ᠥᠪᠡᠷᠲᠡᠭᠡᠨ ᠵᠠᠰᠠᠬᠤ ᠣᠷᠣᠨ ᠤ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠠᠮᠤᠷ ᠲᠦᠪᠰᠢᠨ ᠤ ᠬᠡᠮ ᠰᠣᠭᠤᠭ ᠢ ᠪᠥᠬᠦ ᠬᠡᠯᠬᠢᠶ᠎ᠡ ᠪᠠᠷ ᠴᠡᠭᠴᠡᠯᠡᠨ ᠵᠠᠰᠠᠵᠤ ᠲᠥᠪᠯᠡᠷᠡᠭᠦᠯᠦᠨ ᠪᠣᠭᠤᠮᠲᠠ ᠰᠢᠪᠲᠤᠯᠬᠤ ᠱᠠᠲᠤᠨ ᠳᠤ ᠢᠯᠡᠳᠲᠡ ᠦᠷ᠎ᠡ ᠪᠦᠲᠦᠮᠵᠢ ᠤᠯᠪᠠ
ᠨᠡᠶᠢᠲᠡᠯᠡᠭᠰᠡᠨ ᠴᠠᠭ᠄
2024/9/2

    ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠠᠮᠤᠷ ᠲᠦᠪᠰᠢᠨ ᠤ ᠬᠡᠮ ᠰᠣᠭᠤᠭ ᠢ ᠪᠥᠬᠦ ᠬᠡᠯᠬᠢᠶ᠎ᠡ ᠪᠠᠷ ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠦᠭᠰᠡᠨ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠣᠪᠴᠢᠶ᠎ᠠ ᠶᠢᠨ ᠭᠤᠤᠯ ᠬᠠᠷᠢᠭᠤᠴᠠᠯᠭᠠᠲᠠᠨ ᠤ ᠳᠤᠭᠤᠶᠢᠯᠠᠩ ᠤᠨ ᠳᠠᠷᠤᠭ᠎ᠠ ᠪᠣᠯᠤᠭᠰᠠᠨ ᠠᠵᠢᠯ ᠤᠨ ᠲᠤᠰᠬᠠᠶ ᠠᠩᠭᠢ ᠶᠢ ᠪᠠᠶᠢᠭᠤᠯᠵᠤ᠂ ᠥᠨᠳᠥᠷ ᠲᠦᠪᠰᠢᠨ ᠢᠶᠠᠷ ᠳᠥᠯᠭᠢᠨ ᠠᠬᠢᠭᠤᠯᠵᠤ᠂ ᠲᠤᠰᠬᠠᠶ ᠰᠡᠳᠦᠪᠲᠦ ᠬᠤᠷᠠᠯ ᠬᠤᠷᠠᠯᠳᠤᠭᠤᠯᠵᠤ ᠳᠣᠭᠢᠷᠠᠭᠤᠯᠤᠨ ᠪᠠᠶᠢᠷᠢᠯᠠᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠳᠣᠭᠢᠷᠠᠭᠤᠯᠤᠨ ᠵᠥᠪᠳᠡᠯᠴᠡᠵᠦ     ᠰᠤᠳᠤᠯᠤᠨ ᠮᠠᠭᠠᠳᠯᠠᠵᠤ᠂ ᠭᠤᠤᠯᠳᠠᠯᠭ᠎ᠠ ᠲᠠᠢ ᠶᠡᠷᠦᠩᠬᠡᠶᠢᠯᠡᠭᠰᠡᠨ ᠠᠷᠭ᠎ᠠ ᠪᠣᠳᠣᠯᠭ᠎ᠠ ᠬᠡᠷᠡᠭᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠦᠨ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶᠡᠨ ᠳᠠᠬᠢ ᠲᠤᠰᠬᠠᠶ ᠴᠡᠭᠴᠡᠯᠡᠨ ᠵᠠᠰᠠᠯᠲᠠ ᠶᠢᠨ ᠲᠥᠪᠯᠡᠷᠡᠭᠦᠯᠦᠨ ᠪᠣᠭᠤᠮᠲᠠ ᠰᠢᠪᠲᠤᠯᠬᠤ ᠱᠠᠲᠤᠨ ᠳᠤ ᠦᠷ᠎ᠡ ᠪᠦᠲᠦᠮᠵᠢ ᠤᠯᠬᠤ ᠶᠢ ᠪᠥᠬᠦ ᠲᠠᠯ᠎ᠠ ᠪᠠᠷ   ᠠᠬᠢᠭᠤᠯᠪᠠ᠃

    ᠡᠬᠢ ᠡᠭᠦᠰᠦᠯ ᠠᠴᠠ ᠨᠢ ᠰᠡᠷᠭᠡᠶᠢᠯᠡᠨ ᠡᠵᠡᠮᠳᠡᠬᠦ ᠶᠢ ᠴᠢᠩᠭᠠᠷᠠᠭᠤᠯᠵᠤ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠤᠲᠠᠲᠠᠶᠢᠵᠢᠭᠤᠯᠪᠠ

    ᠶᠠᠰᠤ ᠴᠢᠨᠠᠷ ᠤᠨ ᠠᠶᠤᠯᠭᠦᠢ ᠶᠢᠨ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠶᠢ ᠴᠢᠩᠭᠠᠳᠬᠠᠪᠠ᠃ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠬᠠᠷᠢᠯᠴᠠᠨ ᠤᠶᠠᠯᠳᠤᠭᠤᠯᠬᠤ ᠠᠷᠭ᠎ᠠ ᠮᠠᠶ᠋ᠢᠭ ᠢ ᠠᠪᠴᠤ᠂ ᠪᠥᠬᠦ ᠣᠷᠣᠨ ᠳᠤ ᠦᠢᠯᠡᠳᠬᠦᠨ ᠤ ᠪᠠᠷᠢᠮᠵᠢᠶ᠎ᠠ ᠪᠠ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠨᠠᠷᠢᠨ ᠳᠠᠩᠰᠠ ᠶᠢ ᠤᠬᠠᠭᠤᠯᠤᠨ ᠲᠤᠭᠤᠰᠢᠯᠠᠭᠤᠯᠬᠤ ᠪᠣᠯᠪᠠᠰᠤᠷᠠᠯ ᠢ 40 ᠭᠠᠷᠤᠶ ᠲᠠᠯᠠᠪᠤᠷ  ᠡᠷᠭᠢᠯᠡᠵᠦ᠂ ᠦᠨᠳᠦᠰᠦᠨ ᠱᠠᠲᠤᠨ ᠤ ᠬᠢᠨᠠᠨ ᠬᠠᠮᠢᠶᠠᠷᠬᠤ ᠠᠵᠢᠯᠲᠠᠨ᠂ ᠠᠵᠤ ᠠᠬᠤᠶᠢᠯᠠᠯ ᠤᠨ ᠶᠠᠰᠤ ᠴᠢᠨᠠᠷ ᠤᠨ ᠠᠮᠤᠷ ᠲᠦᠪᠰᠢᠨ ᠤ ᠶᠡᠷᠦᠩᠬᠡᠶ ᠬᠢᠨᠠᠭᠴᠢ ᠪᠠ ᠶᠠᠰᠤ ᠴᠢᠨᠠᠷ ᠤᠨ ᠠᠮᠤᠷ ᠲᠦᠪᠰᠢᠨ ᠤ ᠠᠵᠢᠯᠲᠠᠨ ᠢ 2600 ᠭᠠᠷᠤᠶ ᠪᠣᠯᠪᠠᠰᠤᠷᠠᠭᠤᠯᠪᠠ᠃

    ᠭᠤᠣᠯ ᠴᠣᠭᠴᠠ ᠶᠢᠨ ᠬᠠᠷᠢᠭᠤᠴᠠᠯᠭ᠎ᠠ ᠶᠢᠨ ᠮᠡᠳᠡᠭᠡ ᠵᠠᠩᠭᠢ ᠶᠢᠨ ᠨᠡᠶᠢᠲᠡᠯᠡᠯ ᠢ ᠬᠡᠷᠡᠭᠵᠢᠭᠦᠯᠪᠡ᠃ ︽ᠪᠣᠷᠣᠯᠠᠭᠤᠯᠬᠤ ᠨᠢᠭᠡᠴᠢ ᠶᠢᠨ ᠶᠠᠰᠤ ᠴᠢᠨᠠᠷ ᠤᠨ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢᠨ ᠮᠡᠳᠡᠭᠡ ᠵᠠᠩᠭᠢ ᠶᠢ ᠨᠡᠶᠢᠲᠡᠯᠡᠬᠦ ᠰᠠᠮᠪᠠᠷ᠎ᠠ︾ ᠶᠢ ᠦᠢᠯᠡᠳᠦᠨ᠂ ᠶᠠᠰᠤ ᠴᠢᠨᠠᠷ ᠤᠨ ᠠᠮᠤᠷ ᠲᠦᠪᠰᠢᠨ ᠤ ᠶᠡᠷᠦᠩᠬᠡᠶ ᠬᠢᠨᠠᠭᠴᠢ ᠪᠠ ᠶᠠᠰᠤ ᠴᠢᠨᠠᠷ ᠤᠨ ᠠᠮᠤᠷ ᠲᠦᠪᠰᠢᠨ ᠤ ᠠᠵᠢᠯᠲᠠᠨ ᠤ ᠡᠭᠦᠷᠭᠡ  ᠬᠠᠷᠢᠭᠤᠴᠠᠯᠭ᠎ᠠ᠂ ᠬᠡᠷᠡᠭᠯᠡᠭᠡ ᠶᠢᠨ ᠰᠠᠨᠠᠭᠤᠯᠤᠮᠵᠢ᠂ ᠶᠠᠰᠤ ᠴᠢᠨᠠᠷ ᠤᠨ ᠠᠮᠤᠷ ᠲᠦᠪᠰᠢᠨ ᠤ ᠠᠮᠠᠯᠠᠯᠲᠠ ᠵᠡᠷᠭᠡ ᠠᠭᠤᠯᠭ᠎ᠠ ᠶᠢ  ᠲᠤᠳᠤᠷᠬᠠᠶᠢᠯᠠᠪᠠ᠃

    ᠨᠢᠭᠡ ᠠᠵᠤ ᠠᠬᠤᠶᠢᠯᠠᠯ ᠳᠤ ᠨᠢᠭᠡ ᠲᠠᠩᠰᠠ ᠡᠪᠬᠡᠮᠡᠯ ᠪᠠᠶᠢᠭᠤᠯᠬᠤ ᠶᠢ ᠵᠢᠯᠤᠭᠤᠳᠪᠠ᠃ ᠲᠠᠩᠰᠠ ᠡᠪᠬᠡᠮᠡᠯ ᠳᠤ ᠡᠵᠡᠩᠨᠡᠯᠲᠡ ᠶᠢᠨ ᠦᠨᠡᠮᠯᠡᠯ᠂ ᠪᠠᠷᠠᠭ᠎ᠠ ᠣᠷᠣᠭᠤᠯᠵᠤ ᠪᠣᠷᠣᠯᠠᠭᠤᠯᠤᠭᠰᠠᠨ ᠡᠬᠡ ᠲᠠᠩᠰᠠ᠂ ᠦᠢᠯᠡᠳᠪᠦᠷᠢᠯᠡᠬᠦ ᠠᠵᠤ ᠠᠬᠤᠶᠢᠯᠠᠯ ᠤᠨ ᠮᠡᠳᠡᠭᠡ ᠵᠠᠩᠭᠢ᠂ ᠠᠯᠪᠠᠳᠠᠯᠭ᠎ᠠ ᠶᠢᠨ ᠴᠢᠨᠠᠷᠲᠠᠶ ᠭᠡᠷᠡᠴᠢᠯᠡᠯ ᠤᠨ ᠦᠨᠡᠮᠯᠡᠯ᠂ ᠦᠢᠯᠡᠳᠬᠦᠨ ᠤ ᠬᠢᠷᠢ ᠲᠡᠩᠴᠡᠭᠰᠡᠨ ᠦᠨᠡᠮᠯᠡᠯ᠂ ᠰᠢᠯᠭᠠᠨ ᠪᠠᠶᠢᠴᠠᠭᠠᠭᠰᠠᠨ ᠮᠡᠳᠡᠭᠦᠯᠦᠯᠲᠡ ᠵᠡᠷᠭᠡ ᠠᠭᠤᠯᠭ᠎ᠠ ᠶᠢ ᠬᠠᠮᠤᠷᠪᠠ᠃

    ᠶᠠᠰᠤ ᠴᠢᠨᠠᠷ ᠤᠨ ᠠᠮᠤᠷ ᠲᠦᠪᠰᠢᠨ ᠤ ᠠᠮᠠᠯᠠᠯᠲᠠ ᠪᠠᠨ ᠪᠡᠶᠡᠯᠡᠭᠦᠯᠬᠦ ᠶᠢ ᠰᠢᠪᠠᠳᠠᠭᠤᠯᠪᠠ᠃ ᠪᠣᠯᠵᠣᠨ ᠶᠠᠷᠢᠯᠴᠠᠬᠤ ᠬᠤᠷᠠᠯ᠂ ᠵᠠᠰᠠᠭ ᠵᠠᠬᠢᠷᠭᠠᠨ ᠤ ᠵᠢᠯᠣᠭᠤᠳᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠪᠣᠷᠣᠯᠠᠭᠤᠯᠬᠤ ᠨᠢᠭᠡᠴᠢ ᠶᠢ ᠵᠢᠯᠣᠭᠤᠳᠤᠨ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠨᠠᠷᠢᠨ ᠲᠠᠩᠰᠠ ᠶᠢᠨ ᠶᠣᠰᠣᠭᠠᠷ ᠥᠪᠡᠷᠲᠡᠭᠡᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠵᠤ᠂ ︽ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠶᠠᠰᠤ ᠴᠢᠨᠠᠷ ᠤᠨ ᠠᠮᠤᠷ ᠲᠦᠪᠰᠢᠨ ᠤ ᠠᠮᠠᠯᠠᠯᠲᠠ ᠶᠢᠨ ᠪᠢᠴᠢᠭ︾ ᠲᠤ ᠭᠠᠷ ᠤᠨ ᠥᠰᠥᠭ ᠵᠢᠷᠤᠵᠤ᠂ ︽ᠡᠳᠦᠷ ᠲᠤ ᠬᠠᠮᠢᠶᠠᠷᠤᠨ ᠡᠵᠡᠮᠳᠡᠬᠦ᠂ ᠭᠠᠷᠠᠭ ᠲᠤ ᠵᠢᠭᠰᠠᠭᠠᠨ ᠪᠠᠶᠢᠴᠠᠭᠠᠬᠤ᠂ ᠰᠠᠷ᠎ᠠ ᠳᠤ ᠲᠣᠬᠢᠷᠠᠭᠤᠯᠬᠤ︾ ᠲᠣᠭᠲᠠᠴᠠ ᠶᠢ ᠨᠠᠶᠢᠳᠠᠪᠤᠷᠢᠵᠢᠭᠤᠯᠤᠨ᠂ ᠦᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢᠨ ᠦᠵᠡᠯ ᠤᠬᠠᠮᠰᠠᠷ ᠢ ᠨᠢ ᠴᠢᠩᠭᠠᠷᠠᠭᠤᠯᠪᠠ᠃

    ᠳᠠᠯᠳᠠ ᠭᠡᠮ ᠢ ᠵᠢᠭᠰᠠᠭᠠᠨ ᠪᠠᠶᠢᠴᠠᠭᠠᠬᠤ ᠶᠢ ᠴᠢᠩᠭᠠᠷᠠᠭᠤᠯᠤᠨ᠂ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠪᠠ

    ᠲᠣᠣᠷ ᠲᠠᠲᠠᠬᠤ ᠮᠠᠶ᠋ᠢᠭ ᠤᠨ ᠵᠢᠭᠰᠠᠭᠠᠨ ᠪᠠᠶᠢᠴᠠᠭᠠᠯᠲᠠ ᠶᠢ ᠵᠣᠬᠢᠶᠠᠨ ᠪᠠᠶᠢᠭᠤᠯᠪᠠ᠃ 2683 ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠵᠢᠴᠢ ᠬᠤᠯᠪᠣᠭᠳᠠᠯ ᠪᠥᠬᠦᠶ ᠦᠢᠯᠡᠳᠬᠦᠨ ᠪᠣᠷᠣᠯᠠᠭᠤᠯᠬᠤ ᠨᠢᠭᠡᠴᠢ ᠪᠠᠶᠢᠵᠤ᠂  1427 ᠰᠡᠯᠪᠢᠨ ᠵᠠᠰᠠᠬᠤ ᠳᠡᠯᠭᠡᠭᠦᠷ ᠪᠠᠶᠢᠵᠤ᠂ 5059 ᠴᠠᠬᠢᠯᠭᠠᠨ ᠴᠡᠨᠡᠭᠯᠡᠬᠦ ᠦᠢᠯᠡᠴᠢᠯᠡᠭᠡᠨ ᠤ ᠠᠵᠤ ᠠᠬᠤᠶᠢᠯᠠᠯ ᠪᠠᠶᠢᠵᠤ᠂ ᠳᠣᠭᠢᠷᠠᠭᠤᠯᠤᠨ ᠬᠦᠷᠭᠡᠬᠦ ᠲᠠᠪᠴᠠᠩ ᠤᠨ ᠠᠵᠤ ᠠᠬᠤᠶᠢᠯᠠᠯ 157 ᠨᠢᠭᠡᠴᠢ ᠳᠤ ᠢᠯᠡ ᠰᠠᠭᠤᠷᠢ ᠲᠤᠭ᠎ᠠ ᠶᠢᠨ ᠬᠥᠳᠡᠯᠦᠩᠭᠦᠶ ᠬᠢᠨᠠᠯᠲᠠ ᠬᠠᠮᠢᠶᠠᠷᠤᠯᠲᠠ ᠬᠢᠪᠠ᠃ ᠬᠠᠨᠳᠤᠯᠭᠠᠲᠤ ᠰᠤᠭᠤᠴᠢᠨ ᠪᠠᠶᠢᠴᠠᠭᠠᠯᠲᠠ ᠶᠢ ᠥᠷᠨᠢᠭᠦᠯᠪᠡ᠃ ᠥᠪᠡᠷᠲᠡᠭᠡᠨ ᠵᠠᠰᠠᠬᠤ ᠣᠷᠣᠨ 127 ᠪᠦᠯᠦᠭ ᠤᠳᠠᠭ᠎ᠠ ᠶᠢᠨ ᠦᠢᠯᠡᠳᠬᠦᠨ ᠳᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠵᠤ 30 ᠪᠦᠯᠦᠭ ᠤᠳᠠᠭ᠎ᠠ ᠶᠢᠨ ᠬᠢᠷᠢ ᠲᠡᠩᠴᠡᠬᠦ ᠥᠬᠡᠶ ᠦᠢᠯᠡᠳᠬᠦᠨ ᠤ ᠨᠠᠷᠠᠲᠤ ᠲᠡᠮᠳᠡᠭᠲᠦ᠂ ᠪᠣᠷᠣᠯᠠᠭᠤᠯᠬᠤ ᠨᠢᠭᠡᠴᠢ ᠶᠢ ᠪᠥᠬᠦ ᠣᠷᠣᠨ ᠳᠤ ᠵᠠᠷᠯᠠᠨ ᠨᠡᠶᠢᠲᠡᠯᠡᠵᠦ᠂ ᠵᠠᠰᠠᠭ ᠵᠠᠬᠢᠷᠭᠠᠨ ᠤ ᠬᠢᠨᠠᠨ ᠬᠠᠮᠢᠶᠠᠷᠤᠯᠲᠠ ᠶᠢᠨ ᠵᠣᠯᠭᠠᠭᠤᠯᠬᠤ ᠲᠠᠪᠴᠠᠩ ᠳᠤ ᠣᠷᠣᠭᠤᠯᠤᠨ ᠭᠤᠤᠯᠳᠠᠯᠭ᠎ᠠ ᠲᠠᠢ ᠰᠢᠮᠳᠠᠭᠤᠯᠤᠨ ᠭᠦᠢᠴᠡᠳᠭᠡᠬᠦ ᠶᠢ     ᠬᠡᠷᠡᠭᠵᠢᠭᠦᠯᠵᠦ᠂ ᠴᠡᠭᠴᠡᠯᠡᠨ ᠰᠠᠶᠢᠵᠢᠷᠠᠭᠤᠯᠬᠤ ᠪᠣᠳᠠᠲᠤ ᠦᠷ᠎ᠡ ᠪᠦᠲᠦᠮᠵᠢ ᠶᠢ ᠦᠨᠡᠨ ᠬᠦ ᠪᠠᠲᠤᠯᠠᠵᠤ᠂ ᠣᠳᠣᠬᠠᠨ ᠳᠤ ᠨᠢᠭᠡᠨᠲᠡ 19 ᠬᠡᠷᠡᠭ ᠢ ᠳᠠᠭᠤᠰᠬᠠᠪᠠ᠃ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠪᠠ᠃ ᠪᠥᠬᠦ ᠣᠷᠣᠨ ᠤ ᠪᠣᠷᠣᠯᠠᠭᠤᠯᠬᠤ ᠳᠡᠯᠭᠡᠭᠦᠷ ᠢ 6645 ᠤᠳᠠᠭ᠎ᠠ᠂ ᠴᠠᠬᠢᠯᠭᠠᠨ ᠴᠡᠨᠡᠭᠯᠡᠬᠦ ᠦᠢᠯᠡᠴᠢᠯᠡᠭᠡᠨ ᠤ ᠡᠵᠡᠩᠨᠡᠯᠲᠡ ᠶᠢᠨ ᠭᠤᠤᠯ ᠴᠣᠭᠴᠠ ᠶᠢ 448 ᠡᠷᠦᠬᠡ᠂ ᠵᠠᠬᠢᠶᠠᠯᠠᠭ᠎ᠠ ᠶᠢᠨ ᠳᠠᠷᠤᠶᠢᠬᠠᠨ ᠳᠣᠭᠢᠷᠠᠭᠤᠯᠤᠨ ᠬᠦᠷᠭᠡᠬᠦ ᠲᠠᠪᠴᠠᠩ ᠵᠢᠴᠢ ᠳᠣᠭᠢᠷᠠᠭᠤᠯᠤᠨ ᠬᠦᠷᠭᠡᠬᠦ ᠬᠤᠳᠠᠯᠳᠤᠭᠠᠴᠢᠨ ᠤ 47 ᠡᠷᠦᠬᠡ ᠶᠢ ᠪᠠᠶᠢᠴᠠᠭᠠᠵᠤ᠂ 176 ᠲᠦᠭᠰᠢᠭᠦᠷᠢ ᠶᠢᠨ ᠳᠠᠯᠳᠠ ᠬᠡᠮ ᠢ ᠠᠷᠢᠯᠭᠠᠵᠤ᠂ 85 ᠬᠡᠷᠡᠭ ᠢ ᠬᠡᠷᠡᠭ ᠪᠣᠯᠭᠠᠨ ᠳᠠᠩᠰᠠᠯᠠᠨ ᠪᠠᠶᠢᠴᠠᠭᠠᠵᠤ᠂ 15.3 ᠲᠦᠮᠡᠨ ᠲᠥᠭᠦᠷᠢᠭ ᠢ ᠲᠣᠷᠭᠠᠵᠤ ᠬᠤᠷᠢᠶᠠᠨ ᠠᠪᠴᠤ᠂ 345 ᠡᠷᠦᠬᠡ ᠲᠠᠢ ᠪᠣᠯᠵᠣᠨ ᠶᠠᠷᠢᠯᠴᠠᠵᠤ᠂ 94 ᠡᠷᠦᠬᠡ ᠶᠢ ᠵᠠᠷᠯᠢᠭᠳᠠᠨ ᠴᠡᠭᠴᠡᠯᠡᠨ ᠰᠠᠶᠢᠵᠢᠷᠠᠭᠤᠯᠪᠠ᠃ ᠰᠠᠭᠤᠭᠠᠯᠢ ᠠᠷᠠᠳ ᠤᠨ ᠠᠮᠤᠷ ᠲᠦᠪᠰᠢᠨ ᠢ ᠬᠠᠮᠠᠭᠠᠯᠠᠪᠠ᠃ ᠥᠪᠥᠷ ᠮᠣᠩᠭᠤᠯ ᠤᠨ ᠴᠢᠩ ᠴᠢ ᠪᠢᠩ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ᠂ ᠮᠧᠩ ᠴᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ᠂ ᠳ᠋ᠢᠩ ᠫᠠᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ ᠶᠢ ᠵᠢᠯᠣᠭᠤᠳᠤᠨ 1.9 ᠲᠦᠮᠡᠨ ᠬᠠᠮᠲᠤ ᠪᠠᠷ ᠡᠳ᠋ᠯᠡᠬᠦ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢ ᠡᠭᠡᠭᠦᠯᠦᠨ ᠠᠪᠴᠢᠷᠠᠪᠠ᠃ ᠡᠯ᠎ᠡ ᠠᠶᠢᠮᠠᠭ ᠬᠤᠲᠠ ᠶᠢᠨ 3.2 ᠲᠦᠮᠡᠨ ᠰᠠᠤᠷᠢ ᠠᠰᠠᠷ ᠤᠨ ᠴᠠᠬᠢᠯᠭᠠᠨ ᠱᠠᠲᠤ ᠳᠤ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠣᠶᠤᠨᠴᠢ ᠬᠤᠷᠢᠭᠯᠠᠬᠤ ᠰᠢᠰᠲ᠋ᠧᠮ ᠤᠭᠰᠠᠷᠠᠬᠤ ᠶᠢ ᠠᠬᠢᠭᠤᠯᠪᠠ᠃

    ᠤᠬᠠᠭᠤᠯᠭ᠎ᠠ ᠬᠥᠮᠦᠵᠢᠯ ᠢ ᠴᠢᠩᠭᠠᠷᠠᠭᠤᠯᠤᠨ᠂ ᠰᠡᠷᠡᠮᠵᠢᠯᠡᠭᠦᠯᠦᠯ ᠤᠨ ᠠᠭᠤᠷ ᠠᠮᠢᠰᠬᠤᠯ ᠢ ᠪᠤᠢ ᠪᠣᠯᠭᠠᠪᠠ

    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ︽ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠭᠠᠯ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢᠨ ᠵᠢᠷᠤᠮᠵᠢᠯ︾ ︵DB15/T3565 - 2024︶ ᠢ ᠨᠡᠶᠢᠲᠡᠯᠡᠵᠦ᠂ 8 ᠳ᠋ᠤᠭᠠᠷ ᠰᠠᠷ᠎ᠠ ᠶᠢᠨ 15 ᠤ ᠡᠳᠦᠷ ᠵᠢᠩᠬᠢᠨᠢ ᠪᠠᠷ ᠬᠡᠷᠡᠭᠵᠢᠭᠦᠯᠪᠡ᠃ ᠪᠥᠬᠦ ᠣᠷᠣᠨ ᠤ ᠡᠯ᠎ᠡ ᠱᠠᠲᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠲᠧᠯᠸᠢᠰ ᠷᠠᠳᠢᠣ᠋᠂ ᠣᠬᠤᠷ ᠸᠢᠳᠢᠣ᠋ ᠶᠢᠨ APP᠂ ᠵᠠᠷᠯᠠᠯ ᠤᠨ ᠪᠢᠴᠢᠭᠡᠰᠦ ᠵᠡᠷᠭᠡ ᠲᠠᠪᠴᠠᠩ ᠤᠨ ᠠᠴᠢᠶᠠᠯᠠᠪᠤᠷᠢ ᠶᠢᠨ ᠣᠯᠠᠨ ᠬᠡᠯᠪᠡᠷᠢ ᠪᠠᠷ ᠳᠠᠮᠵᠢᠭᠤᠯᠤᠨ ᠥᠷᠭᠡᠨ ᠢᠶᠠᠷ ᠤᠬᠠᠭᠤᠯᠵᠤ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠪᠣᠷᠣᠯᠠᠭᠤᠯᠬᠤ ᠨᠢᠭᠡᠴᠢ ᠳᠤ ᠬᠠᠤᠯᠢ ᠲᠦᠭᠡᠮᠡᠯᠵᠢᠭᠦᠯᠦᠨ ᠤᠬᠠᠭᠤᠯᠤᠨ ᠲᠤᠭᠤᠰᠢᠯᠠᠭᠤᠯᠬᠤ ᠶᠢ ᠴᠢᠩᠭᠠᠳᠬᠠᠨ᠂ ᠬᠡᠷᠡᠭ ᠢ ᠢᠯᠡᠴᠢᠯᠡᠬᠦ ᠡᠷᠴᠢᠮ ᠢᠶᠠᠨ ᠴᠢᠩᠭᠠᠷᠠᠭᠤᠯᠵᠤ᠂ ᠠᠮᠤᠷ ᠲᠦᠪᠰᠢᠨ ᠤ ᠠᠭᠤᠷ ᠠᠮᠢᠰᠬᠤᠯ ᠢ ᠪᠣᠶ ᠪᠣᠯᠭᠠᠪᠠ᠃ ᠭᠤᠣᠯᠳᠠᠯᠭ᠎ᠠ ᠲᠠᠢ ᠤᠬᠠᠭᠤᠯᠭ᠎ᠠ ᠶᠢᠨ ᠠᠵᠢᠯᠯᠠᠭ᠎ᠠ ᠶᠢ 129 ᠤᠳᠠᠭ᠎ᠠ ᠥᠷᠨᠢᠭᠦᠯᠵᠦ᠂ ᠭᠠᠷ ᠳᠡᠪᠲᠡᠷ᠂ ᠵᠠᠷᠯᠠᠯ ᠤᠨ ᠪᠢᠴᠢᠭᠡᠰᠦ᠂ ᠸᠢᠳᠢᠣ᠋ ᠵᠡᠷᠭᠡ ᠤᠬᠠᠭᠤᠯᠭ᠎ᠠ ᠶᠢᠨ ᠮᠠᠲ᠋ᠧᠷᠢᠶᠠᠯ ᠢ 2.14 ᠲᠦᠮᠡᠨ ᠬᠤᠪᠢ ᠵᠣᠬᠢᠶᠠᠵᠤ᠂ ᠤᠬᠠᠭᠤᠯᠭ᠎ᠠ ᠶᠢ 466.8 ᠲᠦᠮᠡᠨ ᠬᠥᠮᠦᠨ ᠤᠳᠠᠭ᠎ᠠ ᠳᠤ ᠪᠦᠷᠬᠦᠭᠦᠯᠪᠡ᠃

 

ᠢᠷᠡᠯᠲᠡ᠄ ᠶᠠᠰᠤ ᠴᠢᠨᠠᠷ ᠤᠨ ᠬᠢᠨᠠᠯᠲᠠ ᠲᠠᠯᠪᠢᠬᠤ ᠭᠠᠵᠠᠷ