ᠪᠠᠶᠠᠨᠨᠠᠭᠤᠷ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ ︽ᠭᠤᠷᠪᠠᠨ ᠵᠦᠢᠯ ᠤᠨ ᠠᠷᠭ᠎ᠠ ᠬᠡᠮᠵᠢᠶ᠎ᠡ︾ ᠨᠢ ᠪᠠᠷᠢᠮᠵᠢᠶ᠎ᠠ ᠶᠢᠨ ᠬᠥᠲᠥᠯᠦᠨ ᠳᠠᠭᠠᠭᠤᠯᠬᠤ ᠢᠨᠵᠧᠨᠧᠷᠢᠩ ᠢ ᠯᠠᠪᠳᠠᠭᠤᠨ ᠪᠠᠲᠤᠲᠠᠶ ᠠᠬᠢᠭᠤᠯᠪᠠ
ᠨᠡᠶᠢᠲᠡᠯᠡᠭᠰᠡᠨ ᠴᠠᠭ᠄
2024/9/2

    ᠡᠨᠡ ᠵᠢᠯ ᠠᠴᠠ ᠨᠠᠭᠠᠰᠢ᠂ ᠪᠠᠶᠠᠨᠨᠠᠭᠤᠷ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠦᠴᠦᠲᠡᠢ ᠠᠬᠢᠭᠤᠯᠤᠯ ᠳᠣᠣᠷ᠎ᠠ᠂ ᠪᠠᠶᠠᠨᠨᠠᠭᠤᠷ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ︽ᠤᠯᠤᠰ ᠤᠨ ᠪᠠᠷᠢᠮᠵᠢᠶᠠᠵᠢᠭᠤᠯᠤᠯᠲᠠ ᠶᠢᠨ ᠬᠥᠭᠵᠢᠯᠲᠡ ᠶᠢᠨ ᠬᠥᠲᠥᠯᠪᠦᠷᠢ︾ ᠶᠢ ᠬᠢᠨᠠᠮᠠᠭᠠᠢ ᠲᠤᠭᠤᠰᠢᠯᠠᠭᠤᠯᠵᠤ᠂ ᠪᠠᠷᠢᠮᠵᠢᠶ᠎ᠠ ᠪᠠᠷ ᠬᠥᠲᠥᠯᠦᠨ ᠳᠠᠭᠠᠭᠤᠯᠬᠤ ᠢᠨᠵᠧᠨᠧᠷᠢᠩ ᠢ ᠯᠠᠪᠳᠠᠭᠤᠨ ᠪᠠᠲᠤᠲᠠᠢ ᠠᠬᠢᠭᠤᠯᠵᠤ᠂ ᠪᠦᠬᠦ ᠬᠤᠲᠠ ᠶᠢᠨ ᠪᠠᠷᠢᠮᠵᠢᠶᠠᠵᠢᠭᠤᠯᠤᠯᠲᠠ ᠶᠢᠨ ᠰᠢᠨ᠎ᠡ ᠶᠢ ᠡᠭᠦᠳᠬᠦ ᠬᠥᠭᠵᠢᠯᠲᠡ ᠶᠢᠨ ᠰᠢᠨ᠎ᠡ ᠪᠠᠶᠢᠷᠢᠰᠢᠯ ᠢ ᠪᠦᠷᠢᠯᠳᠦᠭᠦᠯᠪᠡ᠃

    ᠨᠢᠭᠡ ᠳᠤ᠂ ᠣᠷᠣᠨ ᠨᠤᠲᠤᠭ ᠤᠨ ᠪᠠᠷᠢᠮᠵᠢᠶ᠎ᠠ ᠶᠢ ᠰᠤᠳᠤᠯᠤᠨ ᠦᠢᠯᠡᠳᠬᠦ ᠶᠢ ᠴᠢᠩᠭᠠᠳᠬᠠᠪᠠ᠃ 2024 ᠣᠨ ᠤ ᠪᠠᠶᠠᠨᠨᠠᠭᠤᠷ ᠬᠤᠲᠠ ᠶᠢᠨ ᠣᠷᠣᠨ ᠨᠤᠲᠤᠭ ᠤᠨ ᠪᠠᠷᠢᠮᠵᠢᠶ᠎ᠠ ᠶᠢ ᠲᠣᠭᠲᠠᠭᠠᠵᠤ ᠵᠠᠰᠠᠪᠤᠷᠢ ᠣᠷᠣᠭᠤᠯᠬᠤ ᠲᠥᠯᠥᠪᠯᠡᠭᠡ ᠶᠢᠨ ᠲᠥᠷᠥᠯ ᠵᠦᠢᠯ ᠢ ᠴᠤᠭᠯᠠᠭᠤᠯᠬᠤ ᠠᠵᠢᠯ ᠢ ᠥᠷᠨᠢᠭᠦᠯᠵᠦ᠂ ᠨᠡᠶᠢᠲᠡ 13 ᠳᠤ ᠵᠠᠰᠠᠪᠤᠷᠢ ᠣᠷᠣᠭᠤᠯᠤᠨ ᠲᠣᠭᠲᠠᠭᠠᠵᠤ᠂ ︽ᠬᠤᠯᠢᠯᠳᠤᠭᠤᠯᠤᠨ ᠲᠡᠭᠦᠭᠰᠡᠨ ᠤᠯᠠᠭᠠᠨ ᠯᠠᠵᠤᠤ ᠶᠢᠨ ᠶᠠᠰᠤ ᠴᠢᠨᠠᠷ ᠤᠨ ᠲᠠᠰ ᠬᠤᠪᠢᠶᠠᠬᠤ︾ ᠵᠡᠷᠭᠡ 12 ᠵᠦᠢᠯ ᠤᠨ ᠣᠷᠣᠨ ᠨᠤᠲᠤᠭ ᠤᠨ ᠪᠠᠷᠢᠮᠵᠢᠶ᠎ᠠ ᠶᠢ ᠵᠥᠪᠰᠢᠶᠡᠷᠡᠪᠡ᠃ ᠪᠥᠭᠡᠮ ᠢᠶᠠᠷ ᠬᠤᠳᠠᠯᠳᠤᠬᠤ ᠬᠤᠲᠠ ᠶᠢᠨ ᠲᠣᠰ ᠱᠠᠲᠤᠨ ᠤ ᠣᠷᠣᠨ ᠨᠤᠲᠤᠭ ᠤᠨ ᠪᠠᠷᠢᠮᠵᠢᠶ᠎ᠠ ᠶᠢᠨ 15 ᠵᠦᠢᠯ ︵2023 ᠣᠨ ᠳᠤ ᠴᠣᠬᠤᠯᠠᠪᠤᠷᠢᠯᠠᠨ ᠰᠡᠳᠦᠪ ᠲᠣᠭᠲᠠᠭᠠᠭᠰᠠᠨ︶ ᠢ ᠭᠤᠷᠪᠠᠨ ᠪᠦᠯᠦᠭ ᠬᠤᠪᠢᠶᠠᠨ ᠲᠠᠷᠬᠠᠭᠠᠪᠠ᠃ ︽ᠪᠣᠷᠣᠲᠣᠬᠤᠶ ᠶᠢᠨ ᠤᠰᠤᠯᠠᠯᠲᠠ ᠶᠢᠨ ᠣᠷᠣᠨ ᠤ ᠤᠰᠤ ᠪᠣᠷᠲᠣᠭᠤᠷ ᠢ ᠨᠢᠭᠡ ᠴᠣᠭᠴᠠᠵᠢᠭᠤᠯᠤᠨ ᠨᠠᠷᠢᠯᠢᠭ ᠣᠨᠣᠪᠴᠢᠲᠠᠢ ᠪᠠᠷ ᠳᠣᠭᠢᠷᠠᠭᠤᠯᠤᠨ ᠡᠵᠡᠮᠳᠡᠵᠦ ᠪᠤᠶᠢᠵᠢᠭᠤᠯᠬᠤ ᠮᠡᠷᠭᠡᠵᠢᠯ ᠤᠨ ᠲᠦᠷᠢᠮ︾ ᠵᠡᠷᠭᠡ 2024 ᠣᠨ ᠤ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠪᠠᠷᠢᠮᠵᠢᠶ᠎ᠠ ᠶᠢ ᠲᠣᠭᠲᠠᠭᠠᠵᠤ ᠵᠠᠰᠠᠪᠤᠷᠢ ᠣᠷᠣᠭᠤᠯᠬᠤ 46 ᠵᠦᠢᠯ ᠤᠨ ᠲᠥᠯᠥᠪᠯᠡᠭᠡ ᠶᠢ ᠭᠤᠣᠯᠯᠠᠨ ᠤᠳᠤᠷᠢᠳᠤᠭᠰᠠᠨ ᠪᠤᠶᠤ ᠣᠷᠣᠯᠴᠠᠪᠠ᠃ ᠲᠡᠷᠢᠭᠦᠨ ᠤ ᠣᠷᠣᠨ ᠨᠤᠲᠤᠭ ᠤᠨ ᠪᠠᠷᠢᠮᠵᠢᠶ᠎ᠠ ᠶᠢ ᠭᠦᠢᠴᠡᠳ ᠪᠠᠳᠠᠷᠠᠭᠤᠯᠬᠤ ᠶᠢᠨ ᠲᠥᠯᠥᠭᠡ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ᠂ ᠠᠵᠤ ᠦᠢᠯᠡᠰ ᠤᠨ ᠰᠢᠯᠢᠳᠡᠭᠵᠢᠨ ᠲᠠᠰ ᠳᠡᠪᠰᠢᠬᠦ ᠶᠢ ᠠᠬᠢᠭᠤᠯᠬᠤ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠶᠢ ᠲᠤᠯᠭᠠᠭᠤᠷᠢᠯᠠᠨ ᠬᠥᠲᠥᠯᠥᠨ ᠳᠠᠭᠠᠭᠤᠯᠬᠤ ᠵᠡᠷᠭᠡ ᠲᠠᠯ᠎ᠠ ᠪᠠᠷ ᠪᠠᠲᠤ ᠪᠠᠬᠢ ᠰᠠᠭᠤᠷᠢ ᠶᠢ ᠲᠠᠯᠪᠢᠪᠠ᠃

    ᠬᠤᠶᠠᠷ ᠲᠤ᠂ ᠪᠠᠷᠢᠮᠵᠢᠶᠠᠵᠢᠭᠤᠯᠤᠯᠲᠠ ᠶᠢᠨ ᠠᠵᠢᠯ ᠤᠨ ᠰᠢᠨ᠎ᠡ ᠪᠠᠶᠢᠷᠢᠰᠢᠯ ᠢ ᠪᠦᠷᠢᠯᠳᠦᠭᠦᠯᠬᠦ ᠶᠢ ᠠᠬᠢᠭᠤᠯᠪᠠ᠃ ᠬᠤᠲᠠ ᠶᠢᠨ ᠶᠠᠰᠤ ᠴᠢᠨᠠᠷ ᠢᠶᠠᠷ ᠬᠤᠲᠠ ᠶᠢ ᠬᠦᠴᠦᠷᠬᠡᠭᠵᠢᠭᠦᠯᠬᠦ ᠬᠢᠭᠡᠳ ᠪᠠᠷᠢᠮᠵᠢᠶᠠᠵᠢᠭᠤᠯᠤᠯᠲᠠ ᠶᠢᠨ ᠪᠠᠶᠢᠯᠳᠤᠬᠤ ᠪᠣᠳᠣᠯᠭ᠎ᠠ ᠶᠢ ᠠᠬᠢᠭᠤᠯᠬᠤ ᠵᠥᠪᠯᠡᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠤᠨ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠪᠠᠷᠠᠯᠬᠢᠯᠠᠯ ᠤᠨ ᠴᠢᠨᠠᠷᠲᠠᠶ ᠪᠠᠷ ᠰᠡᠳᠬᠢᠬᠦ᠂ ᠪᠥᠬᠦ ᠲᠠᠯ᠎ᠠ ᠶᠢᠨ ᠴᠢᠨᠠᠷᠲᠠᠶ ᠪᠠᠷ ᠲᠥᠯᠥᠪᠵᠢᠭᠦᠯᠬᠦ᠂ ᠪᠦᠬᠦᠯᠢ ᠴᠣᠭᠴᠠ ᠶᠢᠨ ᠴᠢᠨᠠᠷᠲᠠᠶ ᠪᠠᠷ ᠪᠠᠷᠢᠮᠵᠢᠶᠠᠵᠢᠭᠤᠯᠤᠯᠲᠠ ᠶᠢᠨ ᠠᠵᠢᠯ ᠤᠨ ᠰᠢᠨ᠎ᠡ ᠶᠢ ᠡᠭᠦᠳᠦᠨ ᠬᠥᠭᠵᠢᠭᠦᠯᠬᠦ ᠶᠢ ᠳᠥᠯᠭᠢᠨ ᠠᠬᠢᠭᠤᠯᠬᠤ᠂ ︽ᠠᠵᠤ ᠠᠬᠤᠶᠢᠯᠠᠯ ᠤᠨ ᠪᠠᠷᠢᠮᠵᠢᠶᠠᠵᠢᠭᠤᠯᠤᠯᠲᠠ ᠶᠢᠨ ᠶᠡᠷᠦᠩᠬᠡᠶ ᠬᠢᠨᠠᠭᠴᠢ ᠶᠢᠨ ᠲᠦᠷᠢᠮ ᠢ ᠬᠡᠷᠡᠭᠵᠢᠭᠦᠯᠬᠦ ᠶᠢ ᠠᠬᠢᠭᠤᠯᠬᠤ ᠲᠤᠬᠠᠶ ᠵᠢᠯᠣᠭᠤᠳᠬᠤ ᠰᠠᠨᠠᠯ ᠢ ᠳᠠᠷᠤᠮᠠᠯᠯᠠᠨ ᠲᠠᠷᠬᠠᠭᠠᠬᠤ ᠲᠤᠬᠠᠶ     ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠲᠥᠷᠥᠯ ᠵᠦᠢᠯ ᠲᠣᠭᠲᠠᠭᠠᠭᠰᠠᠨ ︽ᠠᠵᠤ ᠠᠬᠤᠶᠢᠯᠠᠯ ᠤᠨ ᠪᠠᠷᠢᠮᠵᠢᠶᠠᠵᠢᠭᠤᠯᠤᠯᠲᠠ ᠶᠢᠨ ᠶᠡᠷᠦᠩᠬᠡᠶ ᠬᠢᠨᠠᠭᠴᠢ ᠶᠢᠨ ᠠᠵᠢᠯ ᠤᠨ     ᠵᠦᠭᠯᠡᠭᠦᠷ︾ ᠤᠨ ᠣᠷᠣᠨ ᠨᠤᠲᠤᠭ ᠤᠨ ᠪᠠᠷᠢᠮᠵᠢᠶ᠎ᠠ ᠶᠢ ᠵᠥᠪᠰᠢᠶᠡᠷᠡᠵᠦ᠂ ᠪᠥᠬᠦ ᠣᠷᠣᠨ ᠳᠤ ᠤᠷᠢᠳ ᠢᠶᠠᠷ ᠪᠠᠷᠢᠮᠵᠢᠶᠠᠵᠢᠭᠤᠯᠤᠯᠲᠠ ᠶᠢᠨ ᠶᠡᠷᠦᠩᠬᠡᠶ ᠬᠢᠨᠠᠭᠴᠢ ᠶᠢᠨ ᠲᠦᠷᠢᠮ ᠢ ᠬᠡᠷᠡᠭᠵᠢᠭᠦᠯᠪᠡ᠃ ᠲᠠᠷᠢᠶᠠᠯᠠᠩ ᠮᠠᠯ ᠠᠵᠤ ᠠᠬᠤᠶ ᠶᠢᠨ ᠪᠠᠷᠢᠮᠵᠢᠶ᠎ᠠ ᠶᠢᠨ ᠲᠣᠭᠲᠠᠯᠴᠠᠭᠠᠨ ᠤ ᠪᠠᠶᠢᠭᠤᠯᠤᠯᠲᠠ᠂ ᠪᠠᠷᠢᠮᠵᠢᠶ᠎ᠠ ᠶᠢᠨ ᠪᠦᠲᠦᠮᠵᠢᠲᠡᠶ ᠬᠠᠩᠭᠠᠯᠭ᠎ᠠ ᠪᠠ ᠪᠠᠷᠢᠮᠵᠢᠶ᠎ᠠ ᠶᠢ ᠬᠡᠷᠡᠭᠵᠢᠭᠦᠯᠵᠦ ᠬᠡᠷᠡᠭᠯᠡᠬᠦ ᠶᠢ ᠢᠳᠡᠪᠬᠢᠲᠡᠶ ᠯᠠᠪᠳᠠᠭᠤᠨ ᠢᠶᠠᠷ ᠲᠦᠯᠬᠢᠨ ᠠᠬᠢᠭᠤᠯᠵᠤ᠂ ︽ᠪᠠᠶᠠᠨᠨᠠᠭᠤᠷ ᠬᠤᠲᠠ ᠶᠢᠨ ᠲᠤᠰᠬᠠᠶ ᠠᠵᠢᠯ ᠤᠨ ᠪᠠᠷᠢᠮᠵᠢᠶᠠᠵᠢᠭᠤᠯᠤᠯᠲᠠ ᠶᠢᠨ ᠮᠡᠷᠭᠡᠵᠢᠯ ᠤᠨ ᠺᠣᠮᠢᠰ ᠤᠨ ᠬᠠᠮᠢᠶᠠᠷᠤᠯᠲᠠ ᠶᠢᠨ ᠠᠷᠭ᠎ᠠ︾ ᠶᠢ ᠳᠠᠷᠤᠮᠠᠯᠯᠠᠨ ᠲᠠᠷᠬᠠᠭᠠᠵᠤ᠂ ᠪᠠᠶᠠᠨᠨᠠᠭᠤᠷ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠪᠠᠷᠢᠮᠵᠢᠶᠠᠵᠢᠭᠤᠯᠤᠯᠲᠠ ᠶᠢᠨ ᠮᠡᠷᠭᠡᠵᠢᠯ ᠤᠨ ᠺᠣᠮᠢᠰ ᠢ ᠢᠳᠡᠪᠬᠢᠲᠡᠶ ᠪᠠᠷ ᠪᠡᠯᠡᠳᠬᠡᠨ ᠪᠠᠶᠢᠭᠤᠯᠪᠠ᠃ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠪᠠᠷᠢᠮᠵᠢᠶᠠᠵᠢᠭᠤᠯᠤᠯᠲᠠ ᠶᠢᠨ ᠠᠵᠢᠯ ᠳᠤ ᠣᠷᠣᠯᠴᠠᠬᠤ ᠢᠳᠡᠪᠬᠢᠵᠢᠯ ᠢ ᠤᠯᠠᠮ ᠨᠢᠭᠡ ᠠᠯᠬᠤᠮ ᠬᠥᠭᠵᠢᠭᠡᠬᠦ ᠶᠢᠨ ᠲᠤᠰᠠᠳᠠ᠂ ︽ᠵᠠᠰᠠᠭ ᠤᠨ ᠣᠷᠳᠣᠨ ᠠᠴᠠ ᠠᠬᠢᠭᠤᠯᠬᠤ᠂ ᠰᠠᠯᠠᠭ᠎ᠠ ᠮᠥᠴᠢᠷ ᠤᠳ ᠬᠤᠯᠪᠣᠭᠠᠯᠠᠨ ᠬᠥᠳᠡᠯᠦᠯᠴᠡᠬᠦ᠂ ᠠᠵᠤ ᠠᠬᠤᠶᠢᠯᠠᠯ ᠰᠠᠨᠠᠭᠠᠴᠢᠯᠠᠭ᠎ᠠ ᠠᠴᠠ ᠪᠠᠨ ᠬᠥᠳᠡᠯᠦᠯᠴᠡᠬᠦ᠂ ᠨᠡᠶᠢᠭᠡᠮ ᠨᠡᠶᠢᠲᠡ ᠪᠠᠷ ᠢᠶᠠᠨ ᠬᠠᠷᠢᠯᠴᠠᠨ ᠬᠥᠳᠡᠯᠦᠯᠴᠡᠬᠦ︾ ᠴᠣ ᠰᠢᠨ᠎ᠡ ᠪᠠᠷᠢᠮᠵᠢᠶᠠᠵᠢᠭᠤᠯᠤᠯᠲᠠ ᠶᠢᠨ ᠠᠵᠢᠯ ᠤᠨ ᠠᠵᠢᠯᠯᠠᠭᠠᠨ ᠤ ᠲᠣᠭᠲᠠᠴᠠ ᠶᠢ ᠤᠯᠠᠮ ᠨᠢᠭᠡ ᠠᠯᠬᠤᠮ ᠪᠠᠬᠢᠵᠢᠭᠦᠯᠦᠨ ᠲᠡᠭᠦᠯᠳᠡᠷᠵᠢᠭᠦᠯᠵᠦ᠂ ︽ᠪᠠᠶᠠᠨᠨᠠᠭᠤᠷ ᠬᠤᠲᠠ ᠶᠢᠨ ᠪᠠᠷᠢᠮᠵᠢᠶᠠᠵᠢᠭᠤᠯᠤᠯᠲᠠ ᠶᠢᠨ ᠲᠤᠰᠬᠠᠶ ᠪᠠᠯᠠ ᠮᠥᠩᠭᠦ ᠶᠢᠨ ᠬᠡᠷᠡᠭᠯᠡᠯᠲᠡ ᠬᠠᠮᠢᠶᠠᠷᠤᠯᠲᠠ ᠶᠢᠨ ᠠᠷᠭ᠎ᠠ︾ ᠶᠢ ᠶᠠᠭ ᠢᠳᠡᠪᠬᠢᠲᠡᠶ ᠪᠠᠷ ᠳᠥᠯᠭᠢᠨ ᠠᠬᠢᠭᠤᠯᠵᠤ ᠪᠠᠶᠢᠨ᠎ᠠ᠃

    ᠭᠤᠷᠪᠠ ᠳᠤ᠂ ᠪᠠᠷᠢᠮᠵᠢᠶ᠎ᠠ ᠲᠠᠢ ᠬᠠᠷᠢᠴᠠᠭᠤᠯᠵᠤ ᠪᠠᠷᠢᠮᠵᠢᠶ᠎ᠠ ᠳᠤ ᠬᠦᠷᠭᠡᠬᠦ ᠶᠢ ᠳᠡᠭᠡᠭᠰᠢᠯᠡᠭᠦᠯᠬᠦ ᠠᠵᠢᠯᠯᠠᠭ᠎ᠠ ᠶᠢ ᠠᠬᠢᠭᠤᠯᠪᠠ᠃ 10433 ᠠᠵᠤ ᠠᠬᠤᠶᠢᠯᠠᠯ 3526 ᠵᠦᠢᠯ ᠤᠨ ᠪᠠᠷᠢᠮᠵᠢᠶ᠎ᠠ ᠶᠢ ᠥᠪᠡᠷᠲᠡᠭᠡᠨ ᠢᠯᠡᠷᠬᠡᠶᠢᠯᠡᠵᠦ  ᠂ 273 ᠠᠵᠤ ᠠᠬᠤᠶᠢᠯᠠᠯ ᠪᠠᠷᠢᠮᠵᠢᠶ᠎ᠠ ᠲᠠᠢ ᠬᠠᠷᠢᠴᠠᠭᠤᠯᠬᠤ ᠦᠢᠯᠡᠳᠬᠦᠨ ᠤ 310 ᠵᠦᠢᠯ ᠢ ᠨᠡᠶᠢᠲᠡᠯᠡᠬᠦ ᠶᠢ ᠵᠢᠯᠤᠭᠤᠳᠴᠤ᠂ 1 ᠵᠦᠢᠯ ᠤᠨ ᠪᠠᠷᠢᠮᠵᠢᠶ᠎ᠠ ᠨᠢ ᠠᠵᠤ ᠠᠬᠤᠶᠢᠯᠠᠯ ᠤᠨ ᠪᠠᠷᠢᠮᠵᠢᠶ᠎ᠠ ᠶᠢᠨ ︽ᠳᠠᠭᠠᠭᠤᠯᠤᠭᠴᠢ︾ ᠴᠤᠯᠠ ᠶᠢ ᠬᠦᠷᠲᠡᠵᠦ᠂ 1 ᠠᠵᠤ ᠠᠬᠤᠶᠢᠯᠠᠯ ᠨᠢ 3 ᠵᠦᠢᠯ ᠤᠨ ᠤᠯᠤᠰ ᠤᠨ ᠪᠠᠷᠢᠮᠵᠢᠶ᠎ᠠ ᠶᠢ ᠲᠤᠭᠤᠷᠪᠢᠬᠤ ᠳᠤ ᠣᠷᠣᠯᠴᠠᠬᠤ ᠪᠠᠷ ᠭᠤᠶᠤᠴᠢᠯᠠᠵᠤ᠂ ᠥᠪᠡᠷᠲᠡᠭᠡᠨ ᠵᠠᠰᠠᠬᠤ ᠣᠷᠣᠨ ᠠᠴᠠ ᠮᠠᠨ ᠤ ᠬᠤᠲᠠ ᠳᠤ ᠪᠠᠭᠤᠯᠭᠠᠭᠰᠠᠨ 3 ᠵᠢᠯ ᠤᠨ ᠠᠵᠢᠯᠯᠠᠭᠠᠨ ᠤ ᠬᠠᠷᠠᠯᠲᠠ ᠡᠭᠦᠷᠭᠡ ᠶᠢ ᠤᠷᠢᠳᠴᠢᠯᠠᠨ ᠳᠠᠪᠠᠭᠤᠯᠤᠨ ᠪᠡᠶᠡᠯᠡᠭᠦᠯᠪᠡ᠃

 

ᠢᠷᠡᠯᠲᠡ᠄ ᠪᠠᠶᠠᠨᠨᠠᠭᠤᠷ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ