ᠥᠪᠡᠷᠲᠡᠭᠡᠨ ᠵᠠᠰᠠᠬᠤ ᠣᠷᠣᠨ ᠤ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠠᠮᠠᠭᠠᠯᠠᠯᠲᠠ ᠶᠢᠨ ᠲᠥᠪ ᠮᠡᠳᠡᠯᠭᠡ ᠶᠢᠨ ᠥᠮᠴᠢᠯᠡᠯ ᠤᠨ ᠡᠷᠬᠡ ᠶᠢᠨ ᠲᠤᠯᠭᠠᠭᠤᠷᠢᠯᠠᠨ ᠪᠠᠲᠤᠯᠠᠬᠤ ᠦᠢᠯᠡᠳᠦᠯ ᠢ ᠪᠠᠳᠠᠷᠠᠭᠤᠯᠵᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠰᠢᠪᠲᠤᠯᠤᠯᠲᠠ︾ ᠶᠢᠨ ᠢᠨᠵᠧᠨᠧᠷᠢᠩ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2024/8/9

    2024 ᠣᠨ ᠤ ᠳᠡᠭᠡᠷ᠎ᠡ ᠬᠠᠭᠠᠰ ᠵᠢᠯ ᠳᠤ᠂ ᠥᠪᠡᠷᠲᠡᠭᠡᠨ ᠵᠠᠰᠠᠬᠤ ᠣᠷᠣᠨ ᠤ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠠᠮᠠᠭᠠᠯᠠᠯᠲᠠ ᠶᠢᠨ ᠲᠥᠪ ᠠᠴᠠ ︽ᠲᠤᠰᠬᠠᠶ ᠠᠰᠢᠭ ᠢ ᠬᠤᠪᠢᠷᠠᠭᠤᠯᠤᠨ ᠬᠡᠷᠡᠭᠯᠡᠭᠡᠨ ᠢ ᠲᠦᠷᠭᠡᠳᠬᠡᠨ ᠠᠬᠢᠭᠤᠯᠵᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠪᠲᠤᠯᠤᠯᠲᠠ ᠶᠢᠨ ᠢᠨᠵᠧᠨᠧᠷᠢᠩ ᠤᠨ ᠲᠤᠬᠠᠶ ᠠᠷᠭ᠎ᠠ ᠬᠡᠮᠵᠢᠶ᠎ᠡ ᠨᠦᠭᠦᠳ︾ ᠤᠨ ᠲᠣᠭᠤᠷᠢᠨ ᠳᠤ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠦᠢᠯᠡᠰ ᠤᠨ ᠬᠥᠭᠵᠢᠯᠲᠡ ᠶᠢᠨ ᠰᠢᠨ᠎ᠡ ᠪᠠᠶᠢᠳᠠᠯ᠂ ᠰᠢᠨ᠎ᠡ ᠡᠭᠦᠷᠭᠡ᠂ ᠰᠢᠨ᠎ᠡ ᠱᠠᠭᠠᠷᠳᠠᠯᠭ᠎ᠠ ᠶᠢ ᠣᠨᠣᠪᠴᠢᠲᠠᠶ ᠡᠵᠡᠮᠳᠡᠵᠦ᠂ ᠲᠤᠰᠬᠠᠶ ᠠᠰᠢᠭ ᠢ ᠬᠤᠪᠢᠷᠠᠭᠤᠯᠤᠨ ᠬᠡᠷᠡᠭᠯᠡᠬᠦ ᠶᠢᠨ ᠬᠦᠴᠦᠯᠡᠬᠦ ᠴᠡᠭ ᠪᠠ ᠲᠤᠰᠤᠯᠲᠠ ᠶᠢ ᠪᠣᠳᠠᠲᠤ ᠴᠣᠭᠴᠠ ᠶᠢᠨ ᠠᠵᠤ ᠠᠬᠤᠶ ᠳᠤ ᠦᠢᠯᠡᠴᠢᠯᠡᠬᠦ ᠳᠡᠭᠡᠷ᠎ᠡ ᠲᠠᠯᠪᠢᠵᠤ᠂ ᠭᠤᠤᠯᠳᠠᠯᠭ᠎ᠠ ᠲᠠᠢ ᠠᠵᠤ ᠦᠢᠯᠡᠰ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠡᠯᠬᠢᠶ᠎ᠡ ᠶᠢ ᠴᠢᠩᠭᠠᠳᠬᠠᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠤᠨ᠂ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠪᠣᠳᠠᠲᠤ ᠦᠢᠯᠡᠳᠪᠦᠷᠢᠯᠡᠯ ᠤᠨ ᠬᠦᠴᠦᠨ ᠪᠣᠯᠭᠠᠨ ᠬᠤᠪᠢᠷᠠᠭᠤᠯᠬᠤ ᠶᠢ ᠲᠦᠷᠭᠡᠳᠬᠡᠵᠦ᠂ ᠥᠪᠡᠷᠲᠡᠭᠡᠨ ᠵᠠᠰᠠᠬᠤ ᠣᠷᠣᠨ ᠤ ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠳᠤ ᠨᠠᠩ ᠬᠦᠴᠦᠲᠡᠶ ᠲᠤᠯᠭᠠᠭᠤᠷᠢᠯᠠᠯ ᠪᠠ ᠪᠠᠲᠤᠯᠠᠭ᠎ᠠ ᠬᠠᠩᠭᠠᠪᠠ᠃

    ᠬᠠᠮᠵᠢᠯᠴᠠᠨ ᠬᠦᠴᠦᠯᠡᠵᠦ ᠰᠢᠨ᠎ᠡ ᠶᠢ ᠡᠭᠦᠳᠬᠦ ᠭᠤᠤᠯ ᠴᠣᠭᠴᠠ ᠶᠢᠨ ᠬᠠᠮᠤᠷᠬᠤ ᠬᠡᠪᠴᠢᠶ᠎ᠡ ᠶᠢ ᠥᠷᠭᠡᠳᠭᠡᠪᠡ

    20 ᠭᠠᠷᠤᠢ ᠤᠳᠠᠭᠠᠨ ᠤ ᠲᠤᠰᠬᠠᠢ ᠠᠰᠢᠭ ᠤᠨ ᠤᠷᠢᠳᠴᠢᠯᠠᠨ ᠬᠢᠨᠠᠬᠤ ᠦᠢᠯᠡᠴᠢᠯᠡᠭᠡ ᠶᠢ ᠶᠡᠭᠡ ᠳᠡᠭᠡᠳᠦ ᠰᠤᠷᠭᠠᠭᠤᠯᠢ ᠳᠤ ᠣᠷᠣᠭᠤᠯᠬᠤ᠂ ᠬᠦᠷᠢᠶᠡᠯᠡᠩ ᠲᠣᠭᠤᠷᠢᠭ ᠲᠤ ᠣᠷᠣᠭᠤᠯᠬᠤ ᠰᠢᠷᠢᠰ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ ᠤ ᠰᠢᠨ᠎ᠡ ᠶᠢ ᠡᠭᠦᠳᠬᠦ ᠭᠤᠣᠯ ᠴᠣᠭᠴᠠ ᠶᠢᠨ ᠮᠡᠳᠡᠯᠭᠡ ᠶᠢᠨ ᠥᠮᠴᠢᠯᠡᠯ ᠤᠨ ᠡᠷᠬᠡ ᠶᠢ ᠬᠠᠮᠠᠭᠠᠯᠠᠬᠤ ᠤᠬᠠᠮᠰᠠᠷ ᠬᠢᠭᠡᠳ ᠲᠤᠰᠬᠠᠢ ᠠᠰᠢᠭ ᠭᠤᠶᠤᠴᠢᠯᠠᠬᠤ ᠠᠮᠢᠵᠢᠷᠠᠯ ᠤᠨ ᠬᠦᠴᠦᠨ ᠢ ᠭᠦᠢᠴᠡᠳ ᠬᠥᠭᠵᠢᠭᠡᠪᠡ᠃ 2024 ᠣᠨ ᠤ 7 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠰᠢᠨ᠎ᠡ ᠪᠠᠷ ᠨᠡᠮᠡᠭᠳᠡᠭᠰᠡᠨ ᠳᠠᠩᠰᠠᠯᠠᠭᠤᠯᠤᠭᠰᠠᠨ ᠭᠤᠣᠯ ᠴᠣᠭᠴᠠ 566 ᠪᠠᠶᠢᠵᠤ᠂ ᠨᠡᠶᠢᠲᠡ 1053 ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠳᠠᠩᠰᠠᠯᠠᠭᠤᠯᠵᠤ᠂ ᠵᠠᠬ᠎ᠠ ᠳᠡᠯᠭᠡᠭᠦᠷ ᠲᠤ ᠭᠠᠷᠤᠭᠰᠠᠨ ᠠᠵᠤ ᠠᠬᠤᠶᠢᠯᠠᠯ᠂ ᠮᠤᠵᠢ ᠶᠢᠨ ᠱᠠᠲᠤᠨ ᠤ ᠲᠤᠰᠬᠠᠶ ᠨᠠᠷᠢᠯᠢᠭ ᠣᠨᠴᠠ ᠰᠢᠨ᠎ᠡ ᠳᠤᠮᠳᠠ ᠵᠢᠵᠢᠭ ᠠᠵᠤ ᠠᠬᠤᠶᠢᠯᠠᠯ᠂ ᠤᠯᠤᠰ ᠤᠨ ᠲᠠᠰ ᠤᠨ ᠲᠤᠰᠬᠠᠶ ᠨᠠᠷᠢᠯᠢᠭ ᠣᠨᠴᠠ ᠰᠢᠨ᠎ᠡ ︽ᠵᠢᠵᠢᠭ ᠠᠪᠤᠷᠭᠤ ᠬᠥᠮᠦᠨ︾ ᠠᠵᠤ ᠠᠬᠤᠶᠢᠯᠠᠯ ᠵᠡᠷᠭᠡ ᠡᠯ᠎ᠡ ᠲᠥᠷᠥᠯ ᠤᠨ ᠰᠢᠨ᠎ᠡ ᠶᠢ ᠡᠭᠦᠳᠬᠦ ᠭᠤᠤᠯ ᠴᠣᠭᠴᠠ ᠶᠢ ᠬᠠᠮᠤᠷᠪᠠ᠃ ᠲᠤᠰᠬᠠᠢ ᠠᠰᠢᠭ ᠤᠨ ᠤᠷᠢᠳᠴᠢᠯᠠᠨ ᠰᠢᠭᠦᠯᠲᠡ ᠶᠢᠨ ᠬᠡᠷᠡᠭ ᠢ ᠭᠥᠯᠢᠶᠡᠨ ᠠᠪᠤᠭᠰᠠᠨ ᠬᠡᠮᠵᠢᠶ᠎ᠡ 2300 ᠬᠤᠪᠢ᠂ ᠭᠥᠯᠢᠶᠡᠨ ᠠᠪᠤᠭᠰᠠᠨ ᠬᠡᠮᠵᠢᠶ᠎ᠡ 2251 ᠬᠤᠪᠢ᠂ ᠬᠢᠷᠢ ᠲᠡᠩᠴᠡᠭᠰᠡᠨ ᠬᠡᠮᠵᠢᠶ᠎ᠡ 1679 ᠬᠤᠪᠢ᠂ ᠡᠷᠬᠡ ᠣᠯᠭᠤᠭᠰᠠᠨ ᠬᠡᠮᠵᠢᠶ᠎ᠡ 1324 ᠬᠤᠪᠢ ᠪᠠᠶᠢᠵᠤ᠂ 2023 ᠣᠨ ᠤ ᠪᠥᠬᠦ ᠵᠢᠯ ᠲᠠᠢ ᠬᠠᠷᠢᠴᠠᠭᠤᠯᠪᠠᠯ ᠲᠣᠰ ᠲᠣᠰ 84.00%᠂ 95.06%᠂ 92.55%᠂ 116.69% ᠪᠠᠷ ᠨᠡᠮᠡᠭᠳᠡᠵᠦ᠂ ᠲᠤᠰᠬᠠᠢ ᠠᠰᠢᠭ ᠤᠨ ᠤᠷᠢᠳᠴᠢᠯᠠᠨ ᠰᠢᠭᠦᠯᠲᠡ ᠶᠢᠨ ︽ᠳᠦᠷᠪᠡᠨ ᠬᠡᠮᠵᠢᠶ᠎ᠡ︾ ᠶᠢᠨ ᠲᠤᠭ᠎ᠠ ᠪᠠᠷᠢᠮᠲᠠ ᠨᠢ ᠳᠠᠬᠢᠨᠲᠠ ᠰᠢᠨ᠎ᠡ ᠲᠡᠮᠳᠡᠭᠯᠡᠯ ᠢ ᠡᠭᠦᠳᠪᠡ᠃

    ᠲᠤᠭ᠎ᠠ ᠬᠡᠮᠵᠢᠶ᠎ᠡ ᠶᠠᠰᠤ ᠴᠢᠨᠠᠷ ᠢ ᠵᠡᠷᠭᠡ ᠪᠠᠷ ᠬᠦᠭᠵᠢᠭᠦᠯᠵᠤ ᠲᠤᠰᠬᠠᠢ ᠠᠰᠢᠭ ᠤᠨ ᠤᠷᠢᠳᠴᠢᠯᠠᠨ ᠰᠢᠭᠦᠬᠦ ᠡᠷᠬᠡ ᠣᠯᠭᠤᠬᠤ ᠨᠤᠷᠮ᠎ᠠ ᠶᠢ ᠪᠠᠲᠤᠯᠠᠪᠠ

    ︽ᠲᠤᠰᠬᠠᠢ ᠠᠰᠢᠭ ᠤᠨ ᠤᠷᠢᠳᠴᠢᠯᠠᠨ ᠬᠢᠨᠠᠯᠲᠠ ᠶᠢᠨ ᠭᠤᠶᠤᠴᠢᠯᠠᠯ ᠤᠨ ᠵᠢᠷᠤᠮᠵᠢᠯ︾ ᠤᠨ ᠣᠷᠣᠨ ᠨᠤᠲᠤᠭ ᠤᠨ ᠪᠠᠷᠢᠮᠵᠢᠶ᠎ᠠ ᠶᠢ ᠲᠣᠭᠲᠠᠭᠠᠵᠤ᠂ ᠲᠤᠰᠬᠠᠢ ᠠᠰᠢᠭ ᠤᠨ ᠤᠷᠢᠳᠴᠢᠯᠠᠨ ᠬᠢᠨᠠᠯᠲᠠ ᠶᠢᠨ ᠭᠤᠶᠤᠴᠢᠯᠠᠯ ᠪᠠ ᠶᠠᠰᠤ ᠴᠢᠨᠠᠷ ᠤᠨ ᠬᠠᠮᠢᠶᠠᠷᠤᠯᠲᠠ ᠶᠢᠨ ᠵᠢᠷᠤᠮᠵᠢᠯ ᠢ ᠪᠠᠶᠢᠭᠤᠯᠪᠠ᠃ ᠲᠤᠰᠬᠠᠢ ᠠᠰᠢᠭ ᠤᠨ ᠤᠷᠢᠳᠴᠢᠯᠠᠨ ᠬᠢᠨᠠᠯᠲᠠ ᠶᠢᠨ ᠶᠠᠪᠤᠴᠠ᠂ ᠠᠵᠢᠯᠲᠠᠨ ᠤ ᠬᠠᠮᠢᠶᠠᠷᠤᠯᠲᠠ ᠵᠡᠷᠭᠡ ᠲᠠᠯ᠎ᠠ ᠶᠢᠨ 9 ᠵᠦᠢᠯ ᠤᠨ ᠳᠦᠷᠢᠮ ᠢ ᠲᠣᠭᠲᠠᠭᠠᠵᠤ᠂ ︽ᠬᠠᠷᠢᠯᠴᠠᠨ ᠪᠠᠶᠢᠴᠠᠭᠠᠬᠤ — ᠶᠠᠮᠤᠨ ᠤ ᠱᠠᠲᠤ ᠶᠠᠰᠤ ᠴᠢᠨᠠᠷ ᠢ ᠰᠢᠯᠭᠠᠨ ᠪᠠᠶᠢᠴᠠᠭᠠᠬᠤ — ᠲᠥᠪ ᠠᠴᠠ ᠶᠠᠰᠤ ᠴᠢᠨᠠᠷ ᠢ ᠰᠢᠯᠭᠠᠨ ᠪᠠᠶᠢᠴᠠᠭᠠᠬᠤ — ᠪᠤᠲᠠᠲᠠᠢ ᠬᠢᠨᠠᠭᠰᠠᠨ ᠬᠠᠷᠢᠭᠤ ᠲᠤᠰᠬᠠᠯ︾ ᠤᠨ ᠳᠥᠷᠪᠡᠨ ᠱᠠᠲᠤᠨ ᠤ ᠶᠠᠰᠤ ᠴᠢᠨᠠᠷ ᠤᠨ ᠪᠠᠶᠢᠴᠠᠭᠠᠯᠲᠠ ᠶᠢᠨ ᠲᠣᠭᠲᠠᠯᠴᠠᠭ᠎ᠠ ᠶᠢ ᠬᠡᠷᠡᠭᠯᠡᠨ᠂ ᠪᠦᠬᠦ ᠬᠡᠯᠬᠢᠶ᠎ᠡ ᠪᠠᠷ ᠲᠤᠰᠬᠠᠢ ᠠᠰᠢᠭ ᠤᠨ ᠤᠷᠢᠳᠴᠢᠯᠠᠨ ᠬᠢᠨᠠᠬᠤ ᠶᠠᠰᠤ ᠴᠢᠨᠠᠷ ᠢ ᠴᠢᠩᠭ᠎ᠠ ᠡᠵᠡᠮᠳᠡᠵᠦ᠂ ︽ᠴᠢᠩᠭ᠎ᠠ︾ ᠳᠦᠷᠢᠮ ᠢᠶᠠᠷ ᠬᠡᠪ ᠤᠨ ᠪᠤᠰᠤ ᠭᠤᠶᠤᠴᠢᠯᠠᠬᠤ ᠪᠠ ᠶᠠᠰᠤ ᠴᠢᠨᠠᠷ ᠢᠶᠠᠷ ᠳᠣᠣᠷ᠎ᠠ ᠲᠤᠰᠬᠠᠢ ᠠᠰᠢᠭ ᠤᠨ ︽ᠲᠡᠭ︾ ᠪᠠᠶᠢᠬᠤ ᠬᠤᠷᠢᠭ᠎ᠠ ᠱᠤᠭᠤᠮ ᠢ ᠪᠠᠲᠤ ᠰᠠᠬᠢᠭᠰᠠᠨ ᠪᠠᠶᠢᠨ᠎ᠠ᠃ 2024 ᠣᠨ ᠳᠤ ᠲᠤᠰᠬᠠᠢ ᠠᠰᠢᠭ ᠤᠨ ᠡᠷᠬᠡ ᠣᠯᠭᠤᠯᠲᠠ ᠶᠢᠨ ᠡᠭᠦᠳᠦᠯᠲᠡ᠂ ᠬᠡᠷᠡᠭᠯᠡᠭᠡᠨ ᠤ ᠰᠢᠨ᠎ᠡ ᠬᠡᠯᠪᠡᠷᠢ ᠪᠠ ᠭᠠᠳᠠᠷ ᠳᠦᠷᠰᠦ ᠶᠢᠨ ᠵᠢᠷᠤᠭ ᠲᠥᠯᠥᠪᠯᠡᠭᠡ ᠶᠢᠨ ᠡᠷᠬᠡ ᠣᠯᠭᠤᠭᠰᠠᠨ ᠨᠣᠷᠮ᠎ᠠ ᠨᠢ ᠲᠣᠰ ᠲᠣᠰ 91.1%᠂ 95.9% ᠪᠠ 100% ᠳᠤ ᠬᠦᠷᠴᠦ᠂ ᠡᠭᠦᠳᠦᠯᠲᠡ᠂ ᠬᠡᠷᠡᠭᠯᠡᠭᠡᠨ ᠤ ᠰᠢᠨ᠎ᠡ ᠬᠡᠯᠪᠡᠷᠢ ᠪᠠ ᠭᠠᠳᠠᠷ ᠳᠦᠷᠰᠦ ᠶᠢᠨ ᠵᠢᠷᠤᠭ ᠲᠥᠯᠥᠪᠯᠡᠭᠡ ᠶᠢᠨ ᠳᠤᠮᠳᠠᠴᠢ ᠡᠷᠬᠡ ᠣᠯᠭᠤᠬᠤ ᠦᠶᠡᠯᠡᠯ ᠤᠨ ᠬᠤᠭᠤᠴᠠᠭ᠎ᠠ ᠶᠢ ᠲᠣᠰ ᠲᠣᠰ 50 ᠡᠳᠦᠷ᠂ 11 ᠡᠳᠦᠷ ᠪᠠ 7 ᠡᠳᠦᠷ ᠪᠣᠯᠭᠠᠨ ᠪᠣᠭᠤᠨᠢᠰᠬᠠᠵᠤ᠂ ᠡᠩ ᠤᠨ ᠠᠷᠭ᠎ᠠ ᠵᠠᠮ ᠤᠨ ᠠᠪᠴᠠᠯ ᠲᠠᠢ ᠬᠠᠷᠢᠴᠠᠭᠤᠯᠪᠠᠯ ᠲᠣᠰ ᠲᠣᠰ ᠪᠠᠷᠤᠭ 90%᠂ 95%᠂ 95% ᠪᠠᠷ ᠪᠣᠭᠤᠨᠢᠰᠬᠠᠪᠠ᠃

    ᠨᠠᠷᠢᠯᠢᠭ ᠣᠨᠣᠪᠴᠢᠲᠠᠢ ᠪᠠᠷ ᠦᠢᠯᠡᠴᠢᠯᠡᠵᠦ ᠲᠤᠰᠬᠠᠢ ᠠᠰᠢᠭ ᠢ ᠬᠤᠪᠢᠷᠠᠭᠤᠯᠬᠤ ᠳᠤ ᠬᠦᠴᠦᠨ ᠨᠡᠮᠡᠷᠢᠯᠡᠪᠡ

    ᠥᠪᠥᠷ ᠮᠣᠩᠭᠤᠯ ᠤᠨ ᠠᠩᠬᠠᠳᠠᠭᠴᠢ ᠪᠦᠯᠦᠭ ᠲᠤᠰᠬᠠᠶ ᠠᠰᠢᠭ ᠤᠨ ᠤᠷᠢᠳᠴᠢᠯᠠᠨ ᠬᠢᠨᠠᠭᠴᠢ ᠶᠢᠨ ᠤᠶᠢᠯᠡᠳᠤᠯᠭᠡ ᠶᠢᠨ ᠰᠠᠭᠤᠷᠢᠨ ᠭᠠᠵᠠᠷ ᠢ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ 18 ᠵᠤᠷᠪᠤᠰ ᠭᠤᠤᠯᠳᠠᠯᠭ᠎ᠠ ᠲᠠᠢ ᠠᠵᠤ ᠤᠶᠢᠯᠡᠰ ᠤᠨ ᠬᠡᠯᠬᠢᠶ᠎ᠡ ᠶᠢᠨ ᠲᠣᠭᠤᠷᠢᠨ ᠳᠤ᠂ 30 ᠭᠠᠷᠤᠶ ᠠᠵᠤ ᠠᠬᠤᠶᠢᠯᠠᠯ ᠳᠤ ᠭᠦᠨᠵᠡᠭᠡᠶᠢᠷᠡᠨ ︽ᠨᠢᠭᠡ ᠳᠤ ᠨᠢᠭᠡ︾ ᠶᠢᠨ ᠨᠠᠷᠢᠯᠢᠭ ᠣᠨᠣᠴᠠᠲᠠᠶ ᠪᠠᠷ ᠲᠥᠷᠥ ᠶᠢᠨ ᠪᠣᠳᠣᠯᠭ᠎ᠠ ᠬᠦᠷᠭᠡᠵᠦ᠂ ᠬᠦᠴᠢᠷᠳᠡᠯ ᠢ ᠨᠢ ᠰᠢᠢᠳᠪᠤᠷᠢᠯᠠᠨ ᠥᠭᠴᠦ᠂ 296 ᠲᠤᠰᠬᠠᠶ ᠠᠰᠢᠭ ᠤᠨ ᠤᠷᠢᠳᠴᠢᠯᠠᠨ ᠰᠢᠭᠦᠯᠲᠡ ᠶᠢᠨ ᠬᠡᠷᠡᠭ ᠲᠤ ᠲᠤᠰᠬᠠᠶ ᠠᠰᠢᠭ ᠤᠨ ᠰᠠᠨᠠᠭᠤᠯᠭ᠎ᠠ 360 ᠵᠤᠷᠪᠤᠰ ᠪᠢᠴᠢᠵᠦ᠂ 41 ᠵᠣᠷᠪᠣᠰ ᠲᠤᠰᠬᠠᠶ ᠠᠰᠢᠭ ᠢ ᠨᠢ ᠠᠭᠤᠳᠠᠯᠤᠨ ᠭᠠᠷᠭᠠᠵᠤ᠂ ᠣᠲᠣ ᠶᠢᠨ ᠪᠠᠶᠢᠭ᠎ᠠ ᠮᠡᠷᠭᠡᠵᠢᠯ ᠤᠨ ᠰᠢᠨ᠎ᠡ ᠶᠢ ᠪᠠᠶᠢᠴᠠᠭᠠᠬᠤ᠂ ᠭᠤᠶᠤᠴᠢᠯᠠᠬᠤ ᠪᠢᠴᠢᠭ ᠮᠠᠲ᠋ᠧᠷᠢᠶᠠᠯ ᠢ ᠲᠤᠭᠤᠷᠪᠢᠬᠤ᠂ ᠡᠷᠬᠡ ᠣᠯᠭᠤᠬᠤ ᠬᠡᠲᠦ ᠶᠢᠨ ᠲᠥᠯᠥᠪ ᠢ ᠵᠠᠳᠠᠯᠬᠤ᠂ ᠬᠡᠷᠡᠭ ᠢ ᠨᠢᠴᠤᠭᠠᠵᠤ ᠳᠠᠬᠢᠨ ᠰᠡᠷᠭᠦᠭᠡᠬᠦ ᠵᠡᠷᠭᠡ ᠪᠥᠬᠦ ᠬᠡᠯᠬᠢᠶᠡᠨ ᠤ ᠲᠤᠰᠬᠠᠶ ᠠᠰᠢᠭ ᠭᠤᠶᠤᠴᠢᠯᠠᠬᠤ ᠤᠶᠢᠯᠡᠴᠢᠯᠡᠭᠡ ᠶᠢ ᠬᠠᠩᠭᠠᠪᠠ᠃ ᠲᠤᠰᠬᠠᠶ ᠠᠰᠢᠭ ᠤᠨ ᠤᠷᠢᠳᠴᠢᠯᠠᠨ ᠬᠢᠨᠠᠯᠲᠠ ᠪᠠᠷ ᠳᠠᠮᠵᠢᠭᠤᠯᠤᠨ ︽ᠰᠠᠭᠠᠳ ᠥᠬᠡᠶ ᠨᠡᠪᠲᠡᠷᠡᠬᠦ ᠵᠠᠮ︾ ᠢ ᠲᠦᠷᠭᠡᠨ ᠬᠢᠨᠠᠨ ᠪᠠᠶᠢᠴᠠᠭᠠᠵᠤ᠂ ᠪᠤᠭᠤᠲᠤ ᠶᠢᠨ ᠵᠢᠶᠠᠩ ᠰᠢᠨ ᠪᠢᠴᠢᠯ ᠴᠠᠬᠢᠯᠭᠠᠨ ᠮᠠᠰᠢᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ 30 ᠬᠤᠪᠢ ᠡᠷᠬᠡ ᠣᠯᠵᠤ ᠡᠭᠦᠳᠦᠨ ᠪᠦᠲᠦᠭᠡᠬᠦ ᠲᠤᠰᠬᠠᠶ ᠠᠰᠢᠭ ᠢ 100% ᠪᠠᠷ ᠬᠤᠪᠢᠷᠠᠭᠤᠯᠵᠤ᠂ ᠠᠵᠤ ᠠᠬᠤᠶᠢᠯᠠᠯ ᠳᠤ ᠪᠤᠴᠠᠵᠤ ᠢᠷᠡᠭᠦᠯᠦᠭᠰᠡᠨ ᠪᠠᠯᠠ ᠮᠥᠩᠭᠦ ᠳ᠋ᠦᠩᠰᠢᠭᠤᠷ ᠲᠥᠭᠦᠷᠢᠭ ᠰᠢᠬᠠᠮ ᠪᠠᠶᠢᠪᠠ᠃ ᠮᠧᠩ ᠨᠢᠦ ᠶᠢᠨ 9 ᠡᠷᠬᠡ ᠣᠯᠭᠤᠭᠰᠠᠨ ᠲᠤᠰᠬᠠᠢ ᠠᠰᠢᠭ ᠢ ᠦᠨᠢᠶᠡᠨ ᠰᠦ᠂ ᠡᠭᠡᠳᠡᠭᠰᠡᠨ ᠰᠦ ᠵᠡᠷᠭᠡ ᠣᠯᠠᠨ ᠵᠦᠢᠯ ᠤᠨ ᠪᠦᠲᠦᠭᠡᠭᠳᠡᠬᠦᠨ ᠳᠤ ᠠᠮᠵᠢᠯᠲᠠ ᠲᠠᠢ ᠬᠡᠷᠡᠭᠯᠡᠪᠡ᠃ ᠮᠧᠩ ᠼᠤᠤ ᠶᠢᠨ 8  ᠲᠤᠰᠬᠠᠶ ᠠᠰᠢᠭ ᠤᠨ ᠡᠷᠬᠡ ᠶᠢᠨ ᠡᠷᠬᠡ ᠣᠯᠭᠤᠭᠰᠠᠨ ᠲᠤᠰᠬᠠᠶ ᠠᠰᠢᠭ ᠨᠢ ᠡᠪᠡᠰᠦᠨ ᠤ ᠦᠢᠯᠡᠰ ᠤᠨ ᠡᠭᠦᠯᠳᠡᠷ ᠪᠤᠶᠢᠵᠢᠭᠤᠯᠬᠤ᠂ ᠠᠮᠢᠳᠤ ᠪᠣᠳᠠᠰ ᠤᠨ ᠮᠥᠭᠦᠨ ᠪᠣᠷᠲᠣᠭᠤᠷ᠂ ᠠᠮᠢ ᠠᠬᠤᠶ ᠶᠢ ᠰᠡᠷᠭᠦᠭᠡᠬᠦ ᠵᠡᠷᠭᠡ ᠬᠦᠷᠢᠶ᠎ᠡ ᠴᠠᠷᠠᠭ᠎ᠠ ᠳᠤ ᠬᠤᠯᠪᠣᠭᠳᠠᠵᠤ᠂ ᠡᠭᠦᠨ ᠳᠤ 2 ᠵᠦᠢᠯ ᠨᠢ ᠨᠢᠭᠡᠨᠲᠡ ᠪᠠᠷᠤᠭ 500 ᠲᠦᠮᠡᠨ ᠲᠥᠭᠦᠷᠢᠭ ᠤᠨ ᠠᠰᠢᠭ ᠣᠷᠣᠯᠭ᠎ᠠ ᠲᠠᠢ ᠪᠣᠯᠵᠠᠶ᠃ ᠥᠪᠥᠷ ᠮᠣᠩᠭᠤᠯ ᠤᠨ ᠠᠮᠢᠳᠤ ᠪᠣᠳᠠᠰ ᠤᠨ ᠣᠯᠠᠨ ᠫᠧᠫᠲ᠋ᠢᠳ᠋ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ 1 ᠬᠤᠪᠢ ᠡᠭᠦᠳᠦᠯᠲᠡ ᠶᠢᠨ ᠡᠷᠬᠡ ᠣᠯᠭᠤᠭᠰᠠᠨ ᠲᠤᠰᠬᠠᠶ ᠠᠰᠢᠭ ᠤᠨ ᠲᠤᠬᠠᠶ ᠣᠯᠠᠨ ᠺᠣᠮᠫᠠᠨᠢ ᠯᠤᠭ᠎ᠠ ᠵᠠᠭᠤᠨ ᠲᠦᠮᠡ ᠭᠠᠷᠤᠶ ᠲᠤᠰᠬᠠᠶ ᠠᠰᠢᠭ ᠤᠨ ᠵᠥᠪᠰᠢᠶᠡᠷᠡᠯ ᠤᠨ ᠭᠡᠷ᠎ᠡ ᠲᠣᠭᠲᠠᠭᠠᠵᠤ᠂ 2000 ᠮᠥ ᠣᠷᠴᠢᠮ ᠤᠨ ᠬᠤᠨᠴᠢᠷ ᠳᠠᠷᠢᠬᠤ ᠳᠤ ᠬᠡᠷᠡᠭᠯᠡᠬᠦ ᠪᠠᠷ ᠵᠢᠱᠢᠵᠦ ᠪᠣᠶ᠃

ᠲᠤᠰᠬᠠᠶ ᠠᠰᠢᠭ ᠢᠶᠠᠷ ᠵᠠᠮᠴᠢᠯᠠᠬᠤ ᠪᠠᠷ ᠠᠵᠤ ᠦᠢᠯᠡᠰ ᠤᠨ ᠬᠥᠭᠵᠢᠯᠲᠡ ᠶᠢ ᠠᠬᠢᠭᠤᠯᠵᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ     ᠰᠢᠨ᠎ᠡ ᠶᠢ ᠡᠭᠦᠳᠬᠦ ᠴᠢᠳᠠᠪᠤᠷᠢ ᠪᠠᠷ ᠬᠦᠴᠦᠨ ᠨᠡᠮᠡᠷᠢᠯᠡᠬᠦ ᠶᠢᠨ ᠳᠠᠬᠢᠨ ᠢᠶᠠᠷ ᠨᠡᠮᠡᠭᠳᠡᠬᠦ ᠶᠢ ᠠᠬᠢᠭᠤᠯᠪᠠ

    ᠤᠯᠤᠰ ᠤᠨ ᠲᠠᠰ ᠤᠨ ᠲᠤᠰᠬᠠᠶ ᠠᠰᠢᠭ ᠤᠨ ᠵᠠᠮᠴᠢᠯᠠᠬᠤ ᠦᠢᠯᠡᠴᠢᠯᠡᠭᠡᠨ ᠤ ᠰᠠᠭᠤᠷᠢᠨ ᠭᠠᠵᠠᠷ ᠤᠨ ᠦᠢᠯᠡᠳᠦᠯ ᠢ ᠢᠳᠡᠪᠬᠢᠲᠡᠶ ᠪᠠᠳᠠᠷᠠᠭᠤᠯᠵᠤ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠦᠢᠯᠡᠴᠢᠯᠡᠭᠡᠨ ᠤ ᠣᠷᠣᠨ ᠪᠦᠰᠡ ᠶᠢᠨ ᠬᠥᠭᠵᠢᠯᠲᠡ ᠶᠢᠨ ᠲᠥᠯᠥᠪᠵᠢᠭᠦᠯᠭᠡ᠂ ᠠᠵᠤ ᠦᠢᠯᠡᠰ ᠤᠨ ᠬᠥᠭᠵᠢᠯᠲᠡ ᠶᠢᠨ ᠲᠥᠷᠥ ᠶᠢᠨ ᠪᠣᠳᠣᠯᠭ᠎ᠠ᠂ ᠠᠵᠤ ᠠᠬᠤᠶᠢᠯᠠᠯ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠰᠢᠨ᠎ᠡ ᠶᠢ ᠡᠭᠦᠳᠬᠦ ᠠᠷᠭ᠎ᠠ ᠵᠠᠮ ᠢ ᠢᠳᠡᠪᠬᠢᠲᠡᠶ ᠰᠦᠪᠡᠭᠴᠢᠯᠡᠵᠦ᠂ ᠲᠤᠰᠬᠠᠶ ᠠᠰᠢᠭ ᠤᠨ ᠵᠠᠮᠴᠢᠯᠠᠬᠤ ᠦᠢᠯᠡᠴᠢᠯᠡᠭᠡ ᠪᠠᠷ ᠭᠤᠤᠯᠳᠠᠯᠭ᠎ᠠ ᠲᠠᠢ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠪᠠ᠃ 2024 ᠣᠨ ᠤ ᠳᠡᠭᠡᠷ᠎ᠡ ᠬᠠᠭᠠᠰ ᠵᠢᠯ ᠳᠤ ᠥᠪᠥᠷ ᠮᠣᠩᠭᠤᠯ ᠤᠨ ᠣᠲᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ᠂ ᠣᠨᠴᠠ ᠲᠥᠷᠥᠯ ᠤᠨ ᠬᠠᠶᠢᠯᠤᠰᠢ ᠶᠢᠨ ᠠᠵᠤ ᠦᠢᠯᠡᠰ ᠤᠨ ᠲᠤᠰᠬᠠᠶ ᠠᠰᠢᠭ ᠢᠶᠠᠷ ᠵᠠᠮᠴᠢᠯᠠᠬᠤ ᠲᠥᠷᠥᠯ ᠵᠦᠢᠯ ᠢ ᠥᠷᠨᠢᠭᠦᠯᠵᠦ᠂ ᠠᠵᠤ ᠦᠢᠯᠡᠰ ᠤᠨ ᠰᠢᠨ᠎ᠡ ᠶᠢ ᠡᠭᠦᠳᠬᠦ ᠡᠬᠢ ᠪᠠᠶᠠᠯᠢᠭ ᠢ ᠰᠢᠯᠢᠳᠡᠭᠵᠢᠭᠦᠯᠦᠨ ᠳᠣᠭᠢᠷᠠᠭᠤᠯᠬᠤ ᠶᠢ ᠬᠥᠲᠥᠯᠦᠨ ᠵᠢᠯᠤᠭᠤᠳᠪᠠ᠃ 2024 ᠣᠨ ᠤ ᠮᠡᠳᠡᠯᠭᠡ ᠶᠢᠨ ᠥᠮᠴᠢᠯᠡᠯ ᠤᠨ ᠡᠷᠬᠡ ᠶᠢᠨ ᠤᠬᠠᠭᠤᠯᠭ᠎ᠠ ᠶᠢᠨ ᠭᠠᠷᠠᠭ ᠤᠨ ᠬᠤᠭᠤᠴᠠᠭᠠᠨ ᠳᠤ᠂ ᠣᠷᠳᠣᠰ ᠲᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠲᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠲᠤᠰᠬᠠᠶ ᠠᠰᠢᠭ ᠤᠨ ᠵᠠᠮᠴᠢᠯᠠᠭ᠎ᠠ ᠶᠢᠨ ᠦᠷ᠎ᠡ ᠪᠦᠲᠦᠭᠡᠯ ᠢ ᠨᠡᠶᠢᠲᠡᠯᠡᠵᠦ᠂ ᠲᠤᠰᠬᠠᠶ ᠠᠰᠢᠭ ᠤᠨ ᠵᠠᠮᠴᠢᠯᠠᠬᠤ ᠦᠢᠯᠡᠴᠢᠯᠡᠭᠡᠨ ᠤ ᠠᠵᠤ ᠦᠢᠯᠡᠰ ᠤᠨ ᠰᠢᠨ᠎ᠡ ᠶᠢ ᠡᠭᠦᠳᠦᠨ ᠬᠥᠭᠵᠢᠬᠦ ᠦᠢᠯᠡᠳᠦᠯ ᠢ ᠭᠦᠢᠴᠡᠳ ᠪᠠᠳᠠᠷᠠᠭᠤᠯᠤᠨ᠂ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠳᠡᠭᠡᠳᠦ ᠲᠠᠰ ᠤᠨ᠂ ᠣᠯᠠᠨ ᠡᠰᠢᠵᠢᠭᠰᠡᠨ᠂ ᠳᠣᠤᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠲᠡᠶᠢᠰᠢ ᠬᠥᠭᠵᠢᠬᠦ ᠶᠢ ᠠᠬᠢᠭᠤᠯᠪᠠ᠃

    ᠡᠭᠦᠨ ᠤ ᠬᠠᠮᠲᠤ ᠥᠪᠥᠷ ᠮᠣᠩᠭᠤᠯ ᠤᠨ ᠡᠪᠡᠰᠦᠨ ᠦᠷ᠎ᠡ ᠶᠢᠨ ᠦᠢᠯᠡᠰ ᠬᠢᠭᠡᠳ ᠮᠠᠯ ᠳᠤ ᠬᠡᠷᠡᠭᠯᠡᠬᠦ ᠠᠮᠢᠳᠤ ᠪᠣᠳᠠᠰ ᠤᠨ ᠪᠦᠲᠦᠭᠡᠭᠳᠡᠬᠦᠨ ᠤ ᠲᠤᠰᠬᠠᠶ ᠠᠰᠢᠭ ᠤᠨ ᠵᠠᠮᠴᠢᠯᠠᠭ᠎ᠠ ᠶᠢᠨ ᠦᠷ᠎ᠡ ᠪᠦᠲᠦᠭᠡᠯ ᠢ ᠳᠡᠯᠭᠡᠷᠡᠭᠦᠯᠦᠨ ᠬᠡᠷᠡᠭᠯᠡᠬᠦ ᠶᠢ ᠢᠳᠡᠪᠬᠢᠲᠡᠶ ᠥᠷᠨᠢᠭᠦᠯᠪᠡ᠃ ᠮᠧᠩ ᠼᠤᠤ ᠥᠪᠥᠷ ᠮᠣᠩᠭᠤᠯ ᠤᠨ ᠡᠪᠡᠰᠦᠨ ᠦᠷ᠎ᠡ ᠶᠢᠨ ᠦᠢᠯᠡᠰ ᠤᠨ ᠲᠤᠰᠬᠠᠶ ᠠᠰᠢᠭ ᠤᠨ ᠵᠠᠮᠴᠢᠯᠠᠭ᠎ᠠ ᠪᠠᠷ ᠰᠠᠭᠤᠷᠢ ᠪᠣᠯᠭᠠᠵᠤ᠂ ᠡᠪᠡᠰᠦᠨ ᠤ ᠠᠵᠤ ᠦᠢᠯᠡᠰ ᠤᠨ ᠬᠦᠷᠢᠶᠡᠨ ᠳᠠᠬᠢ ᠭᠤᠤᠯᠯᠠᠬᠤ ᠲᠤᠰᠬᠠᠶ ᠠᠰᠢᠭ ᠤᠨ ᠭᠤᠶᠤᠴᠢᠯᠠᠯ ᠤᠨ ᠪᠠᠶᠢᠷᠢᠯᠠᠭᠤᠯᠤᠯᠲᠠ ᠶᠢ ᠨᠢᠭᠡᠨᠲᠡ 215 ᠬᠤᠪᠢ ᠪᠡᠶᠡᠯᠡᠭᠦᠯᠵᠦ᠂ ᠡᠭᠦᠨ ᠳᠤ ᠡᠭᠦᠳᠦᠯᠲᠡ ᠶᠢᠨ ᠲᠤᠰᠬᠠᠶ ᠠᠰᠢᠭ ᠤᠨ ᠭᠤᠶᠤᠴᠢᠯᠠᠯ 63 ᠬᠤᠪᠢ ᠪᠠᠶᠢᠵᠤ᠂ ᠲᠤᠰᠬᠠᠶ ᠠᠰᠢᠭ ᠤᠨ ᠮᠡᠷᠭᠡᠵᠢᠯ ᠢ ᠬᠤᠪᠢᠷᠠᠭᠤᠯᠬᠤ ᠪᠠ ᠬᠡᠷᠡᠭᠯᠡᠬᠦ ᠶᠢ ᠢᠳᠡᠪᠬᠢᠲᠡᠶ ᠳᠥᠯᠭᠢᠨ ᠠᠬᠢᠭᠤᠯᠵᠤ᠂ 37 ᠵᠦᠢᠯ ᠤᠨ ᠲᠤᠰᠬᠠᠶ ᠠᠰᠢᠭ ᠤᠨ ᠮᠡᠷᠭᠡᠵᠢᠯ ᠢ ᠠᠮᠵᠢᠯᠲᠠ ᠲᠠᠢ ᠪᠠᠷ ᠰᠢᠯᠵᠢᠭᠦᠯᠦᠨ ᠥᠭᠴᠦ᠂ ᠡᠯᠡᠰᠦᠷᠬᠡᠭ ᠭᠠᠵᠠᠷ ᠢ ᠵᠠᠰᠠᠬᠤ ᠬᠤᠯᠪᠣᠭᠳᠠᠯ ᠪᠥᠬᠦᠶ ᠲᠤᠰᠬᠠᠶ ᠠᠰᠢᠭ ᠤᠨ ᠮᠡᠷᠭᠡᠵᠢᠯ ᠢ ᠳᠡᠯᠭᠡᠷᠡᠭᠦᠯᠦᠨ ᠬᠡᠷᠡᠭᠵᠢᠭᠦᠯᠪᠡ᠃ ᠶᠢᠨ ᠢᠦᠶ ᠠᠮᠢᠳᠤ ᠪᠣᠳᠠᠰ ᠤᠨ ᠮᠠᠯ ᠳᠤ ᠬᠡᠷᠡᠭᠯᠡᠬᠦ ᠠᠮᠢᠳᠤ ᠪᠣᠳᠠᠰ ᠤᠨ ᠪᠦᠲᠦᠭᠡᠭᠳᠡᠬᠦᠨ ᠤ ᠲᠤᠰᠬᠠᠶ ᠠᠰᠢᠭ ᠤᠨ ᠵᠠᠮᠴᠢᠯᠠᠭ᠎ᠠ ᠶᠢᠨ ᠦᠷ᠎ᠡ ᠪᠦᠲᠦᠭᠡᠯ ᠳᠤ ᠲᠦᠰᠢᠭᠯᠡᠨ᠂ ᠠᠹᠷᠢᠺᠠ ᠲᠢᠪ ᠤᠨ ᠭᠠᠭ᠋ᠠᠶ ᠶᠢᠨ ᠬᠢᠵᠢᠭ᠂ ᠦᠬᠡᠷ ᠤᠨ ᠬᠥᠪᠲᠦᠷᠦᠦ ᠶᠢᠨ ᠴᠢᠨᠠᠷᠲᠠᠢ ᠠᠷᠠᠰᠤᠨ ᠤ ᠡᠪᠡᠳᠴᠢᠨ᠂ ᠰᠢᠯᠦᠬᠡᠶ ᠡᠪᠡᠳᠴᠢᠨ ᠤ ᠸᠠᠺᠼᠢᠨ ᠢ ᠰᠤᠳᠤᠯᠤᠨ ᠨᠡᠭᠡᠭᠡᠬᠦ᠂ ᠪᠷᠦ᠋ᠼᠧᠯ ᠡᠪᠡᠳᠴᠢᠨ ᠢ ᠰᠡᠷᠭᠡᠶᠢᠯᠡᠨ ᠵᠠᠰᠠᠬᠤ ᠭᠤᠶᠤᠴᠢᠯᠠᠨ ᠮᠡᠳᠡᠭᠦᠯᠦᠭᠰᠡᠨ ᠲᠤᠰᠬᠠᠢ ᠠᠰᠢᠭ ᠤᠨ ᠡᠭᠦᠳᠦᠯᠲᠡ 22 ᠵᠦᠢᠯ ᠢ ᠪᠠᠶᠢᠷᠢᠯᠠᠭᠤᠯᠵᠤ᠂ ᠡᠭᠦᠨ ᠳᠤ ︽ᠨᠢᠭᠡ ᠵᠦᠢᠯ ᠤᠨ ᠭᠧᠨ ᠤ ᠳᠤᠲᠠᠭᠳᠠᠭᠰᠠᠨ ᠬᠤᠣᠷ ᠢ ᠪᠠᠭᠠᠰᠬᠠᠬᠤ ᠠᠹᠷᠢᠺᠠ ᠲᠢᠪ ᠤᠨ ᠭᠠᠭ᠋ᠠᠶ ᠶᠢᠨ ᠬᠢᠵᠢᠭ ᠤᠨ ᠸᠢᠷᠦ᠋ᠰ ᠤᠨ ᠸᠢᠷᠦ᠋ᠰ ᠤᠨ ᠪᠥᠭᠡᠮ ᠵᠢᠴᠢ ᠪᠠᠶᠢᠭᠤᠯᠬᠤ ᠠᠷᠭ᠎ᠠ ᠪᠠ ᠬᠡᠷᠡᠭᠯᠡᠯᠲᠡ︾ ᠨᠢ ᠢᠲ᠋ᠠᠯᠢ ᠶᠢᠨ ᠡᠷᠬᠡ ᠣᠯᠭᠤᠯᠲᠠ ᠶᠢ ᠣᠯᠪᠠ︔ ︽ᠬᠤᠨᠢᠨ ᠤ ᠴᠡᠴᠡᠭ ᠡᠪᠡᠳᠴᠢᠨ ᠤ ᠸᠢᠷᠦ᠋ᠰ ᠪᠠ ᠦᠬᠡᠷ ᠤᠨ ᠬᠥᠪᠲᠦᠷᠦᠦ ᠶᠢᠨ ᠴᠢᠨᠠᠷᠲᠠᠢ ᠠᠷᠠᠰᠤᠨ ᠤ ᠡᠪᠡᠳᠴᠢᠨ ᠤ ᠸᠢᠷᠦ᠋ᠰ ᠢ ᠰᠢᠯᠭᠠᠨ ᠪᠠᠶᠢᠴᠠᠭᠠᠬᠤ ᠲᠤᠷᠰᠢᠯᠲᠠ ᠶᠢᠨ ᠡᠮ ᠤᠨ ᠬᠠᠶᠢᠷᠴᠠᠭ ᠵᠢᠴᠢ ᠲᠡᠭᠦᠨ ᠤ ᠲᠤᠰᠬᠠᠶ ᠬᠡᠷᠡᠭᠯᠡᠭᠡᠨ ᠤ ᠡᠳ᠋ ᠪᠠ ᠬᠠᠶᠢᠯᠲᠠ ᠶᠢᠨ ᠲᠠᠷᠢᠯᠭ᠎ᠠ︾ ᠨᠢ ᠯᠦᠺᠰᠧᠮᠪᠦ᠋ᠷᠡᠭ ᠤᠨ ᠡᠷᠬᠡ ᠣᠯᠭᠤᠯᠲᠠ ᠶᠢ ᠭᠤᠤᠯᠳᠠᠯᠭ᠎ᠠ ᠲᠠᠢ ᠣᠯᠵᠤ᠂ ᠭᠠᠳᠠᠭᠠᠳᠤ ᠶᠢᠨ ᠵᠠᠬ᠎ᠠ ᠳᠡᠯᠭᠡᠭᠦᠷ ᠢ ᠨᠡᠭᠡᠭᠡᠬᠦ᠂ ᠳᠡᠯᠡᠬᠡᠶᠢᠴᠢᠯᠡᠬᠦ ᠪᠠᠶᠢᠯᠳᠤᠬᠤ ᠪᠣᠳᠣᠯᠭ᠎ᠠ ᠶᠢ ᠪᠡᠶᠡᠯᠡᠭᠦᠯᠬᠦ ᠳᠤ ᠰᠠᠭᠤᠷᠢ ᠲᠠᠯᠪᠢᠵᠤ ᠥᠭᠪᠡ᠃

 

ᠢᠷᠡᠯᠲᠡ᠄ ‍ᠡᠳᠡᠯᠬᠡ ᠶᠢᠨ ᠦᠮᠴᠢᠯᠡᠯ ᠤᠨ ᠡᠷᠬᠡ ᠶᠢᠨ ᠬᠠᠮᠠᠭᠠᠯᠠᠯᠲᠠ ᠶᠢᠨ ᠲᠦᠪ