ᠰᠢ ᠶᠢᠨ ᠫᠢᠩ ᠪᠦᠭᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠡᠭᠡᠷ᠎ᠡ ᠴᠢᠬᠤᠯᠠ ᠶᠠᠷᠢᠶ᠎ᠠ ᠲᠠᠯᠪᠢᠵᠤ ᠴᠢᠬᠤᠯᠠᠴᠢᠯᠠᠭᠰᠠᠨ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠵᠤ ᠳᠤᠮᠳᠠᠳᠤ ᠶᠢᠨ ᠦᠨᠳᠦᠰᠦᠲᠡᠨ ᠤ ᠶᠡᠭᠡ ᠪᠦᠯᠬᠦᠮᠳᠡᠯ ᠢ ᠪᠠᠬᠢᠵᠢᠭᠦᠯᠦᠨ ᠬᠥᠭᠵᠢᠭᠦᠯᠬᠦ ᠬᠡᠷᠡᠭᠲᠡᠢ ᠯᠢ ᠴᠢᠶᠠᠩ ᠬᠤᠷᠠᠯ ᠢ ᠡᠷᠭᠢᠯᠡᠵᠦ ᠸᠠᠩ ᠬᠤ᠋ ᠨᠢᠩ ᠬᠥᠬᠢᠭᠦᠯᠦᠨ ᠰᠠᠶᠢᠰᠢᠶᠠᠬᠤ ᠲᠣᠭᠲᠠᠭᠠᠯ ᠢ ᠤᠩᠰᠢᠨ ᠨᠡᠶᠢᠲᠡᠯᠡᠵᠦ ᠵᠤᠤ ᠯᠧ ᠵᠢᠢ ᠼᠠᠢ ᠴᠢ ᠳ᠋ᠢᠩ ᠰᠢᠤᠸᠠᠢ ᠰᠢᠶᠠᠩ ᠯᠢ ᠰᠢ ᠣᠷᠣᠯᠴᠠᠵᠠᠢ
ᠨᠡᠶᠢᠲᠡᠯᠡᠭᠰᠡᠨ ᠴᠠᠭ᠄
2024/9/29

      ᠰᠢᠨᠬᠤᠸᠠ ᠬᠤᠷᠢᠶ᠎ᠠ ᠶᠢᠨ ᠪᠡᠭᠡᠵᠢᠩ ᠤᠨ 9 ᠰᠠᠷ᠎ᠠ ᠶᠢᠨ 27 ᠤ ᠴᠠᠭᠢᠯᠭᠠᠨ ᠮᠡᠳᠡᠭᠡ   ᠪᠦᠭᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠬᠢᠭᠦᠯᠦᠨ ᠰᠠᠶᠢᠰᠢᠶᠠᠬᠤ ᠶᠡᠭᠡ ᠬᠤᠷᠠᠯ 27 ᠤ ᠦᠳᠡ ᠶᠢᠨ ᠡᠮᠦᠨ᠎ᠡ ᠪᠡᠭᠡᠵᠢᠩ ᠳᠤ ᠶᠠᠪᠤᠭᠳᠠᠪᠠ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠶᠡᠭᠡ ᠬᠤᠷᠠᠯ ᠳᠤ ᠣᠷᠣᠯᠴᠠᠵᠤ ᠴᠢᠬᠤᠯᠠ ᠶᠠᠷᠢᠶ᠎ᠠ ᠲᠠᠯᠪᠢᠪᠠ᠃ ᠲᠡᠷᠡ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠢᠯᠠᠩᠭᠤᠶ᠎ᠠ ᠨᠠᠮ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠤᠯᠭᠠᠬᠤ ᠶᠢ ᠪᠠᠷᠢᠮᠲᠠᠯᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠢ ᠲᠠᠰᠤᠷᠠᠯᠲᠠ ᠦᠭᠡᠢ ᠠᠬᠢᠭᠤᠯᠵᠤ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠶᠢᠨ ᠲᠥᠯᠥᠭᠡ ᠴᠥᠬᠦᠷᠡᠰᠢ ᠦᠭᠡᠢ ᠲᠡᠮᠡᠴᠡᠬᠦ ᠬᠡᠷᠡᠭᠲᠡᠢ ᠭᠡᠵᠦ ᠴᠢᠬᠤᠯᠠᠴᠢᠯᠠᠪᠠ᠃


2238d3cf788c35254b28d813f2c58e8.jpg

     

      9 ᠰᠠᠷ᠎ᠠ ᠶᠢᠨ 27 ᠤ ᠡᠳᠦᠷ᠂ ᠪᠦᠭᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠪᠡᠭᠡᠵᠢᠩ ᠳᠤ ᠶᠠᠪᠤᠭᠳᠠᠪᠠ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠶᠡᠭᠡ ᠬᠤᠷᠠᠯ ᠳᠤ ᠣᠷᠣᠯᠴᠠᠵᠤ ᠴᠢᠬᠤᠯᠠ ᠶᠠᠷᠢᠶ᠎ᠠ ᠲᠠᠯᠪᠢᠪᠠ᠃

      ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ  ᠰᠢᠶᠧ ᠬᠤᠸᠠᠨ ᡂᠢ  ᠰᠡᠭᠦᠳᠡᠷᠯᠡᠪᠡ


a5ff1f4d692c602231661898503b3df.jpg


      9 ᠰᠠᠷ᠎ᠠ ᠶᠢᠨ 27 ᠤ ᠡᠳᠦᠷ᠂ ᠪᠦᠭᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠪᠡᠭᠡᠵᠢᠩ ᠳᠤ ᠶᠠᠪᠤᠭᠳᠠᠪᠠ᠃ ᠵᠢᠷᠤᠭ ᠪᠣᠯ᠂ ᠰᠢ ᠶᠢᠨ ᠫᠢᠩ ᠨᠠᠷ ᠬᠥᠬᠢᠭᠦᠯᠦᠭᠳᠡᠨ ᠰᠠᠶᠢᠰᠢᠶᠠᠭᠳᠠᠭᠰᠠᠨ ᠵᠢᠱᠢᠶᠡᠴᠢ ᠬᠤᠪᠢ ᠬᠥᠮᠥᠨ ᠪᠠ ᠵᠢᠱᠢᠶᠡᠴᠢ ᠬᠠᠮᠲᠤ ᠶᠢᠨ ᠲᠥᠯᠥᠭᠡᠯᠡᠭᠴᠢᠳ ᠲᠤ ᠱᠠᠩᠨᠠᠯ ᠭᠠᠷᠳᠠᠭᠤᠯᠵᠤ ᠪᠠᠶᠢᠭ᠎ᠠ ᠨᠢ᠃

      ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ   ᠯᠢ ᠰᠢᠤᠸᠠᠢ ᠷᠧᠨ  ᠰᠡᠭᠦᠳᠡᠷᠯᠡᠪᠡ


      ᠯᠢ ᠴᠢᠶᠠᠩ ᠶᠡᠭᠡ ᠬᠤᠷᠠᠯ ᠢ ᠡᠷᠭᠢᠯᠡᠵᠦ᠂ ᠸᠠᠩ ᠬᠤ᠋ ᠨᠢᠩ ᠬᠥᠬᠢᠭᠦᠯᠦᠨ ᠰᠠᠶᠢᠰᠢᠶᠠᠬᠤ ᠲᠣᠭᠲᠠᠭᠠᠯ ᠢ ᠤᠩᠰᠢᠨ ᠨᠡᠶᠢᠲᠡᠯᠡᠵᠦ᠂ ᠵᠤᠤ ᠯᠧ ᠵᠢᠢ᠂ ᠼᠠᠢ ᠴᠢ᠂ ᠳ᠋ᠢᠩ ᠰᠢᠤᠸᠠᠢ ᠰᠢᠶᠠᠩ᠂ ᠯᠢ ᠰᠢ ᠬᠤᠷᠠᠯ ᠳᠤ ᠣᠷᠣᠯᠴᠠᠵᠠᠢ᠃

      ᠦᠳᠡ ᠶᠢᠨ ᠡᠮᠦᠨᠡᠬᠢ 10 ᠴᠠᠭ ᠲᠤ᠂ ᠶᠡᠭᠡ ᠬᠤᠷᠠᠯ ᠡᠬᠢᠯᠡᠵᠦ᠂ ᠪᠦᠭᠦᠳᠡᠭᠡᠷ ᠢᠶᠠᠨ ᠪᠣᠰᠴᠤ ᠵᠣᠭᠰᠣᠨ᠂ ᠪᠦᠭᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠦᠯᠳᠡ ᠳᠠᠭᠤᠤ ᠶᠢ ᠳᠠᠭᠤᠯᠠᠪᠠ᠃

      ᠸᠠᠩ ᠬᠤ᠋ ᠨᠢᠩ ︽ᠪᠦᠭᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶᠡᠴᠢ ᠬᠠᠮᠲᠤ ᠪᠣᠯᠣᠨ ᠵᠢᠱᠢᠶᠡᠴᠢ ᠬᠤᠪᠢ ᠬᠥᠮᠥᠨ ᠢ ᠬᠥᠬᠢᠭᠦᠯᠦᠨ ᠰᠠᠶᠢᠰᠢᠶᠠᠬᠤ ᠲᠤᠬᠠᠢ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠲᠣᠭᠲᠠᠭᠠᠯ︾ ᠢ ᠤᠩᠰᠢᠨ ᠨᠡᠶᠢᠲᠡᠯᠡᠪᠡ᠃ 352 ᠵᠢᠱᠢᠶᠡᠴᠢ ᠬᠠᠮᠲᠤ᠂ 368 ᠵᠢᠱᠢᠶᠡᠴᠢ ᠬᠤᠪᠢ ᠬᠥᠮᠥᠨ ᠬᠥᠬᠢᠭᠦᠯᠦᠭᠳᠡᠨ ᠰᠠᠶᠢᠰᠢᠶᠠᠭᠳᠠᠪᠠ᠃

      ᠪᠠᠶᠠᠰᠬᠤᠯᠠᠩᠲᠤ ᠬᠥᠭᠵᠢᠮ ᠤᠨ ᠠᠶ᠎ᠠ ᠳᠤᠮᠳᠠ᠂ ᠰᠢ ᠶᠢᠨ ᠫᠢᠩ ᠨᠠᠷ ᠬᠥᠬᠢᠭᠦᠯᠦᠭᠳᠡᠨ ᠰᠠᠶᠢᠰᠢᠶᠠᠭᠳᠠᠭᠰᠠᠨ ᠵᠢᠱᠢᠶᠡᠴᠢ ᠬᠤᠪᠢ ᠬᠥᠮᠥᠨ ᠪᠣᠯᠣᠨ ᠵᠢᠱᠢᠶᠡᠴᠢ ᠬᠠᠮᠲᠤ ᠶᠢᠨ ᠲᠥᠯᠥᠭᠡᠯᠡᠭᠴᠢᠳ ᠲᠤ ᠱᠠᠩᠨᠠᠯ ᠭᠠᠷᠳᠠᠭᠤᠯᠪᠠ᠃

      ᠬᠠᠯᠠᠭᠤᠨ ᠠᠯᠠᠭ᠎ᠠ ᠲᠡᠰᠢᠯᠲᠡ ᠶᠢᠨ ᠳᠤᠮᠳᠠ᠂ ᠰᠢ ᠶᠢᠨ ᠫᠢᠩ ᠴᠢᠬᠤᠯᠠ ᠶᠠᠷᠢᠶ᠎ᠠ ᠲᠠᠯᠪᠢᠪᠠ᠃ ᠲᠡᠷᠡ ᠡᠩ ᠲᠡᠷᠢᠭᠦᠨ ᠳᠤ ᠨᠠᠮ ᠤᠨ ᠲᠥᠪ ᠬᠤᠷᠢᠶ᠎ᠠ ᠪᠠ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠡᠮᠦᠨ᠎ᠡ ᠠᠴᠠ ᠬᠥᠬᠢᠭᠦᠯᠦᠭᠳᠡᠨ ᠰᠠᠶᠢᠰᠢᠶᠠᠭᠳᠠᠭᠰᠠᠨ ᠵᠢᠱᠢᠶᠡᠴᠢ ᠬᠠᠮᠲᠤ ᠪᠠ ᠬᠤᠪᠢ ᠬᠥᠮᠥᠨ ᠳᠤ ᠬᠠᠯᠠᠭᠤᠨ ᠪᠠᠶᠠᠷ ᠬᠦᠷᠭᠡᠵᠦ᠂ ᠦᠨᠳᠦᠰᠦᠲᠡᠨ ᠤ ᠠᠵᠢᠯ ᠤᠨ ᠹᠷᠣᠨᠲ ᠲᠠᠬᠢ ᠨᠥᠬᠦᠳ ᠪᠠ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠢ ᠬᠠᠯᠠᠮᠵᠢᠯᠠᠨ ᠳᠡᠮᠵᠢᠭᠰᠡᠨ ᠡᠯ᠎ᠡ ᠲᠠᠯ᠎ᠠ ᠶᠢᠨ ᠬᠥᠮᠥᠰ ᠲᠤ ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠪᠡ᠃

      ᠰᠢ ᠶᠢᠨ ᠫᠢᠩ᠂ ᠳᠤᠮᠳᠠᠳᠤ ᠤᠯᠤᠰ ᠤᠨ ᠡᠪ ᠬᠠᠮᠲᠤ ᠨᠠᠮ ᠦᠨᠳᠦᠰᠦᠲᠡᠨ ᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠭᠰᠠᠭᠠᠷ ᠢᠷᠡᠭᠰᠡᠨ ᠶᠤᠮ᠃ ᠵᠠᠭᠤ ᠭᠠᠷᠤᠢ ᠵᠢᠯ ᠤᠨ ᠲᠤᠷᠰᠢ᠂ ᠪᠢᠳᠠ ᠮᠠᠷᠺᠰ ᠤᠨ ᠦᠵᠡᠯ ᠤᠨ ᠦᠨᠳᠦᠰᠦᠲᠡᠨ ᠤ ᠤᠨᠤᠯ ᠢ ᠳᠤᠮᠳᠠᠳᠤ ᠤᠯᠤᠰ ᠤᠨ ᠦᠨᠳᠦᠰᠦᠲᠡᠨ ᠤ ᠠᠰᠠᠭᠤᠳᠠᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠬᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠲᠠᠢ ᠤᠶᠠᠯᠳᠤᠭᠤᠯᠬᠤ ᠶᠢ ᠪᠠᠷᠢᠮᠲᠠᠯᠠᠵᠤ᠂ ᠳᠤᠮᠳᠠᠳᠤ ᠤᠯᠤᠰ ᠤᠨ ᠣᠨᠴᠠᠯᠢᠭ ᠪᠦᠬᠦᠢ ᠦᠨᠳᠦᠰᠦᠲᠡᠨ ᠤ ᠠᠰᠠᠭᠤᠳᠠᠯ ᠢ ᠰᠢᠢᠳᠪᠦᠷᠢᠯᠡᠬᠦ ᠵᠥᠪ ᠵᠠᠮ ᠢ ᠪᠦᠲᠦᠭᠡᠯᠴᠢ ᠪᠠᠷ ᠨᠡᠭᠡᠭᠡᠭᠰᠡᠨ ᠪᠠᠶᠢᠨ᠎ᠠ᠃ ᠡᠨᠡ ᠬᠦ ᠵᠠᠮ ᠳᠡᠭᠡᠷ᠎ᠡ᠂ ᠨᠠᠮ ᠠᠴᠠ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠦᠨᠳᠦᠰᠦᠲᠡᠨ ᠤ ᠲᠤᠰᠠᠭᠠᠷ ᠲᠣᠭᠲᠠᠨᠢᠯ ᠪᠠ ᠠᠷᠠᠳ ᠲᠦᠮᠡᠨ ᠤ ᠴᠢᠯᠦᠭᠡᠯᠡᠯᠲᠡ ᠶᠢ ᠪᠡᠶᠡᠯᠡᠭᠦᠯᠵᠦ᠂ ᠦᠨᠳᠦᠰᠦᠲᠡᠨ ᠨᠦᠭᠦᠳ ᠤᠨ ᠡᠷᠬᠡ ᠲᠡᠭᠰᠢ ᠪᠦᠯᠬᠦᠮᠳᠡᠯ ᠲᠠᠢ ᠬᠠᠷᠢᠯᠴᠠᠨ ᠬᠠᠪᠰᠤᠷᠤᠯᠴᠠᠬᠤ ᠡᠶ᠎ᠡ ᠵᠣᠬᠢᠴᠠᠩᠭᠤᠢ ᠬᠠᠷᠢᠴᠠᠭ᠎ᠠ ᠶᠢ ᠬᠥᠭᠵᠢᠭᠦᠯᠬᠦ ᠰᠢᠨ᠎ᠡ ᠪᠠᠶᠢᠳᠠᠯ ᠢ ᠡᠭᠦᠳᠴᠦ᠂ ᠦᠨᠳᠦᠰᠦᠲᠡᠨ ᠤ ᠭᠠᠵᠠᠷ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠪᠠ ᠴᠥᠭᠡᠨ ᠲᠣᠭᠠᠲᠤ ᠦᠨᠳᠦᠰᠦᠲᠡᠨ ᠤ ᠤᠯᠠᠨ ᠲᠦᠮᠡᠨ ᠤ ᠠᠮᠢᠳᠤᠷᠠᠯ ᠢ ᠤᠷᠢᠳ ᠡᠮᠦᠨ᠎ᠡ ᠪᠠᠶᠢᠭ᠎ᠠ ᠦᠭᠡᠢ ᠲᠠᠪᠰᠢᠯᠳᠠ ᠲᠠᠢ ᠪᠤᠯᠭᠠᠵᠤ᠂ ᠮᠠᠨ ᠤ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠳᠦᠷᠰᠦ ᠪᠠᠶᠢᠳᠠᠯ᠂ ᠦᠨᠳᠦᠰᠦᠲᠡᠨ ᠤ ᠭᠠᠵᠠᠷ ᠣᠷᠣᠨ ᠤ ᠳᠦᠷᠰᠦ ᠪᠠᠶᠢᠳᠠᠯ᠂ ᠦᠨᠳᠦᠰᠦᠲᠡᠨ ᠤ ᠬᠠᠷᠢᠴᠠᠭᠠᠨ ᠤ ᠳᠦᠷᠰᠦ ᠪᠠᠶᠢᠳᠠᠯ᠂ ᠳᠤᠮᠳᠠᠳᠤ ᠶᠢᠨ ᠦᠨᠳᠦᠰᠦᠲᠡᠨ ᠤ ᠳᠦᠷᠰᠦ ᠪᠠᠶᠢᠳᠠᠯ ᠳᠤ ᠲᠡᠭᠷᠢ ᠭᠠᠵᠠᠷ ᠢ ᠳᠣᠩᠰᠣᠯᠭᠠᠮ᠎ᠠ ᠲᠡᠦᠬᠡᠲᠦ ᠴᠢᠨᠠᠷᠲᠠᠢ ᠯᠤᠲᠤ ᠶᠡᠭᠡ ᠬᠤᠪᠢᠷᠠᠯᠲᠠ ᠭᠠᠷᠴᠠᠢ ᠭᠡᠵᠦ ᠵᠢᠭᠠᠵᠤ ᠭᠠᠷᠭᠠᠪᠠ᠃

      ᠰᠢ ᠶᠢᠨ ᠫᠢᠩ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠪᠢᠳᠡ ᠮᠠᠷᠺᠰ ᠤᠨ ᠦᠵᠡᠯ ᠤᠨ ᠦᠨᠳᠦᠰᠦᠲᠡᠨ ᠤ ᠣᠨᠣᠯ ᠢ ᠳᠤᠮᠳᠠᠳᠤ ᠤᠯᠤᠰᠴᠢᠯᠠᠬᠤ ᠴᠠᠭ ᠦᠶᠡᠴᠢᠯᠡᠬᠦ ᠶᠢ ᠲᠠᠰᠤᠷᠠᠯᠲᠠ ᠦᠭᠡᠢ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠭᠤᠣᠯ ᠰᠢᠵᠢᠮ᠂ ᠦᠨᠳᠦᠰᠦᠲᠡᠨ ᠤ ᠭᠠᠵᠠᠷ ᠣᠷᠣᠨ ᠤ ᠡᠯ᠎ᠡ ᠵᠦᠢᠯ ᠤᠨ ᠠᠵᠢᠯ ᠤᠨ ᠭᠤᠣᠯ ᠰᠢᠵᠢᠮ ᠪᠤᠯᠭᠠᠬᠤ ᠶᠢ ᠢᠯᠡ ᠲᠣᠳᠣᠷᠬᠠᠢ ᠳᠤᠷᠠᠳᠴᠤ᠂ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠨᠠᠮ ᠤᠨ ᠴᠢᠬᠤᠯᠠ ᠦᠵᠡᠯ ᠰᠠᠨᠠᠭ᠎ᠠ ᠶᠢ ᠪᠦᠷᠢᠯᠳᠦᠭᠦᠯᠵᠦ᠂ ᠦᠨᠳᠦᠰᠦᠲᠡᠨ ᠤ ᠭᠠᠵᠠᠷ ᠣᠷᠣᠨ ᠨᠢ ᠪᠦᠭᠦ ᠤᠯᠤᠰ ᠲᠠᠢ ᠬᠠᠮᠲᠤ ᠪᠠᠷ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠬᠤ᠂ ᠴᠢᠨᠡᠭᠡᠯᠢᠭ ᠨᠡᠶᠢᠭᠡᠮ ᠢ ᠪᠦᠭᠦ ᠲᠠᠯ᠎ᠠ ᠪᠠᠷ ᠪᠡᠶᠡᠯᠡᠭᠦᠯᠬᠦ ᠶᠢ ᠠᠬᠢᠭᠤᠯᠵᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ ᠳᠤ ᠮᠣᠷᠳᠠᠵᠤ᠂ ᠨᠠᠮ ᠤᠨ ᠦᠨᠳᠦᠰᠦᠲᠡᠨ ᠤ ᠠᠵᠢᠯ ᠰᠢᠨ᠎ᠡ ᠲᠡᠦᠬᠡᠲᠦ ᠴᠢᠨᠠᠷᠲᠠᠢ ᠠᠮᠵᠢᠯᠲᠠ ᠪᠦᠲᠦᠮᠵᠢ ᠣᠯᠵᠠᠢ ᠭᠡᠵᠦ ᠴᠢᠬᠤᠯᠠᠴᠢᠯᠠᠪᠠ᠃

      ᠰᠢ ᠶᠢᠨ ᠫᠢᠩ᠂ ᠳᠤᠮᠳᠠᠳᠤ ᠤᠯᠤᠰ ᠤᠨ ᠣᠨᠴᠠᠯᠢᠭ ᠪᠦᠬᠦᠢ ᠦᠨᠳᠦᠰᠦᠲᠡᠨ ᠤ ᠠᠰᠠᠭᠤᠳᠠᠯ ᠢ ᠰᠢᠢᠳᠪᠦᠷᠢᠯᠡᠬᠦ ᠵᠠᠮ ᠨᠢ ᠳᠤᠮᠳᠠᠳᠤ ᠶᠢᠨ ᠦᠨᠳᠦᠰᠦᠲᠡᠨ ᠤ ᠦᠨᠳᠦᠰᠦᠨ ᠠᠰᠢᠭ ᠲᠤᠰᠠ ᠪᠣᠯᠣᠨ ᠪᠦᠬᠦᠯᠢ ᠴᠣᠭᠴᠠ ᠶᠢᠨ ᠠᠰᠢᠭ ᠲᠤᠰᠠ ᠠᠴᠠ ᠡᠭᠦᠰᠴᠦ᠂ ᠦᠨᠳᠦᠰᠦᠲᠡᠨ ᠨᠦᠭᠦᠳ ᠢ ᠬᠠᠮᠤᠭ ᠤᠨ ᠶᠡᠭᠡ ᠬᠡᠮᠵᠢᠶ᠎ᠡ ᠪᠠᠷ ᠨᠢᠭᠲᠠᠷᠠᠭᠤᠯᠵᠤ᠂ ᠦᠨᠳᠦᠰᠦᠲᠡᠨ ᠨᠦᠭᠦᠳ ᠬᠠᠮᠲᠤ ᠪᠠᠷ ᠪᠦᠯᠬᠦᠮᠳᠡᠨ ᠲᠡᠮᠡᠴᠡᠵᠦ᠂ ᠬᠠᠮᠲᠤ ᠪᠠᠷ ᠴᠡᠴᠡᠭᠯᠡᠨ ᠬᠥᠭᠵᠢᠬᠦ ᠶᠢ ᠪᠡᠶᠡᠯᠡᠭᠦᠯᠪᠡ︔ ᠦᠨᠳᠦᠰᠦᠲᠡᠨ ᠨᠦᠭᠦᠳ ᠴᠥᠮ ᠡᠷᠬᠡ ᠲᠡᠭᠰᠢ ᠪᠠᠶᠢᠬᠤ ᠶᠢ ᠪᠠᠷᠢᠮᠲᠠᠯᠠᠨ᠂ ᠦᠨᠳᠦᠰᠦᠲᠡᠨ ᠤ ᠳᠠᠷᠤᠯᠠᠯ ᠪᠠ ᠦᠨᠳᠦᠰᠦᠲᠡᠨ ᠤ ᠭᠠᠳᠠᠭᠤᠷᠴᠢᠯᠠᠯ ᠢ ᠡᠰᠡᠷᠭᠦᠴᠡᠵᠦ᠂ ᠦᠨᠳᠦᠰᠦᠲᠡᠨ ᠨᠦᠭᠦᠳ ᠤᠨ ᠠᠷᠠᠳ ᠲᠦᠮᠡᠨ ᠤ ᠦᠨᠡᠨ ᠬᠦ ᠡᠷᠬᠡ ᠲᠡᠭᠰᠢ ᠤᠯᠤᠰ ᠲᠦᠷᠦ ᠶᠢᠨ ᠡᠷᠬᠡ ᠶᠢ  ᠣᠯᠵᠤ᠂ ᠬᠠᠮᠲᠤ ᠪᠠᠷ ᠡᠵᠡᠨ ᠰᠠᠭᠤᠵᠤ ᠡᠷᠬᠡ ᠮᠡᠳᠡᠬᠦ ᠶᠢ ᠪᠠᠲᠤᠯᠠᠪᠠ︔ ᠤᠯᠤᠰ ᠣᠷᠣᠨ ᠤ ᠨᠢᠭᠡᠳᠦᠯ ᠢ ᠬᠠᠮᠠᠭᠠᠯᠠᠬᠤ ᠪᠠ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠶᠢ ᠬᠡᠷᠡᠭᠵᠢᠭᠦᠯᠬᠦ ᠶᠢᠨ ᠬᠠᠷᠢᠴᠠᠭ᠎ᠠ ᠶᠢ ᠵᠥᠪ ᠡᠵᠡᠮᠳᠡᠵᠦ᠂ ᠨᠢᠭᠡᠳᠦᠯ ᠪᠠ ᠥᠪᠡᠷᠲᠡᠭᠡᠨ ᠵᠠᠰᠠᠬᠤ ᠶᠢ ᠤᠶᠠᠯᠳᠤᠭᠤᠯᠬᠤ᠂ ᠦᠨᠳᠦᠰᠦᠲᠡᠨ ᠤ ᠡᠯᠧᠮᠧᠨ᠋ᠲ ᠪᠠ ᠣᠷᠣᠨ ᠪᠦᠰᠡ ᠶᠢᠨ ᠡᠯᠧᠮᠧᠨ᠋ᠲ ᠢ ᠤᠶᠠᠯᠳᠤᠭᠤᠯᠬᠤ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠢ ᠬᠠᠮᠲᠤ ᠶᠢᠨ ᠲᠠᠨᠢᠯᠲᠠ ᠶᠢᠨ ᠬᠡᠮᠵᠢᠶ᠎ᠡ ᠨᠡᠩ ᠥᠨᠳᠥᠷ᠂ ᠨᠢᠭᠲᠠᠷᠠᠯ ᠤᠨ ᠬᠦᠴᠦᠨ ᠢᠶᠠᠷ ᠨᠡᠩ ᠴᠢᠩᠭ᠎ᠠ ᠬᠤᠪᠢ ᠵᠠᠶᠠᠭᠠᠨ ᠤ ᠬᠠᠮᠲᠤ ᠶᠢᠨ ᠴᠣᠭᠴᠠ ᠪᠤᠯᠬᠤ ᠶᠢ ᠠᠬᠢᠭᠤᠯᠪᠠ᠃ ᠡᠨᠡ ᠵᠠᠮ ᠤᠨ ᠪᠦᠷᠢᠨ ᠵᠥᠪ ᠪᠤᠯᠬᠤ ᠶᠢ ᠦᠢᠯᠡᠳᠦᠯᠭᠡ ᠭᠡᠷᠡᠴᠢᠯᠡᠵᠡᠢ ᠭᠡᠵᠦ ᠵᠢᠭᠠᠵᠤ ᠭᠠᠷᠭᠠᠪᠠ᠃

      ᠰᠢ ᠶᠢᠨ ᠫᠢᠩ᠂ ᠳᠤᠮᠳᠠᠳᠤ ᠶᠢᠨ ᠦᠨᠳᠦᠰᠦᠲᠡᠨ ᠪᠣᠯ ᠲᠠᠪᠤᠨ ᠮᠢᠩᠭ᠎ᠠ ᠭᠠᠷᠤᠢ ᠵᠢᠯ ᠤᠨ ᠪᠣᠯᠪᠠᠰᠤᠨ ᠤ ᠲᠡᠦᠬᠡ ᠲᠠᠢ ᠠᠭᠤᠤ ᠶᠡᠭᠡ ᠦᠨᠳᠦᠰᠦᠲᠡᠨ ᠮᠥᠨ᠂ ᠦᠨᠳᠦᠰᠦᠲᠡᠨ ᠨᠦᠭᠦᠳ ᠡᠬᠡ ᠤᠯᠤᠰ ᠤᠨ ᠢᠶᠠᠨ ᠥᠷᠭᠡᠨ ᠠᠭᠤᠳᠠᠮ ᠨᠤᠲᠤᠭ ᠳᠡᠪᠢᠰᠬᠡᠷ ᠢ ᠬᠠᠮᠲᠤ ᠪᠠᠷ ᠨᠡᠭᠡᠭᠡᠵᠦ᠂ ᠨᠢᠭᠡᠳᠦᠭᠰᠡᠨ ᠤᠯᠠᠨ ᠦᠨᠳᠦᠰᠦᠲᠡᠨ ᠲᠠᠢ ᠤᠯᠤᠰ ᠢ ᠬᠠᠮᠲᠤ ᠪᠠᠷ ᠴᠣᠭᠴᠠᠯᠠᠨ ᠪᠠᠶᠢᠭᠤᠯᠵᠤ᠂ ᠭᠡᠷᠡᠯ ᠰᠠᠴᠤᠷᠠᠩᠭᠤᠢ ᠳᠤᠮᠳᠠᠳᠤ ᠤᠯᠤᠰ ᠤᠨ ᠲᠡᠦᠬᠡ ᠶᠢ ᠬᠠᠮᠲᠤ ᠪᠠᠷ ᠪᠢᠴᠢᠭᠯᠡᠵᠦ᠂ ᠭᠡᠷᠡᠯ ᠰᠠᠴᠤᠷᠠᠩᠭᠤᠢ ᠳᠤᠮᠳᠠᠳᠤ ᠶᠢᠨ ᠰᠣᠶᠣᠯ ᠢ ᠬᠠᠮᠲᠤ ᠪᠠᠷ ᠡᠭᠦᠳᠦᠨ ᠪᠦᠲᠦᠭᠡᠵᠦ᠂ ᠠᠭᠤᠤ ᠶᠡᠭᠡ ᠦᠨᠳᠦᠰᠦᠲᠡᠨ ᠤ ᠵᠣᠷᠢᠭ ᠰᠠᠨᠠᠭ᠎ᠠ ᠶᠢ ᠬᠠᠮᠲᠤ ᠪᠠᠷ ᠪᠣᠶᠢᠵᠢᠭᠤᠯᠤᠭᠰᠠᠨ ᠶᠤᠮ᠃ ᠦᠨᠳᠦᠰᠦᠲᠡᠨ ᠨᠦᠭᠦᠳ ᠤᠨ ᠴᠢᠰᠤ ᠮᠢᠬᠠᠨ ᠤ ᠪᠠᠷᠢᠯᠳᠤᠯᠭ᠎ᠠ ᠪᠣᠯ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠦᠷᠢᠯᠳᠦᠨ ᠬᠥᠭᠵᠢᠬᠦ ᠲᠡᠦᠬᠡ ᠶᠢᠨ ᠰᠠᠭᠤᠷᠢ ᠮᠥᠨ︔ ᠦᠨᠳᠦᠰᠦᠲᠡᠨ ᠨᠦᠭᠦᠳ ᠤᠨ ᠢᠲᠡᠭᠡᠯ ᠪᠢᠰᠢᠷᠡᠯ ᠠᠳᠠᠯᠢᠬᠠᠨ ᠪᠠᠶᠢᠬᠤ ᠪᠣᠯ ᠳᠤᠮᠳᠠᠳᠤ ᠶᠢᠨ ᠦᠨᠳᠦᠰᠦᠲᠡᠨ ᠤ ᠨᠢᠭᠡᠳᠦᠭᠰᠡᠨ ᠤᠯᠠᠨ ᠦᠨᠳᠦᠰᠦᠲᠡᠨ ᠲᠠᠢ ᠤᠯᠤᠰ ᠢ ᠴᠣᠭᠴᠠᠯᠠᠨ ᠪᠠᠶᠢᠭᠤᠯᠬᠤ ᠳᠣᠲᠣᠭᠠᠳᠤ ᠬᠥᠳᠡᠯᠭᠡᠭᠴᠢ ᠬᠦᠴᠦᠨ ᠮᠥᠨ︔ ᠦᠨᠳᠦᠰᠦᠲᠡᠨ ᠨᠦᠭᠦᠳ ᠤᠨ ᠰᠣᠶᠣᠯ ᠤᠨ ᠨᠡᠪᠲᠡᠷᠡᠯᠴᠡᠭᠡ ᠪᠣᠯ ᠳᠤᠮᠳᠠᠳᠤ ᠶᠢᠨ ᠦᠨᠳᠦᠰᠦᠲᠡᠨ ᠤ ᠤᠯᠠᠨ ᠡᠰᠢᠲᠦ ᠨᠢᠭᠡ ᠴᠣᠭᠴᠠᠵᠢᠭᠰᠠᠨ ᠪᠣᠯᠪᠠᠰᠤᠨ ᠤ ᠪᠠᠶᠢᠷᠢᠰᠢᠯ ᠢ ᠴᠣᠭᠴᠠᠯᠠᠬᠤ ᠰᠣᠶᠣᠯ ᠤᠨ ᠭᠧᠨ ᠮᠥᠨ︔ ᠦᠨᠳᠦᠰᠦᠲᠡᠨ ᠨᠦᠭᠦᠳ ᠤᠨ ᠠᠵᠤ ᠠᠬᠤᠢ ᠬᠠᠷᠢᠯᠴᠠᠨ ᠲᠦᠰᠢᠯᠴᠡᠬᠦ ᠪᠣᠯ ᠳᠤᠮᠳᠠᠳᠤ ᠶᠢᠨ ᠦᠨᠳᠦᠰᠦᠲᠡᠨ ᠤ ᠨᠢᠭᠡᠳᠦᠯᠲᠡᠢ ᠠᠵᠤ ᠠᠬᠤᠢ ᠶᠢᠨ ᠴᠣᠭᠴᠠ ᠶᠢ ᠪᠠᠶᠢᠭᠤᠯᠬᠤ ᠬᠦᠴᠦᠷᠬᠡᠭ ᠶᠡᠭᠡ ᠬᠦᠴᠦᠨ ᠮᠥᠨ︔ ᠦᠨᠳᠦᠰᠦᠲᠡᠨ ᠨᠦᠭᠦᠳ ᠤᠨ ᠬᠠᠶᠢᠷ᠎ᠠ ᠰᠡᠳᠬᠢᠯᠭᠡ ᠳᠣᠲᠣᠨᠣ ᠪᠠᠶᠢᠬᠤ ᠪᠣᠯ ᠳᠤᠮᠳᠠᠳᠤ ᠶᠢᠨ ᠦᠨᠳᠦᠰᠦᠲᠡᠨ ᠨᠢᠭᠡ ᠭᠡᠷ ᠤᠨ ᠬᠥᠮᠥᠰ ᠮᠡᠲᠦ ᠳᠣᠲᠣᠨᠣ ᠪᠠᠶᠢᠬᠤ ᠶᠢᠨ ᠪᠠᠲᠤ ᠴᠢᠩᠭ᠎ᠠ ᠬᠤᠯᠪᠣᠭᠠᠰᠤ ᠮᠥᠨ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠦᠷᠢᠯᠳᠦᠯ ᠪᠠ ᠬᠥᠭᠵᠢᠯᠲᠡ ᠪᠣᠯ ᠬᠥᠮᠥᠰ ᠤᠨ ᠰᠡᠳᠬᠢᠯ ᠤᠨ ᠬᠠᠨᠳᠤᠰᠢ᠂ ᠨᠡᠶᠢᠭᠡᠮ ᠤᠨ ᠪᠠᠶᠢᠳᠠᠯ ᠤᠨ ᠶᠡᠭᠡ ᠬᠠᠨᠳᠤᠰᠢ᠂ ᠲᠡᠦᠬᠡ ᠶᠢᠨ ᠵᠠᠶᠢᠯᠠᠰᠢ ᠦᠭᠡᠢ ᠬᠠᠨᠳᠤᠰᠢ ᠮᠥᠨ ᠭᠡᠵᠦ ᠴᠢᠬᠤᠯᠠᠴᠢᠯᠠᠪᠠ᠃

      ᠰᠢ ᠶᠢᠨ ᠫᠢᠩ᠂ ᠨᠠᠮ ᠤᠨ ᠤᠳᠤᠷᠢᠳᠤᠯᠭ᠎ᠠ ᠶᠢ ᠢᠮᠠᠭᠲᠠ ᠪᠠᠷᠢᠮᠲᠠᠯᠠᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠠᠭᠤᠤ ᠶᠡᠭᠡ ᠡᠬᠡ ᠤᠯᠤᠰ᠂ ᠳᠤᠮᠳᠠᠳᠤ ᠶᠢᠨ ᠦᠨᠳᠦᠰᠦᠲᠡᠨ᠂ ᠳᠤᠮᠳᠠᠳᠤ ᠶᠢᠨ ᠰᠣᠶᠣᠯ᠂ ᠳᠤᠮᠳᠠᠳᠤ ᠤᠯᠤᠰ ᠤᠨ ᠡᠪ ᠬᠠᠮᠲᠤ ᠨᠠᠮ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠲᠤᠬᠠᠢ ᠬᠠᠮᠲᠤ ᠶᠢᠨ ᠲᠠᠨᠢᠯᠲᠠ ᠶᠢ ᠲᠠᠰᠤᠷᠠᠯᠲᠠ ᠦᠭᠡᠢ ᠴᠢᠩᠭᠠᠳᠬᠠᠬᠤ ᠶᠢ ᠬᠥᠲᠥᠯᠥᠨ ᠵᠢᠯᠤᠭᠤᠳᠴᠤ᠂ ᠵᠢᠷᠭᠠᠯ ᠵᠣᠪᠠᠯᠠᠩ ᠢᠶᠠᠨ ᠬᠠᠮᠲᠤᠳᠬᠠᠬᠤ᠂ ᠠᠯᠳᠠᠷ ᠭᠤᠲᠤᠮᠰᠢᠭ ᠢᠶᠠᠨ ᠬᠠᠮᠲᠤᠳᠬᠠᠬᠤ᠂ ᠦᠬᠦᠵᠦ ᠰᠡᠭᠡᠭᠦ ᠪᠠᠨ ᠬᠠᠮᠲᠤᠳᠬᠠᠬᠤ᠂ ᠬᠤᠪᠢ ᠵᠠᠶᠠᠭ᠎ᠠ ᠪᠠᠨ ᠬᠠᠮᠲᠤᠳᠬᠠᠬᠤ ᠬᠠᠮᠲᠤ ᠶᠢᠨ ᠴᠣᠭᠴᠠ ᠶᠢᠨ ᠣᠶᠢᠯᠠᠭᠠᠭᠳᠠᠬᠤᠨ ᠢ ᠪᠠᠲᠤ ᠪᠤᠶ ᠪᠤᠯᠭᠠᠵᠤ᠂ ᠦᠨᠳᠦᠰᠦᠲᠡᠨ ᠨᠦᠭᠦᠳ ᠤᠨ ᠪᠦᠯᠬᠦᠮᠳᠡᠨ ᠲᠡᠮᠡᠴᠡᠬᠦ ᠬᠠᠮᠲᠤ ᠶᠢᠨ ᠦᠵᠡᠯ ᠰᠠᠨᠠᠭ᠎ᠠ ᠤᠯᠤᠰ ᠲᠥᠷᠥ ᠶᠢᠨ ᠰᠠᠭᠤᠷᠢ ᠶᠢ ᠲᠠᠰᠤᠷᠠᠯᠲᠠ ᠦᠭᠡᠢ ᠪᠠᠬᠢᠵᠢᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃

      ᠰᠢ ᠶᠢᠨ ᠫᠢᠩ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ ᠬᠦᠴᠦᠯᠡᠨ ᠪᠠᠶᠢᠭᠤᠯᠵᠤ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠪᠠᠷ ᠵᠢᠯᠣᠭᠤᠳᠤᠯᠭ᠎ᠠ ᠪᠤᠯᠭᠠᠵᠤ᠂ ᠤᠯᠤᠰ ᠢᠶᠠᠨ ᠬᠠᠶᠢᠷᠠᠯᠠᠬᠤ ᠦᠵᠡᠯ᠂ ᠨᠡᠶᠢᠲᠡᠴᠢ ᠦᠵᠡᠯ᠂ ᠨᠡᠶᠢᠭᠡᠮ ᠵᠢᠷᠤᠮ ᠤᠨ ᠬᠥᠮᠦᠵᠢᠯ ᠢ ᠭᠦᠨᠵᠡᠭᠡᠶᠢᠷᠡᠭᠦᠯᠵᠦ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠵᠥᠪ ᠤᠯᠤᠰ ᠤᠨ ᠦᠵᠡᠯᠲᠡ᠂ ᠲᠡᠦᠬᠡ ᠶᠢᠨ ᠦᠵᠡᠯᠲᠡ᠂ ᠦᠨᠳᠦᠰᠦᠲᠡᠨ ᠤ ᠦᠵᠡᠯᠲᠡ᠂ ᠰᠣᠶᠣᠯ ᠤᠨ ᠦᠵᠡᠯᠲᠡ᠂ ᠱᠠᠰᠢᠨ ᠤ ᠦᠵᠡᠯᠲᠡ ᠶᠢ ᠪᠠᠲᠤ ᠪᠤᠢ ᠪᠤᠯᠭᠠᠬᠤ ᠶᠢ ᠬᠥᠲᠥᠯᠥᠨ ᠵᠢᠯᠤᠭᠤᠳᠴᠤ᠂ ᠵᠠᠯᠠᠭᠤᠴᠤᠳ ᠪᠠᠭᠠᠴᠤᠳ ᠤᠨ ᠲᠡᠦᠬᠡ ᠰᠣᠶᠣᠯ ᠤᠨ ᠬᠥᠮᠦᠵᠢᠯ ᠢ ᠴᠢᠩᠭᠠᠳᠬᠠᠵᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠭᠡᠯᠡ ᠦᠰᠦᠭ ᠪᠢᠴᠢᠭ ᠢ ᠪᠦᠭᠦ ᠲᠠᠯ᠎ᠠ ᠪᠠᠷ ᠳᠡᠯᠭᠡᠷᠡᠭᠦᠯᠦᠨ ᠲᠦᠭᠡᠮᠡᠯᠵᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠬᠤ ᠳᠤ ᠬᠦᠴᠦᠷᠬᠡᠭ ᠶᠡᠭᠡ ᠤᠶᠤᠨ ᠰᠠᠨᠠᠭ᠎ᠠ ᠰᠣᠶᠣᠯ ᠤᠨ ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃

      ᠰᠢ ᠶᠢᠨ ᠫᠢᠩ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠵᠤ᠂ ᠬᠠᠮᠲᠤ ᠪᠠᠷ ᠪᠠᠶᠠᠵᠢᠬᠤ ᠶᠢ ᠪᠡᠶᠡᠯᠡᠭᠦᠯᠬᠦ ᠳᠤ ᠨᠢᠭᠡ ᠦᠨᠳᠦᠰᠦᠲᠡᠨ ᠢ ᠴᠦ ᠣᠷᠬᠢᠭᠳᠠᠭᠤᠯᠵᠤ ᠪᠤᠯᠬᠤ ᠦᠭᠡᠢ᠃ ᠦᠨᠳᠦᠰᠦᠲᠡᠨ ᠤ ᠭᠠᠵᠠᠷ ᠣᠷᠣᠨ ᠤ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠵᠦ᠂ ᠡᠯ᠎ᠡ ᠭᠠᠵᠠᠷ ᠣᠷᠣᠨ ᠤ ᠠᠵᠤ ᠠᠬᠤᠢ ᠶᠢᠨ ᠲᠠᠯ᠎ᠠ ᠪᠠᠷ ᠨᠠᠩ ᠨᠢᠭᠲᠠ ᠬᠤᠯᠪᠣᠯᠳᠤᠵᠤ᠂ ᠨᠢᠭᠡ ᠴᠣᠭᠴᠠ ᠪᠤᠯᠬᠤ ᠶᠢ ᠠᠬᠢᠭᠤᠯᠵᠤ᠂ ᠦᠨᠳᠦᠰᠦᠲᠡᠨ ᠨᠦᠭᠦᠳ ᠤᠨ ᠬᠠᠮᠲᠤ ᠪᠠᠷ ᠪᠠᠶᠠᠵᠢᠬᠤ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠬᠥᠭᠵᠢᠯᠲᠡ ᠶᠢᠨ ᠳᠤᠮᠳᠠ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠶᠢ ᠪᠠᠷᠢᠮᠲᠠᠯᠠᠵᠤ᠂ ᠠᠷᠠᠳ ᠤᠨ ᠰᠠᠨᠠᠭᠠᠨ ᠳᠤ ᠨᠡᠶᠢᠴᠡᠭᠰᠡᠨ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠭᠰᠡᠨ᠂ ᠠᠷᠠᠳ ᠤᠨ ᠰᠡᠳᠬᠢᠯ ᠢ ᠳᠤᠯᠠᠭᠠᠴᠠᠭᠤᠯᠤᠭᠰᠠᠨ ᠪᠣᠳᠠᠲᠤ ᠶᠠᠪᠤᠳᠠᠯ ᠢ ᠢᠯᠡᠭᠦᠬᠡᠨ ᠬᠢᠵᠦ᠂ ᠦᠨᠳᠦᠰᠦᠲᠡᠨ ᠨᠦᠭᠦᠳ ᠤᠨ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ ᠲᠠᠰᠤᠷᠠᠯᠲᠠ ᠦᠭᠡᠢ ᠬᠠᠩᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃

      ᠰᠢ ᠶᠢᠨ ᠫᠢᠩ᠂ ᠦᠨᠳᠦᠰᠦᠲᠡᠨ ᠨᠦᠭᠦᠳ ᠤᠨ ᠪᠦᠭᠦ ᠲᠠᠯ᠎ᠠ ᠶᠢᠨ ᠰᠢᠭᠢᠳᠬᠡᠯ ᠢ ᠠᠬᠢᠭᠤᠯᠵᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠢᠳᠡᠪᠬᠢᠲᠡᠢ ᠠᠬᠢᠭᠤᠯᠬᠤ ᠬᠡᠷᠡᠭᠲᠡᠢ᠃ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠲᠥᠯᠦᠪᠵᠢᠭᠦᠯᠭᠡ ᠪᠣᠯᠣᠨ ᠣᠯᠠᠨ ᠨᠡᠶᠢᠲᠡ ᠶᠢᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ᠂ ᠬᠢᠯᠢ ᠬᠢᠵᠠᠭᠠᠷ ᠪᠣᠯᠣᠨ ᠦᠨᠳᠦᠰᠦᠲᠡᠨ ᠤ ᠭᠠᠵᠠᠷ ᠣᠷᠣᠨ ᠤ ᠵᠠᠮ ᠬᠠᠷᠢᠯᠴᠠᠭ᠎ᠠ ᠵᠡᠷᠭᠡ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠬᠥᠮᠥᠨ ᠢᠶᠠᠷ ᠦᠨᠳᠦᠰᠦ ᠪᠤᠯᠭᠠᠬᠰᠠᠨ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠶᠢ ᠢᠳᠡᠪᠬᠢᠲᠡᠢ ᠠᠬᠢᠭᠤᠯᠵᠤ᠂ ᠦᠨᠳᠦᠰᠦᠲᠡᠨ ᠨᠦᠭᠦᠳ ᠤᠨ ᠬᠥᠮᠥᠨ ᠠᠮᠠ ᠶᠢᠨ ᠨᠡᠭᠦᠳᠡᠯᠯᠡᠨ ᠨᠡᠶᠢᠯᠡᠨ ᠰᠠᠭᠤᠷᠢᠰᠢᠬᠤ ᠶᠢ ᠡᠮᠬᠢ ᠵᠢᠷᠤᠮ ᠲᠠᠢ ᠠᠬᠢᠭᠤᠯᠵᠤ᠂ ᠦᠨᠳᠦᠰᠦᠲᠡᠨ ᠨᠦᠭᠦᠳ ᠠᠨᠠᠷ ᠤᠨ ᠦᠷ᠎ᠡ ᠰᠢᠭ ᠨᠢᠭᠲᠠᠷᠠᠨ ᠪᠦᠯᠬᠦᠮᠳᠡᠬᠦ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃

      ᠰᠢ ᠶᠢᠨ ᠫᠢᠩ᠂ ᠦᠨᠳᠦᠰᠦᠲᠡᠨ ᠤ ᠬᠡᠷᠡᠭ ᠶᠠᠪᠤᠳᠠᠯ ᠢ ᠬᠠᠤᠯᠢ ᠶᠣᠰᠣᠭᠠᠷ ᠵᠠᠰᠠᠵᠤ᠂ ᠦᠨᠳᠦᠰᠦᠲᠡᠨ ᠤ ᠬᠡᠷᠡᠭ ᠶᠠᠪᠤᠳᠠᠯ ᠤᠨ ᠵᠠᠰᠠᠯᠲᠠ ᠶᠢᠨ ᠴᠢᠳᠠᠪᠤᠷᠢ ᠪᠣᠯᠣᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠭᠦ ᠬᠡᠷᠡᠭᠲᠡᠢ᠃ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠵᠦ᠂ ᠬᠠᠮᠢᠶ᠎ᠠ ᠪᠦᠬᠦᠢ ᠬᠠᠤᠯᠢ ᠴᠠᠭᠠᠵᠠ ᠳᠦᠷᠢᠮ ᠲᠣᠭᠲᠠᠭᠠᠯ ᠪᠠ ᠣᠷᠣᠨ ᠪᠦᠰᠡ ᠶᠢ ᠳᠡᠮᠵᠢᠬᠦ ᠵᠦᠷᠢᠶᠡᠴᠢᠯᠡᠭᠰᠡᠨ ᠲᠥᠷᠥ ᠶᠢᠨ ᠪᠣᠳᠣᠯᠭ᠎ᠠ ᠶᠢ ᠠᠯᠬᠤᠮ ᠠᠯᠬᠤᠮ ᠢᠶᠠᠷ ᠲᠡᠭᠦᠯᠳᠡᠷᠵᠢᠭᠦᠯᠦᠨ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠪᠠᠲᠤᠯᠠᠬᠤ ᠬᠡᠷᠡᠭᠲᠡᠢ᠃ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠤᠯᠤᠰ ᠣᠷᠣᠨ ᠤ ᠤᠬᠠᠮᠰᠠᠷ᠂ ᠠᠷᠠᠳ ᠢᠷᠭᠡᠨ ᠤ ᠤᠬᠠᠮᠰᠠᠷ᠂ ᠬᠠᠤᠯᠢ ᠪᠠᠷ ᠵᠠᠰᠠᠬᠤ ᠤᠬᠠᠮᠰᠠᠷ ᠢᠶᠠᠨ ᠴᠢᠩᠭᠠᠳᠬᠠᠬᠤ ᠶᠢ ᠬᠥᠲᠥᠯᠥᠨ ᠵᠢᠯᠤᠭᠤᠳᠬᠤ ᠬᠡᠷᠡᠭᠲᠡᠢ ᠭᠡᠵᠦ ᠵᠢᠭᠠᠵᠤ ᠭᠠᠷᠭᠠᠪᠠ᠃

      ᠰᠢ ᠶᠢᠨ ᠫᠢᠩ᠂ ᠡᠯ᠎ᠡ ᠱᠠᠲᠤᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠦᠨᠳᠦᠰᠦᠲᠡᠨ ᠤ ᠠᠵᠢᠯ ᠢ ᠡᠳᠦᠷ ᠲᠤᠳᠤᠮ ᠤᠨ ᠴᠢᠬᠤᠯᠠ ᠵᠥᠪᠯᠡᠬᠦ ᠵᠦᠢᠯ ᠳᠡᠭᠡᠨ ᠣᠷᠣᠭᠤᠯᠵᠤ᠂ ᠦᠨᠳᠦᠰᠦᠲᠡᠨ ᠤ ᠠᠵᠢᠯ ᠤᠨ ᠳᠤᠮᠳᠠᠬᠢ ᠴᠢᠬᠤᠯᠠ ᠶᠡᠭᠡ ᠠᠰᠠᠭᠤᠳᠠᠯ ᠢ ᠴᠠᠭ ᠲᠤᠬᠠᠢ ᠳᠤᠨᠢ ᠰᠤᠳᠤᠯᠤᠨ ᠰᠢᠢᠳᠪᠦᠷᠢᠯᠡᠵᠦ᠂ ᠦᠨᠳᠦᠰᠦᠲᠡᠨ ᠤ ᠭᠠᠵᠠᠷ ᠣᠷᠣᠨ ᠤ ᠺᠠᠳ᠋ᠷ ᠪᠣᠯᠣᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠴᠥᠭᠡᠨ ᠲᠣᠭᠠᠲᠤ ᠦᠨᠳᠦᠰᠦᠲᠡᠨ ᠤ ᠺᠠᠳ᠋ᠷ ᠢ ᠬᠥᠮᠥᠵᠢᠭᠦᠯᠬᠦ ᠪᠠ ᠰᠠᠶᠢᠲᠤᠷ ᠬᠡᠷᠡᠭᠯᠡᠬᠦ ᠶᠢ ᠴᠢᠬᠤᠯᠠᠴᠢᠯᠠᠬᠤ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠶᠢᠭᠤᠯᠤᠯ ᠲᠣᠭᠲᠠᠴᠠ ᠶᠢ ᠪᠦᠷᠢᠨᠰᠢᠭᠦᠯᠵᠦ᠂ ᠲᠡᠷᠢᠭᠦᠨ ᠤ ᠨᠡᠶᠢᠲᠡᠯᠢᠭ ᠵᠢᠱᠢᠶ᠎ᠡ ᠶᠢᠨ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ ᠨᠡᠶᠢᠭᠡᠮ ᠳᠠᠶᠠᠭᠠᠷ ᠲᠤ ᠦᠨᠳᠦᠰᠦᠲᠡᠨ ᠤ ᠠᠵᠢᠯ ᠢ ᠬᠠᠯᠠᠮᠵᠢᠯᠠᠨ ᠳᠡᠮᠵᠢᠬᠦ ᠰᠠᠶᠢᠨ ᠰᠠᠶᠢᠬᠠᠨ ᠠᠭᠤᠷ ᠠᠮᠢᠰᠬᠤᠯ ᠢ ᠪᠤᠶ ᠪᠤᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃

      ᠯᠢ ᠴᠢᠶᠠᠩ ᠶᠡᠭᠡ ᠬᠤᠷᠠᠯ ᠢ ᠡᠷᠭᠢᠯᠡᠭᠦ ᠳᠡᠭᠡᠨ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠢ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠲᠤᠷᠰᠢᠬᠢ ᠢᠯᠠᠩᠭᠤᠶ᠎ᠠ ᠰᠢᠨ᠎ᠡ ᠴᠠᠭ ᠦᠶ᠎ᠡ ᠠᠴᠠ ᠨᠠᠭᠠᠰᠢᠬᠢ ᠮᠠᠨ ᠤ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠢᠯᠡᠰ ᠤᠨ ᠣᠯᠣᠭᠰᠠᠨ ᠠᠭᠤᠤ ᠶᠡᠭᠡ ᠠᠮᠵᠢᠯᠲᠠ ᠪᠦᠲᠦᠮᠵᠢ ᠶᠢ ᠪᠦᠭᠦ ᠲᠠᠯ᠎ᠠ ᠪᠠᠷ ᠳ᠋ᠦᠩᠨᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠪᠦᠷᠢᠯᠳᠦᠯ ᠪᠠ ᠬᠥᠭᠵᠢᠯᠲᠡ ᠶᠢᠨ ᠦᠨᠳᠦᠰᠦ ᠪᠣᠯᠣᠨ ᠠᠮᠢᠨ ᠰᠤᠳᠠᠰᠤ ᠶᠢ ᠭᠦᠨᠵᠡᠭᠡᠢ ᠢᠯᠡᠷᠡᠭᠦᠯᠵᠦ᠂ ᠰᠢᠨ᠎ᠡ ᠴᠠᠭ ᠦᠶ᠎ᠡ ᠰᠢᠨ᠎ᠡ ᠠᠶᠠᠨ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠶᠡᠷᠦᠩᠬᠡᠢ ᠱᠠᠭᠠᠷᠳᠠᠯᠭ᠎ᠠ ᠶᠢ ᠠᠬᠢᠭᠤᠯᠬᠤ ᠶᠢ ᠲᠣᠳᠣᠷᠬᠠᠢ ᠳᠤᠷᠠᠳᠴᠤ᠂ ᠦᠵᠡᠯ ᠰᠠᠨᠠᠭ᠎ᠠ ᠭᠦᠨ ᠭᠦᠨᠵᠡᠭᠡᠢ᠂ ᠬᠠᠷᠠᠭ᠎ᠠ ᠠᠭᠤᠳᠠᠮ ᠪᠠᠶᠢᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠬᠤ ᠬᠥᠲᠥᠯᠪᠦᠷᠢ ᠶᠢᠨ ᠴᠢᠨᠠᠷᠲᠠᠢ ᠲᠤᠯᠭᠤᠷ ᠪᠢᠴᠢᠭ ᠮᠥᠨ᠂ ᠪᠢᠳᠡ ᠨᠠᠷᠢᠨ ᠬᠢᠨᠠᠮᠠᠭᠠᠢ ᠰᠤᠷᠤᠯᠴᠠᠵᠤ᠂ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ︽ᠬᠤᠶᠠᠷ ᠢ ᠲᠣᠭᠲᠠᠭᠠᠭᠰᠠᠨ︾ ᠤ ᠰᠢᠢᠳᠪᠦᠷᠢᠯᠡᠭᠴᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠰᠢᠵᠢᠮ ᠲᠠᠢ ᠨᠢᠭᠲᠠ ᠤᠶᠠᠯᠳᠤᠭᠤᠯᠤᠨ᠂ ᠨᠠᠮ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠶᠢᠨ ᠲᠥᠯᠥᠭᠡ ᠴᠥᠬᠦᠷᠡᠰᠢ ᠦᠭᠡᠢ ᠲᠡᠮᠡᠴᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃

      ᠬᠥᠬᠢᠭᠦᠯᠦᠭᠳᠡᠨ ᠰᠠᠶᠢᠰᠢᠶᠠᠭᠳᠠᠭᠰᠠᠨ ᠵᠢᠱᠢᠶᠡᠴᠢ ᠬᠤᠪᠢ ᠬᠥᠮᠥᠨ ᠪᠠ ᠵᠢᠱᠢᠶᠡᠴᠢ ᠬᠠᠮᠲᠤ ᠶᠢᠨ ᠲᠥᠯᠥᠭᠡᠯᠡᠭᠴᠢ ᠬᠤᠷᠠᠯ ᠳᠡᠭᠡᠷ᠎ᠡ ᠦᠭᠡ ᠬᠡᠯᠡᠪᠡ᠃

      ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠬᠡᠰᠡᠭ ᠭᠡᠰᠢᠭᠦᠨ᠂ ᠲᠥᠪ ᠤᠨ ᠱᠦᠵᠢ ᠨᠠᠷ ᠤᠨ ᠭᠠᠵᠠᠷ ᠤᠨ ᠱᠦᠵᠢ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ᠂ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠬᠤᠯᠪᠣᠭᠳᠠᠯ ᠪᠦᠬᠦᠢ ᠤᠳᠤᠷᠢᠳᠬᠤ ᠨᠥᠬᠦᠳ ᠶᠡᠭᠡ ᠬᠤᠷᠠᠯ ᠳᠤ ᠣᠷᠣᠯᠴᠠᠪᠠ᠃

      ᠬᠥᠬᠢᠭᠦᠯᠦᠭᠳᠡᠨ ᠰᠠᠶᠢᠰᠢᠶᠠᠭᠳᠠᠭᠰᠠᠨ ᠵᠢᠱᠢᠶᠡᠴᠢ ᠬᠠᠮᠲᠤ ᠶᠢᠨ ᠲᠥᠯᠥᠭᠡᠯᠡᠭᠴᠢ ᠪᠣᠯᠣᠨ ᠵᠢᠱᠢᠶᠡᠴᠢ ᠬᠤᠪᠢ ᠬᠥᠮᠥᠨ᠂ ᠡᠯ᠎ᠡ ᠮᠤᠵᠢ ᠣᠷᠣᠨ ᠬᠤᠳᠠ ᠪᠣᠯᠣᠨ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ᠂ ᠲᠥᠪ ᠤᠨ ᠨᠠᠮ ᠵᠠᠰᠠᠭ ᠴᠡᠷᠢᠭ ᠤᠯᠠᠨ ᠲᠦᠮᠡᠨ ᠤ ᠪᠦᠯᠭᠦᠮ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠶᠡᠭᠡ ᠬᠤᠷᠠᠯ ᠳᠤ ᠣᠷᠣᠯᠴᠠᠵᠠᠢ᠃

 

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ