ᠰᠢᠯᠢ ᠶᠢᠨ ᠭᠤᠤᠯ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠳᠠᠩᠰᠠᠯᠠᠯᠲᠠ ᠶᠢ ᠦᠷᠭᠦᠯᠵᠢᠯᠡᠨ ᠠᠬᠢᠭᠤᠯᠪᠠ
ᠨᠡᠶᠢᠲᠡᠯᠡᠭᠰᠡᠨ ᠴᠠᠭ᠄
2024/9/3

    ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠶᠢᠨ ᠲᠥᠯᠥᠭᠡ᠂ ᠰᠢᠯᠢ ᠶᠢᠨ ᠭᠤᠤᠯ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠭᠠᠳᠠᠭᠠᠳᠤ ᠪᠡᠯᠡ ᠶᠢᠨ ᠠᠵᠤ ᠠᠬᠤᠶᠢᠯᠠᠯ ᠢ ᠨᠡᠭᠡᠭᠡᠨ ᠡᠷᠭᠢᠯᠡᠬᠦ᠂ ᠵᠠᠬ᠎ᠠ ᠳᠡᠯᠭᠡᠭᠦᠷ ᠲᠤ ᠣᠷᠣᠭᠤᠯᠬᠤ ᠶᠢ ᠵᠥᠪᠰᠢᠶᠡᠷᠡᠬᠦ ᠶᠢ ᠳᠥᠭᠦᠮᠴᠢᠯᠡᠬᠦ ᠪᠠᠷ ᠬᠦᠴᠦᠯᠡᠬᠦ ᠴᠡᠭ ᠪᠣᠯᠭᠠᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠠᠵᠢᠯ ᠶᠠᠪᠤᠳᠠᠯ ᠭᠦᠢᠴᠡᠳᠬᠡᠬᠦ ᠳᠤ ᠲᠥᠬᠦᠮ ᠦᠵᠡᠭᠦᠯᠬᠦ ᠬᠡᠮᠵᠢᠶ᠎ᠡ ᠶᠢ ᠳᠡᠭᠡᠭᠰᠢᠯᠡᠭᠦᠯᠪᠡ᠃

    ᠨᠢᠭᠡ ᠳᠤ ᠂ ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠪᠡᠶ᠎ᠡ ᠬᠡᠮ ᠤᠨ ᠭᠡᠷᠡᠴᠢᠯᠡᠭᠡ ᠳᠤ ᠳᠥᠭᠦᠮ ᠦᠵᠡᠭᠦᠯᠪᠡ᠃ ︽ᠭᠠᠳᠠᠭᠠᠳᠤ ᠶᠢᠨ ᠠᠯᠪᠠᠨ ᠪᠢᠴᠢᠭ ᠮᠠᠲ᠋ᠧᠷᠢᠶᠠᠯ ᠢ ᠭᠡᠷᠡᠴᠢᠯᠡᠬᠦ ᠱᠠᠭᠠᠷᠳᠠᠯᠭ᠎ᠠ ᠶᠢ ᠬᠦᠴᠦᠨ ᠦᠭᠡᠢ ᠪᠣᠯᠭᠠᠬᠤ ᠨᠡᠶᠢᠲᠡ ᠶᠢᠨ ᠭᠡᠷ᠎ᠡ︾ ᠶᠢ ᠪᠦᠬᠦ ᠲᠠᠯ᠎ᠠ ᠪᠠᠷ ᠬᠡᠷᠡᠭᠵᠢᠭᠦᠯᠵᠦ᠂ 2023 ᠣᠨ ᠤ 11 ᠳ᠋ᠦ᠋ᠭᠡᠷ ᠰᠠᠷ᠎ᠠ ᠶᠢᠨ 7 ᠤ ᠡᠳᠦᠷ ᠠᠴᠠ ᠡᠬᠢᠯᠡᠨ᠂ ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠮᠠᠨ ᠤ ᠤᠯᠤᠰ ᠤᠨ ᠬᠢᠯᠢ ᠳᠣᠲᠣᠷ᠎ᠠ ᠪᠠᠶᠢᠭᠤᠯᠬᠤ᠂ ᠬᠤᠪᠢᠷᠠᠭᠤᠯᠬᠤ ᠵᠡᠷᠭᠡ ᠲᠤᠬᠠᠶᠢᠯᠠᠭᠰᠠᠨ ᠠᠵᠢᠯ ᠢ ᠭᠦᠢᠴᠡᠳᠬᠡᠬᠦ ᠳᠤ ᠵᠥᠪᠬᠡᠨ ᠲᠣᠰ ᠤᠯᠤᠰ ᠤᠨ ᠨᠡᠮᠡᠯᠲᠡ ᠭᠡᠷᠡᠴᠢ ᠪᠢᠴᠢᠭ ᠢ ᠭᠦᠢᠴᠡᠳᠬᠡᠬᠦ ᠬᠡᠷᠡᠭᠲᠡᠶ᠂ ᠬᠡᠯᠲᠦᠷᠢᠭᠦᠯᠦᠭᠰᠡᠨ ᠠᠯᠪᠠᠨ ᠭᠡᠷᠡᠴᠢᠯᠡᠭᠡ ᠶᠢ ᠬᠢᠵᠦ ᠪᠠᠷᠠᠭᠠᠭᠠᠳ ᠳᠤᠮᠳᠠᠳᠤ ᠤᠯᠤᠰ ᠤᠨ ᠲᠤᠬᠠᠶ ᠶᠢᠨ ᠭᠠᠵᠠᠷ ᠲᠤ ᠰᠠᠭᠤᠭ᠎ᠠ ᠡᠯᠴᠢᠨ ᠰᠠᠶᠢᠳ ᠤᠨ ᠶᠠᠮᠤᠨ ᠤ ᠺᠤᠨᠰᠦ᠋ᠯ ᠤᠨ ᠭᠡᠷᠡᠴᠢᠯᠡᠯ ᠤᠨ ᠠᠯᠬᠤᠮ ᠳᠠᠷᠠᠭ᠎ᠠ ᠪᠠᠷ ᠭᠠᠳᠠᠭᠠᠳᠤ ᠪᠡᠯᠡ ᠶᠢᠨ ᠠᠵᠤ ᠠᠬᠤᠶᠢᠯᠠᠯ ᠳᠤ ᠨᠠᠩ ᠠᠮᠢᠳᠤᠯᠢᠭ ᠪᠡᠶ᠎ᠡ ᠭᠡᠮ ᠤᠨ ᠭᠡᠷᠡᠴᠢᠯᠡᠭᠡ ᠶᠢᠨ ᠦᠢᠯᠡᠴᠢᠯᠡᠭᠡ ᠬᠠᠩᠭᠠᠪᠠ᠃ ᠭᠠᠳᠠᠭᠠᠳᠤ ᠶᠢᠨ ᠬᠥᠮᠦᠨ ᠤ ᠥᠨᠢ ᠡᠭᠦᠷᠢᠲᠡ ᠣᠷᠣᠰᠢᠨ ᠰᠠᠭᠤᠬᠤ ᠪᠡᠶ᠎ᠡ ᠶᠢᠨ ᠦᠨᠡᠮᠯᠡᠯ᠂ ᠰᠢᠶᠠᠩᠭᠠᠩ ᠣᠣᠮᠧᠨ ᠤ ᠰᠠᠭᠤᠭᠠᠯᠢ ᠠᠷᠠᠳ ᠤᠨ ᠣᠷᠣᠰᠢᠨ ᠰᠠᠭᠤᠬᠤ ᠦᠨᠡᠮᠯᠡᠯ ᠪᠤᠶᠤ ᠳᠣᠲᠣᠷ ᠭᠠᠵᠠᠷ ᠲᠤ ᠶᠠᠪᠤᠵᠤ ᠢᠷᠡᠬᠦ ᠨᠡᠪᠲᠡᠷᠡᠬᠦ ᠦᠨᠡᠮᠯᠡᠯ᠂ ᠲᠠᠶᠢᠸᠠᠨ ᠤ ᠰᠠᠭᠤᠭᠠᠯᠢ ᠠᠷᠠᠳ ᠤᠨ ᠣᠷᠣᠰᠢᠨ ᠰᠠᠭᠤᠬᠤ ᠦᠨᠡᠮᠯᠡᠯ ᠪᠤᠶᠤ ᠡᠬᠡ ᠬᠠᠭᠤᠷᠠᠢ ᠳᠤ ᠭᠠᠷᠬᠤ ᠨᠡᠪᠲᠡᠷᠡᠬᠦ ᠦᠨᠡᠮᠯᠡᠯ᠂ ᠬᠢᠯᠢ ᠶᠢᠨ ᠭᠠᠳᠠᠨᠠᠬᠢ ᠪᠠᠶᠢᠭᠠᠯᠢ ᠬᠥᠮᠦᠨ ᠢ ᠮᠠᠨ ᠤ ᠤᠯᠤᠰ ᠤᠨ ᠬᠢᠯᠢ ᠪᠠᠷ ᠣᠷᠣᠵᠤ ᠭᠠᠷᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠢᠶᠠᠷ ᠭᠡᠷᠡᠴᠢᠯᠡᠭᠦᠯᠬᠦ ᠶᠢᠨ ᠬᠠᠮᠲᠤ ᠫᠠᠰᠫᠣᠷᠲ ᠪᠠ ᠬᠢᠯᠢ ᠪᠠᠷ ᠣᠷᠣᠵᠤ ᠭᠠᠷᠬᠤ ᠭᠠᠷᠳᠠᠮ ᠬᠢᠵᠦ ᠪᠡᠯᠡ ᠣᠷᠣᠭᠤᠯᠤᠭᠴᠢ ᠶᠢᠨ ᠭᠤᠣᠯ ᠴᠣᠭᠴᠠ ᠶᠢᠨ ᠬᠢᠷᠢ ᠬᠡᠮ ᠤᠨ ᠭᠡᠷᠡᠴᠢ ᠪᠣᠯᠭᠠᠭᠰᠠᠨ ᠪᠠᠶᠢᠪᠠᠯ᠂ ᠠᠯᠪᠠᠨ ᠭᠡᠷᠡᠴᠢᠯᠡᠭᠡ ᠬᠢᠬᠦ ᠴᠢᠬᠤᠯᠠ ᠦᠭᠡᠢ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠳᠤ ᠲᠦᠰᠢᠭᠯᠡᠨ ᠪᠡᠶ᠎ᠡ ᠶᠢᠨ ᠭᠠᠷᠤᠯ ᠤᠨ ᠮᠡᠳᠡᠭᠡ ᠵᠠᠩᠭᠢ ᠶᠢ ᠰᠢᠯᠭᠠᠨ ᠪᠠᠲᠤᠯᠠᠬᠤ ᠰᠢᠰᠲ᠋ᠧᠮ ᠳᠤ ᠳᠡᠩᠰᠡᠯᠡᠨ ᠲᠡᠮᠳᠡᠭᠯᠡᠵᠦ᠂ ᠰᠢᠶᠠᠩᠭᠠᠩ ᠣᠣᠮᠧᠨ ᠤ ᠰᠠᠭᠤᠭᠠᠯᠢ ᠠᠷᠠᠳ ᠤᠨ ᠡᠬᠡ ᠬᠠᠭᠤᠷᠠᠶ ᠳᠤ ᠶᠠᠪᠤᠵᠤ ᠢᠷᠡᠬᠦ ᠨᠡᠪᠲᠡᠷᠡᠬᠦ ᠦᠨᠡᠮᠯᠡᠯ᠂ ᠳᠤᠮᠳᠠᠳᠤ ᠶᠢᠨ ᠬᠠᠷᠢᠶᠠᠲᠤ ᠶᠢᠨ ᠫᠠᠰᠫᠣᠷᠲ᠂ ᠲᠠᠶᠢᠸᠠᠨ ᠤ ᠰᠠᠭᠤᠭᠠᠯᠢ ᠠᠷᠠᠳ ᠤᠨ ᠡᠬᠡ ᠬᠠᠭᠤᠷᠠᠶ ᠳᠤ ᠶᠠᠪᠤᠵᠤ ᠢᠷᠡᠬᠦ ᠨᠡᠪᠲᠡᠷᠡᠬᠦ ᠦᠨᠡᠮᠯᠡᠯ᠂ ᠭᠠᠳᠠᠭᠠᠳᠤ ᠶᠢᠨ ᠬᠥᠮᠦᠨ ᠤ ᠥᠨᠢ ᠡᠭᠦᠷᠢᠳᠡ ᠣᠷᠣᠰᠢᠨ ᠰᠠᠭᠤᠬᠤ ᠪᠡᠶ᠎ᠡ ᠶᠢᠨ ᠦᠨᠡᠮᠯᠡᠯ ᠢᠶᠠᠷ ᠬᠤᠯᠪᠣᠭᠳᠠᠯ ᠪᠥᠬᠦᠶ ᠲᠤᠬᠠᠶᠢᠯᠠᠭᠰᠠᠨ ᠠᠵᠢᠯ ᠢ ᠭᠦᠢᠴᠡᠳᠬᠡᠬᠦ ᠳᠤ ᠰᠦᠯᠵᠢᠶᠡᠨ ᠳᠡᠭᠡᠷ᠎ᠡ ᠪᠡᠶ᠎ᠡ ᠭᠡᠮ ᠤᠨ ᠰᠢᠯᠭᠠᠨ ᠪᠠᠲᠤᠯᠠᠭ᠎ᠠ ᠬᠢᠬᠦ ᠶᠢ ᠪᠡᠶᠡᠯᠡᠭᠦᠯᠵᠦ᠂ ᠰᠦᠯᠵᠢᠶᠡᠨ ᠭᠠᠳᠠᠨ᠎ᠠ ᠬᠢᠨᠠᠨ ᠬᠠᠷᠭᠤᠭᠤᠯᠬᠤ ᠴᠢᠬᠤᠯᠠ ᠦᠭᠡᠢ᠃

    ᠬᠤᠶᠠᠷ ᠲᠤ᠂ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠯᠲᠠ ᠶᠢ ᠬᠢᠨᠠᠨ ᠵᠥᠪᠰᠢᠶᠡᠷᠡᠬᠦ ᠶᠠᠪᠤᠴᠠ ᠶᠢ ᠰᠢᠯᠢᠳᠡᠭᠵᠢᠭᠦᠯᠪᠡ᠃ ︽ᠭᠠᠳᠠᠭᠠᠳᠤ ᠶᠢᠨ ᠬᠤᠳᠠᠯᠳᠤᠭᠠᠴᠢᠨ ᠤ ᠪᠠᠯᠠ ᠣᠷᠣᠭᠤᠯᠬᠤ ᠬᠠᠤᠯᠢ︾ ᠶᠢ ᠴᠢᠩᠭ᠎ᠠ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠭᠠᠳᠠᠭᠠᠳᠤ ᠶᠢᠨ ᠬᠤᠳᠠᠯᠳᠤᠭᠠᠴᠢᠨ ᠤ ᠪᠠᠯᠠ ᠣᠷᠣᠭᠤᠯᠬᠤ ᠠᠵᠤ ᠠᠬᠤᠶᠢᠯᠠᠯ ᠤᠨ ᠣᠷᠣᠭᠤᠯᠬᠤ ᠶᠢ ᠵᠥᠪᠰᠢᠶᠡᠷᠡᠬᠦ ᠠᠴᠠ ᠡᠮᠦᠨᠡᠬᠢ ᠤᠯᠤᠰ ᠠᠷᠠᠳ ᠤᠨ ᠬᠠᠷᠠᠭᠠᠯᠵᠠᠯ ᠤᠨ ᠬᠤᠷᠢᠭ᠎ᠠ ᠴᠠᠭᠠᠵᠠ ᠲᠠᠢ ᠵᠦᠢᠯᠡᠰ ᠤᠨ ᠨᠠᠷᠢᠨ ᠬᠠᠭᠤᠳᠠᠰᠤ ᠶᠢᠨ ᠬᠠᠮᠢᠶᠠᠷᠤᠯᠲᠠ ᠶᠢᠨ ᠲᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠭᠠᠳᠠᠭᠠᠳᠤ ᠶᠢᠨ ᠬᠤᠳᠠᠯᠳᠤᠭᠠᠴᠢᠨ ᠤ ᠪᠠᠯᠠ ᠣᠷᠣᠭᠤᠯᠤᠭᠰᠠᠨ ᠠᠵᠤ ᠠᠬᠤᠶᠢᠯᠠᠯ ᠤᠨ ᠨᠠᠵᠠᠭᠠᠶ ᠲᠠᠯ᠎ᠠ ᠶᠢᠨ ᠨᠠᠷᠢᠨ ᠬᠠᠭᠤᠳᠠᠰᠤ ᠠᠴᠠ ᠭᠠᠳᠠᠨᠠᠬᠢ ᠬᠦᠷᠢᠶᠡᠨ ᠳᠤ ᠪᠠᠯᠠ ᠣᠷᠣᠭᠤᠯᠤᠭᠰᠠᠨ ᠪᠠᠶᠢᠪᠠᠯ᠂ ᠳᠣᠲᠣᠭᠠᠳᠤ ᠭᠠᠳᠠᠭᠠᠳᠤ ᠪᠡᠯᠡ ᠶᠢᠨ ᠨᠢᠭᠡᠳᠦᠯᠲᠡᠶ ᠪᠠᠶᠢᠬᠤ ᠵᠠᠷᠴᠢᠮ ᠶᠣᠰᠣᠭᠠᠷ ᠳᠡᠩᠰᠡᠯᠡᠵᠦ ᠲᠡᠮᠲᠡᠭᠯᠡᠨ᠂ ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠰᠢᠯᠢ ᠶᠢᠨ ᠭᠤᠤᠯ ᠠᠶᠢᠮᠠᠭ ᠲᠤ ᠪᠠᠯᠠ ᠣᠷᠣᠭᠤᠯᠬᠤ ᠳᠤ ᠠᠭᠤᠵᠢᠭᠤ ᠲᠠᠯᠪᠢᠬᠤ᠂ ᠰᠠᠶᠢᠨ ᠰᠠᠶᠢᠬᠠᠨ᠂ ᠡᠷᠬᠡ ᠲᠡᠭᠰᠢ᠂ ᠲᠥᠪ ᠭᠤᠤᠯᠴᠢ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠣᠶ ᠪᠣᠯᠭᠠᠵᠤ ᠥᠭᠪᠡ ᠃

    ᠭᠤᠷᠪᠠ ᠳᠤ᠂ ᠭᠠᠳᠠᠭᠠᠳᠤ ᠪᠡᠯᠡ ᠶᠢᠨ ᠳᠠᠩᠰᠠᠯᠠᠯᠲᠠ ᠶᠢᠨ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ ᠶᠢ ᠪᠡᠶᠡᠯᠡᠭᠦᠯᠪᠡ᠃ ︽ᠰᠦᠯᠵᠢᠶᠡᠨ ᠳᠡᠭᠡᠷ᠎ᠡ ᠭᠦᠢᠴᠡᠳᠭᠡᠬᠦ᠂ ᠪᠣᠯᠵᠣᠵᠤ ᠭᠦᠢᠴᠡᠳᠭᠡᠬᠦ᠂ ᠢᠯᠡᠭᠡᠨ ᠬᠦᠷᠭᠡᠵᠦ ᠭᠦᠢᠴᠡᠳᠭᠡᠬᠦ︾ ᠵᠡᠷᠭᠡ ᠦᠢᠯᠡᠴᠢᠯᠡᠭᠡᠨ ᠤ ᠬᠡᠪ ᠵᠠᠭᠪᠤᠷ ᠤᠨ ᠰᠢᠨ᠎ᠡ ᠶᠢ ᠡᠭᠦᠳᠬᠦ ᠶᠢ ᠠᠬᠢᠭᠤᠯᠵᠤ᠂ ᠭᠠᠳᠠᠭᠠᠳᠤ ᠪᠡᠯᠡ ᠶᠢᠨ ᠳᠠᠩᠰᠠᠯᠠᠭᠤᠯᠬᠤ ᠭᠤᠶᠤᠴᠢᠯᠠᠯ ᠤᠨ ᠮᠠᠲ᠋ᠧᠷᠢᠶᠠᠯ ᠢ ᠰᠦᠯᠵᠢᠶᠡᠨ ᠳᠡᠭᠡᠷ᠎ᠡ ᠤᠷᠢᠳᠴᠢᠯᠠᠨ ᠬᠢᠨᠠᠬᠤ᠂ ᠴᠠᠭᠠᠰᠤᠨ ᠮᠠᠲ᠋ᠧᠷᠢᠶᠠᠯ ᠢ ᠰᠦᠯᠵᠢᠶᠡᠨ ᠭᠠᠳᠠᠨ᠎ᠠ ᠢᠯᠡᠭᠡᠬᠦ᠂ ᠨᠡᠭᠡᠭᠡᠨ ᠡᠷᠬᠢᠯᠡᠬᠦ ᠶᠠᠪᠤᠴᠠ ᠶᠢ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠭᠡᠬᠦ︾ ᠶᠢ ᠬᠡᠷᠡᠭᠵᠢᠭᠦᠯᠪᠡ᠃ ᠠᠵᠤ ᠠᠬᠤᠶᠢᠯᠠᠯ ᠨᠡᠭᠡᠭᠡᠨ ᠡᠷᠬᠢᠯᠡᠬᠦ ᠳᠤ ᠰᠦᠯᠵᠢᠶ᠎ᠡ ᠪᠠᠷ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠭᠰᠠᠨ ᠠᠵᠤ ᠠᠬᠤᠶᠢᠯᠠᠯ ᠢ ᠲᠡᠮᠳᠡᠭᠯᠡᠨ ᠳᠠᠩᠰᠠᠯᠠᠬᠤ ᠬᠤᠯᠪᠣᠭᠳᠠᠯ ᠪᠦᠬᠦᠢ ᠴᠢᠳᠠᠮᠵᠢ ᠶᠢ ᠲᠡᠭᠦᠯᠳᠡᠷᠵᠢᠭᠦᠯᠪᠡ᠃ 2024 ᠣᠨ ᠤ ᠳᠡᠭᠡᠷ᠎ᠡ ᠬᠠᠭᠠᠰ ᠵᠢᠯ ᠳᠤ᠂ ᠪᠥᠬᠦ ᠠᠶᠢᠮᠠᠭ ᠲᠤ ᠭᠠᠳᠠᠭᠠᠳᠤ ᠶᠢᠨ ᠬᠤᠳᠠᠯᠳᠤᠭᠠᠴᠢᠨ ᠤ ᠪᠠᠯᠠ ᠣᠷᠣᠭᠤᠯᠤᠭᠰᠠᠨ 5 ᠠᠵᠤ ᠠᠬᠤᠶᠢᠯᠠᠯ ᠢ ᠰᠢᠨ᠎ᠡ ᠪᠠᠷ ᠳᠠᠩᠰᠠᠯᠠᠭᠤᠯᠵᠤ᠂ ᠣᠳᠣᠬᠠᠨ ᠳᠤ ᠪᠣᠯᠲᠠᠯ᠎ᠠ᠂ ᠪᠥᠬᠦ ᠠᠶᠢᠮᠠᠭ ᠤᠨ ᠭᠠᠳᠠᠭᠠᠳᠤ ᠪᠡᠯᠡ ᠶᠢᠨ ᠠᠵᠤ ᠠᠬᠤᠶᠢᠯᠠᠯ 126 ᠪᠣᠯᠵᠣ᠂ ᠠᠳᠠᠯᠢ ᠬᠤᠭᠤᠴᠠᠭᠠᠨ ᠤ ᠬᠢ ᠠᠴᠠ ᠪᠠᠨ 12.5% ᠪᠠᠷ ᠨᠡᠮᠡᠭᠳᠡᠪᠡ᠃

    ᠲᠠᠷᠠᠭᠠᠴᠢ ᠶᠢᠨ ᠠᠯᠬᠤᠮ ᠳᠤ᠂ ᠰᠢᠯᠢ ᠶᠢᠨ ᠭᠤᠤᠯ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ ︽ᠭᠠᠳᠠᠭᠠᠳᠤ ᠶᠢᠨ  ᠬᠤᠳᠠᠯᠳᠤᠭᠠᠴᠢᠨ ᠤ  ᠪᠠᠯᠠ  ᠣᠷᠣᠭᠤᠯᠤᠯᠲᠠ ᠶᠢᠨ ᠣᠷᠴᠢᠨ  ᠲᠣᠭᠤᠷᠢᠨ ᠢ ᠤᠯᠠᠮ  ᠨᠢᠭᠡ ᠠᠯᠬᠤᠮ  ᠰᠢᠯᠢᠳᠡᠭᠵᠢᠭᠦᠯᠵᠦ ᠭᠠᠳᠠᠭᠠᠳᠤ  ᠪᠡᠯᠡ ᠶᠢ ᠨᠠᠩ ᠶᠡᠭᠡ ᠡᠷᠴᠢᠮ ᠢᠶᠠᠷ ᠲᠠᠲᠠᠬᠤ ᠪᠠ ᠠᠰᠢᠭᠯᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯᠯᠠᠭᠠᠨ ᠤ ᠲᠥᠰᠦᠯ︾ ᠢ ᠦᠷᠭᠦᠯᠵᠢᠯᠡᠨ ᠨᠠᠶᠢᠳᠠᠪᠤᠷᠢᠵᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠷᠢᠮᠵᠢᠶᠠᠵᠢᠭᠤᠯᠤᠯᠲᠠ᠂ ᠵᠢᠷᠤᠮᠵᠢᠭᠤᠯᠤᠯᠲᠠ᠂ ᠳᠥᠭᠦᠮᠴᠢᠯᠡᠯᠲᠡ ᠶᠢᠨ ᠲᠦᠪᠰᠢᠨ ᠪᠠ ᠠᠵᠤ ᠠᠬᠤᠶᠢᠯᠠᠯ ᠤᠨ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠰᠢᠯᠢ ᠶᠢᠨ ᠭᠤᠣᠯ ᠠᠶᠢᠮᠠᠭ ᠲᠤ ᠰᠠᠭᠤᠷᠢᠰᠢᠵᠤ ᠪᠦᠬᠦᠢ ᠭᠠᠳᠠᠭᠠᠳᠤ ᠶᠢᠨ ᠬᠤᠳᠠᠯᠳᠤᠭᠠᠴᠢᠨ ᠤ ᠪᠠᠯᠠ ᠣᠷᠣᠭᠤᠯᠤᠭᠰᠠᠨ ᠠᠵᠤ ᠠᠬᠤᠶᠢᠯᠠᠯ ᠳᠤ ᠪᠥᠬᠦ ᠬᠦᠴᠦᠨ ᠢᠶᠠᠷ ᠢᠶᠠᠨ ᠦᠢᠯᠡᠴᠢᠯᠡᠬᠦ ᠪᠣᠯᠣᠨ᠎ᠠ᠃

 

ᠢᠷᠡᠯᠲᠡ᠄ ᠰᠢᠯᠢ ᠶᠢᠨ ᠭᠤᠤᠯ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ