ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠣᠯᠠᠨ ᠰᠠᠯᠠᠭ᠎ᠠ ᠮᠥᠴᠢᠷ ᠲᠠᠢ ᠬᠠᠮᠲᠤᠷᠠᠨ ᠬᠡᠤᠬᠡᠳ ᠪᠠ ᠰᠤᠷᠤᠭᠴᠢ ᠶᠢᠨ ᠬᠡᠷᠡᠭᠰᠡᠯ ᠤᠨ ᠠᠮᠤᠷ ᠲᠦᠪᠰᠢᠨ ᠢ ᠬᠠᠮᠠᠭᠠᠯᠠᠬᠤ ᠠᠵᠢᠯᠯᠠᠭ᠎ᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2024/9/3

    ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠢᠩᠬᠢᠮ᠂ ᠳᠣᠲᠣᠭᠠᠳᠤ ᠶᠢ ᠬᠠᠮᠠᠭᠠᠯᠠᠬᠤ ᠲᠢᠩᠬᠢᠮ᠂ ᠡᠮᠡᠭᠲᠡᠶᠢᠴᠦᠳ ᠬᠡᠦᠬᠡᠳ ᠤᠨ ᠠᠵᠢᠯ ᠤᠨ ᠵᠥᠪᠯᠡᠯ᠂ ᠡᠮᠡᠭᠲᠡᠶᠢᠴᠦᠳ ᠤᠨ ᠬᠤᠯᠪᠣᠭᠠᠲᠤ ᠬᠤᠷᠠᠯ ᠲᠠᠢ ᠬᠠᠮᠲᠤᠷᠠᠨ 2024 ᠣᠨ ᠤ ᠬᠡᠤᠬᠡᠳ ᠪᠠ ᠰᠤᠷᠤᠭᠴᠢ ᠶᠢᠨ ᠬᠡᠷᠡᠭᠰᠡᠯ ᠤᠨ ᠠᠮᠤᠷ ᠲᠦᠪᠰᠢᠨ ᠢ ᠬᠠᠮᠠᠭᠠᠯᠠᠬᠤ ᠠᠵᠢᠯᠯᠠᠭ᠎ᠠ ᠶᠢ ᠥᠷᠨᠢᠭᠦᠯᠪᠡ᠃ ᠬᠡᠤᠬᠡᠳ ᠪᠠ ᠰᠤᠷᠤᠭᠴᠢ ᠶᠢᠨ ᠬᠡᠷᠡᠭᠰᠡᠯ᠂ ᠰᠤᠷᠭᠠᠭᠤᠯᠢ ᠶᠢᠨ ᠬᠤᠪᠴᠠᠰᠤᠨ ᠤ ᠦᠢᠯᠡᠳᠬᠦᠨ ᠤ ᠶᠠᠰᠤ ᠴᠢᠨᠠᠷ ᠢ ᠲᠤᠬᠠᠶ ᠶᠢᠨ ᠭᠠᠵᠠᠷ ᠲᠤ ᠨᠢ ᠪᠠᠶᠢᠴᠠᠭᠠᠬᠤ ᠵᠦᠭᠯᠡᠭᠦᠷ ᠢ ᠳᠠᠷᠤᠮᠠᠯᠯᠠᠨ ᠲᠠᠷᠬᠠᠭᠠᠵᠤ᠂ ᠨᠠᠮᠤᠷ ᠤᠨ ᠤᠯᠠᠷᠢᠯ ᠤᠨ ᠰᠤᠷᠭᠠᠭᠤᠯᠢ ᠡᠬᠢᠯᠡᠬᠦ ᠬᠤᠭᠤᠴᠠᠭᠠᠨ ᠳᠤ ᠰᠤᠷᠭᠠᠭᠤᠯᠢ ᠶᠢᠨ ᠬᠦᠷᠢᠶᠡᠨ ᠤ ᠡᠷᠭᠢᠨ ᠲᠣᠭᠤᠷᠢᠨ ᠤ ᠪᠢᠴᠢᠭ ᠤᠨ ᠬᠡᠷᠡᠭᠰᠡᠯ ᠤᠨ ᠳᠡᠯᠭᠡᠭᠦᠷ᠂ ᠬᠤᠳᠠᠯᠳᠤᠭᠠᠨ ᠤ ᠲᠠᠯᠠᠪᠤᠷ᠂ ᠬᠡᠲᠦ ᠳᠡᠯᠭᠡᠭᠦᠷ᠂ ᠡᠬᠡ ᠨᠢᠯᠬᠠᠰ ᠤᠨ ᠳᠡᠯᠭᠡᠭᠦᠷ᠂ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ᠂ ᠬᠤᠲᠠ ᠬᠥᠳᠡᠭᠡ ᠶᠢᠨ ᠠᠭᠤᠯᠵᠠᠷ ᠭᠠᠵᠠᠷ ᠤᠨ ᠴᠤᠭᠯᠠᠭ᠎ᠠ ᠮᠠᠶᠢᠮᠠᠶ ᠶᠢᠨ ᠵᠠᠬ᠎ᠠ ᠳᠡᠯᠭᠡᠭᠦᠷ ᠵᠡᠷᠭᠡ ᠪᠠᠷ ᠭᠤᠤᠯᠳᠠᠯᠭ᠎ᠠ ᠪᠣᠯᠭᠠᠨ᠂ ᠬᠡᠤᠬᠡᠳ ᠤᠨ ᠲᠣᠭᠯᠠᠭᠠᠮ ᠤᠨ ᠵᠦᠢᠯ ᠪᠠ ᠰᠤᠷᠤᠭᠴᠢ ᠶᠢᠨ ᠬᠡᠷᠡᠭᠰᠡᠯ ᠤᠨ ᠵᠦᠢᠯ ᠤᠨ ᠦᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠤᠰᠬᠠᠶ ᠪᠠᠶᠢᠴᠠᠭᠠᠯᠲᠠ ᠶᠢ ᠥᠷᠨᠢᠭᠦᠯᠪᠡ᠃ ᠣᠳᠣᠬᠠᠨ ᠳᠤ ᠪᠣᠯᠲᠠᠯ᠎ᠠ᠂ ᠪᠥᠬᠦ ᠣᠷᠣᠨ ᠤ ᠦᠢᠯᠡᠳᠪᠦᠷᠢᠯᠡᠵᠦ ᠪᠣᠷᠣᠯᠠᠭᠤᠯᠬᠤ ᠨᠢᠭᠡᠴᠢ ᠶᠢ 3988 ᠤᠳᠠᠭ᠎ᠠ ᠪᠠᠶᠢᠴᠠᠭᠠᠵᠤ᠂ 58 ᠳᠠᠯᠳᠠ ᠬᠡᠮ ᠤᠨ ᠠᠰᠠᠭᠤᠳᠠᠯ ᠢ ᠢᠯᠡᠷᠡᠭᠦᠯᠦᠨ ᠰᠢᠢᠳᠪᠦᠷᠢᠯᠡᠪᠡ᠃ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︽ᠲᠠ ᠵᠠᠬᠢᠶᠠᠯᠠᠪᠠᠯ ᠪᠢ ᠪᠠᠶᠢᠴᠠᠭᠠᠬᠤ︾ ᠠᠵᠢᠯᠯᠠᠭ᠎ᠠ ᠶᠢ ᠥᠷᠨᠢᠭᠦᠯᠵᠦ᠂ 515 ᠪᠦᠯᠦᠭ ᠤᠳᠠᠭ᠎ᠠ ᠶᠢᠨ ᠦᠢᠯᠡᠳᠬᠦᠨ ᠳᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠶᠢ ᠵᠣᠬᠢᠶᠠᠨ ᠪᠠᠶᠢᠭᠤᠯᠵᠤ᠂ 210 ᠪᠦᠯᠦᠭ ᠤᠳᠠᠭ᠎ᠠ ᠶᠢᠨ ᠦᠢᠯᠡᠳᠬᠦᠨ ᠳᠤ ᠲᠦᠭᠰᠢᠭᠦᠷᠢ ᠶᠢᠨ ᠬᠢᠨᠠᠨ ᠬᠡᠮᠵᠢᠯᠲᠡ ᠬᠢᠵᠦ᠂ ᠣᠳᠣᠬᠠᠨ ᠳᠤ ᠶᠠᠭ ᠥᠯᠢᠭᠡᠷ ᠠᠪᠴᠤ ᠰᠢᠯᠭᠠᠨ ᠪᠠᠶᠢᠴᠠᠭᠠᠵᠤ ᠪᠠᠶᠢᠨ᠎ᠠ᠃

    ᠡᠯ᠎ᠡ ᠱᠠᠲᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠠᠵᠢᠯᠲᠠᠨ ︽ᠭᠤᠷᠪᠠ ᠥᠬᠡᠶ︾ ᠬᠡᠤᠬᠡᠳ ᠤᠨ ᠲᠣᠭᠯᠠᠭᠠᠮ ᠤᠨ ᠵᠦᠢᠯ ᠪᠢᠴᠢᠭ ᠤᠨ ᠬᠡᠷᠡᠭᠰᠡᠯ ᠢ ᠪᠣᠷᠣᠯᠠᠭᠤᠯᠤᠭᠰᠠᠨ ᠡᠰᠡᠬᠦ᠂ ᠦᠢᠯᠡᠳᠬᠦᠨ ᠤ ᠠᠯᠪᠠᠳᠠᠯᠭ᠎ᠠ ᠶᠢᠨ ᠴᠢᠨᠠᠷᠲᠠᠶ ᠭᠡᠷᠡᠴᠢᠯᠡᠯ ᠤᠨ ᠬᠠᠮᠢᠶᠠᠷᠤᠯᠲᠠ ᠳᠤ ᠣᠷᠣᠭᠤᠯᠤᠭᠰᠠᠨ ᠲᠣᠭᠯᠠᠭᠠᠮ ᠳᠤ ᠠᠯᠪᠠᠳᠠᠯᠭ᠎ᠠ ᠶᠢᠨ ᠴᠢᠨᠠᠷᠲᠠᠶ ᠭᠡᠷᠡᠴᠢᠯᠡᠭᠡ ᠶᠢᠨ ᠲᠡᠮᠳᠡᠭ ᠲᠣᠳᠣᠷᠬᠠᠶᠢᠯᠠᠭᠰᠠᠨ ᠡᠰᠡᠬᠦ ᠶᠢ ᠪᠠᠶᠢᠴᠠᠭᠠᠵᠤ᠂ ᠭᠤᠤᠯ ᠮᠠᠲ᠋ᠧᠷᠢᠶᠠᠯ ᠤᠨ ᠪᠦᠷᠢᠯᠳᠦᠬᠦᠨ᠂ ᠬᠡᠷᠡᠭᠯᠡᠬᠦ ᠨᠠᠰᠤᠨ ᠤ ᠬᠡᠪᠴᠢᠶ᠎ᠡ᠂ ᠰᠡᠷᠡᠮᠵᠢᠯᠡᠭᠦᠯᠬᠦ ᠲᠣᠳᠣᠷᠬᠠᠶᠢᠯᠠᠯᠲᠠ ᠵᠡᠷᠭᠡ ᠦᠢᠯᠡᠳᠬᠦᠨ ᠤ ᠮᠡᠳᠡᠭᠡ ᠵᠠᠩᠭᠢ ᠶᠢ ᠪᠠᠶᠢᠴᠠᠭᠠᠪᠠ᠃ ᠡᠵᠡᠩᠨᠡᠭᠴᠢᠳ ᠢ ᠵᠢᠩᠬᠢᠨᠢ ᠠᠷᠭ᠎ᠠ ᠵᠠᠮ ᠢᠶᠠᠷ ᠪᠠᠷᠠᠭ᠎ᠠ ᠣᠷᠣᠭᠤᠯᠬᠤ᠂ ᠪᠠᠷᠠᠭ᠎ᠠ ᠣᠷᠣᠭᠤᠯᠬᠤ ᠶᠢ ᠪᠠᠶᠢᠴᠠᠭᠠᠨ ᠰᠢᠯᠭᠠᠬᠤ ᠪᠠ ᠰᠢᠯᠭᠠᠨ ᠠᠪᠬᠤ ᠲᠦᠷᠢᠮ ᠢ ᠴᠢᠩᠭ᠎ᠠ ᠬᠡᠷᠡᠭᠵᠢᠭᠦᠯᠵᠦ᠂ ᠦᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠨᠠᠷᠢᠨ ᠲᠠᠩᠰᠠ ᠶᠢ ᠨᠠᠶᠢᠳᠠᠪᠤᠷᠢᠵᠢᠭᠤᠯᠤᠨ᠂ ᠲᠦᠭᠰᠢᠭᠦᠷᠢ ᠶᠢᠨ ᠳᠠᠯᠳᠠ ᠬᠡᠮ ᠢ ᠥᠪᠡᠷᠲᠡᠭᠡᠨ ᠪᠠᠶᠢᠴᠠᠭᠠᠵᠤ  ᠥᠪᠡᠷᠲᠡᠭᠡᠨ  ᠵᠠᠯᠠᠷᠠᠭᠤᠯᠬᠤ  ᠶᠢ ᠥᠷᠨᠢᠭᠦᠯᠵᠦ᠂ ᠦᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠲᠦᠷᠢᠮ ᠢ ᠲᠡᠭᠦᠯᠳᠡᠷᠵᠢᠭᠦᠯᠦᠨ᠂ ︽ᠡᠳᠦᠷ ᠲᠤ ᠬᠠᠮᠢᠶᠠᠷᠤᠨ ᠡᠵᠡᠮᠳᠡᠬᠦ᠂ ᠭᠠᠷᠠᠭ ᠲᠤ ᠵᠢᠭᠰᠠᠭᠠᠨ ᠪᠠᠶᠢᠴᠠᠭᠠᠬᠤ᠂ ᠰᠠᠷ᠎ᠠ ᠳᠤ ᠲᠣᠬᠢᠷᠠᠭᠤᠯᠬᠤ︾ ᠶᠢ ᠬᠡᠷᠡᠭᠵᠢᠭᠦᠯᠵᠦ᠂ ᠶᠠᠰᠤ ᠴᠢᠨᠠᠷ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠬᠥᠮᠦᠨ ᠳᠤ ᠬᠦᠷᠲᠡᠯ᠎ᠡ ᠨᠠᠶᠢᠳᠠᠪᠤᠷᠢᠵᠢᠭᠤᠯᠤᠨ᠂ ᠦᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠦᠭᠰᠢᠭᠦᠷᠢ ᠶᠢ ᠨᠠᠷᠢᠯᠢᠭ ᠣᠨᠣᠪᠴᠢᠲᠠᠢ ᠪᠠᠷ ᠰᠡᠷᠭᠡᠶᠢᠯᠡᠨ ᠡᠵᠡᠮᠳᠡᠬᠦ ᠬᠡᠷᠡᠭᠲᠡᠶ ᠭᠡᠵᠦ ᠱᠠᠭᠠᠷᠳᠠᠪᠠ᠃

    ᠡᠭᠦᠨ ᠤ ᠬᠠᠮᠲᠤ ᠪᠠᠵᠠᠳᠠᠭ ᠳᠠᠷᠤᠭᠠᠰᠤ ᠶᠢ ᠬᠥᠩᠭᠡᠷᠡᠭᠦᠯᠬᠦ ᠲᠣᠭᠯᠠᠭᠠᠮ᠂ ᠯᠤᠤᠪᠠᠩ ᠬᠢᠳᠤᠭ᠎ᠠ᠂ ᠰᠣᠷᠢᠨᠵᠢᠨ ᠬᠦᠴᠦᠲᠦ ᠰᠤᠪᠤᠳ ᠵᠡᠷᠭᠡ ᠰᠢᠨ᠎ᠡ ᠬᠡᠯᠪᠡᠷᠢ ᠶᠢᠨ ᠰᠦᠯᠵᠢᠶᠡᠨ ᠤ ᠬᠠᠯᠠᠮᠰᠢᠯ ᠦᠢᠯᠡᠳᠬᠦᠨ ᠢᠶᠠᠷ ᠭᠤᠣᠯᠳᠠᠯᠭ᠎ᠠ ᠪᠣᠯᠭᠠᠵᠤ᠂ ᠹᠢᠽᠢᠺ ᠤᠨ ᠮᠧᠬᠠᠨᠢᠭ᠂ ᠬᠢᠮᠢ ᠶᠢᠨ ᠬᠤᠣᠷ ᠬᠥᠨᠥᠭᠡᠯ ᠪᠠ ᠰᠡᠷᠡᠮᠵᠢᠯᠡᠭᠦᠯᠬᠦ ᠲᠣᠳᠣᠷᠬᠠᠶᠢᠯᠠᠯᠲᠠ ᠶᠢᠨ ᠵᠦᠢᠯ ᠨᠢ ᠬᠢᠷᠢ ᠲᠡᠩᠴᠡᠭᠰᠡᠨ ᠡᠰᠡᠬᠦ ᠶᠢ ᠪᠠᠶᠢᠴᠠᠭᠠᠪᠠ︔ ᠰᠣᠷᠢᠨᠵᠢᠨ ᠴᠢᠨᠠᠷᠲᠠᠶ ᠪᠢᠴᠢᠭ ᠤᠨ ᠬᠡᠷᠡᠭᠰᠡᠯ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢ ᠶᠢᠨ ᠰᠤᠷᠭᠠᠭᠤᠯᠢ ᠶᠢᠨ ᠬᠤᠪᠴᠠᠰᠤ᠂ ᠰᠦᠯᠢᠶᠣᠣ ᠪᠦᠲᠦᠭᠡᠭᠳᠡᠬᠦᠨ ᠤ ᠲᠣᠭᠯᠠᠭᠠᠮ᠂ ᠬᠡᠦᠬᠡᠳ ᠤᠨ ᠬᠥᠳᠡᠯᠭᠡᠭᠡᠨ ᠤ ᠳᠤᠭᠤᠯᠠᠭ᠎ᠠ᠂ ᠠᠶᠤᠯᠭᠦᠢ ᠰᠠᠭᠤᠳᠠᠯ ︵ᠣᠯᠪᠣᠭ︶᠂ ᠨᠢᠯᠬ᠎ᠠ ᠬᠡᠦᠬᠡᠳ ᠤᠨ ᠬᠤᠪᠴᠠᠰᠤ ᠵᠡᠷᠭᠡ ᠪᠠᠷ ᠭᠤᠣᠯᠳᠠᠯᠭ᠎ᠠ ᠪᠣᠯᠭᠠᠵᠤ᠂ ᠰᠡᠷᠡᠮᠵᠢᠯᠡᠭᠦᠯᠬᠦ ᠲᠣᠳᠣᠷᠬᠠᠶᠢᠯᠠᠯᠲᠠ ᠲᠡᠭᠦᠯᠳᠡᠷᠵᠢᠭᠰᠡᠨ ᠡᠰᠡᠬᠦ᠂ ᠵᠢᠵᠢᠭ ᠰᠡᠯᠪᠢᠭ ᠲᠣᠨᠤᠭ ᠨᠢ ᠬᠢᠷᠢ ᠲᠡᠩᠴᠡᠭᠰᠡᠨ ᠡᠰᠡᠬᠦ᠂ ᠠᠮᠤᠷ ᠲᠦᠪᠰᠢᠨ ᠤ ᠵᠦᠢᠯ ᠨᠢ ᠪᠠᠷᠢᠮᠵᠢᠶ᠎ᠠ ᠶᠢᠨ ᠱᠠᠭᠠᠷᠳᠠᠯᠭ᠎ᠠ ᠳᠤ ᠨᠡᠶᠢᠴᠡᠭᠰᠡᠨ ᠡᠰᠡᠬᠦ ᠵᠡᠷᠭᠡ ᠶᠢ ᠪᠠᠶᠢᠴᠠᠭᠠᠪᠠ᠃

    ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢᠭᠡᠳᠦᠯᠲᠡᠶ ᠲᠥᠯᠥᠪᠯᠡᠨ ᠵᠣᠬᠢᠶᠠᠨ ᠪᠠᠶᠢᠭᠤᠯᠬᠤ ᠶᠢ ᠴᠢᠩᠭᠠᠳᠬᠠᠵᠤ᠂ ᠬᠡᠤᠬᠡᠳ ᠪᠠ ᠰᠤᠷᠤᠭᠴᠢ ᠶᠢᠨ ᠬᠡᠷᠡᠭᠰᠡᠯ ᠤᠨ ᠠᠮᠤᠷ ᠲᠦᠪᠰᠢᠨ ᠢ ᠰᠠᠬᠢᠨ ᠬᠠᠮᠠᠭᠠᠯᠠᠬᠤ ᠠᠵᠢᠯᠯᠠᠭ᠎ᠠ ᠶᠢ ᠦᠷᠭᠦᠯᠵᠢᠯᠡᠨ ᠠᠬᠢᠭᠤᠯᠵᠤ᠂ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠪᠠᠶᠢᠴᠠᠭᠠᠯᠲᠠ ᠪᠠ ᠦᠢᠯᠡᠳᠬᠦᠨ ᠤ ᠶᠠᠰᠤ ᠴᠢᠨᠠᠷ ᠲᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠶᠢ ᠴᠢᠩᠭᠠᠳᠬᠠᠵᠤ᠂ ᠪᠥᠬᠦ ᠣᠷᠣᠨ ᠤ ᠬᠡᠤᠬᠡᠳ ᠪᠠ ᠰᠤᠷᠤᠭᠴᠢ ᠶᠢᠨ ᠡᠷᠡᠭᠦᠯ ᠦᠰᠦᠨ ᠪᠣᠶᠢᠵᠢᠯᠲᠠ ᠶᠢ ᠬᠠᠮᠠᠭᠠᠯᠠᠬᠤ ᠪᠣᠯᠣᠨ᠎ᠠ᠃

 

ᠢᠷᠡᠯᠲᠡ᠄ ᠶᠠᠰᠤ ᠴᠢᠨᠠᠷ ᠤᠨ ᠬᠢᠨᠠᠯᠲᠠ ᠲᠠᠯᠪᠢᠬᠤ ᠭᠠᠵᠠᠷ