠨ ᠦᠷ᠎ᠡ ᠪᠦᠲᠦᠮᠵᠢ ᠶᠢ ᠪᠦᠲᠦᠮᠵᠢᠲᠡᠢ ᠳᠡᠭᠡᠭᠰᠢᠯᠡᠭᠦᠯᠵᠦ᠂ ᠤᠰᠤᠨ ᠤ ᠡᠬᠢ ᠪᠠᠶᠠᠯᠢᠭ ᠳᠤᠲᠠᠭᠳᠠᠵᠤ ᠪᠠᠶᠢᠭ᠎ᠠ ᠠᠰᠠᠭᠤᠳᠠᠯ ᠢ ᠨᠠᠮᠳᠠᠭᠤᠯᠬᠤ ᠶᠢᠨ ᠬᠠᠮᠲᠤ᠂ ᠤᠯᠠᠨ ᠡᠬᠢᠳᠤ ᠪᠣᠬᠢᠷᠲᠤᠯ ᠪᠣᠯᠤᠨ ᠬᠥᠮᠦᠨ ᠤ ᠬᠦᠴᠦᠨ ᠤ ᠥᠪᠡᠷ ᠤᠨ ᠦᠷᠳᠡᠭ ᠢ ᠪᠠᠭᠤᠷᠠᠭᠤᠯᠵᠤ᠂ ᠲᠤᠰ ᠭᠠᠵᠠᠷ ᠣᠷᠣᠨ ᠤ ᠡᠷᠳᠡᠨᠢ ᠰᠢᠰᠢ ᠶᠢᠨ ᠦᠢᠯᠡᠳᠪᠦᠷᠢᠯᠡᠯ ᠤᠨ ᠤᠰᠤ ᠠᠷᠪᠢᠯᠠᠬᠤ᠂ ᠪᠤᠷᠳᠤᠭᠤᠷ ᠠᠷᠪᠢᠯᠠᠬᠤ ᠳᠠᠯᠳᠠ ᠬᠦᠴᠦᠨ ᠢ ᠠᠭᠤᠳᠠᠯᠵᠤ᠂ ᠡᠷᠳᠡᠨᠢ ᠰᠢᠰᠢ ᠶᠢᠨ ᠥᠨᠳᠥᠷ ᠪᠦᠲᠦᠮᠵᠢᠲᠡᠢ ᠦᠢᠯᠡᠳᠪᠦᠷᠢᠯᠡᠯ ᠪᠣᠯᠤᠨ ᠲᠠᠷᠢᠶᠠᠴᠢᠨ ᠡᠷᠦᠬᠡ ᠶᠢᠨ ᠠᠰᠢᠭ ᠣᠷᠣᠯᠭ᠎ᠠ ᠶᠢ ᠪᠠᠲᠤᠯᠠᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃

 

ᠢᠷᠡᠯᠲᠡ᠄ ᠪᠠᠶᠠᠨᠨᠠᠭᠤᠷ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ