ᠣᠷᠳᠣᠰ ᠬᠤᠲᠠ ᠶᠠᠰᠤ ᠴᠢᠨᠠᠷ ᠢᠶᠠᠷ ᠠᠵᠤ ᠠᠬᠤᠶᠢᠯᠠᠯ᠂ ᠬᠡᠯᠬᠢᠶ᠎ᠡ᠂ ᠰᠢᠶᠠᠨ ᠢ ᠬᠦᠴᠦᠷᠬᠡᠭᠵᠢᠭᠦᠯᠬᠦ ᠠᠵᠢᠯᠯᠠᠭ᠎ᠠ ᠶᠢ ᠭᠦᠨᠵᠡᠭᠡᠶ ᠳᠥᠯᠭᠢᠨ ᠠᠬᠢᠭᠤᠯᠪᠠ
ᠨᠡᠶᠢᠲᠡᠯᠡᠭᠰᠡᠨ ᠴᠠᠭ᠄
2024/9/3

    ᠡᠨᠡ ᠵᠢᠯ ᠠᠴᠠ ᠨᠠᠭᠠᠰᠢ᠂ ᠣᠷᠳᠣᠰ ᠬᠤᠲᠠ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ ︽ᠶᠠᠰᠤ ᠴᠢᠨᠠᠷ ᠢᠶᠠᠷ ᠠᠵᠤ ᠠᠬᠤᠶᠢᠯᠠᠯ ᠢ  ᠬᠦᠴᠦᠷᠬᠡᠭᠵᠢᠭᠦᠯᠬᠦ ᠶᠢ ᠨᠢᠭᠡ  ᠴᠣᠭᠴᠠᠵᠢᠭᠤᠯᠤᠨ ᠠᠬᠢᠭᠤᠯᠵᠤ ᠶᠠᠰᠤ ᠴᠢᠨᠠᠷ ᠢᠶᠠᠷ ᠣᠷᠣᠨ ᠢᠶᠠᠨ ᠬᠦᠴᠦᠷᠬᠡᠭᠵᠢᠭᠦᠯᠬᠦ  ᠶᠢ  ᠲᠦᠷᠭᠡᠳᠬᠡᠨ  ᠪᠠᠶᠢᠭᠤᠯᠬᠤ  ᠲᠥᠰᠦᠯ︾ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠶᠠᠰᠤ ᠴᠢᠨᠠᠷ ᠢᠶᠠᠷ ᠠᠵᠤ ᠠᠬᠤᠶᠢᠯᠠᠯ᠂ ᠬᠡᠯᠬᠢᠶ᠎ᠡ᠂ ᠰᠢᠶᠠᠨ ᠢ ᠬᠦᠴᠦᠷᠬᠡᠭᠵᠢᠭᠦᠯᠬᠦ ᠠᠵᠢᠯᠯᠠᠭ᠎ᠠ ᠶᠢ ᠭᠦᠨᠵᠡᠭᠡᠶ ᠠᠬᠢᠭᠤᠯᠵᠤ᠂ ᠶᠠᠰᠤ ᠴᠢᠨᠠᠷ ᠢᠶᠠᠷ ᠬᠤᠲᠠ ᠪᠠᠨ ᠬᠦᠴᠦᠷᠬᠡᠭᠵᠢᠭᠦᠯᠬᠦ ᠶᠢ ᠲᠦᠷᠭᠡᠳᠬᠡᠨ ᠪᠠᠶᠢᠭᠤᠯᠵᠤ᠂ ᠠᠵᠤ ᠦᠢᠯᠡᠰ ᠪᠠ ᠣᠷᠣᠨ ᠪᠦᠰᠡ ᠶᠢᠨ ᠶᠠᠰᠤ ᠴᠢᠨᠠᠷ ᠤᠨ ᠥᠷᠢᠰᠥᠯᠳᠦᠬᠦ ᠬᠦᠴᠦᠨ ᠢ ᠦᠨᠡᠨ ᠬᠦ ᠴᠢᠩᠭᠠᠷᠠᠭᠤᠯᠪᠠ᠃

    ᠠᠵᠤ ᠠᠬᠤᠶᠢᠯᠠᠯ ᠢ ᠬᠦᠴᠦᠷᠬᠡᠭᠵᠢᠭᠦᠯᠬᠦ ᠲᠠᠯ᠎ᠠ ᠪᠠᠷ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠦᠢᠯᠡᠴᠢᠯᠡᠭᠡ ᠶᠢ ᠬᠦᠷᠢᠶᠡᠯᠡᠩ ᠲᠣᠭᠤᠷᠢᠭ ᠠᠵᠤ ᠠᠬᠤᠶᠢᠯᠠᠯ ᠳᠤ ᠣᠷᠣᠭᠤᠯᠬᠤ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ 70 ᠭᠠᠷᠤᠢ ᠠᠵᠤ ᠠᠬᠤᠶᠢᠯᠠᠯ ᠳᠤ ᠭᠤᠷᠪᠠᠨ ᠲᠣᠭᠲᠠᠯᠴᠠᠭᠠᠨ ᠤ ᠭᠡᠷᠡᠴᠢᠯᠡᠯ᠂ ᠡᠨᠧᠷᠭᠢ ᠶᠢᠨ ᠬᠡᠮᠵᠢᠯᠲᠡ ᠶᠢᠨ ᠬᠢᠨᠠᠨ ᠪᠠᠶᠢᠴᠠᠭᠠᠯᠲᠠ᠂ ᠪᠠᠷᠢᠮᠵᠢᠶ᠎ᠠ᠂ ᠲᠤᠰᠬᠠᠢ ᠠᠰᠢᠭ ᠤᠨ ᠭᠤᠶᠤᠴᠢᠯᠠᠯ ᠵᠡᠷᠭᠡ ᠶᠠᠰᠤ ᠴᠢᠨᠠᠷ ᠢ ᠳᠡᠭᠡᠭᠰᠢᠯᠡᠭᠦᠯᠵᠦ ᠬᠠᠪᠰᠤᠷᠤᠨ ᠲᠡᠳᠬᠦᠬᠦ ᠦᠢᠯᠡᠴᠢᠯᠡᠭᠡ ᠶᠢ ᠬᠠᠩᠭᠠᠵᠤ᠂ 81 ᠶᠠᠰᠤ ᠴᠢᠨᠠᠷ ᠤᠨ ᠠᠰᠠᠭᠤᠳᠠᠯ ᠢ ᠰᠢᠢᠳᠪᠦᠷᠢᠯᠡᠵᠦ᠂ 25 ᠲᠦᠮᠡᠨ ᠲᠥᠭᠦᠷᠢᠭ ᠤᠨ ᠵᠠᠷᠤᠳᠠᠯ ᠢ ᠠᠷᠪᠢᠯᠠᠪᠠ᠃ ᠶᠠᠰᠤ ᠴᠢᠨᠠᠷ ᠤᠨ ᠲᠦᠷᠦᠭᠦᠴᠢ ᠶᠢᠨ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠵᠦ᠂ ᠣᠳᠣᠬᠠᠨ ᠳᠤ ᠪᠣᠯᠲᠠᠯ᠎ᠠ᠂ ᠨᠢᠭᠡᠨᠲᠡ 183 ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ᠂ 66 ᠵᠢᠵᠢᠭ  ᠪᠢᠴᠢᠯ ᠠᠵᠤ ᠠᠬᠤᠶᠢᠯᠠᠯ ᠤᠨ  ᠲᠡᠷᠢᠭᠦᠨ ᠤ  ᠶᠠᠰᠤ  ᠴᠢᠨᠠᠷ ᠤᠨ  ᠲᠤᠰᠢᠶᠠᠯᠲᠠᠨ  ᠤ ᠲᠦᠷᠢᠮ ᠢ  ᠪᠠᠶᠢᠭᠤᠯᠬᠤ  ᠶᠢ  ᠳᠥᠯᠭᠢᠨ ᠠᠬᠢᠭᠤᠯᠪᠠ᠃ ᠬᠡᠯᠬᠢᠶ᠎ᠡ ᠶᠢ ᠬᠦᠴᠦᠷᠬᠡᠭᠵᠢᠭᠦᠯᠬᠦ ᠲᠠᠯ᠎ᠠ ᠪᠠᠷ᠂ ᠲᠤᠬᠠᠶ ᠶᠢᠨ ᠭᠠᠵᠠᠷ ᠤᠨ ᠳᠠᠪᠠᠭᠤᠯᠢᠭ ᠤᠨᠴᠠᠯᠢᠬᠳᠤ ᠠᠵᠤ ᠦᠢᠯᠡᠰ ᠤᠨ ᠣᠲᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠬᠡᠯᠬᠢᠶᠡᠨ ᠤ ︽ᠭᠤᠷᠪᠠᠨ ᠵᠢᠷᠤᠭ ᠬᠤᠶᠠᠷ ᠬᠠᠭᠤᠳᠠᠰᠤ︾ ︵︽ᠠᠵᠤ ᠦᠢᠯᠡᠰ ᠤᠨ ᠬᠡᠯᠬᠢᠶᠡᠨ ᠤ ᠭᠠᠵᠠᠷ ᠤᠨ ᠵᠢᠷᠤᠭ︾᠂ ︽ᠶᠠᠰᠤ  ᠴᠢᠨᠠᠷ  ᠤᠨ ᠪᠣᠭᠤᠮᠢ  ᠶᠢᠨ    ᠵᠢᠷᠤᠭ︾᠂ ︽ᠶᠠᠰᠤ ᠴᠢᠨᠠᠷ ᠤᠨ ᠠᠰᠠᠭᠤᠳᠠᠯ ᠤᠨ ᠨᠠᠷᠢᠨ ᠬᠠᠭᠤᠳᠠᠰᠤ︾᠂ ︽ᠭᠤᠤᠯᠳᠠᠯᠭ᠎ᠠ ᠲᠠᠢ ᠪᠣᠭᠤᠮᠲᠠ ᠰᠢᠪᠲᠤᠯᠬᠤ ᠲᠥᠷᠥᠯ ᠵᠦᠢᠯ ᠤᠨ ᠨᠠᠷᠢᠨ ᠬᠠᠭᠤᠳᠠᠰᠤ︾᠂ ︽ᠶᠠᠰᠤ ᠴᠢᠨᠠᠷ ᠤᠨ ᠲᠥᠷᠥ ᠶᠢᠨ ᠪᠣᠳᠣᠯᠭ᠎ᠠ ᠶᠢᠨ ᠪᠠᠭᠠᠵᠢ ᠶᠢᠨ ᠨᠠᠷᠢᠨ ᠬᠠᠭᠤᠳᠠᠰᠤ︾ ᠵᠡᠷᠭᠡ ᠶᠢ ᠲᠣᠭᠲᠠᠭᠠᠵᠤ᠂ ᠠᠵᠤ ᠦᠢᠯᠡᠰ ᠤᠨ ᠬᠡᠯᠬᠢᠶᠡᠨ ᠤ ᠶᠠᠰᠤ ᠴᠢᠨᠠᠷ ᠤᠨ ᠳᠡᠭᠡᠭᠰᠢᠯᠡᠯᠲᠡ ᠶᠢ ᠵᠢᠯᠤᠭᠤᠳᠪᠠ᠃ ᠣᠳᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠬᠦ ᠪᠣᠯᠪᠠᠰᠤᠷᠠᠯ ᠤᠨ ᠰᠠᠭᠤᠷᠢᠨ ᠭᠠᠵᠠᠷ ᠢ ᠪᠠᠶᠢᠭᠤᠯᠵᠤ᠂ ᠶᠠᠰᠤ ᠴᠢᠨᠠᠷ ᠤᠨ ᠴᠢᠳᠠᠪᠤᠷᠢᠲᠠᠨ ᠤ ᠪᠣᠯᠪᠠᠰᠤᠷᠠᠯ ᠤᠨ ᠲᠥᠪ᠂ ᠮᠡᠷᠭᠡᠵᠢᠯ ᠴᠢᠳᠠᠪᠤᠷᠢ ᠶᠢᠨ ᠴᠢᠳᠠᠪᠤᠷᠢᠲᠠᠨ ᠤ ᠪᠣᠯᠪᠠᠰᠤᠷᠠᠯ ᠤᠨ ᠲᠥᠪ ᠪᠠ ᠦᠢᠯᠡᠳᠪᠦᠷᠢᠯᠡᠬᠦ ᠵᠢᠭᠠᠬᠤ ᠰᠤᠳᠤᠯᠬᠤ ᠶᠢ ᠠᠭᠤᠰᠤᠯᠴᠠᠭᠤᠯᠤᠭᠰᠠᠨ ᠴᠢᠳᠠᠪᠤᠷᠢᠲᠠᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢ ᠪᠠᠶᠢᠭᠤᠯᠵᠤ᠂ ᠠᠵᠤ ᠦᠢᠯᠡᠰ ᠤᠨ ᠬᠡᠯᠬᠢᠶᠡᠨ ᠤ ᠤᠶᠠᠨ ᠬᠠᠳᠠᠨ ᠴᠢᠨᠠᠷ ᠪᠠ ᠥᠷᠢᠰᠥᠯᠳᠦᠬᠦ ᠬᠦᠴᠦᠨ ᠢ ᠴᠢᠩᠭᠠᠳᠬᠠᠬᠤ ᠳᠤ ᠶᠠᠰᠤ ᠴᠢᠨᠠᠷ ᠤᠨ ᠬᠦᠴᠦᠨ ᠵᠦᠢᠯ ᠤᠨ  ᠳᠡᠮᠵᠢᠯᠭᠡ    ᠬᠠᠩᠭᠠᠪᠠ᠃ ᠰᠢᠶᠠᠨ ᠢ ᠬᠦᠴᠦᠷᠬᠡᠭᠵᠢᠭᠦᠯᠬᠦ ᠲᠠᠯ᠎ᠠ ᠪᠠᠷ᠂ 7 ᠭᠤᠤᠯᠳᠠᠯᠭ᠎ᠠ ᠲᠠᠢ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ ᠵᠣᠬᠢᠶᠠᠨ ᠪᠠᠶᠢᠭᠤᠯᠤᠨ ᠪᠥᠬᠦ ᠣᠷᠣᠨ ᠤ ᠶᠠᠰᠤ ᠴᠢᠨᠠᠷ ᠤᠨ ᠨᠠᠷᠠᠲᠤ ᠲᠥᠷᠥᠯ ᠲᠡᠮᠳᠡᠭᠲᠦ ᠶᠢ ᠳᠡᠭᠡᠭᠰᠢᠯᠡᠭᠦᠯᠬᠦ ᠵᠢᠱᠢᠶ᠎ᠡ ᠦᠵᠡᠭᠦᠯᠬᠦ ᠣᠷᠣᠨ ᠳᠤ ᠭᠤᠶᠤᠴᠢᠯᠠᠨ ᠮᠡᠳᠡᠭᠦᠯᠪᠡ᠃ ᠦᠦᠰᠢᠨ ᠬᠤᠰᠢᠭᠤ ᠶᠢ ᠪᠥᠬᠦ ᠬᠤᠲᠠ ᠶᠢᠨ ᠶᠠᠰᠤ ᠴᠢᠨᠠᠷ ᠤᠨ ᠬᠦᠴᠦᠷᠬᠡᠭ ᠰᠢᠶᠠᠨ ᠤ ᠲᠤᠷᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠲᠣᠭᠤᠷᠢᠭ ᠢᠶᠠᠷ ᠲᠣᠭᠲᠠᠭᠠᠪᠠ᠃ ᠦᠦᠰᠢᠨ ᠬᠤᠰᠢᠭᠤᠨ ᠤ ᠲᠥᠷᠥᠯ ᠵᠦᠢᠯ ᠲᠣᠭᠲᠠᠭᠠᠬᠤ ᠶᠠᠰᠤ ᠴᠢᠨᠠᠷ ᠢᠶᠠᠷ ᠬᠤᠰᠢᠭᠤ ᠪᠠᠨ ᠬᠦᠴᠦᠷᠬᠡᠭᠵᠢᠭᠦᠯᠬᠦ᠂ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠬᠡᠯᠬᠢᠶ᠎ᠡ ᠶᠢᠨ ᠶᠠᠰᠤ ᠴᠢᠨᠠᠷ ᠢ ᠳᠡᠭᠡᠭᠰᠢᠯᠡᠭᠦᠯᠬᠦ ᠬᠤᠶᠠᠷ ᠴᠢᠬᠤᠯᠠ ᠶᠡᠭᠡ ᠲᠥᠷᠥᠯ ᠵᠦᠢᠯ ᠢ ᠵᠢᠯᠣᠭᠤᠳᠴᠤ᠂ ᠳᠤᠮᠳᠠᠳᠤ ᠤᠯᠤᠰ ᠤᠨ ᠠᠭᠠᠷ ᠠᠶᠠᠯᠠᠯ ᠤᠨ ᠮᠡᠷᠭᠡᠵᠢᠯ ᠰᠤᠳᠤᠯᠬᠤ ᠭᠠᠵᠠᠷ ︵301 ᠭᠠᠵᠠᠷ︶ ᠢ ᠣᠷᠣᠭᠤᠯᠤᠨ ᠠᠪᠴᠢᠷᠠᠵᠤ ᠦᠦᠰᠢᠨ ᠬᠤᠰᠢᠭᠤᠨ ᠤ ᠶᠠᠰᠤ ᠴᠢᠨᠠᠷ ᠢᠶᠠᠷ ᠬᠤᠰᠢᠭᠤ ᠪᠠᠨ ᠬᠦᠴᠦᠷᠬᠡᠭᠵᠢᠭᠦᠯᠬᠦ᠂ ᠬᠡᠯᠬᠢᠶ᠎ᠡ ᠪᠠᠨ ᠬᠦᠴᠦᠷᠬᠡᠭᠵᠢᠭᠦᠯᠬᠦ᠂ ᠠᠵᠤ ᠠᠬᠤᠶᠢᠯᠠᠯ ᠢᠶᠠᠨ ᠬᠦᠴᠦᠷᠬᠡᠭᠵᠢᠭᠦᠯᠬᠦ ᠪᠥᠲᠥᠭᠡᠨ ᠪᠠᠶᠢᠭᠤᠯᠤᠯᠲᠠ ᠶᠢᠨ ᠲᠤᠯᠭᠠᠭᠤᠷᠢᠯᠠᠯ ᠢ ᠬᠠᠮᠵᠢᠯᠴᠠᠨ ᠥᠷᠨᠢᠭᠦᠯᠵᠦ᠂ 7 ᠭᠡᠰᠢᠭᠦᠨ ︵2 ᠶᠠᠰᠤ ᠴᠢᠨᠠᠷ ᠤᠨ ᠢᠨᠵᠧᠨᠧᠷᠢᠩ ᠤᠨ ᠳ᠋ᠣᠺᠲ᠋ᠣᠷ᠂ 5 ᠶᠠᠰᠤ ᠴᠢᠨᠠᠷ ᠤᠨ ᠢᠨᠵᠧᠨᠧᠷᠢᠩ ᠤᠨ ᠠᠰᠫᠢᠷᠠᠨᠲ︶ ᠢᠶᠠᠷ ᠪᠦᠷᠢᠯᠳᠦᠭᠰᠡᠨ ᠲᠤᠬᠠᠶᠢᠯᠠᠭᠰᠠᠨ ᠠᠵᠢᠯ ᠤᠨ ᠪᠦᠯᠬᠦᠮ ᠢ ᠲᠣᠬᠢᠷᠠᠭᠤᠯᠵᠤ ᠶᠠᠰᠤ ᠴᠢᠨᠠᠷ ᠤᠨ ︽ᠭᠤᠷᠪᠠᠨ  ᠬᠦᠴᠦᠷᠬᠡᠭ︾ ᠠᠵᠢᠯ ᠢ ᠬᠠᠮᠵᠢᠯᠴᠠᠨ ᠥᠷᠨᠢᠭᠦᠯᠪᠡ᠃ ᠵᠢᠩᠬᠢᠨᠢ ᠠᠵᠢᠯᠯᠠᠵᠦ ᠪᠦᠬᠦᠢ ᠶᠠᠰᠣ ᠴᠢᠨᠡᠷ ᠢᠶᠠᠷ ᠬᠤᠰᠢᠭᠤ ᠪᠠᠨ ᠬᠦᠴᠦᠷᠭᠡᠭᠵᠢᠬᠦᠯᠬᠦ ᠳ᠋ᠣᠺᠲ᠋ᠤᠷ ᠤᠨ ᠠᠵᠢᠯ ᠤᠨ ᠦᠷᠲᠡᠭᠡ ᠶᠢ ᠪᠠᠶᠢᠭᠤᠯᠵᠦ᠂ ᠲᠣᠰᠬᠠᠢ ᠮᠡᠷᠭᠡᠵᠢᠯ ᠤᠨ ᠲᠣᠯᠭᠠᠭᠤᠷᠢᠯᠠᠬᠤ ᠴᠢᠳᠡᠪᠦᠷᠢ ᠶᠢ ᠬᠦᠢᠴᠡᠳ ᠪᠠᠳᠡᠷᠡᠭᠤᠯᠥᠨ᠂ ᠶᠠᠰᠣ ᠴᠢᠨᠡᠷ ᠢᠶᠠᠷ ᠬᠤᠰᠢᠭᠤ ᠪᠠᠨ ᠬᠦᠴᠦᠷᠭᠡᠭᠵᠢᠬᠦᠯᠬᠦ ᠪᠦᠳᠦᠭᠡᠨ ᠪᠠᠶᠢᠭᠤᠯᠥᠯᠳᠡ ᠶᠢ ᠠᠬᠢᠭᠤᠯᠪᠠ᠃

    ᠲᠠᠷᠠᠭᠠᠴᠢ ᠶᠢᠨ ᠠᠯᠬᠤᠮ ᠳᠤ᠂ ᠣᠷᠳᠣᠰ ᠬᠤᠲᠠ ᠶᠢᠨ ᠵᠠᠬ᠎ᠠ  ᠳᠡᠯᠭᠡᠭᠦᠷ ᠤᠨ  ᠬᠢᠨᠠᠯᠲᠠ  ᠬᠠᠮᠢᠶᠠᠷᠤᠯᠲᠠ ᠶᠢᠨ  ᠲᠣᠪᠴᠢᠶ᠎ᠠ  ᠶᠠᠰᠤ ᠴᠢᠨᠠᠷ  ᠢᠶᠠᠷ ᠠᠵᠤ  ᠠᠬᠤᠶᠢᠯᠠᠯ᠂  ᠬᠡᠯᠬᠢᠶ᠎ᠡ᠂ ᠰᠢᠶᠠᠨ ᠢᠶᠠᠨ ᠬᠦᠴᠦᠷᠬᠡᠭᠵᠢᠭᠦᠯᠬᠦ ᠠᠵᠢᠯ ᠢ ᠦᠷᠭᠦᠯᠵᠢᠯᠡᠨ ᠭᠦᠨᠵᠡᠭᠡᠶ ᠳᠥᠯᠭᠢᠨ ᠠᠬᠢᠭᠤᠯᠬᠤ ᠪᠣᠯᠣᠨ᠎ᠠ᠂ ᠨᠢᠭᠡ ᠳᠤ᠂ ᠶᠠᠰᠤ ᠴᠢᠨᠠᠷ ᠤᠨ ᠦᠢᠯᠡᠴᠢᠯᠡᠭᠡᠨ ᠤ ᠦᠢᠯᠡᠳᠦᠯ ᠴᠢᠳᠠᠪᠤᠷᠢ ᠶᠢ ᠴᠢᠩᠭᠠᠷᠠᠭᠤᠯᠤᠨ᠎ᠠ᠃ ᠶᠠᠰᠤ ᠴᠢᠨᠠᠷ ᠤᠨ ᠦᠢᠯᠡᠴᠢᠯᠡᠭᠡᠨ ᠤ ᠥᠷᠲᠡᠭᠡ ᠶᠢᠨ ᠨᠡᠶᠢᠳᠡᠮ ᠬᠠᠮᠤᠷᠬᠤ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠳᠤᠮᠳᠠ ᠵᠢᠵᠢᠭ ᠠᠵᠤ ᠠᠬᠤᠶᠢᠯᠠᠯ ᠤᠨ ᠶᠠᠰᠤ ᠴᠢᠨᠠᠷ ᠤᠨ ᠬᠠᠮᠢᠶᠠᠷᠤᠯᠲᠠ ᠶᠢᠨ ᠲᠦᠪᠰᠢᠨ ᠢ ᠳᠡᠭᠡᠭᠰᠢᠯᠡᠭᠦᠯᠬᠦ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠦᠨ᠂ ᠠᠵᠤ ᠠᠬᠤᠶᠢᠯᠠᠯ ᠤᠨ ᠶᠠᠰᠤ ᠴᠢᠨᠠᠷ ᠤᠨ ᠲᠦᠪᠰᠢᠨ ᠤ ᠳᠡᠭᠡᠭᠰᠢᠯᠡᠯᠲᠡ ᠶᠢ ᠠᠬᠢᠭᠤᠯᠤᠨ᠎ᠠ᠃ ᠬᠤᠶᠠᠷ ᠲᠤ᠂ ᠶᠠᠰᠤ ᠴᠢᠨᠠᠷ ᠮᠡᠷᠭᠡᠵᠢᠯ ᠤᠨ ᠪᠣᠭᠤᠮᠲᠠ ᠰᠢᠪᠲᠤᠯᠬᠤ ᠠᠵᠢᠯ ᠢ ᠥᠷᠨᠢᠭᠦᠯᠦᠨ᠎ᠡ᠃ ᠬᠡᠮᠵᠢᠯᠲᠡ᠂ ᠪᠠᠷᠢᠮᠵᠢᠶ᠎ᠠ᠂ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ᠂ ᠭᠡᠷᠡᠴᠢᠯᠡᠵᠦ ᠵᠥᠪᠰᠢᠶᠡᠷᠡᠬᠦ ᠵᠡᠷᠭᠡ ᠶᠠᠰᠤ ᠴᠢᠨᠠᠷ ᠤᠨ ᠮᠡᠷᠭᠡᠵᠢᠯ ᠤᠨ ᠲᠤᠯᠭᠠᠭᠤᠷᠢᠯᠠᠯ ᠢ ᠶᠡᠷᠦᠩᠬᠡᠶᠢᠯᠡᠨ ᠬᠡᠷᠡᠭᠯᠡᠵᠦ᠂ ᠠᠵᠤ ᠦᠢᠯᠡᠰ ᠤᠨ ᠬᠡᠯᠬᠢᠶ᠎ᠡ ᠶᠢᠨ ᠨᠡᠶᠢᠲᠡᠯᠢᠭ ᠴᠢᠨᠠᠷᠲᠠᠶ ᠮᠡᠷᠭᠡᠵᠢᠯ ᠤᠨ ᠬᠦᠴᠢᠷ ᠠᠰᠠᠭᠤᠳᠠᠯ ᠢ ᠰᠢᠢᠳᠪᠦᠷᠢᠯᠡᠨ᠎ᠡ᠃ ᠭᠤᠷᠪᠠ ᠳᠤ᠂ ᠶᠠᠰᠤ ᠴᠢᠨᠠᠷ ᠢᠶᠠᠷ ᠰᠢᠶᠠᠨ ᠢ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠠᠬᠢᠭᠤᠯᠤᠨ᠎ᠠ᠃ ᠲᠤᠷᠰᠢᠯᠲᠠ ᠶᠢᠨ ᠴᠡᠭ ᠤᠨ ᠵᠢᠱᠢᠶ᠎ᠡ ᠦᠵᠡᠭᠦᠯᠬᠦ ᠬᠤᠰᠢᠭᠤ ᠲᠣᠭᠤᠷᠢᠭ ᠲᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠦᠢᠯᠡᠰ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠴᠢᠳᠠᠪᠤᠷᠢᠲᠠᠨ᠂ ᠡᠳ᠋ ᠤᠨ ᠵᠠᠰᠠᠭ ᠵᠡᠷᠭᠡ ᠲᠠᠯ᠎ᠠ ᠶᠢᠨ ᠶᠠᠰᠤ ᠴᠢᠨᠠᠷ ᠲᠥᠷᠥ ᠶᠢᠨ ᠪᠣᠳᠣᠯᠭ᠎ᠠ ᠶᠢᠨ ᠬᠠᠮᠵᠢᠯᠴᠠᠭ᠎ᠠ ᠶᠢ ᠴᠢᠩᠭᠠᠳᠬᠠᠵᠤ᠂ ᠰᠢᠶᠠᠨ ᠤ ᠬᠡᠪᠴᠢᠶᠡᠨ ᠤ ᠴᠢᠨᠠᠷ ᠰᠠᠶᠢᠲᠠᠶ ᠬᠥᠭᠵᠢᠯᠲᠡ ᠶᠢᠨ ᠨᠡᠶᠢᠲᠡᠯᠢᠭ ᠵᠢᠱᠢᠶ᠎ᠡ ᠪᠠ ᠵᠢᠱᠢᠶ᠎ᠡ ᠦᠵᠡᠭᠦᠯᠬᠦ ᠬᠡᠪ ᠳᠠᠭᠤᠷᠢᠶᠠᠯ ᠢ ᠴᠢᠷᠮᠠᠶᠢᠨ ᠪᠣᠶ ᠪᠣᠯᠭᠠᠨ᠎ᠠ᠃

 

ᠢᠷᠡᠯᠲᠡ᠄ ᠣᠷᠳᠣᠰ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ