ᠬᠥᠳᠡᠭᠡ ᠲᠣᠰᠬᠤᠨ ᠤ ᠬᠠᠮᠲᠤ ᠶᠢᠨ ᠬᠤᠭᠤᠯᠠᠯᠠᠭ᠎ᠠ ᠨᠢ ᠨᠤᠲᠤᠭ ᠤᠰᠤᠨ ᠤ ᠬᠠᠶᠢᠷ᠎ᠠ ᠰᠡᠳᠬᠢᠯᠭᠡ ᠪᠠᠨ ᠳᠠᠮᠵᠢᠭᠤᠯᠬᠤ ᠂ ᠬᠥᠷᠰᠢ ᠵᠡᠷᠭᠡᠯᠡᠳᠡᠭᠡ ᠶᠢᠨ ᠬᠤᠭᠤᠷᠣᠨᠳᠣᠬᠢ ᠶᠠᠪᠤᠯᠴᠠᠭ᠎ᠠ ᠬᠠᠷᠢᠯᠴᠠᠭ᠎ᠠ ᠪᠠᠨ ᠰᠠᠶᠢᠵᠢᠷᠠᠭᠤᠯᠬᠤ ᠴᠢᠬᠤᠯᠠ ᠠᠵᠢᠯᠯᠠᠭ᠎ᠠ ᠪᠣᠯᠤᠭᠰᠠᠨ ᠤ ᠬᠤᠪᠢ ᠳᠤ᠂ ᠦᠷᠭᠦᠯᠵᠢ ᠪᠠᠶᠠᠷ ᠪᠠᠭ᠋ᠠᠳᠤᠯᠲᠤ ᠦᠭᠡ ᠶᠠᠷᠢᠶ᠎ᠠ ᠪᠠ ᠬᠠᠯᠠᠭᠤᠨ ᠳᠤᠯᠠᠭᠠᠨ ᠠᠭᠤᠷ ᠠᠮᠢᠰᠬᠤᠯ ᠢᠶᠠᠷ ᠪᠢᠯᠬᠠᠳᠠᠭ᠃ ᠶᠠᠭ ᠡᠶᠢᠮᠦᠷᠬᠦᠦ ᠥᠨᠳᠥᠷ ᠬᠠᠯᠠᠭᠤᠨ ᠤ ᠤᠯᠠᠷᠢᠯ ᠬᠦᠷᠴᠦ ᠢᠷᠡᠬᠦ ᠪᠠᠷ ᠪᠠᠺᠲ᠋ᠧᠷᠢ ᠶᠢᠨ ᠥᠰᠦᠯᠲᠡ ᠮᠠᠰᠢ ᠲᠦᠷᠭᠡᠰᠴᠦ᠂ ᠢᠳᠡᠭᠡᠨ ᠠᠮᠠᠷᠬᠠᠨ ᠢᠯᠵᠠᠷᠠᠵᠤ ᠴᠢᠨᠠᠷ ᠨᠢ ᠬᠤᠪᠢᠷᠠᠬᠤ ᠠᠴᠠ ᠢᠳᠡᠭᠡᠨ ᠤ ᠬᠤᠣᠷᠳᠠᠯᠭ᠎ᠠ ᠪᠠ ᠢᠳᠡᠭᠡᠨ ᠤ ᠢᠷᠡᠯᠲᠡ ᠶᠢᠨ ᠴᠢᠨᠠᠷᠲᠠᠢ ᠡᠪᠡᠳᠴᠢᠨ ᠡᠭᠦᠰᠬᠦ ᠬᠤᠭᠤᠴᠠᠭ᠎ᠠ ᠪᠣᠯᠳᠠᠭ᠃ ᠡᠭᠦᠨ ᠳᠤ ᠬᠠᠨᠲᠤᠭᠤᠯᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠳᠣᠲᠣᠨᠣ ᠰᠠᠨᠠᠭᠤᠯᠤᠮᠵᠢ ᠬᠦᠷᠭᠡᠵᠦ ᠪᠠᠶᠢᠨ᠎ᠠ᠄
1.ᠢᠳᠡᠭᠡᠨ ᠤ ᠲᠦᠭᠦᠬᠡᠶ ᠮᠠᠲ᠋ᠧᠷᠢᠶᠠᠯ ᠬᠤᠳᠠᠯᠳᠤᠨ ᠠᠪᠬᠤ ᠳᠤ ᠪᠠᠨ ᠪᠠᠷᠠᠭ᠎ᠠ ᠣᠷᠣᠭᠤᠯᠬᠤ ᠪᠠᠶᠢᠴᠠᠭᠠᠨ ᠰᠢᠯᠭᠠᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠭᠡᠷᠡᠴᠢ ᠪᠠᠷᠢᠮᠲᠠ ᠠᠪᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠬᠢᠷᠢ ᠴᠢᠳᠠᠮᠵᠢ ᠨᠢ ᠪᠦᠷᠢᠨ ᠭᠦᠢᠴᠡᠳ ᠵᠢᠩᠬᠢᠨᠢ ᠬᠠᠩᠭᠠᠯᠭ᠎ᠠ ᠶᠢᠨ ᠬᠤᠳᠠᠯᠳᠤᠭᠠᠴᠢᠨ ᠢ ᠰᠣᠩᠭᠤᠵᠤ᠂ ᠰᠢᠨ᠎ᠡ ᠰᠣᠷᠭᠤᠭ᠂ ᠠᠮᠤᠷ ᠲᠦᠪᠰᠢᠨ᠂ ᠪᠣᠬᠢᠷᠲᠤᠯ ᠦᠭᠡᠶ ᠢᠳᠡᠭᠡᠨ ᠤ ᠮᠠᠲ᠋ᠧᠷᠢᠶᠠᠯ ᠢ ᠰᠣᠩᠭᠤᠨ ᠬᠤᠳᠠᠯᠳᠤᠨ ᠠᠪᠴᠤ᠂ ᠲᠦᠭᠦᠬᠡᠶ ᠮᠠᠲ᠋ᠧᠷᠢᠶᠠᠯ ᠤᠨ ᠢᠷᠡᠯᠲᠡ ᠶᠢᠨ ᠨᠠᠶᠢᠳᠠᠪᠤᠷᠢᠲᠠᠶ ᠪᠠᠶᠢᠬᠤ ᠶᠢ ᠦᠨᠡᠨ ᠬᠦ ᠪᠠᠲᠤᠯᠠᠨ᠎ᠠ︔ ᠠᠵᠤ ᠦᠢᠯᠡᠳᠪᠦᠷᠢ ᠶᠢᠨ ᠳᠠᠪᠤᠰᠤ ᠪᠤᠶᠤ ᠳᠤᠲᠠᠭᠤ ᠠᠽᠣᠲ ᠬᠦᠴᠢᠯ ᠤᠨ ᠳᠠᠪᠤᠰᠤ ᠬᠤᠳᠠᠯᠳᠤᠨ ᠠᠪᠬᠤ᠂ ᠬᠠᠳᠠᠭᠠᠯᠠᠬᠤ᠂ ᠬᠡᠷᠡᠭᠯᠡᠬᠦ ᠶᠢ ᠴᠢᠩᠭ᠎ᠠ ᠬᠤᠷᠢᠭᠯᠠᠨ᠎ᠠ︔ ᠪᠦᠷᠢᠨ ᠪᠦᠳᠦᠨ ᠲᠡᠮᠳᠡᠭ ᠦᠭᠡᠢ ᠰᠤᠯᠠ ᠪᠠᠷ ᠰᠠᠪᠠᠯᠠᠭᠰᠠᠨ ᠲᠣᠰᠤ ᠶᠢ ᠬᠡᠷᠡᠭᠯᠡᠬᠦ ᠶᠢ ᠴᠢᠩᠭ᠎ᠠ ᠬᠤᠷᠢᠭᠯᠠᠨ᠎ᠠ᠃
2.ᠢᠳᠡᠭᠡᠨ ᠢ ᠡᠳ᠋ᠰᠢᠭᠦᠯᠦᠨ ᠪᠣᠯᠪᠠᠰᠤᠷᠠᠭᠤᠯᠬᠤ ᠶᠠᠪᠤᠴᠠ ᠶᠢ ᠴᠢᠩᠭ᠎ᠠ ᠵᠢᠷᠤᠮᠯᠠᠨ᠂ ᠠᠵᠢᠯᠯᠠᠭᠠᠨ ᠤ ᠵᠢᠷᠤᠮᠵᠢᠯ ᠢ ᠠᠩᠬᠠᠷᠴᠤ᠂ ᠲᠦᠭᠦᠬᠡᠶ ᠪᠣᠯᠭᠤᠭᠰᠠᠨ ᠢ ᠰᠠᠯᠭᠠᠬᠤ ᠶᠢ ᠦᠨᠡᠨ ᠬᠦ ᠪᠠᠲᠤᠯᠠᠵᠤ᠂ ᠰᠣᠯᠪᠢᠴᠠᠨ ᠪᠣᠬᠢᠷᠳᠣᠭᠳᠠᠬᠤ ᠠᠴᠠ ᠵᠠᠶᠢᠯᠠᠰᠬᠢᠨ᠎ᠠ︔ ᠬᠤᠭᠤᠯᠠ ᠬᠢᠬᠦ ᠶᠠᠪᠤᠴᠠ ᠳᠠᠬᠢ ᠳᠤᠯᠠᠭᠠᠨ ᠤ ᠬᠡᠮᠵᠢᠶᠡᠨ ᠤ ᠬᠢᠵᠠᠭᠠᠷᠯᠠᠯ ᠢ ᠴᠢᠩᠭᠠᠳᠬᠠᠵᠤ᠂ ᠢᠳᠡᠭᠡᠨ ᠢ ᠢᠯᠵᠠᠷᠠᠲᠠᠯ᠎ᠠ ᠨᠢ ᠴᠢᠨᠠᠬᠤ ᠶᠢ ᠪᠠᠲᠤᠯᠠᠵᠤ᠂ ᠢᠯᠠᠩᠭᠤᠶ᠎ᠠ ᠮᠢᠬᠠᠨ ᠤ ᠲᠦᠷᠦᠯ᠂ ᠵᠢᠭᠦᠷᠲᠡᠨ ᠤ ᠲᠦᠷᠦᠯ᠂ ᠥᠨᠳᠡᠭᠡᠨ ᠤ ᠲᠦᠷᠦᠯ ᠵᠡᠷᠭᠡ ᠠᠮᠠᠷᠬᠠᠨ ᠪᠣᠬᠢᠷᠳᠣᠭᠳᠠᠬᠤ ᠢᠳᠡᠭᠡᠨ ᠪᠣᠯᠣᠨ᠎ᠠ︔ ᠬᠤᠭᠤᠯᠠᠯᠠᠬᠤ ᠳᠤ ᠡᠳ᠋ᠰᠢᠭᠦᠯᠦᠨ ᠪᠣᠯᠪᠠᠰᠤᠷᠠᠭᠤᠯᠬᠤ ᠠᠴᠠ ᠢᠳᠡᠬᠦ ᠬᠦᠷᠲᠡᠯ᠎ᠡ᠂ ᠬᠡᠪ ᠤᠨ ᠳᠤᠯᠠᠭᠠᠨ ᠳᠤ 2 ᠴᠠᠭ ᠠᠴᠠ ᠬᠡᠲᠦᠷᠡᠭᠦᠯᠵᠦ ᠪᠣᠯᠬᠤ ᠦᠭᠡᠢ᠂ ᠬᠦᠢᠲᠡᠨ ᠢᠳᠡᠭᠡᠨ ᠤ ᠲᠦᠷᠦᠯ ᠤᠨ ᠢᠳᠡᠭᠡᠨ ᠢ ᠠᠯᠢ ᠴᠢᠳᠠᠬᠤ ᠪᠠᠷ ᠳᠤᠲᠠᠭᠤ ᠡᠳ᠋ᠰᠢᠭᠦᠯᠦᠨ᠎ᠡ᠃
3.ᠠᠵᠢᠯᠯᠠᠵᠤ ᠪᠠᠶᠢᠭ᠎ᠠ ᠬᠥᠮᠦᠰ ᠤᠨ ᠡᠷᠡᠭᠦᠯ ᠮᠡᠨᠳᠦ ᠶᠢᠨ ᠬᠠᠮᠢᠶᠠᠷᠤᠯᠲᠠ ᠶᠢ ᠰᠠᠶᠢᠲᠤᠷ ᠬᠢᠵᠦ᠂ ᠬᠤᠪᠢ ᠬᠥᠮᠦᠨ ᠤ ᠡᠷᠡᠭᠦᠯ ᠬᠠᠮᠠᠭᠠᠯᠠᠯ ᠢ ᠰᠠᠶᠢᠲᠤᠷ ᠪᠠᠲᠤᠯᠠᠵᠤ᠂ ᠰᠢᠭᠤᠳ ᠢᠳᠡᠬᠦ ᠢᠳᠡᠭᠡᠨ ᠲᠠᠢ ᠣᠶᠢᠷᠠᠳᠬᠤ ᠠᠴᠠ ᠡᠮᠦᠨ᠎ᠡ ᠳᠠᠬᠢᠨ ᠭᠠᠷ ᠢᠶᠠᠨ ᠤᠬᠢᠶᠠᠵᠤ ᠠᠷᠢᠭᠤᠳᠬᠠᠨ᠂ ᠠᠵᠢᠯ ᠤᠨ ᠬᠤᠪᠴᠠᠰᠤ ᠪᠠᠨ ᠡᠮᠦᠰᠬᠦ ᠬᠡᠷᠡᠭᠲᠡᠶ᠃ ᠪᠣᠯᠪᠠᠰᠤᠷᠠᠭᠤᠯᠬᠤ ᠭᠠᠵᠠᠷ ᠤᠨ ᠠᠷᠢᠭᠤᠨ ᠴᠡᠪᠡᠷ᠂ ᠡᠷᠡᠭᠦᠯ ᠬᠠᠮᠠᠭᠠᠯᠠᠯ ᠢᠶᠠᠨ ᠰᠠᠶᠢᠲᠤᠷ ᠬᠢᠨ᠎ᠡ︔ ᠲᠣᠭᠤᠰᠣ ᠶᠢ ᠰᠡᠷᠭᠡᠶᠢᠯᠡᠬᠦ᠂ ᠬᠤᠯᠤᠭᠠᠨ᠎ᠠ ᠶᠢ ᠰᠡᠷᠭᠡᠶᠢᠯᠡᠬᠦ᠂ ᠢᠯᠠᠭ᠎ᠠ ᠶᠢ ᠰᠡᠷᠭᠡᠶᠢᠯᠡᠬᠦ ᠪᠡᠯᠡᠳᠬᠡᠮᠵᠢ ᠶᠢ ᠲᠡᠭᠦᠯᠳᠡᠷᠵᠢᠭᠦᠯᠵᠦ᠂ ᠬᠥᠨᠥᠭᠡᠯ ᠲᠠᠢ ᠠᠮᠢᠳᠤ ᠪᠣᠳᠠᠰ ᠢ ᠰᠡᠷᠭᠡᠶᠢᠯᠡᠨ ᠵᠠᠰᠠᠬᠤ ᠠᠵᠢᠯ ᠢ ᠰᠠᠶᠢᠲᠤᠷ ᠬᠢᠨ᠎ᠡ᠃
4.ᠬᠠᠮᠲᠤ ᠶᠢᠨ ᠴᠢᠨᠠᠷᠲᠠᠶ ᠬᠤᠭᠤᠯᠠᠯᠠᠭ᠎ᠠ ᠳᠤ ᠢᠳᠡᠭᠡᠨ ᠤ ᠶᠠᠩᠵᠤ ᠦᠯᠡᠳᠡᠭᠡᠬᠦ ᠠᠵᠢᠯ ᠢ ᠰᠠᠶᠢᠲᠤᠷ ᠬᠢᠵᠦ᠂ ᠲᠥᠷᠥᠯ ᠵᠦᠢᠯ ᠨᠢᠭᠡᠪᠦᠷᠢ ᠶᠢ 125g ᠠᠴᠠ ᠳᠡᠭᠡᠭᠰᠢ ᠦᠯᠡᠳᠡᠭᠡᠨ ᠬᠠᠳᠠᠭᠠᠯᠠᠵᠤ᠂ 48 ᠴᠠᠭ ᠠᠴᠠ ᠳᠡᠭᠡᠭᠰᠢ ᠬᠠᠳᠠᠭᠠᠯᠠᠬᠤ ᠶᠢᠨ ᠬᠠᠮᠲᠤ ᠥᠯᠢᠭᠡᠷ ᠡᠳ᠋ ᠦᠯᠡᠳᠡᠭᠡᠭᠰᠡᠨ ᠲᠡᠮᠳᠡᠭᠯᠡᠯ ᠢ ᠨᠠᠷᠢᠨ ᠲᠣᠳᠣᠷᠬᠠᠶ ᠰᠠᠶᠢᠲᠤᠷ ᠬᠢᠨ᠎ᠠ᠃