ᠦᠬᠠᠶ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠦᠢᠲᠡᠨ ᠬᠡᠯᠬᠢᠶᠡᠨ ᠤ ᠬᠢᠨᠠᠯᠲᠠ ᠬᠠᠮᠢᠶᠠᠷᠤᠯᠲᠠ ᠶᠢᠨ ᠬᠡᠯᠬᠢᠶ᠎ᠡ ᠶᠢ ᠴᠢᠩᠭ᠎ᠠ ᠠᠳᠬᠤᠵᠤ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠱᠤᠭᠤᠮ ᠢ ᠪᠠᠲᠤ ᠴᠣᠭᠴᠠᠯᠠᠪᠠ
ᠨᠡᠶᠢᠲᠡᠯᠡᠭᠰᠡᠨ ᠴᠠᠭ᠄
2024/8/9

    ᠬᠦᠢᠲᠡᠨ ᠢᠶᠠᠷ ᠬᠠᠳᠠᠭᠠᠯᠠᠬᠤ ᠬᠥᠯᠳᠡᠭᠡᠨ ᠬᠠᠳᠠᠭᠠᠯᠠᠬᠤ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠬᠦᠢᠲᠡᠨ ᠢᠶᠠᠷ ᠬᠠᠳᠠᠭᠠᠯᠠᠬᠤ ᠬᠥᠯᠳᠡᠭᠡᠨ ᠬᠠᠳᠠᠭᠠᠯᠠᠬᠤ ᠢᠳᠡᠭᠡᠨ ᠤ ᠡᠵᠡᠩᠨᠡᠯᠲᠡ ᠶᠢᠨ ᠠᠵᠢᠯᠯᠠᠭ᠎ᠠ ᠶᠢ ᠵᠢᠷᠤᠮᠵᠢᠭᠤᠯᠤᠨ᠂ ᠡᠵᠡᠩᠨᠡᠯᠲᠡ ᠶᠢᠨ ᠭᠤᠤᠯ ᠴᠣᠭᠴᠠ ᠶᠢᠨ ᠢᠳᠡᠭᠡᠨ ᠤ ᠠᠮᠤᠷ ᠲᠦᠪᠰᠢᠨ ᠤ ᠥᠪᠡᠷᠲᠡᠭᠡᠨ ᠡᠵᠡᠮᠳᠡᠵᠦ ᠥᠪᠡᠷᠲᠡᠭᠡᠨ ᠬᠠᠮᠢᠶᠠᠷᠬᠤ ᠴᠢᠳᠠᠪᠤᠷᠢ ᠶᠢ ᠳᠡᠭᠡᠭᠰᠢᠯᠡᠭᠦᠯᠬᠦ ᠪᠣᠯ ᠢᠳᠡᠭᠡᠨ ᠤ ᠠᠮᠤᠷ ᠲᠦᠪᠰᠢᠨ ᠢ ᠪᠠᠲᠤᠯᠠᠬᠤ ᠴᠢᠬᠤᠯᠠ ᠭᠤᠭᠴᠤᠭ᠎ᠠ ᠪᠣᠯᠤᠨ᠎ᠠ᠃ ᠦᠬᠠᠢ ᠬᠤᠲᠠ ᠶᠢᠨ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ ︽ᠳᠥᠷᠪᠡᠨ ᠴᠢᠩᠭᠠᠷᠠᠭᠤᠯᠬᠤ ︾ ᠪᠠᠷ ᠬᠦᠢᠲᠡᠨ ᠢᠶᠠᠷ ᠬᠠᠳᠠᠭᠠᠯᠠᠬᠤ ᠬᠥᠯᠳᠡᠭᠡᠨ ᠬᠠᠳᠠᠭᠠᠯᠠᠬᠤ ᠢᠳᠡᠭᠡᠨ ᠤ ᠠᠮᠤᠷ ᠲᠦᠪᠰᠢᠨ ᠤ ᠬᠢᠨᠠᠨ ᠬᠠᠮᠢᠶᠠᠷᠤᠯᠲᠠ ᠶᠢᠨ ᠠᠵᠢᠯ ᠢ ᠦᠨᠡᠨ ᠬᠦ ᠰᠠᠶᠢᠲᠤᠷ ᠬᠢᠨ᠎ᠡ᠃

    ᠨᠢᠭᠡ ᠳᠤ᠂ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠴᠢᠩᠭᠠᠷᠠᠭᠤᠯᠪᠠ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠭᠠᠳᠠᠭᠠᠳᠤ ᠠᠴᠠ ᠣᠷᠣᠭᠤᠯᠬᠤ ᠬᠦᠢᠲᠡᠨ ᠢᠶᠠᠷ ᠬᠠᠳᠠᠭᠠᠯᠠᠬᠤ ᠬᠥᠯᠳᠡᠭᠡᠨ ᠬᠠᠳᠠᠭᠠᠯᠠᠬᠤ ᠢᠳᠡᠭᠡᠨ ᠢᠶᠠᠷ ᠭᠤᠤᠯᠳᠠᠯᠭ᠎ᠠ ᠪᠣᠯᠭᠠᠵᠤ᠂ ᠢᠳᠡᠭᠡᠨ ᠦᠢᠯᠡᠳᠪᠦᠷᠢᠯᠡᠬᠦ ᠠᠵᠤ ᠠᠬᠤᠶᠢᠯᠠᠯ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ᠂ ᠭᠤᠷᠪᠠᠳᠠᠬᠢ ᠡᠲᠡᠭᠡᠳ ᠤᠨ ᠬᠦᠢᠲᠡᠨ ᠬᠥᠮᠥᠷᠭᠡ᠂ ᠲᠣᠮᠣ ᠬᠡᠯᠪᠡᠷᠢ ᠶᠢᠨ ᠬᠡᠲᠦ ᠳᠡᠯᠭᠡᠭᠦᠷ ᠢᠶᠠᠷ ᠭᠤᠤᠯᠳᠠᠯᠭ᠎ᠠ ᠲᠠᠢ ᠲᠠᠯᠠᠪᠤᠷ ᠭᠠᠵᠠᠷ ᠪᠣᠯᠭᠠᠵᠤ᠂ ᠲᠦᠷᠢᠮ ᠤᠨ ᠪᠠᠶᠢᠭᠤᠯᠤᠯᠲᠠ᠂ ᠠᠵᠢᠯᠲᠠᠨ ᠤ ᠡᠷᠡᠭᠦᠯ ᠮᠡᠨᠳᠦ ᠶᠢᠨ ᠬᠠᠮᠢᠶᠠᠷᠤᠯᠲᠠ᠂ ᠭᠡᠷᠡᠴᠢ ᠪᠠᠷᠢᠮᠲᠠ ᠠᠪᠬᠤ᠂ ᠬᠠᠳᠠᠭᠠᠯᠠᠬᠤ ᠨᠥᠬᠦᠴᠡᠯ ᠵᠡᠷᠭᠡ ᠵᠦᠢᠯᠡᠰ ᠢ ᠭᠤᠤᠯᠳᠠᠯᠭ᠎ᠠ ᠲᠠᠢ ᠪᠠᠶᠢᠴᠠᠭᠠᠪᠠ᠃ ᠪᠠᠶᠢᠴᠠᠭᠠᠯᠲᠠ ᠶᠢᠨ ᠳᠤᠮᠳᠠ ᠢᠯᠡᠷᠡᠭᠦᠯᠦᠭᠰᠡᠨ ᠠᠰᠠᠭᠤᠳᠠᠯ ᠳᠤ ᠴᠢᠭᠯᠡᠭᠦᠯᠦᠨ᠂ ᠬᠠᠤᠯᠢ ᠲᠣᠭᠲᠠᠭᠠᠯ ᠶᠣᠰᠣᠭᠠᠷ ᠰᠢᠢᠳᠪᠦᠷᠢᠯᠡᠵᠦ᠂ ᠢᠳᠡᠭᠡᠨ ᠤ ᠠᠮᠤᠷ ᠲᠦᠪᠰᠢᠨ ᠤ ᠳᠠᠯᠳᠠ ᠭᠡᠮ ᠢ ᠴᠠᠭ ᠲᠤᠬᠠᠶ ᠳᠤ ᠨᠢ ᠠᠷᠢᠯᠭᠠᠪᠠ᠃ ᠬᠤᠶᠠᠷ ᠲᠤ᠂ ᠬᠢᠷᠢ ᠬᠡᠮ ᠤᠨ ᠬᠢᠨᠠᠨ ᠪᠠᠶᠢᠴᠠᠭᠠᠯᠲᠠ ᠶᠢ ᠴᠢᠩᠭᠠᠷᠠᠭᠤᠯᠪᠠ᠃ ᠬᠦᠢᠲᠡᠨ ᠢᠶᠠᠷ ᠬᠠᠳᠠᠭᠠᠯᠠᠬᠤ ᠬᠥᠯᠳᠡᠭᠡᠨ ᠬᠠᠳᠠᠭᠠᠯᠠᠬᠤ ᠢᠳᠡᠭᠡᠨ ᠤ ᠡᠵᠡᠩᠨᠡᠯᠲᠡ ᠶᠢᠨ ᠭᠤᠤᠯ ᠴᠣᠭᠴᠠ ᠶᠢᠨ ᠬᠥᠳᠡᠯᠦᠩᠭᠦᠶ ᠬᠠᠮᠢᠶᠠᠷᠤᠯᠲᠠ ᠶᠢ ᠴᠢᠩᠭᠠᠳᠬᠠᠵᠤ᠂ ᠡᠵᠡᠩᠨᠡᠯᠲᠡ ᠶᠢᠨ ᠭᠤᠤᠯ ᠴᠣᠭᠴᠠ ᠶᠢᠨ ᠬᠢᠷᠢ ᠬᠡᠮ ᠤᠨ ᠬᠠᠤᠯᠢ ᠶᠣᠰᠣᠴᠢ ᠴᠢᠨᠠᠷ ᠵᠢᠴᠢ ᠡᠵᠡᠩᠨᠡᠯᠲᠡ ᠶᠢᠨ ᠶᠠᠪᠤᠴᠠ ᠶᠢᠨ ᠲᠡᠮᠳᠡᠭᠲᠦ ᠶᠢᠨ ᠴᠢᠨᠠᠷ ᠢ ᠦᠨᠡᠨ ᠬᠦ ᠪᠠᠲᠤᠯᠠᠪᠠ᠃ ᠪᠥᠬᠦ ᠬᠤᠲᠠ ᠶᠢᠨ ᠬᠥᠯᠳᠡᠭᠡᠨ ᠬᠠᠳᠠᠭᠠᠯᠠᠬᠤ ᠬᠦᠢᠲᠡᠨ ᠢᠶᠠᠷ ᠬᠠᠳᠠᠭᠠᠯᠠᠬᠤ ᠢᠳᠡᠭᠡᠨ ᠤ ᠡᠵᠡᠩᠨᠡᠯᠲᠡ ᠶᠢᠨ ᠭᠤᠤᠯ ᠴᠣᠭᠴᠠ ᠵᠢᠴᠢ ᠵᠥᠪᠬᠡᠨ ᠬᠠᠳᠠᠭᠠᠯᠠᠬᠤ ᠲᠤᠬᠠᠶᠢᠯᠠᠭᠰᠠᠨ ᠠᠵᠢᠯ ᠲᠠᠢ ᠢᠳᠡᠭᠡᠨ ᠤ ᠪᠤᠰᠤ ᠡᠵᠡᠩᠨᠡᠭᠴᠢ ᠶᠢᠨ ᠪᠠᠶᠢᠳᠠᠯ ᠢ ᠤᠶᠢᠯᠠᠭᠠᠨ ᠵᠢᠭᠰᠠᠭᠠᠨ ᠪᠠᠶᠢᠴᠠᠭᠠᠵᠤ᠂ ᠲᠠᠷᠬᠠᠯᠲᠠ ᠵᠢᠴᠢ ᠡᠵᠡᠩᠨᠡᠯᠲᠡ ᠶᠢᠨ ᠪᠠᠶᠢᠳᠠᠯ ᠢ ᠪᠥᠬᠦ ᠲᠠᠯ᠎ᠠ ᠪᠠᠷ ᠡᠵᠡᠮᠰᠢᠪᠡ᠃ ᠭᠤᠷᠪᠠ ᠳᠤ᠂ ᠡᠬᠢ ᠡᠭᠦᠰᠦᠯ ᠢ ᠨᠢ ᠡᠷᠢᠬᠦ ᠬᠠᠮᠢᠶᠠᠷᠤᠯᠲᠠ ᠶᠢ ᠴᠢᠩᠭᠠᠷᠠᠭᠤᠯᠪᠠ ᠃ ᠢᠳᠡᠭᠡᠨ ᠤ ᠠᠮᠤᠷ ᠲᠦᠪᠰᠢᠨ ᠤ ᠳᠠᠯᠳᠠ ᠭᠡᠮ ᠢ ᠴᠠᠭ ᠲᠤᠬᠠᠶ ᠳᠤ ᠨᠢ ᠠᠷᠢᠯᠭᠠᠬᠤ ᠶᠢᠨ ᠬᠠᠮᠲᠤ ᠬᠦᠢᠳᠡᠨ ᠢᠶᠠᠷ ᠬᠠᠳᠠᠭᠠᠯᠠᠬᠤ ᠬᠥᠯᠳᠡᠭᠡᠨ ᠬᠠᠳᠠᠭᠠᠯᠠᠬᠤ ᠢᠳᠡᠭᠡᠨ ᠤ ᠢᠷᠡᠯᠲᠡ ᠪᠣᠯᠤᠨ ᠬᠠᠨᠳᠤᠰᠢ ᠶᠢ ᠨᠡᠬᠡᠮᠵᠢᠯᠡᠨ ᠪᠠᠶᠢᠴᠠᠭᠠᠵᠤ᠂ ᠲᠠᠷᠢᠵᠤ ᠲᠡᠵᠢᠭᠡᠬᠦ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ᠂ ᠲᠡᠭᠡᠭᠡᠪᠦᠷᠢᠯᠡᠬᠦ ᠵᠠᠩᠭᠢᠯᠠᠭ᠎ᠠ ᠳᠤ ᠬᠤᠯᠪᠣᠭᠳᠠᠭᠰᠠᠨ ᠪᠠᠶᠢᠪᠠᠯ᠂ ᠬᠠᠤᠯᠢ ᠲᠣᠭᠲᠠᠭᠠᠯ ᠠᠴᠠ ᠵᠥᠷᠢᠴᠡᠭᠰᠡᠨ ᠪᠠᠶᠢᠳᠠᠯ ᠢ ᠴᠠᠭ ᠲᠤᠬᠠᠶ ᠳᠤ ᠨᠢ ᠲᠠᠷᠢᠶᠠᠯᠠᠩ ᠮᠠᠯ ᠠᠵᠤ ᠠᠬᠤᠶ᠂ ᠪᠣᠭᠤᠮᠲᠠ᠂ ᠵᠠᠮ ᠬᠠᠷᠢᠯᠴᠠᠭ᠎ᠠ ᠲᠡᠭᠡᠭᠡᠪᠦᠷᠢ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠮᠡᠳᠡᠭᠳᠡᠪᠡ ᠃ ᠶᠠᠯ᠎ᠠ ᠬᠢᠭᠰᠡᠨ ᠰᠡᠵᠢᠭᠯᠡᠯᠲᠡᠶ ᠪᠠᠶᠢᠪᠠᠯ᠂ ᠲᠣᠭᠲᠠᠭᠠᠯ ᠶᠣᠰᠣᠭᠠᠷ ᠰᠦᠪᠡᠭᠴᠢ ᠶᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠰᠢᠯᠵᠢᠭᠦᠯᠦᠨ ᠲᠤᠰᠢᠶᠠᠪᠠ᠃ ᠳᠥᠷᠪᠡ ᠳᠤ᠂ ᠤᠬᠠᠭᠤᠯᠵᠤ ᠬᠥᠲᠥᠯᠥᠨ ᠵᠢᠯᠣᠭᠤᠳᠬᠤ ᠶᠢ ᠴᠢᠩᠭᠠᠷᠠᠭᠤᠯᠪᠠ᠃ ᠬᠦᠢᠲᠡᠨ ᠢᠶᠠᠷ ᠬᠠᠳᠠᠭᠠᠯᠠᠬᠤ ᠬᠥᠯᠳᠡᠭᠡᠨ ᠬᠠᠳᠠᠭᠠᠯᠠᠬᠤ ᠢᠳᠡᠭᠡᠨ ᠳᠤ ᠬᠤᠯᠪᠣᠭᠳᠠᠬᠤ ᠡᠯ᠎ᠡ ᠲᠥᠷᠥᠯ ᠤᠨ ᠡᠵᠡᠩᠨᠡᠯᠲᠡ ᠶᠢᠨ ᠭᠤᠤᠯ ᠴᠣᠭᠴᠠ ᠳᠤ ᠴᠢᠭᠯᠡᠭᠦᠯᠦᠨ ︽ᠬᠦᠢᠲᠡᠨ ᠢᠶᠠᠷ ᠬᠠᠳᠠᠭᠠᠯᠠᠬᠤ᠂ ᠬᠥᠯᠳᠡᠭᠡᠨ ᠬᠠᠳᠠᠭᠠᠯᠠᠬᠤ ᠢᠳᠡᠭᠡᠨ ᠤ ᠪᠠᠷᠠᠭᠠᠨ ᠤ ᠭᠦᠢᠯᠭᠡᠭᠡᠨ ᠤ ᠪᠣᠭᠤᠳᠠᠯ ᠪᠠᠭᠯᠠᠭ᠎ᠠ᠂ ᠲᠡᠮᠳᠡᠭ᠂ ᠲᠡᠭᠡᠭᠡᠪᠦᠷᠢᠯᠡᠬᠦ ᠪᠠ ᠬᠠᠳᠠᠭᠠᠯᠠᠬᠤ︾᠂ ︽ᠬᠦᠢᠲᠡᠨ ᠬᠥᠮᠥᠷᠭᠡ ᠶᠢᠨ ᠬᠠᠮᠢᠶᠠᠷᠤᠯᠲᠠ ᠶᠢᠨ ᠵᠢᠷᠤᠮᠵᠢᠯ︾ ᠵᠡᠷᠭᠡ ᠬᠤᠯᠪᠣᠭᠳᠠᠯ ᠪᠥᠬᠦᠶ ᠲᠣᠭᠲᠠᠭᠠᠯ ᠤᠨ ᠰᠤᠷᠤᠯᠴᠠᠯᠭ᠎ᠠ ᠶᠢ ᠥᠷᠨᠢᠭᠦᠯᠵᠦ᠂ ᠡᠯ᠎ᠡ ᠢᠳᠡᠭᠡᠨ ᠤ ᠡᠵᠡᠩᠨᠡᠯᠲᠡ ᠶᠢᠨ ᠭᠤᠤᠯ ᠴᠣᠭᠴᠠ ᠶᠢ ᠰᠢᠮᠳᠠᠭᠤᠯᠵᠤ ᠪᠠᠶᠢᠭᠠᠳ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠦᠲᠦᠮᠵᠢᠲᠡᠶ ᠨᠠᠶᠢᠳᠠᠪᠤᠷᠢᠵᠢᠭᠤᠯᠪᠠ᠃ ᠬᠡᠷᠡᠭᠯᠡᠭᠡ ᠶᠢᠨ ᠰᠠᠨᠠᠭᠤᠯᠤᠮᠵᠢ ᠶᠢ ᠴᠠᠭ ᠲᠤᠬᠠᠶ ᠳᠤ ᠨᠢ ᠨᠡᠶᠢᠲᠡᠯᠡᠵᠦ᠂ ᠨᠡᠶᠢᠲᠡᠯᠢᠭ ᠬᠡᠷᠡᠭ ᠤᠨ ᠵᠢᠱᠢᠶ᠎ᠡ ᠶᠢ ᠥᠷᠭᠡᠨ ᠢᠶᠠᠷ ᠲᠦᠭᠡᠮᠡᠯᠵᠢᠭᠦᠯᠦᠨ᠂ ᠢᠳᠡᠭᠡᠨ ᠤ ᠠᠮᠤᠷ ᠲᠦᠪᠰᠢᠨ ᠤ ᠮᠡᠳᠡᠯᠭᠡ ᠶᠢ ᠥᠷᠭᠡᠨ ᠢᠶᠠᠷ ᠲᠦᠭᠡᠮᠡᠯᠵᠢᠭᠦᠯᠵᠦ᠂ ᠣᠯᠠᠨ ᠨᠡᠶᠢᠲᠡ ᠶᠢᠨ ᠢᠳᠡᠭᠡᠨ ᠤ ᠠᠮᠤᠷ ᠲᠦᠪᠰᠢᠨ ᠤ ᠬᠢᠷᠢ ᠬᠡᠮᠵᠢᠶ᠎ᠡ ᠪᠠ ᠰᠡᠷᠭᠡᠶᠢᠯᠡᠨ ᠡᠷᠬᠡ ᠪᠠᠨ ᠬᠠᠮᠠᠭᠠᠯᠠᠬᠤ ᠦᠵᠡᠯ ᠤᠬᠠᠮᠰᠠᠷ ᠢ ᠨᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠢᠳᠡᠪᠬᠢᠲᠡᠶ ᠣᠷᠣᠯᠴᠠᠵᠤ᠂ ᠢᠳᠡᠭᠡᠨ ᠤ ᠠᠮᠤᠷ ᠲᠦᠪᠰᠢᠨ ᠢ ᠨᠡᠶᠢᠭᠡᠮ ᠨᠡᠶᠢᠲᠡ ᠪᠠᠷ ᠢᠶᠠᠨ ᠬᠠᠮᠲᠤ ᠪᠠᠷ ᠵᠠᠰᠠᠬᠤ ᠰᠠᠶᠢᠨ ᠰᠠᠶᠢᠬᠠᠨ ᠠᠭᠤᠷ ᠠᠮᠢᠰᠬᠤᠯ ᠢ ᠬᠠᠮᠲᠤ ᠪᠠᠷ ᠪᠣᠶ ᠪᠣᠯᠭᠠᠬᠤ ᠶᠢ ᠤᠷᠢᠶᠠᠯᠠᠪᠠ᠃

    ᠲᠣᠰ ᠤᠳᠠᠭᠠᠨ ᠤ ᠲᠤᠰᠬᠠᠶ ᠴᠡᠭᠴᠡᠯᠡᠨ ᠵᠠᠰᠠᠯᠲᠠ ᠳᠤ ᠬᠠᠤᠯᠢ ᠬᠡᠷᠡᠭᠵᠢᠭᠦᠯᠬᠦ ᠠᠵᠢᠯᠲᠠᠨ ᠢ ᠨᠡᠶᠢᠲᠡ 682 ᠬᠥᠮᠦᠨ ᠤᠳᠠᠭ᠎ᠠ ᠬᠥᠳᠡᠯᠭᠡᠵᠦ᠂ ᠬᠦᠢᠲᠡᠨ ᠢᠶᠠᠷ ᠬᠠᠳᠠᠭᠠᠯᠠᠬᠤ ᠬᠥᠯᠳᠡᠭᠡᠨ ᠬᠠᠳᠠᠭᠠᠯᠠᠬᠤ ᠢᠳᠡᠭᠡᠨ ᠪᠣᠷᠣᠯᠠᠭᠤᠯᠤᠭᠴᠢ ᠶᠢ 318 ᠡᠷᠦᠬᠡ ᠤᠳᠠᠭ᠎ᠠ ᠪᠠᠶᠢᠴᠠᠭᠠᠵᠤ᠂ ᠬᠦᠢᠲᠡᠨ ᠬᠥᠮᠥᠷᠭᠡ ᠶᠢᠨ ᠲᠤᠭ᠎ᠠ ᠬᠡᠮᠵᠢᠶ᠎ᠡ ᠶᠢ 19 ᠡᠷᠦᠬᠡ ᠤᠳᠠᠭ᠎ᠠ ᠪᠠᠶᠢᠴᠠᠭᠠᠵᠤ᠂ ᠬᠦᠢᠲᠡᠨ ᠢᠶᠠᠷ ᠬᠠᠳᠠᠭᠠᠯᠠᠬᠤ ᠬᠥᠯᠳᠡᠭᠡᠨ ᠬᠠᠳᠠᠭᠠᠯᠠᠬᠤ ᠢᠳᠡᠭᠡᠨ ᠤ ᠬᠠᠳᠠᠭᠠᠯᠠᠯᠲᠠ ᠶᠢᠨ ᠲᠤᠬᠠᠶᠢᠯᠠᠭᠰᠠᠨ ᠠᠵᠢᠯ ᠢ ᠡᠷᠬᠢᠯᠡᠵᠦ ᠪᠠᠶᠢᠭ᠎ᠠ ᠢᠳᠡᠭᠡᠨ ᠤ ᠪᠤᠰᠤ ᠡᠵᠡᠩᠨᠡᠭᠴᠢ ᠶᠢ ᠳᠠᠩᠰᠠᠯᠠᠭᠤᠯᠤᠭᠰᠠᠨ ᠪᠠᠶᠢᠳᠠᠯ ᠢ ᠬᠢᠨᠠᠨ ᠬᠠᠷᠭᠤᠭᠤᠯᠪᠠ᠃ ᠪᠣᠷᠣᠯᠠᠭᠤᠯᠤᠭᠴᠢ ᠶᠢᠨ ᠠᠮᠢᠳᠤᠷᠠᠯ ᠤᠨ ᠲᠣᠭᠤᠷᠢᠭ ᠨᠢ ᠡᠵᠡᠩᠨᠡᠯᠲᠡ ᠶᠢᠨ ᠲᠠᠯᠠᠪᠤᠷ ᠭᠠᠵᠠᠷ ᠢ ᠲᠤᠰᠠᠭᠠᠷᠯᠠᠭᠰᠠᠨ ᠥᠬᠡᠶ᠂ ᠠᠵᠢᠯᠯᠠᠵᠤ ᠪᠠᠶᠢᠭ᠎ᠠ ᠬᠥᠮᠦᠰ ᠨᠢ ᠡᠷᠡᠭᠦᠯ ᠮᠡᠨᠳᠦ ᠶᠢᠨ ᠭᠡᠷᠡᠴᠢ ᠣᠯᠤᠭᠰᠠᠨ ᠥᠬᠡᠶ᠂ ᠬᠦᠢᠲᠡᠨ ᠬᠥᠮᠥᠷᠭᠡ ᠶᠢᠨ ᠡᠳ᠋ ᠪᠣᠳᠠᠰ ᠨᠢ ᠭᠠᠵᠠᠷ ᠠᠴᠠ ᠰᠠᠯᠤᠭᠰᠠᠨ ᠥᠬᠡᠶ ᠵᠡᠷᠭᠡ 26 ᠠᠰᠠᠭᠤᠳᠠᠯ ᠢ ᠪᠠᠶᠢᠴᠠᠭᠠᠨ ᠢᠯᠡᠷᠡᠭᠦᠯᠦᠭᠡᠳ᠂ ᠵᠠᠷᠯᠢᠭᠳᠠᠨ ᠵᠠᠯᠠᠷᠠᠭᠤᠯᠬᠤ ᠮᠡᠳᠡᠭᠳᠡᠯ ᠤᠨ ᠪᠢᠴᠢᠭ ᠢ 26 ᠬᠤᠪᠢ ᠪᠠᠭᠤᠯᠭᠠᠵᠤ᠂ ᠪᠦᠬᠦᠨ ᠢ ᠴᠡᠭᠴᠡᠯᠡᠨ ᠰᠠᠶᠢᠵᠢᠷᠠᠭᠤᠯᠬᠤ ᠶᠢ ᠪᠡᠶᠡᠯᠡᠭᠦᠯᠪᠡ᠃

 

ᠢᠷᠡᠯᠲᠡ᠄ ᠦᠬᠠᠶ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ