ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ ᠬᠤᠷᠠᠯ ᠬᠤᠷᠠᠯᠳᠤᠭᠤᠯᠵᠤ ᠣᠳᠣᠬᠠᠨ ᠤ ᠠᠵᠤ ᠠᠬᠤᠢ ᠶᠢᠨ ᠪᠠᠶᠢᠳᠠᠯ ᠪᠣᠯᠣᠨ ᠠᠵᠤ ᠠᠬᠤᠢ ᠶᠢᠨ ᠠᠵᠢᠯ ᠢ ᠵᠠᠳᠠᠯᠤᠨ ᠰᠤᠳᠤᠯᠪᠠ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠢ ᠶᠢᠨ ᠫᠢᠩ ᠬᠤᠷᠠᠯ ᠢ ᠡᠷᠭᠢᠯᠡᠵᠡᠢ
ᠨᠡᠶᠢᠲᠡᠯᠡᠭᠰᠡᠨ ᠴᠠᠭ᠄
2024/9/27

      ᠰᠢᠨᠬᠤᠸᠠ ᠬᠤᠷᠢᠶ᠎ᠠ ᠶᠢᠨ ᠪᠡᠭᠡᠵᠢᠩ ᠤᠨ 9 ᠰᠠᠷ᠎ᠠ ᠶᠢᠨ 26 ᠤ ᠴᠠᠭᠢᠯᠭᠠᠨ ᠮᠡᠳᠡᠭᠡ   ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ 9 ᠰᠠᠷ᠎ᠠ ᠶᠢᠨ 26 ᠤ ᠡᠳᠦᠷ ᠬᠤᠷᠠᠯ ᠬᠤᠷᠠᠯᠳᠤᠭᠤᠯᠵᠤ ᠂ ᠣᠳᠣᠬᠠᠨ ᠤ ᠠᠵᠤ ᠠᠬᠤᠢ ᠶᠢᠨ ᠪᠠᠶᠢᠳᠠᠯ ᠢ ᠵᠠᠳᠠᠯᠤᠨ ᠰᠤᠳᠤᠯᠵᠤ ᠂ ᠲᠠᠷᠠᠭᠠᠴᠢ ᠶᠢᠨ ᠠᠯᠬᠤᠮ ᠤᠨ ᠠᠵᠤ ᠠᠬᠤᠢ ᠶᠢᠨ ᠠᠵᠢᠯ ᠢ ᠪᠠᠶᠢᠷᠢᠯᠠᠭᠤᠯᠪᠠ ᠃ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠢ ᠶᠢᠨ ᠫᠢᠩ ᠬᠤᠷᠠᠯ ᠢ ᠡᠷᠭᠢᠯᠡᠵᠡᠢ ᠃

      ᠬᠤᠷᠠᠯ ᠠᠴᠠ ᠂ ᠵᠢᠯ ᠤᠨ ᠡᠬᠢᠨ ᠠᠴᠠ ᠨᠠᠭᠠᠰᠢ ᠂ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶ᠎ᠠ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠬᠦᠴᠢᠷ ᠢ ᠳᠤᠭᠤᠯᠤᠨ ᠪᠡᠷᠬᠡ ᠶᠢ ᠳᠠᠪᠠᠵᠤ ᠂ ᠯᠠᠪᠳᠠᠭᠤᠨ ᠢᠶᠠᠷ ᠠᠷᠭᠠᠴᠠᠭᠠᠨ ᠂ ᠬᠤᠷᠸ᠎ᠠ ᠡᠵᠡᠮᠰᠢᠯ ᠲᠣᠬᠢᠷᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ ᠂ ᠥᠭᠡᠷᠡᠴᠢᠯᠡᠯᠲᠡ ᠨᠡᠭᠡᠭᠡᠯᠲᠡ ᠶᠢ ᠬᠦᠴᠦᠯᠡᠨ ᠭᠦᠨᠵᠡᠭᠡᠶᠢᠷᠡᠭᠦᠯᠵᠦ ᠂ ᠤᠯᠤᠰ ᠤᠨ ᠳᠣᠲᠣᠭᠠᠳᠤ ᠶᠢᠨ ᠬᠡᠷᠡᠭᠴᠡᠭᠡ ᠶᠢ ᠥᠷᠭᠡᠳᠬᠡᠨ ᠂ ᠠᠵᠤ ᠠᠬᠤᠢ ᠶᠢᠨ ᠪᠦᠲᠦᠴᠡ ᠶᠢ ᠰᠢᠯᠢᠳᠡᠭᠵᠢᠭᠦᠯᠵᠦ ᠂ ᠠᠵᠤ ᠠᠬᠤᠢ ᠶᠢᠨ ᠡᠷᠭᠢᠯᠲᠡ ᠶᠡᠷᠦᠩᠬᠡᠢ ᠳᠡᠭᠡᠨ ᠲᠣᠭᠲᠠᠭᠤᠨ ᠪᠠᠶᠢᠵᠤ ᠂ ᠲᠣᠭᠲᠠᠭᠤᠨ ᠤ ᠳᠤᠮᠳᠠ ᠤᠷᠤᠭᠰᠢᠯᠠᠨ ᠳᠡᠪᠰᠢᠵᠦ ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠲᠣᠭᠲᠠᠭᠤᠨ ᠢᠶᠠᠷ ᠬᠥᠭᠵᠢᠵᠦ ᠂ ᠠᠷᠠᠳ ᠤᠨ ᠠᠮᠢᠳᠤᠷᠠᠯ ᠤᠨ ᠪᠠᠲᠤᠯᠠᠭ᠎ᠠ ᠯᠠᠪᠳᠠᠭᠤᠨ ᠪᠠᠲᠤᠲᠠᠢ ᠡᠷᠴᠢᠮᠲᠡᠢ ᠪᠣᠯᠵᠤ ᠂ ᠭᠤᠣᠯᠳᠠᠯᠭ᠎ᠠ ᠲᠠᠢ ᠬᠦᠷᠢᠶᠡᠨ ᠳᠠᠬᠢ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠠᠵᠢᠯ ᠢᠳᠡᠪᠬᠢᠲᠡᠢ ᠠᠬᠢᠴᠠ ᠲᠠᠢ ᠪᠣᠯᠵᠤ ᠂ ᠴᠢᠨᠠᠷ ᠰᠠᠶᠢᠲᠠᠢ ᠬᠥᠭᠵᠢᠯᠲᠡ ᠯᠠᠪᠳᠠᠭᠤᠨ ᠪᠠᠲᠤᠲᠠᠢ ᠠᠬᠢᠵᠤ ᠂ ᠨᠡᠶᠢᠭᠡᠮ ᠤᠨ ᠶᠡᠭᠡ ᠲᠠᠯ᠎ᠠ ᠲᠣᠭᠲᠠᠭᠤᠨ ᠪᠠᠶᠢᠳᠠᠯ ᠢᠶᠠᠨ ᠪᠠᠲᠤᠯᠠᠪᠠ ᠭᠡᠵᠦ ᠦᠵᠡᠪᠡ ᠃

      ᠬᠤᠷᠠᠯ ᠠᠴᠠ ᠂ ᠮᠠᠨ ᠤ ᠤᠯᠤᠰ ᠤᠨ ᠠᠵᠤ ᠠᠬᠤᠢ ᠶᠢᠨ ᠦᠨᠳᠦᠰᠦᠨ ᠪᠠᠶᠢᠳᠠᠯ ᠵᠢᠴᠢ ᠵᠠᠬ᠎ᠠ ᠳᠡᠯᠭᠡᠭᠦᠷ ᠥᠷᠭᠡᠨ ᠰᠠᠷᠠᠭᠤᠯ ᠪᠠᠶᠢᠵᠤ ᠂ ᠠᠵᠤ ᠠᠬᠤᠢ ᠶᠢᠨ ᠤᠶᠠᠨ ᠬᠠᠳᠠᠨ ᠴᠢᠨᠠᠷ ᠴᠢᠩᠭ᠎ᠠ ᠂ ᠳᠠᠯᠳᠠ ᠬᠦᠴᠦᠨ ᠶᠡᠭᠡ ᠵᠡᠷᠭᠡ ᠠᠰᠢᠭᠲᠠᠢ ᠨᠥᠬᠦᠴᠡᠯ ᠬᠤᠪᠢᠷᠠᠭᠰᠠᠨ ᠦᠭᠡᠢ ᠶᠤᠮ ᠃ ᠡᠭᠦᠨ ᠤ ᠵᠡᠷᠭᠡ ᠪᠠᠷ᠂ ᠣᠳᠣᠬᠠᠨ ᠤ ᠠᠵᠤ ᠠᠬᠤᠢ ᠶᠢᠨ ᠠᠵᠢᠯᠯᠠᠭᠠᠨ ᠳᠤ ᠵᠠᠷᠢᠮ ᠰᠢᠨ᠎ᠡ ᠪᠠᠶᠢᠳᠠᠯ ᠪᠠ ᠠᠰᠠᠭᠤᠳᠠᠯ ᠭᠠᠷᠴᠤ ᠪᠤᠢ ᠃ ᠣᠳᠣᠬᠠᠨ ᠤ ᠠᠵᠤ ᠠᠬᠤᠢ ᠶᠢᠨ ᠪᠠᠶᠢᠳᠠᠯ ᠳᠤ ᠪᠦᠭᠦ ᠲᠠᠯ᠎ᠠ ᠪᠠᠷ ᠪᠤᠰᠤᠳᠴᠢ ᠪᠠᠷ ᠯᠠᠪᠳᠠᠭᠤᠨ ᠲᠣᠭᠲᠠᠭᠤᠨ ᠢᠶᠠᠷ ᠬᠠᠨᠳᠤᠵᠤ ᠂ ᠬᠦᠴᠢᠷᠳᠡᠯ ᠳᠤ ᠵᠥᠪ ᠢᠶᠠᠷ ᠬᠠᠨᠳᠤᠵᠤ ᠂ ᠢᠲᠡᠭᠡᠯ ᠵᠣᠷᠢᠭ ᠢᠶᠠᠨ ᠪᠠᠲᠤᠳᠬᠠᠨ ᠂ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠠ ᠲᠤᠯᠭᠠᠮ ᠰᠡᠳᠬᠢᠯᠭᠡ ᠪᠠᠨ ᠦᠨᠡᠨ ᠬᠦ ᠴᠢᠩᠭᠠᠳᠬᠠᠬᠤ ᠬᠡᠷᠡᠭᠲᠡᠢ ᠃ ᠭᠤᠣᠯᠳᠠᠯᠭ᠎ᠠ ᠶᠢ ᠠᠳᠬᠤᠨ ᠂ ᠰᠠᠨᠠᠭᠠᠴᠢᠯᠠᠭ᠎ᠠ ᠠᠴᠠ ᠪᠠᠨ ᠵᠢᠳᠬᠦᠯ ᠴᠢᠷᠮᠠᠶᠢᠯᠭ᠎ᠠ ᠭᠠᠷᠭᠠᠵᠤ ᠂ ᠨᠥᠭᠡᠴᠡ ᠲᠦᠷᠦ ᠶᠢᠨ ᠪᠣᠳᠣᠯᠭ᠎ᠠ ᠶᠢ ᠪᠦᠲᠦᠮᠵᠢᠲᠡᠢ ᠨᠠᠶᠢᠳᠠᠪᠤᠷᠢᠵᠢᠭᠤᠯᠤᠨ ᠂ ᠬᠡᠮᠵᠢᠶ᠎ᠡ ᠶᠢ ᠨᠡᠮᠡᠭᠳᠡᠭᠦᠯᠬᠦ ᠲᠦᠷᠦ ᠶᠢᠨ ᠪᠣᠳᠣᠯᠭ᠎ᠠ ᠶᠢ ᠬᠦᠴᠦᠯᠡᠨ ᠲᠣᠭᠲᠠᠭᠠᠵᠤ ᠂ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢᠨ ᠬᠠᠨᠳᠤᠯᠭᠠᠲᠤ ᠴᠢᠨᠠᠷ ᠂ ᠪᠦᠲᠦᠮᠵᠢᠲᠦ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠦᠨ ᠂ ᠪᠦᠭᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠡᠭᠦᠷᠭᠡ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ ᠃

      ᠬᠤᠷᠠᠯ ᠠᠴᠠ ᠂ ᠡᠳ᠋ ᠤᠨ ᠵᠠᠰᠠᠭ ᠵᠣᠭᠤᠰᠤᠨ ᠤ ᠲᠦᠷᠦ ᠶᠢᠨ ᠪᠣᠳᠣᠯᠭ᠎ᠠ ᠶᠢᠨ ᠰᠥᠷᠭᠡᠦ ᠦᠶᠡᠯᠡᠯ ᠤᠨ ᠬᠤᠭᠤᠴᠠᠭᠠᠨ ᠤ ᠲᠣᠬᠢᠷᠠᠭᠤᠯᠤᠯᠲᠠ ᠶᠢᠨ ᠡᠷᠴᠢᠮ ᠢ ᠴᠢᠩᠭᠠᠷᠠᠭᠤᠯᠵᠤ ᠂ ᠴᠢᠬᠤᠯᠠ ᠪᠦᠬᠦᠢ ᠡᠳ᠋ ᠤᠨ ᠵᠠᠰᠠᠭ ᠤᠨ ᠵᠠᠷᠤᠯᠭ᠎ᠠ ᠶᠢ ᠪᠠᠲᠤᠯᠠᠵᠤ ᠂ ᠦᠨᠳᠦᠰᠦᠨ ᠱᠠᠲᠤᠨ ᠤ ︽ ᠭᠤᠷᠪᠠ ᠶᠢ ᠪᠠᠲᠤᠯᠠᠬᠤ ︾ ᠠᠵᠢᠯ ᠢ ᠦᠨᠡᠨ ᠬᠦ ᠰᠠᠶᠢᠲᠤᠷ ᠬᠢᠬᠦ ᠬᠡᠷᠡᠭᠲᠡᠢ ᠃ ᠤᠯᠤᠰ ᠤᠨ ᠭᠡᠳᠦ ᠤᠷᠳᠤ ᠬᠤᠭᠤᠴᠠᠭᠠᠲᠤ ᠤᠨᠴᠠᠭᠠᠢ ᠵᠢᠭᠡᠯᠡᠯᠭᠡ ᠪᠣᠯᠣᠨ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠢ ᠵᠢᠭᠡᠯᠡᠯᠭᠡ ᠶᠢ ᠰᠠᠶᠢᠲᠤᠷ ᠲᠠᠷᠬᠠᠭᠠᠵᠤ ᠰᠠᠶᠢᠲᠤᠷ ᠬᠡᠷᠡᠭᠯᠡᠵᠦ ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠳᠠᠶᠢᠴᠢᠯᠠᠬᠤ ᠦᠢᠯᠡᠳᠦᠯ ᠢ ᠨᠡᠩ ᠰᠠᠶᠢᠲᠤᠷ ᠪᠠᠳᠠᠷᠠᠭᠤᠯᠬᠤ ᠬᠡᠷᠡᠭᠲᠡᠢ ᠃ ᠬᠠᠳᠠᠭᠠᠯᠠᠮᠵᠢ ᠶᠢᠨ ᠪᠡᠯᠡᠳᠬᠡᠯ ᠵᠣᠭᠤᠰ ᠤᠨ ᠨᠤᠷᠮ᠎ᠠ ᠶᠢ ᠪᠠᠭᠤᠷᠠᠭᠤᠯᠵᠤ ᠂ ᠬᠦᠦ ᠮᠥᠩᠭᠦ ᠶᠢ ᠬᠦᠴᠦᠲᠡᠢ ᠪᠠᠭᠤᠷᠠᠭᠤᠯᠬᠤ ᠬᠡᠷᠡᠭᠲᠡᠢ ᠃ ᠭᠡᠷ ᠭᠠᠵᠠᠷ ᠤᠨ ᠬᠥᠷᠥᠩᠭᠡ ᠶᠢᠨ ᠵᠠᠬ᠎ᠠ ᠳᠡᠯᠭᠡᠭᠦᠷ ᠤᠨ ᠪᠠᠭᠤᠷᠠᠯᠲᠠ ᠶᠢ ᠵᠣᠭᠰᠣᠭᠠᠵᠤ ᠲᠣᠭᠲᠠᠭᠤᠨ ᠪᠤᠯᠬᠤ ᠶᠢ ᠠᠬᠢᠭᠤᠯᠵᠤ ᠂ ᠲᠠᠸᠠᠷ ᠤᠨ ᠭᠡᠷ ᠪᠠᠶᠢᠰᠢᠩ ᠤᠨ ᠪᠦᠲᠦᠭᠡᠨ ᠪᠠᠶᠢᠭᠤᠯᠤᠯᠲᠠ ᠳᠤ ᠨᠡᠮᠡᠭᠳᠡᠯ ᠢ ᠴᠢᠩᠭ᠎ᠠ ᠬᠢᠵᠠᠭᠠᠷᠯᠠᠵᠤ ᠂ ᠨᠥᠭᠡᠴᠡ ᠶᠢ ᠰᠢᠯᠢᠳᠡᠭᠵᠢᠭᠦᠯᠦᠨ ᠂ ᠶᠠᠰᠤ ᠴᠢᠨᠠᠷ ᠢ ᠳᠡᠭᠡᠭᠰᠢᠯᠡᠭᠦᠯᠵᠦ ᠂ ︽ ᠢᠲᠡᠭᠡᠮᠵᠢᠲᠦ ᠡᠷᠦᠭᠡ ︾ ᠶᠢᠨ ᠲᠥᠷᠥᠯ ᠵᠦᠢᠯ ᠤᠨ ᠵᠢᠭᠡᠯᠡᠯᠭᠡ ᠲᠠᠯᠪᠢᠬᠤ ᠡᠷᠴᠢᠮ ᠢ ᠴᠢᠩᠭᠠᠷᠠᠭᠤᠯᠤᠨ ᠂ ᠰᠤᠯᠠ ᠲᠠᠯᠪᠢᠭᠳᠠᠵᠤ ᠪᠠᠶᠢᠭ᠎ᠠ ᠨᠥᠭᠡᠴᠡ ᠭᠠᠵᠠᠷ ᠰᠢᠷᠣᠢ ᠶᠢ ᠠᠮᠢᠳᠤᠯᠢᠭᠵᠢᠭᠤᠯᠬᠤ ᠶᠢ ᠳᠡᠮᠵᠢᠬᠦ ᠬᠡᠷᠡᠭᠲᠡᠢ ᠃ ᠣᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠳᠤ ᠬᠠᠷᠢᠭᠤᠯᠲᠠ ᠥᠭᠴᠦ ᠂ ᠣᠷᠣᠨ ᠰᠠᠭᠤᠴᠠ ᠬᠤᠳᠠᠯᠳᠤᠨ ᠠᠪᠬᠤ ᠶᠢ ᠬᠢᠵᠠᠭᠠᠷᠯᠠᠬᠤ ᠲᠥᠷᠥ ᠶᠢᠨ ᠪᠣᠳᠣᠯᠭ᠎ᠠ ᠳᠤ ᠲᠣᠬᠢᠷᠠᠭᠤᠯᠤᠯᠲᠠ ᠬᠢᠵᠦ ᠂ ᠨᠥᠭᠡᠴᠡ ᠭᠡᠷ ᠪᠠᠶᠢᠰᠢᠩ ᠤᠨ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠶᠢ ᠪᠠᠭᠤᠷᠠᠭᠤᠯᠵᠤ ᠂ ᠭᠠᠵᠠᠷ ᠰᠢᠷᠣᠢ ᠂ ᠡᠳ᠋ ᠤᠨ ᠵᠠᠰᠠᠭ ᠭᠠᠶᠢᠯᠢ ᠂ ᠮᠥᠩᠭᠦᠨ ᠭᠦᠢᠯᠭᠡᠭᠡ ᠵᠡᠷᠭᠡ ᠲᠥᠷᠥ ᠶᠢᠨ ᠪᠣᠳᠣᠯᠭ᠎ᠠ ᠶᠢ ᠱᠠᠯᠠᠪᠳᠠᠨ ᠲᠡᠭᠦᠯᠳᠡᠷᠵᠢᠭᠦᠯᠵᠦ ᠂ ᠭᠡᠷ ᠭᠠᠵᠠᠷ ᠤᠨ ᠬᠥᠷᠥᠩᠭᠡ ᠶᠢᠨ ᠬᠥᠭᠵᠢᠯᠲᠡ ᠶᠢᠨ ᠰᠢᠨ᠎ᠡ ᠵᠠᠭᠪᠤᠷ ᠢ ᠪᠠᠶᠢᠭᠤᠯᠬᠤ ᠶᠢ ᠠᠬᠢᠭᠤᠯᠬᠤ ᠬᠡᠷᠡᠭᠲᠡᠢ ᠃ ᠬᠥᠷᠥᠩᠭᠡ ᠶᠢᠨ ᠵᠠᠬ᠎ᠠ ᠳᠡᠯᠭᠡᠭᠦᠷ ᠢ ᠴᠢᠷᠮᠠᠶᠢᠨ ᠬᠥᠭᠵᠢᠭᠡᠵᠦ ᠂ ᠳᠤᠮᠳᠠ ᠣᠷᠳᠣ ᠬᠤᠭᠤᠴᠠᠭᠠᠨ ᠤ ᠪᠡᠯᠡ ᠮᠥᠩᠭᠦ ᠶᠢᠨ ᠵᠠᠬ᠎ᠠ ᠳᠡᠯᠭᠡᠭᠦᠷ ᠲᠤ ᠣᠷᠣᠬᠤ ᠶᠢ ᠶᠡᠭᠡ ᠪᠠᠷ ᠬᠥᠲᠥᠯᠥᠨ ᠵᠢᠯᠤᠭᠤᠳᠴᠤ ᠂ ᠨᠡᠶᠢᠭᠡᠮ ᠤᠨ ᠳᠠᠭᠠᠳᠬᠠᠯ ᠂ ᠳᠠᠭᠠᠳᠬᠠᠯ ᠂ ᠡᠳ᠋ ᠤᠨ ᠶᠠᠪᠤᠳᠠᠯ ᠢ ᠬᠠᠮᠢᠶᠠᠷᠬᠤ ᠵᠡᠷᠭᠡ ᠪᠡᠯᠡ ᠮᠥᠩᠭᠦ ᠶᠢᠨ ᠵᠠᠬ᠎ᠠ ᠳᠡᠯᠭᠡᠭᠦᠷ ᠲᠤ ᠣᠷᠣᠬᠤ ᠲᠦᠭᠵᠢᠷᠡᠯ ᠴᠡᠭ ᠢ ᠰᠢᠯᠤᠭᠤᠳᠬᠠᠬᠤ ᠬᠡᠷᠡᠭᠲᠡᠢ ᠃ ᠰᠲ᠋ᠣᠺ ᠢᠶᠠᠨ ᠵᠠᠬ᠎ᠠ ᠳᠡᠯᠭᠡᠭᠦᠷ ᠲᠤ ᠭᠠᠷᠭᠠᠭᠰᠠᠨ ᠺᠤᠮᠫᠠᠨᠢ ᠶᠢᠨ ᠨᠡᠶᠢᠯᠡᠭᠦᠯᠦᠨ ᠠᠪᠴᠤ ᠳᠠᠭᠢᠨ ᠪᠠᠶᠢᠭᠤᠯᠬᠤ ᠶᠢ ᠳᠡᠮᠵᠢᠵᠦ ᠂ ᠢᠯᠡ ᠪᠠᠷ ᠴᠤᠭᠯᠠᠭᠤᠯᠬᠤ ᠰᠠᠭᠤᠷᠢ ᠮᠥᠩᠭᠦ ᠶᠢᠨ ᠥᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠵᠤ ᠂ ᠳᠤᠮᠳᠠ ᠪᠠᠭ᠎ᠠ ᠪᠡᠯᠡ ᠣᠷᠣᠭᠤᠯᠤᠭᠴᠢᠳ ᠢ ᠬᠠᠮᠠᠭᠠᠯᠠᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠰᠤᠳᠤᠯᠤᠨ ᠨᠡᠶᠢᠲᠡᠯᠡᠬᠦ ᠬᠡᠷᠡᠭᠲᠡᠢ ᠭᠡᠵᠦ ᠴᠢᠬᠤᠯᠠᠴᠢᠯᠠᠪᠠ ᠃

      ᠬᠤᠷᠠᠯ ᠠᠴᠠ ᠂ ᠠᠵᠤ ᠠᠬᠤᠶᠢᠯᠠᠯ ᠢ ᠬᠠᠪᠰᠤᠷᠤᠨ ᠬᠦᠴᠢᠷ ᠢ ᠲᠤᠭᠤᠯᠵᠦ ᠂ ᠠᠵᠤ ᠠᠬᠤᠶᠢᠯᠠᠯ ᠳᠤ ᠬᠤᠯᠪᠣᠭᠳᠠᠭᠰᠠᠨ ᠬᠠᠤᠯᠢ ᠬᠡᠷᠡᠭᠵᠢᠭᠦᠯᠬᠦ ᠂ ᠬᠢᠨᠠᠨ ᠬᠠᠮᠢᠶᠠᠷᠬᠤ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠬᠤ ᠬᠡᠷᠡᠭᠲᠡᠢ ᠃ ᠠᠷᠠᠳ ᠤᠨ ᠡᠵᠡᠩᠨᠡᠯᠲᠡ ᠶᠢᠨ ᠠᠵᠤ ᠠᠬᠤᠢ ᠶᠢ ᠠᠬᠢᠭᠤᠯᠬᠤ ᠬᠠᠤᠯᠢ ᠶᠢ ᠲᠣᠭᠲᠠᠭᠠᠵᠤ ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠬᠥᠭᠵᠢᠯᠲᠡ ᠳᠤ ᠰᠠᠶᠢᠨ ᠰᠠᠶᠢᠬᠠᠨ ᠣᠷᠴᠢᠨ ᠨᠥᠬᠦᠴᠡᠯ ᠢ ᠪᠤᠢ ᠪᠤᠯᠭᠠᠬᠤ ᠬᠡᠷᠡᠭᠲᠡᠢ ᠃ ᠬᠡᠷᠡᠭᠯᠡᠭᠡ ᠶᠢ ᠠᠬᠢᠭᠤᠯᠬᠤ ᠪᠠ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠶᠢ ᠤᠶᠠᠯᠳᠤᠭᠤᠯᠵᠤ ᠂ ᠳᠤᠮᠳᠠ ᠳᠣᠣᠷ᠎ᠠ ᠣᠷᠣᠯᠭ᠎ᠠ ᠲᠠᠢ ᠬᠥᠮᠥᠰ ᠤᠨ ᠣᠷᠣᠯᠭ᠎ᠠ ᠶᠢᠨ ᠨᠡᠮᠡᠭᠳᠡᠯ ᠢ ᠠᠬᠢᠭᠤᠯᠵᠤ ᠂ ᠬᠡᠷᠡᠭᠯᠡᠭᠡᠨ ᠤ ᠪᠦᠲᠦᠴᠡ ᠶᠢ ᠳᠡᠭᠡᠭᠰᠢᠯᠡᠭᠦᠯᠭᠦ ᠬᠡᠷᠡᠭᠲᠡᠢ ᠃ ᠰᠢᠨ᠎ᠡ ᠮᠠᠶ᠋ᠢᠭ ᠤᠨ ᠬᠡᠷᠡᠭᠯᠡᠭᠡᠨ ᠤ ᠡᠵᠡᠩᠨᠡᠯᠲᠡ ᠶᠢᠨ ᠭᠡᠯᠪᠡᠷᠢ ᠶᠢ ᠪᠣᠶᠢᠵᠢᠭᠤᠯᠬᠤ ᠬᠡᠷᠡᠭᠲᠡᠢ ᠃ ᠨᠡᠶᠢᠭᠡᠮ ᠤᠨ ᠬᠦᠴᠦᠨ ᠤ ᠨᠠᠰᠤᠵᠢᠯ ᠤᠨ ᠠᠰᠠᠷᠠᠮᠵᠢ ᠂ ᠬᠡᠦᠬᠡᠳ ᠰᠠᠭᠠᠲᠠᠭᠤᠯᠬᠤ ᠠᠵᠤ ᠦᠢᠯᠡᠰ ᠢ ᠬᠥᠭᠵᠢᠭᠦᠯᠬᠦ ᠶᠢ ᠳᠡᠮᠵᠢᠨ ᠵᠢᠷᠤᠮᠵᠢᠭᠤᠯᠵᠤ ᠂ ᠦᠷᠡᠵᠢᠯ ᠤᠨ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢᠨ ᠰᠢᠰᠲ᠋ᠧᠮ ᠢ ᠱᠠᠯᠠᠪᠳᠠᠭᠤᠯᠤᠨ ᠲᠡᠭᠦᠯᠳᠡᠷᠵᠢᠭᠦᠯᠬᠦ ᠬᠡᠷᠡᠭᠲᠡᠢ ᠃ ᠪᠡᠯᠡ ᠮᠥᠩᠭᠦ ᠣᠷᠣᠭᠤᠯᠤᠨ ᠠᠪᠴᠢᠷᠠᠵᠤ ᠪᠡᠯᠡ ᠮᠥᠩᠭᠦ ᠶᠢ ᠲᠣᠭᠲᠠᠪᠤᠷᠢᠵᠢᠭᠤᠯᠬᠤ ᠡᠷᠴᠢᠮ ᠢᠶᠠᠨ ᠴᠢᠩᠭᠠᠷᠠᠭᠤᠯᠵᠤ ᠂ ᠦᠢᠯᠡᠳᠬᠦ ᠦᠢᠯᠡᠰ ᠤᠨ ᠬᠦᠷᠢᠶᠡᠨ ᠳᠠᠬᠢ ᠭᠠᠳᠠᠭᠠᠳᠤ ᠪᠡᠯᠡ ᠶᠢ ᠵᠥᠪᠰᠢᠶᠡᠷᠡᠨ ᠣᠷᠣᠭᠤᠯᠬᠤ ᠵᠡᠷᠭᠡ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠱᠠᠯᠠᠪᠳᠠᠭᠤᠯᠤᠨ ᠠᠬᠢᠭᠤᠯᠤᠨ ᠬᠡᠷᠡᠭᠵᠢᠭᠦᠯᠵᠦ ᠂ ᠵᠠᠬ᠎ᠠ ᠳᠡᠯᠭᠡᠭᠦᠷᠴᠢᠯᠡᠭᠰᠡᠨ ᠂ ᠬᠠᠤᠯᠢᠵᠢᠭᠰᠠᠨ ᠂ ᠳᠡᠯᠡᠬᠡᠶᠢᠵᠢᠭᠰᠡᠨ ᠲᠡᠷᠢᠭᠦᠨ ᠵᠡᠷᠭᠡ ᠶᠢᠨ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ ᠃

      ᠬᠤᠷᠠᠯ ᠠᠴᠠ ᠂ ᠠᠷᠠᠳ ᠤᠨ ᠠᠮᠢᠳᠤᠷᠠᠯ ᠢ ᠪᠠᠲᠤᠯᠠᠬᠤ ᠬᠤᠷᠢᠭ᠎ᠠ ᠱᠤᠭᠤᠮ ᠢ ᠪᠠᠲᠤ ᠰᠠᠬᠢᠵᠤ ᠂ ᠰᠢᠨ᠎ᠡ ᠲᠡᠭᠦᠰᠬᠦ ᠶᠡᠭᠡ ᠳᠡᠭᠡᠳᠦ ᠰᠤᠷᠭᠠᠭᠤᠯᠢ ᠶᠢᠨ ᠰᠤᠷᠤᠬᠴᠢ ᠂ ᠬᠥᠯᠥᠰᠦᠨ ᠲᠠᠷᠢᠶᠠᠴᠢᠨ ᠂ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠂ ᠠᠵᠢᠯ ᠲᠠᠢ ᠬᠥᠮᠥᠨ ᠦᠭᠡᠢ ᠭᠡᠷ ᠪᠦᠯᠢ ᠵᠡᠷᠭᠡ ᠭᠤᠣᠯᠳᠠᠯᠭ᠎ᠠ ᠲᠠᠢ ᠬᠥᠮᠥᠰ ᠲᠤ ᠠᠵᠢᠯ ᠣᠯᠭᠤᠬᠤ ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠵᠦ ᠂ ᠨᠠᠰᠤ ᠠᠬᠢᠭᠰᠠᠨ ᠂ ᠵᠡᠮᠳᠡᠭ ᠂ ᠨᠡᠯᠢᠶᠡᠳ ᠤᠷᠳᠤ ᠬᠤᠭᠤᠴᠠᠭ᠎ᠠ ᠪᠠᠷ ᠠᠵᠢᠯ ᠠᠯᠳᠠᠭᠰᠠᠨ ᠵᠡᠷᠭᠡ ᠠᠵᠢᠯ ᠣᠯᠬᠤ ᠳᠤ ᠬᠦᠴᠢᠷᠲᠡᠢ ᠬᠥᠮᠥᠰ ᠢ ᠬᠠᠪᠰᠤᠷᠤᠨ ᠲᠡᠳᠬᠦᠬᠦ ᠪᠠᠨ ᠴᠢᠩᠭᠠᠳᠬᠠᠬᠤ ᠬᠡᠷᠡᠭᠲᠡᠢ ᠃ ᠣᠷᠣᠯᠭ᠎ᠠ ᠪᠠᠭᠠᠲᠠᠢ ᠬᠥᠮᠥᠨ ᠠᠮᠠ ᠶᠢ ᠠᠪᠤᠷᠠᠨ ᠲᠤᠰᠠᠯᠠᠵᠤ ᠬᠠᠪᠰᠤᠷᠤᠨ ᠲᠡᠳᠬᠦᠬᠦ ᠶᠢ ᠴᠢᠩᠭᠠᠳᠬᠠᠬᠤ ᠬᠡᠷᠡᠭᠲᠡᠢ ᠃ ᠢᠳᠡᠭᠡᠨ ᠪᠠ ᠤᠰᠤ ᠴᠠᠭᠢᠯᠭᠠᠨ ᠬᠡᠢ ᠢᠯᠴᠢ ᠵᠡᠷᠭᠡ ᠴᠢᠬᠤᠯᠠ ᠡᠳ᠋ ᠪᠣᠳᠠᠰ ᠤᠨ ᠬᠠᠩᠭᠠᠯᠭ᠎ᠠ ᠶᠢ ᠪᠠᠲᠤᠯᠠᠵᠤ ᠦᠨ᠎ᠡ ᠬᠠᠩᠰᠢ ᠶᠢ ᠲᠣᠭᠲᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠢ ᠃ ᠠᠮᠤ ᠪᠤᠳᠠᠭ᠎ᠠ ᠪᠠ ᠲᠠᠷᠢᠶᠠᠯᠠᠩ ᠤᠨ ᠦᠢᠯᠡᠳᠪᠦᠷᠢᠯᠡᠯ ᠢ ᠦᠨᠡᠨ ᠬᠦ ᠰᠠᠶᠢᠲᠤᠷ ᠠᠳᠬᠤᠵᠤ ᠂ ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠢ ᠬᠠᠯᠠᠮᠵᠢᠯᠠᠨ ᠂ ᠨᠠᠮᠤᠷ ᠡᠪᠦᠯ ᠤᠨ ᠦᠢᠯᠡᠳᠪᠦᠷᠢᠯᠡᠯ ᠢ ᠰᠠᠶᠢᠲᠤᠷ ᠠᠳᠬᠤᠵᠤ ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ ᠃

      ᠬᠤᠷᠠᠯ ᠠᠴᠠ ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠴᠢᠷᠮᠠᠶᠢᠨ ᠠᠵᠢᠯᠯᠠᠬᠤ ᠶᠢ ᠲᠡᠷᠢᠭᠦᠨ ᠳᠤ ᠲᠠᠯᠪᠢᠵᠤ ᠂ ᠲᠦᠮᠡᠨ ᠤ ᠵᠣᠷᠢᠭ ᠨᠢᠭᠡᠳᠪᠡᠯ ᠲᠡᠮᠦᠷ ᠬᠡᠷᠡᠮ ᠮᠡᠲᠦ ᠪᠣᠯᠵᠤ ᠪᠦᠯᠬᠦᠮᠳᠡᠨ ᠨᠢᠭᠲᠠᠷᠠᠵᠤ ᠂ ᠪᠦᠭᠦ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠢᠳᠡᠪᠬᠢᠵᠢᠯ ᠰᠠᠨᠠᠭᠠᠴᠢᠯᠠᠭᠠᠲᠤ ᠴᠢᠨᠠᠷ ᠪᠦᠲᠦᠭᠡᠯᠴᠢ ᠴᠢᠨᠠᠷ ᠢ ᠭᠦᠢᠴᠡᠳ ᠬᠥᠭᠵᠢᠭᠡᠵᠦ ᠂ ᠠᠵᠤ ᠠᠬᠤᠢ ᠶᠢᠨ ᠦᠷᠭᠦᠯᠵᠢᠯᠡᠨ ᠳᠡᠭᠡᠭᠰᠢᠯᠡᠵᠦ ᠰᠠᠶᠢᠵᠢᠷᠠᠬᠤ ᠶᠢ ᠠᠬᠢᠭᠤᠯᠬᠤ ᠬᠡᠷᠡᠭᠲᠡᠢ ᠃ ᠥᠷᠭᠡᠨ ᠤᠯᠠᠨ ᠨᠠᠮ ᠤᠨ ᠭᠡᠰᠢᠭᠦᠨ ᠂ ᠺᠠᠳ᠋ᠷ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ ᠂ ᠵᠣᠷᠢᠭᠲᠠᠢ ᠪᠠᠷ ᠰᠢᠨ᠎ᠡ ᠶᠢ ᠡᠭᠦᠳᠴᠦ ᠂ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ ᠳᠤᠮᠳᠠ ᠴᠢᠳᠠᠪᠤᠷᠢ ᠪᠠᠨ ᠳᠡᠭᠡᠭᠰᠢᠯᠡᠭᠦᠯᠵᠦ ᠂ ᠠᠮᠵᠢᠯᠲᠠ ᠪᠦᠲᠦᠮᠵᠢ ᠭᠠᠷᠭᠠᠬᠤ ᠬᠡᠷᠡᠭᠲᠡᠢ ᠃ ᠬᠥᠮᠥᠨ ᠰᠣᠩᠭᠤᠵᠤ ᠬᠥᠮᠥᠨ ᠬᠡᠷᠡᠭᠯᠡᠬᠦ ᠵᠦᠭᠯᠡᠭᠦᠷ ᠢ ᠰᠠᠶᠢᠲᠤᠷ ᠪᠤᠢ ᠪᠤᠯᠭᠠᠵᠤ ᠂ ︽ ᠭᠤᠷᠪᠠ ᠶᠢ ᠢᠯᠭᠠᠨ ᠦᠵᠡᠬᠦ ︾ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ ᠂ ᠬᠠᠷᠢᠭᠤᠴᠠᠯᠭ᠎ᠠ ᠡᠭᠦᠷᠭᠡᠯᠡᠭᠴᠢ ᠶᠢᠨ ᠲᠥᠯᠥᠭᠡ ᠬᠠᠷᠢᠭᠤᠴᠠᠵᠤ ᠂ ᠠᠵᠢᠯ ᠶᠠᠪᠤᠳᠠᠯ ᠬᠢᠭᠴᠢ ᠶᠢᠨ ᠲᠥᠯᠥᠭᠡ ᠲᠦᠰᠢᠭ ᠪᠤᠯᠬᠤ ᠬᠡᠷᠡᠭᠲᠡᠢ ᠃ ᠠᠵᠤ ᠠᠬᠤᠢ ᠶᠢᠨ ᠶᠡᠭᠡ ᠮᠤᠵᠢ ᠶᠢᠨ ᠴᠢᠬᠤᠯᠠ ᠡᠭᠦᠷᠭᠡ ᠶᠢ ᠡᠭᠦᠷᠭᠡᠯᠡᠵᠦ ᠂ ᠳᠠᠶᠢᠴᠢᠯᠠᠬᠤ ᠪᠠ ᠲᠤᠯᠭᠠᠭᠤᠷᠢᠯᠠᠬᠤ ᠦᠢᠯᠡᠳᠦᠯ ᠢᠶᠠᠨ ᠨᠡᠩ ᠰᠠᠶᠢᠲᠤᠷ ᠪᠠᠳᠠᠷᠠᠭᠤᠯᠬᠤ ᠶᠢ ᠳᠡᠮᠵᠢᠬᠦ ᠬᠡᠷᠡᠭᠲᠡᠢ ᠭᠡᠵᠦ ᠱᠠᠭᠠᠷᠳᠠᠪᠠ ᠃

      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ ᠃

 

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ