ᠬᠥᠬᠡᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠢᠳᠡᠭᠡᠨ ᠤ ᠵᠢᠵᠢᠭ ᠦᠢᠯᠡᠳᠬᠡᠯ ᠤᠨ ᠭᠠᠵᠠᠷ ᠤᠨ ᠬᠦᠷᠢᠶᠡᠯᠡᠩ ᠲᠣᠭᠤᠷᠢᠭ ᠤᠨ ᠵᠢᠷᠤᠮᠵᠢᠭᠰᠠᠨ ᠪᠠᠷᠢᠮᠵᠢᠶᠠᠵᠢᠭᠰᠠᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠪᠠ
ᠨᠡᠶᠢᠲᠡᠯᠡᠭᠰᠡᠨ ᠴᠠᠭ᠄
2024/8/9

    ᠪᠥᠬᠦ ᠬᠤᠲᠠ ᠶᠢᠨ ᠢᠳᠡᠭᠡᠨ ᠤ ᠵᠢᠵᠢᠭ ᠦᠢᠯᠡᠳᠬᠡᠯ ᠤᠨ ᠭᠠᠵᠠᠷ ᠤᠨ ᠬᠦᠷᠢᠶᠡᠯᠡᠩ ᠲᠣᠭᠤᠷᠢᠭ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠢᠳᠡᠭᠡᠨ ᠤ ᠵᠢᠵᠢᠭ ᠦᠢᠯᠡᠳᠬᠡᠯ ᠤᠨ ᠭᠠᠵᠠᠷ ᠤᠨ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠶᠢ ᠵᠢᠷᠤᠮᠵᠢᠭᠤᠯᠤᠨ᠂ ᠢᠳᠡᠭᠡᠨ ᠤ ᠠᠮᠤᠷ ᠲᠦᠪᠰᠢᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠶᠢᠨ ᠲᠤᠰᠠᠳᠠ᠂ ᠬᠥᠬᠡᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︽ᠨᠢᠭᠡ ᠪᠦᠯᠦᠭ ᠢ ᠳᠡᠭᠡᠭᠰᠢᠯᠡᠭᠦᠯᠦᠨ ᠵᠢᠷᠤᠮᠵᠢᠭᠤᠯᠵᠤ᠂ ᠨᠢᠭᠡ ᠪᠦᠯᠦᠭ ᠢ ᠬᠥᠲᠥᠯᠦᠨ ᠵᠢᠯᠣᠭᠤᠳᠴᠤ ᠪᠠᠶᠢᠭᠤᠯᠬᠤ︾ ᠶᠡᠷᠦᠩᠬᠡᠶ ᠰᠡᠳᠬᠢᠮᠵᠢ ᠶᠣᠰᠣᠭᠠᠷ᠂ ᠢᠳᠡᠭᠡᠨ ᠤ ᠵᠢᠵᠢᠭ ᠦᠢᠯᠡᠳᠬᠡᠯ ᠤᠨ ᠭᠠᠵᠠᠷ ᠤᠨ ᠬᠦᠷᠢᠶᠡᠯᠡᠩ ᠲᠣᠭᠤᠷᠢᠭ ᠤᠨ ᠵᠢᠷᠤᠮᠵᠢᠭᠰᠠᠨ ᠪᠠᠷᠢᠮᠵᠢᠶᠠᠵᠢᠭᠰᠠᠨ ᠪᠥᠲᠥᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠪᠠ᠃

    ᠨᠢᠭᠡ ᠳᠤ ᠂ ᠲᠤᠰᠬᠠᠶ ᠪᠠᠶᠢᠴᠠᠭᠠᠨ ᠰᠤᠳᠤᠯᠤᠯᠲᠠ ᠶᠢ ᠥᠷᠨᠢᠭᠦᠯᠵᠦ᠂ ᠢᠳᠡᠭᠡᠨ ᠤ ᠵᠢᠵᠢᠭ ᠦᠢᠯᠡᠳᠬᠡᠯ ᠤᠨ ᠭᠠᠵᠠᠷ ᠤᠨ ᠬᠦᠷᠢᠶᠡᠯᠡᠩ ᠲᠣᠭᠤᠷᠢᠭ ᠤᠨ ᠵᠢᠷᠤᠮᠵᠢᠭᠰᠠᠨ ᠪᠠᠷᠢᠮᠵᠢᠶᠠᠵᠢᠭᠰᠠᠨ ᠪᠥᠲᠥᠭᠡᠨ ᠪᠠᠶᠢᠭᠤᠯᠤᠯᠲᠠ ᠶᠢ ᠲᠥᠯᠥᠪᠵᠢᠭᠦᠯᠦᠨ ᠠᠬᠢᠭᠤᠯᠪᠠ᠃ ᠢᠳᠡᠭᠡᠨ ᠤ ᠵᠢᠵᠢᠭ ᠦᠢᠯᠡᠳᠬᠡᠯ ᠤᠨ ᠭᠠᠵᠠᠷ ᠤᠨ ᠬᠦᠷᠢᠶᠡᠯᠡᠩ ᠲᠣᠭᠤᠷᠢᠭ ᠤᠨ ᠵᠢᠷᠤᠮᠵᠢᠭᠰᠠᠨ ᠪᠠᠷᠢᠮᠵᠢᠶᠠᠵᠢᠭᠰᠠᠨ ᠪᠦᠲᠦᠭᠡᠨ ᠪᠠᠶᠢᠭᠤᠯᠤᠯᠲᠠ ᠳᠤ ᠴᠢᠭᠯᠡᠭᠦᠯᠦᠨ᠂ ᠲᠤᠬᠠᠶ ᠶᠢᠨ ᠭᠠᠵᠠᠷ ᠲᠤ ᠨᠢ ᠠᠷᠪᠠ ᠭᠠᠷᠤᠶ ᠤᠳᠠᠭ᠎ᠠ ᠪᠠᠶᠢᠴᠠᠭᠠᠨ ᠰᠤᠳᠤᠯᠤᠯᠲᠠ ᠬᠢᠵᠦ᠂ ᠵᠢᠵᠢᠭ ᠦᠢᠯᠡᠳᠬᠡᠯ ᠤᠨ ᠭᠠᠵᠠᠷ ᠤᠨ ᠬᠦᠷᠢᠶᠡᠯᠡᠩ ᠲᠣᠭᠤᠷᠢᠭ ᠤᠨ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠲᠣᠪᠤᠶᠢᠮ᠎ᠠ ᠠᠰᠠᠭᠤᠳᠠᠯ ᠵᠢᠴᠢ ᠯᠠᠪᠯᠠᠯᠲᠠ ᠪᠣᠯᠭᠠᠨ ᠬᠡᠷᠡᠭᠯᠡᠵᠦ ᠪᠣᠯᠬᠤ ᠰᠠᠨᠠᠯ ᠰᠠᠨᠠᠭᠤᠯᠭ᠎ᠠ ᠶᠢ ᠴᠤᠭᠯᠠᠭᠤᠯᠤᠨ ᠡᠮᠬᠢᠯᠡᠵᠦ᠂ ᠪᠠᠶᠢᠴᠠᠭᠠᠨ ᠰᠤᠳᠤᠯᠤᠯᠲᠠ ᠶᠢᠨ ᠮᠠᠲ᠋ᠧᠷᠢᠶᠠᠯ ᠢ ᠲᠤᠭᠤᠷᠪᠢᠨ ᠪᠢᠴᠢᠪᠡ᠃ ᠪᠠᠶᠢᠴᠠᠭᠠᠨ ᠰᠤᠳᠤᠯᠤᠯᠲᠠ ᠶᠢᠨ ᠰᠠᠭᠤᠷᠢᠨ ᠳᠡᠭᠡᠷ᠎ᠡ᠂ ᠪᠥᠬᠦ ᠬᠤᠲᠠ ᠶᠢᠨ ᠢᠳᠡᠭᠡᠨ ᠤ ᠵᠢᠵᠢᠭ ᠦᠢᠯᠡᠳᠬᠡᠯ ᠤᠨ ᠬᠦᠷᠢᠶᠡᠯᠡᠩ ᠲᠣᠭᠤᠷᠢᠭ ᠤᠨ ᠣᠳᠣᠬᠢ ᠪᠠᠶᠢᠳᠠᠯ ᠲᠠᠢ ᠤᠶᠠᠯᠳᠤᠭᠤᠯᠤᠨ᠂ ︽ᠬᠥᠬᠡᠬᠤᠲᠠ ᠶᠢᠨ ᠢᠳᠡᠭᠡᠨ ᠦᠢᠯᠡᠳᠪᠦᠷᠢᠯᠡᠵᠦ ᠡᠳ᠋ᠰᠢᠭᠦᠯᠬᠦ ᠵᠢᠵᠢᠭ ᠦᠢᠯᠡᠳᠬᠡᠯ ᠤᠨ ᠭᠠᠵᠠᠷ ᠤᠨ ᠲᠤᠰᠬᠠᠶ ᠴᠡᠭᠴᠡᠯᠡᠨ ᠵᠠᠰᠠᠬᠤ ᠠᠵᠢᠯ ᠤᠨ ᠬᠡᠷᠡᠭᠵᠢᠭᠦᠯᠬᠦ ᠲᠥᠰᠦᠯ︾ ᠢ ᠲᠣᠭᠲᠠᠭᠠᠨ ᠳᠠᠷᠤᠮᠠᠯᠯᠠᠨ ᠲᠠᠷᠬᠠᠭᠠᠵᠤ᠂ ᠢᠳᠡᠭᠡᠨ ᠤ ᠵᠢᠵᠢᠭ ᠦᠢᠯᠡᠳᠬᠡᠯ ᠤᠨ ᠭᠠᠵᠠᠷ ᠤᠨ ᠬᠦᠷᠢᠶᠡᠯᠡᠩ ᠲᠣᠭᠤᠷᠢᠭ ᠤᠨ ᠵᠢᠷᠤᠮᠵᠢᠭᠰᠠᠨ ᠪᠠᠷᠢᠮᠵᠢᠶᠠᠵᠢᠭᠰᠠᠨ ᠪᠥᠲᠥᠭᠡᠨ ᠪᠠᠶᠢᠭᠤᠯᠤᠯᠲᠠ ᠶᠢᠨ ᠰᠠᠭᠤᠷᠢ ᠶᠢ ᠪᠠᠬᠢᠵᠢᠭᠦᠯᠪᠡ᠃

    ᠬᠤᠶᠠᠷ ᠲᠤ᠂ ᠪᠣᠯᠪᠠᠰᠤᠷᠠᠯ ᠪᠠᠷ ᠬᠦᠴᠦᠨ ᠨᠡᠮᠡᠷᠢᠯᠡᠵᠦ᠂ ᠡᠵᠡᠩᠨᠡᠯᠲᠡ ᠶᠢᠨ ᠭᠤᠤᠯ ᠴᠣᠭᠴᠠ ᠶᠢᠨ ᠢᠳᠡᠭᠡᠨ ᠤ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢᠨ ᠤᠬᠠᠮᠰᠠᠷ ᠢ ᠪᠥᠬᠦ ᠲᠠᠯ᠎ᠠ ᠪᠠᠷ ᠳᠡᠭᠡᠭᠰᠢᠯᠡᠭᠦᠯᠪᠡ᠃ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠢᠳᠡᠭᠡᠨ ᠤ ᠵᠢᠵᠢᠭ ᠦᠢᠯᠡᠳᠬᠡᠯ ᠤᠨ ᠵᠢᠵᠢᠭ ᠢᠳᠡᠭᠡᠨ ᠤᠮᠳᠠᠭᠠᠨ ᠤ ᠳᠡᠯᠭᠡᠭᠦᠷ ᠤᠨ ᠵᠢᠵᠢᠭ ᠬᠤᠯᠢᠰᠢᠨ ᠢᠳᠡᠭᠡᠨ ᠤ ᠳᠡᠯᠭᠡᠭᠦᠷ ᠪᠠ ᠢᠳᠡᠭᠡᠨ ᠤ ᠳᠡᠯᠭᠡᠭᠡ ᠮᠠᠶᠢᠮᠠᠢ ᠶᠢᠨ ᠬᠠᠮᠢᠶᠠᠷᠤᠯᠲᠠ ᠶᠢᠨ ᠲᠦᠷᠢᠮ︾ ᠵᠢᠴᠢ ᠢᠵᠢ ᠪᠥᠷᠢᠳᠦᠭᠦᠯᠬᠦ ᠬᠠᠮᠢᠶᠠᠷᠤᠯᠲᠠ ᠶᠢᠨ ᠠᠷᠭ᠎ᠠ᠂ ᠦᠢᠯᠡᠳᠬᠡᠯ ᠤᠨ ᠭᠠᠵᠠᠷ ᠤᠨ ᠬᠦᠷᠢᠶᠡᠯᠡᠩ ᠲᠣᠭᠤᠷᠢᠭ ᠤᠨ ᠴᠢᠨᠠᠷ ᠰᠠᠶᠢᠲᠠᠶ ᠬᠥᠭᠵᠢᠯᠲᠡ ᠶᠢ ᠲᠥᠪᠯᠡᠷᠡᠭᠦᠯᠦᠨ ᠥᠷᠨᠢᠭᠦᠯᠵᠦ᠂ ᠢᠳᠡᠭᠡᠨ ᠤ ᠵᠢᠵᠢᠭ ᠦᠢᠯᠡᠳᠬᠡᠯ ᠤᠨ ᠭᠠᠵᠠᠷ ᠤᠨ ᠦᠢᠯᠡᠳᠪᠦᠷᠢᠯᠡᠯ ᠡᠵᠡᠩᠨᠡᠯᠲᠡ ᠶᠢᠨ ᠦᠢᠯᠡ ᠠᠵᠢᠯᠯᠠᠭ᠎ᠠ ᠶᠢ ᠵᠢᠷᠤᠮᠵᠢᠭᠤᠯᠤᠨ᠂ ᠪᠥᠬᠦ ᠬᠤᠲᠠ ᠶᠢᠨ ᠢᠳᠡᠭᠡᠨ ᠤ ᠠᠮᠤᠷ ᠲᠦᠪᠰᠢᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠬᠥᠬᠡᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ 13 ᠣᠷᠣᠨ ᠨᠤᠲᠤᠭ ᠤᠨ ᠪᠠᠷᠢᠮᠵᠢᠶ᠎ᠠ ᠶᠢ ᠳᠡᠭᠡᠭᠰᠢᠯᠡᠭᠦᠯᠬᠦ ᠪᠣᠯᠪᠠᠰᠤᠷᠠᠯ ᠶᠣᠰᠣᠭᠠᠷ᠂ ᠵᠢᠵᠢᠭ ᠦᠢᠯᠡᠳᠬᠡᠯ ᠤᠨ ᠭᠠᠵᠠᠷ ᠤᠨ ᠠᠵᠢᠯ ᠡᠷᠭᠢᠯᠡᠭᠰᠡᠳ ᠢ 2000 ᠭᠠᠷᠤᠶ ᠬᠥᠮᠦᠨ ᠤᠳᠠᠭ᠎ᠠ ᠲᠥᠪᠯᠡᠷᠡᠭᠦᠯᠦᠨ ᠪᠣᠯᠪᠠᠰᠤᠷᠠᠭᠤᠯᠵᠤ᠂ ᠲᠠᠯᠠᠪᠤᠷ ᠭᠠᠵᠠᠷ ᠤᠨ ᠣᠷᠴᠢᠨ ᠲᠣᠭᠤᠷᠢᠨ ᠤ ᠱᠠᠭᠠᠷᠳᠠᠯᠭ᠎ᠠ᠂ ᠦᠢᠯᠡᠳᠪᠦᠷᠢᠯᠡᠯ ᠡᠵᠡᠩᠨᠡᠯᠲᠡ ᠶᠢᠨ ᠶᠠᠪᠤᠴᠠ ᠶᠢᠨ ᠡᠵᠡᠮᠳᠡᠬᠦ ᠱᠠᠭᠠᠷᠳᠠᠯᠭ᠎ᠠ ᠪᠠ ᠱᠣᠰᠢᠭ᠎ᠠ ᠶᠢᠨ ᠬᠠᠮᠢᠶᠠᠷᠤᠯᠲᠠ ᠵᠡᠷᠭᠡ ᠲᠠᠯ᠎ᠠ ᠪᠠᠷ ᠲᠠᠶᠢᠯᠪᠤᠷᠢᠯᠠᠨ ᠪᠣᠯᠪᠠᠰᠤᠷᠠᠭᠤᠯᠵᠤ᠂ ᠡᠵᠡᠩᠨᠡᠯᠲᠡ ᠶᠢᠨ ᠭᠤᠤᠯ ᠴᠣᠭᠴᠠ ᠳᠤ ︽ᠲᠦᠷᠢᠮ︾ ᠵᠢᠴᠢ ᠢᠵᠢ ᠪᠥᠷᠢᠳᠦᠭᠦᠯᠬᠦ ᠬᠠᠮᠢᠶᠠᠷᠤᠯᠲᠠ ᠶᠢᠨ ᠠᠷᠭ᠎ᠠ᠂ ᠣᠷᠣᠨ ᠨᠤᠲᠤᠭ ᠤᠨ ᠪᠠᠷᠢᠮᠵᠢᠶ᠎ᠠ ᠶᠢᠨ ᠬᠤᠯᠪᠣᠭᠳᠠᠯ ᠪᠥᠬᠦᠶ ᠱᠠᠭᠠᠷᠳᠠᠯᠭ᠎ᠠ ᠶᠢ ᠨᠠᠩ ᠰᠠᠶᠢᠲᠤᠷ ᠣᠶᠢᠯᠠᠭᠠᠭᠤᠯᠵᠤ᠂ ᠢᠳᠡᠭᠡᠨ ᠤ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠳᠤ ᠰᠠᠶᠢᠨ ᠰᠠᠭᠤᠷᠢ ᠲᠠᠯᠪᠢᠵᠤ ᠥᠭᠪᠡ᠃

    ᠭᠤᠷᠪᠠ ᠳᠤ᠂ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠢᠳᠡᠭᠡᠨ ᠤ ᠦᠢᠯᠡᠳᠪᠦᠷᠢᠯᠡᠯ ᠤᠨ ᠠᠶᠤᠯᠭᠦᠶ ᠶᠢᠨ ᠪᠠᠲᠤᠯᠠᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠪᠡ᠃ ᠢᠳᠡᠭᠡᠨ ᠤ ᠵᠢᠵᠢᠭ ᠦᠢᠯᠡᠳᠬᠡᠯ ᠤᠨ ᠭᠠᠵᠠᠷ ᠲᠤ ᠢᠳᠡᠭᠡᠨ ᠤ ᠦᠢᠯᠡᠳᠪᠦᠷᠢᠯᠡᠯ ᠤᠨ ᠲᠦᠭᠰᠢᠭᠦᠷᠢ ᠶᠢ ᠵᠢᠭᠰᠠᠭᠠᠨ ᠪᠠᠶᠢᠴᠠᠭᠠᠵᠤ ᠰᠡᠷᠭᠡᠶᠢᠯᠡᠨ ᠡᠵᠡᠮᠳᠡᠵᠦ ᠵᠠᠰᠠᠬᠤ ᠠᠵᠢᠯ ᠢ ᠭᠤᠤᠯᠳᠠᠯᠭ᠎ᠠ ᠲᠠᠢ ᠥᠷᠨᠢᠭᠦᠯᠵᠦ᠂ ᠢᠳᠡᠭᠡᠨ ᠤ ᠦᠢᠯᠡᠳᠪᠦᠷᠢᠯᠡᠯ ᠤᠨ ᠵᠠᠩᠭᠢᠯᠠᠭ᠎ᠠ ᠶᠢᠨ ᠳᠡᠭᠡᠳᠦ ᠵᠡᠷᠭᠡ ᠶᠢᠨ ᠪᠠᠶᠢᠴᠠᠭᠠᠭᠴᠢ᠂ ᠡᠵᠡᠩᠨᠡᠯᠲᠡ ᠶᠢᠨ ᠥᠮᠴᠢᠲᠡᠨ ᠢ ᠵᠣᠬᠢᠶᠠᠨ ᠪᠠᠶᠢᠭᠤᠯᠤᠨ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠵᠢᠭᠰᠠᠭᠠᠨ ᠪᠠᠶᠢᠴᠠᠭᠠᠵᠤ ᠭᠠᠷᠭᠠᠭᠰᠠᠨ ᠲᠦᠭᠰᠢᠭᠦᠷᠢ ᠶᠢᠨ ᠳᠠᠯᠳᠠ ᠬᠡᠮ ᠢ ᠵᠠᠳᠠᠯᠤᠨ ᠰᠤᠳᠤᠯᠵᠤ ᠮᠠᠭᠠᠳᠯᠠᠵᠤ᠂ ᠲᠤᠰᠠᠲᠠᠶ ᠪᠣᠳᠠᠲᠠᠶ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠠᠪᠴᠤ᠂ ᠲᠣᠭᠲᠠᠭᠰᠠᠨ ᠬᠤᠭᠤᠴᠠᠭᠠᠨ ᠳᠣᠲᠣᠷ᠎ᠠ ᠴᠡᠭᠴᠡᠯᠡᠨ ᠰᠠᠶᠢᠵᠢᠷᠠᠭᠤᠯᠬᠤ ᠶᠢ ᠪᠡᠶᠡᠯᠡᠭᠦᠯᠪᠡ᠃ ᠮᠠᠨ ᠤ ᠬᠤᠲᠠ ᠶᠢᠨ ᠢᠳᠡᠭᠡᠨ ᠦᠢᠯᠡᠳᠪᠦᠷᠢᠯᠡᠵᠦ ᠡᠳ᠋ᠰᠢᠭᠦᠯᠬᠦ ᠵᠢᠵᠢᠭ ᠦᠢᠯᠡᠳᠭᠡᠯ ᠤᠨ ᠬᠦᠷᠢᠶᠡᠯᠡᠩ ᠲᠣᠭᠤᠷᠢᠭ ᠨᠢ ᠴᠥᠮ ︽ᠨᠢᠭᠡ ᠣᠷᠣᠨ ᠨᠢᠭᠡ ᠲᠠᠩᠰᠠ︾ ᠶᠢᠨ ᠱᠠᠭᠠᠷᠳᠠᠯᠭ᠎ᠠ ᠶᠣᠰᠣᠭᠠᠷ᠂ ︽ᠲᠦᠭᠰᠢᠭᠦᠷᠢ ᠶᠢᠨ ᠨᠠᠷᠢᠨ ᠲᠠᠩᠰᠠ︾᠂ ︽ᠠᠷᠭ᠎ᠠ ᠬᠡᠮᠵᠢᠶ᠎ᠡ ᠶᠢᠨ ᠨᠠᠷᠢᠨ ᠲᠠᠩᠰᠠ︾᠂ ︽ᠬᠠᠷᠢᠭᠤᠴᠠᠯᠭ᠎ᠠ ᠶᠢᠨ ᠨᠠᠷᠢᠨ ᠲᠠᠩᠰᠠ︾ ᠶᠢ ᠲᠣᠭᠲᠠᠭᠠᠪᠠ᠃

    ᠳᠥᠷᠪᠡ ᠳᠤ᠂ ᠮᠡᠷᠭᠡᠵᠢᠯ ᠢᠶᠠᠷ ᠬᠠᠪᠰᠤᠷᠤᠨ ᠲᠡᠳᠬᠦᠬᠦ ᠲᠤᠯᠭᠠᠭᠤᠷᠢᠯᠠᠯ ᠢ ᠴᠢᠩᠭᠠᠳᠬᠠᠵᠤ᠂ ︽ᠨᠠᠷᠢᠯᠢᠭ ᠣᠨᠴᠠ ᠰᠠᠶᠢᠬᠠᠨ︾ ᠵᠢᠵᠢᠭ ᠦᠢᠯᠡᠳᠬᠡᠯ ᠤᠨ ᠭᠠᠵᠠᠷ ᠪᠠ ᠵᠢᠵᠢᠭ ᠦᠢᠯᠡᠳᠬᠡᠯ ᠤᠨ ᠭᠠᠵᠠᠷ ᠢ ᠪᠤᠶᠢᠵᠢᠭᠤᠯᠬᠤ ᠶᠢ ᠲᠠᠰ ᠳᠡᠪᠰᠢᠭᠦᠯᠬᠦ ᠶᠢ ᠠᠬᠢᠭᠤᠯᠪᠠ᠃ ᠬᠢᠨᠠᠨ ᠬᠠᠮᠢᠶᠠᠷᠬᠤ ᠪᠠ ᠦᠢᠯᠡᠴᠢᠯᠡᠬᠦ  ᠶᠢ ᠤᠶᠠᠯᠳᠤᠭᠤᠯᠬᠤ ᠶᠢ ᠪᠠᠷᠢᠮᠲᠠᠯᠠᠵᠤ᠂ ᠢᠳᠡᠭᠡᠨ ᠤ ᠦᠢᠯᠡᠳᠪᠦᠷᠢᠯᠡᠯ ᠤᠨ ︽ᠮᠢᠩᠭᠠᠨ ᠠᠵᠤ ᠠᠬᠤᠶᠢᠯᠠᠯ ᠲᠦᠮᠡᠨ ᠦᠢᠯᠡᠳᠬᠡᠯ︾ ᠢ ᠬᠠᠪᠰᠤᠷᠤᠨ ᠲᠡᠳᠬᠦᠬᠦ ᠠᠵᠢᠯᠯᠠᠭ᠎ᠠ ᠥᠷᠨᠢᠭᠦᠯᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠡᠵᠡᠩᠨᠡᠯᠲᠡ ᠶᠢᠨ ᠭᠤᠤᠯ ᠴᠣᠭᠴᠠ ᠶᠢᠨ ᠪᠠᠴᠢᠮ ᠪᠡᠷᠬᠡ ᠵᠣᠪᠠᠨᠢᠯ ᠬᠦᠰᠡᠯ ᠤᠨ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠢᠳᠡᠭᠡᠨ ᠤ ᠵᠢᠵᠢᠭ ᠦᠢᠯᠡᠳᠭᠡᠯ ᠤᠨ ᠭᠠᠵᠠᠷ ᠤᠨ ᠲᠠᠰ ᠳᠡᠪᠰᠢᠬᠦ ᠶᠢ ᠠᠬᠢᠭᠤᠯᠤᠨ᠂ ᠢᠳᠡᠭᠡᠨ ᠤ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠪᠠ᠃ ᠣᠳᠣᠬᠠᠨ ᠳᠤ᠂ ︽ᠨᠠᠷᠢᠯᠢᠭ ᠣᠨᠴᠠ ᠰᠠᠶᠢᠬᠠᠨ︾ ᠰᠢᠯᠢᠳᠡᠭ ᠣᠷᠣᠨ ᠨᠤᠲᠤᠭ ᠤᠨ ᠣᠨᠴᠠᠯᠢᠭᠲᠤ 5 ᠵᠢᠵᠢᠭ ᠦᠢᠯᠡᠳᠭᠡᠯ ᠤᠨ ᠭᠠᠵᠠᠷ ᠢ ᠪᠤᠶᠢᠵᠢᠭᠤᠯᠵᠤ᠂ 24 ᠵᠢᠵᠢᠭ ᠦᠢᠯᠡᠳᠭᠡᠯ ᠤᠨ ᠭᠠᠵᠠᠷ ᠢ ᠳᠡᠭᠡᠭᠰᠢᠯᠡᠭᠦᠯᠦᠨ ᠥᠭᠡᠷᠡᠴᠢᠯᠡᠪᠡ᠃ ᠡᠵᠡᠩᠨᠡᠯᠲᠡ ᠶᠢᠨ ᠥᠮᠴᠢᠲᠡᠨ ᠢ ᠤᠶᠢᠯᠠᠭᠠᠨ ᠬᠡᠷᠡᠭᠯᠡᠬᠦ ᠳᠤ ᠲᠥᠬᠦᠮ ᠪᠣᠯᠭᠠᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠨᠡᠶᠢᠲᠡᠯᠡᠭᠰᠡᠨ ᠰᠢᠷᠢᠰ ᠣᠷᠣᠨ ᠨᠤᠲᠤᠭ ᠤᠨ ᠪᠠᠷᠢᠮᠵᠢᠶ᠎ᠠ ᠶᠢ ᠦᠨᠳᠦᠰᠦᠯᠡᠨ᠂ 7 ᠲᠥᠷᠥᠯ ᠤᠨ ᠢᠳᠡᠭᠡᠨ ᠤ ᠦᠢᠯᠡᠳᠪᠦᠷᠢᠯᠡᠯ ᠤᠨ ᠵᠢᠵᠢᠭ ᠦᠢᠯᠡᠳᠬᠡᠯ ᠤᠨ ᠦᠢᠯᠡᠳᠪᠦᠷᠢᠯᠡᠯ ᠤᠨ ᠵᠢᠷᠤᠮᠵᠢᠯ ᠤᠨ ᠭᠤᠤᠯᠳᠠᠯᠭ᠎ᠠ ᠲᠠᠢ ᠠᠭᠤᠯᠭ᠎ᠠ ᠶᠢ ᠡᠮᠬᠢᠯᠡᠵᠦ᠂ ᠵᠢᠵᠢᠭ ᠦᠢᠯᠡᠳᠬᠡᠯ ᠤᠨ ᠭᠠᠵᠠᠷ ᠤᠨ ᠡᠵᠡᠩᠨᠡᠯᠲᠡ ᠶᠢᠨ ᠥᠮᠴᠢᠲᠡᠨ ᠳᠤ ᠣᠯᠭᠤᠪᠠ᠃

 

ᠢᠷᠡᠯᠲᠡ᠄ ᠬᠥᠬᠡᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ