ᠰᠢ ᠶᠢᠨ ᠫᠢᠩ ᠱᠠᠨᠰᠢ ᠶᠢᠨ ᠪᠤᠤ ᠵᠢᠢ ᠬᠤᠳᠠ ᠪᠠ ᠭᠠᠨᠰᠤ ᠶᠢᠨ ᠲᠢᠶᠠᠨ ᠱᠦᠢ ᠬᠤᠳᠠ ᠳᠤ ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2024/9/12

    10 ᠤ ᠡᠳᠦᠷ ᠤᠨ ᠦᠳᠡ ᠶᠢᠨ ᠬᠤᠶᠢᠨ᠎ᠠ ᠠᠴᠠ 11 ᠤ ᠡᠳᠦᠷ ᠤᠨ ᠦᠳᠡ ᠶᠢᠨ ᠡᠮᠦᠨ᠎ᠡ ᠪᠣᠯᠲᠠᠯ᠎ᠠ᠂ ᠶᠡᠷᠦᠩᠬᠡᠶ ᠱᠦᠵᠢ ᠰᠢ ᠶᠢᠨ ᠫᠢᠩ ᠤᠷᠢᠳ ᠬᠤᠵᠢᠳ ᠱᠠᠨᠰᠢ ᠮᠤᠵᠢ ᠶᠢᠨ ᠪᠤᠣ ᠵᠢᠶ ᠬᠤᠲᠠ ᠪᠣᠯᠤᠨ ᠭᠠᠨᠰᠦ ᠮᠤᠵᠢ ᠶᠢᠨ ᠲᠢᠶᠠᠨ ᠱᠦᠶ ᠬᠤᠲᠠ ᠳᠤ ᠬᠦᠷᠴᠦ ᠰᠢᠨᠵᠢᠯᠡᠨ ᠪᠠᠶᠢᠴᠠᠭᠠᠪᠠ ᠃ ᠪᠦᠦ ᠵᠢᠢ ᠬᠤᠳᠠ ᠳᠤ᠂ ᠰᠢ ᠶᠢᠨ ᠫᠢᠩ ᠪᠣᠣ ᠵᠢᠢ ᠶᠢᠨ ᠬᠦᠷᠡᠯ ᠪᠠᠭᠠᠵᠢ ᠶᠢᠨ ᠮᠦᠽᠧᠢ ᠂ ᠸᠧᠢ ᠡᡁᠧ ᠠᠮᠢ ᠠᠬᠤᠢ ᠶᠢᠨ ᠴᠡᠴᠡᠷᠯᠢᠭ ᠢ ᠰᠢᠨᠵᠢᠯᠡᠨ ᠪᠠᠶᠢᠴᠠᠭᠠᠵᠤ᠂ ᠲᠤᠬᠠᠢ ᠶᠢᠨ ᠭᠠᠵᠠᠷ ᠤᠨ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠵᠤ ᠠᠰᠢᠭᠯᠠᠬᠤ ᠶᠢ ᠴᠢᠩᠭᠠᠳᠬᠠᠭᠰᠠᠨ ᠪᠠ ᠸᠧᠢ ᠾᠧ ᠭᠤᠣᠯ ᠤᠨ ᠠᠮᠢ ᠠᠬᠤᠢ ᠶᠢᠨ ᠬᠠᠮᠠᠭᠠᠯᠠᠯᠲᠠ ᠵᠠᠰᠠᠯᠲᠠ ᠶᠢ ᠥᠷᠨᠢᠭᠦᠯᠦᠭᠰᠡᠨ ᠵᠡᠷᠭᠡ ᠪᠠᠶᠢᠳᠠᠯ ᠢ ᠣᠶᠢᠯᠠᠭᠠᠪᠠ ᠃ ᠲᠢᠶᠠᠨ ᠱᠦᠢ ᠬᠤᠳᠠ ᠳᠤ᠂ ᠰᠢ ᠶᠢᠨ ᠫᠢᠩ ᠹᠦ᠋ ᠰᠢ ᠮᠢᠶᠤᠤ ᠬᠡᠶᠢᠳ᠂ ᠮᠠᠢ ᠵᠢᠢ ᠲᠣᠭᠤᠷᠢᠭ ᠤᠨ ᠨᠠᠨ ᠱᠠᠨ ᠬᠤᠸᠠ ᠨᠢᠦ ᠠᠯᠮᠤᠷᠠᠳ ᠤᠨ ᠰᠠᠭᠤᠷᠢᠨ ᠭᠠᠵᠠᠷ᠂ ᠮᠠᠢ ᠵᠢᠢ ᠱᠠᠨ ᠠᠭᠤᠯᠠᠨ ᠤ ᠴᠢᠯᠠᠭᠤᠨ ᠠᠭᠤᠢ ᠶᠢ ᠰᠢᠨᠵᠢᠯᠡᠨ ᠪᠠᠶᠢᠴᠠᠭᠠᠵᠤ᠂ ᠲᠤᠬᠠᠢ ᠶᠢᠨ ᠭᠠᠵᠠᠷ ᠤᠨ ᠰᠣᠶᠣᠯ ᠤᠨ ᠥᠪ ᠢᠶᠠᠨ ᠬᠠᠮᠠᠭᠠᠯᠠᠨ ᠤᠯᠠᠮᠵᠢᠯᠠᠬᠤ ᠶᠢ ᠠᠬᠢᠭᠤᠯᠤᠭᠰᠠᠨ᠂ ᠤᠨᠴᠠᠯᠢᠬᠳᠤ ᠤᠳᠤ ᠦᠶ᠎ᠡ ᠶᠢᠨ ᠠᠭᠤᠯᠠᠷᠬᠠᠭ ᠣᠷᠣᠨ ᠤ ᠵᠢᠮᠢᠰ ᠤᠨ ᠦᠢᠯᠡᠰ ᠢ ᠬᠥᠭᠵᠢᠭᠦᠯᠦᠭᠰᠡᠨ ᠵᠡᠷᠭᠡ ᠪᠠᠶᠢᠳᠠᠯ ᠢ ᠣᠶᠢᠯᠠᠭᠠᠪᠠ᠃

acb100ebd3094958617e41b1faa8064.jpg


75565aacd8a44070ed9933f348a767e.jpg


b5f17a1b9edf18ff6cd050cd86d9f4a.jpg


ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ