ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠨᠠᠷᠢᠨ ᠬᠠᠭᠤᠳᠠᠰᠤ ᠶᠢᠨ ᠬᠥᠮᠥᠷᠭᠡ ᠶᠢ ᠪᠠᠶᠢᠭᠤᠯᠵᠤ ᠳᠠᠭᠤᠰᠪᠠ
ᠨᠡᠶᠢᠲᠡᠯᠡᠭᠰᠡᠨ ᠴᠠᠭ᠄
2024/9/4

    ᠣᠶᠢᠷ᠎ᠠ ᠳᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠬᠤᠶᠠᠳᠤᠭᠠᠷ ᠪᠦᠯᠦᠭ ᠤᠨ 62 ᠵᠦᠢᠯ ᠤᠨ ︽ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠨᠠᠷᠢᠨ ᠬᠠᠭᠤᠳᠠᠰᠤ ︾ ᠶᠢ ᠨᠡᠶᠢᠲᠡᠯᠡᠭᠰᠡᠨ ᠪᠠ 2024 ᠣᠨ ᠤ 5 ᠳ᠋ᠤᠭᠠᠷ ᠰᠠᠷ᠎ᠠ ᠳᠤ ᠲᠦᠷᠦᠭᠦᠦ ᠪᠦᠯᠦᠭ ᠤᠨ ᠳᠠᠷᠤᠮᠠᠯᠯᠠᠨ ᠲᠠᠷᠬᠠᠭᠠᠭᠰᠠᠨ 33 ᠵᠦᠢᠯ ᠤᠨ ︽ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠨᠠᠷᠢᠨ ᠬᠠᠭᠤᠳᠠᠰᠤ ︾  ᠨᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠨᠢᠭᠡᠨᠲᠡ ᠢᠳᠡᠭᠡᠨ ᠤ ᠦᠢᠯᠡᠳᠪᠦᠷᠢᠯᠡᠯ ᠡᠵᠡᠩᠨᠡᠯᠲᠡ ᠶᠢᠨ ᠪᠥᠬᠦ ᠡᠵᠡᠩᠨᠡᠯᠲᠡ ᠶᠢᠨ ᠪᠠᠶᠢᠳᠠᠯ᠂ ᠪᠣᠶ ᠪᠥᠬᠦᠶ ᠲᠥᠷᠥᠯ ᠢᠯᠭᠠᠯ ᠢ ᠬᠠᠮᠤᠷᠤᠭᠰᠠᠨ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠨᠠᠷᠢᠨ ᠬᠠᠭᠤᠳᠠᠰᠤ  ᠶᠢᠨ ᠬᠥᠮᠥᠷᠭᠡ ᠶᠢ ᠪᠠᠶᠢᠭᠤᠯᠤᠭᠰᠠᠨ ᠢ ᠬᠠᠷᠠᠭᠤᠯᠵᠤ ᠪᠠᠶᠢᠨ᠎ᠠ᠃

    95 ᠵᠦᠢᠯ ᠤᠨ ︽ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠨᠠᠷᠢᠨ ᠬᠠᠭᠤᠳᠠᠰᠤ ︾ ᠳᠤ ᠠᠳᠠᠯᠢ ᠪᠤᠰᠤ ᠦᠢᠯᠡᠳᠪᠦᠷᠢᠯᠡᠯ ᠡᠵᠡᠩᠨᠡᠯᠲᠡ ᠶᠢᠨ ᠡᠵᠡᠩᠨᠡᠯᠲᠡ ᠶᠢᠨ ᠬᠡᠯᠪᠡᠷᠢ ᠪᠠ ᠢᠳᠡᠭᠡᠨ ᠤ ᠲᠦᠷᠦᠯ ᠤᠨ ᠪᠤᠰᠤᠳ ᠠᠵᠤ ᠠᠬᠤᠶᠢᠯᠠᠯ ᠤᠨ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢ ᠡᠵᠡᠮᠳᠡᠬᠦ ᠭᠤᠭᠴᠤᠭ᠎ᠠ᠂ ᠲᠦᠭᠰᠢᠭᠦᠷᠢ ᠶᠢᠨ ᠴᠡᠭ᠂ ᠲᠦᠭᠰᠢᠭᠦᠷᠢ ᠶᠢᠨ ᠲᠣᠭᠠᠴᠢᠯᠲᠠ᠂ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ᠂ ᠬᠠᠮᠢᠶᠠᠷᠤᠨ ᠡᠵᠡᠮᠳᠡᠬᠦ ᠬᠠᠷᠠᠯᠲᠠ᠂ ᠬᠠᠮᠢᠶᠠᠷᠤᠨ ᠡᠵᠡᠮᠳᠡᠬᠦ ᠳᠠᠪᠲᠠᠮᠵᠢ ᠂ ᠬᠠᠷᠢᠭᠤᠴᠠᠯᠭᠠᠲᠠᠨ ᠵᠡᠷᠭᠡ ᠠᠭᠤᠯᠭ᠎ᠠ ᠶᠢ ᠲᠤᠰ ᠲᠤᠰ ᠲᠣᠳᠣᠷᠬᠠᠶᠢᠯᠠᠵᠤ᠂ ᠢᠳᠡᠭᠡᠨ ᠤ ᠦᠢᠯᠡᠳᠪᠦᠷᠢᠯᠡᠯ ᠡᠵᠡᠩᠨᠡᠯᠲᠡ ᠶᠢᠨ ᠠᠵᠤ ᠠᠬᠤᠶᠢᠯᠠᠯ ᠤᠨ ᠲᠤᠰ ᠪᠡᠶ᠎ᠡ ᠶᠢᠨ ︽ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠨᠠᠷᠢᠨ ᠬᠠᠭᠤᠳᠠᠰᠤ︾ ᠶᠢ ᠪᠠᠶᠢᠭᠤᠯᠤᠨ ᠲᠡᠭᠦᠯᠳᠡᠷᠵᠢᠭᠦᠯᠬᠦ ᠶᠢ ᠵᠢᠯᠣᠭᠤᠳᠴᠤ᠂ ︽ᠬᠠᠮᠤᠭ ᠤᠨ ᠪᠠᠭ᠎ᠠ ᠠᠵᠢᠯ ᠤᠨ ᠨᠢᠭᠡᠴᠢ︾ ᠳᠤ ᠲᠦᠭᠰᠢᠭᠦᠷᠢ ᠶᠢ ᠰᠢᠨᠵᠢᠯᠡᠬᠦ ᠤᠬᠠᠭᠠᠨᠴᠢ ᠪᠠᠷ ᠢᠯᠭᠠᠨ ᠲᠠᠨᠢᠬᠤ᠂ ᠲᠦᠭᠰᠢᠭᠦᠷᠢ ᠶᠢ ᠤᠨᠢᠨ ᠳᠡᠭᠡᠷ᠎ᠡ ᠨᠢ ᠰᠡᠷᠭᠡᠶᠢᠯᠡᠨ ᠡᠵᠡᠮᠳᠡᠬᠦ ᠳᠤ ᠯᠠᠪᠯᠠᠯᠲᠠ ᠪᠠ ᠵᠦᠭᠯᠡᠭᠦᠷ ᠬᠠᠩᠭᠠᠵᠤ᠂ ᠢᠳᠡᠭᠡᠨ ᠤ ᠠᠵᠢᠯ ᠲᠦᠷᠦᠯ ᠤᠨ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠴᠢᠳᠠᠪᠤᠷᠢ ᠪᠠ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠠᠷᠠᠳ ᠤᠯᠠᠨ ᠤ ︽ᠢᠳᠡᠭᠡᠨ ᠤᠮᠳᠠᠭᠠᠨ ᠤ ᠠᠮᠤᠷ ᠲᠦᠪᠰᠢᠨ︾ ᠢ ᠪᠠᠲᠤᠯᠠᠪᠠ᠃

    ᠢᠳᠡᠭᠡᠨ ᠦᠢᠯᠡᠳᠪᠦᠷᠢᠯᠡᠵᠦ ᠡᠵᠡᠩᠨᠡᠬᠦ ᠠᠵᠤ ᠠᠬᠤᠶᠢᠯᠠᠯ ᠤᠳ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠶᠢᠨ ᠨᠡᠶᠢᠲᠡᠯᠡᠭᠰᠡᠨ ︽ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠨᠠᠷᠢᠨ ᠬᠠᠭᠤᠳᠠᠰᠤ︾ ᠪᠠᠷ ᠯᠠᠪᠯᠠᠯᠲᠠ ᠪᠣᠯᠭᠠᠵᠤ᠂ ᠡᠵᠡᠩᠨᠡᠯᠲᠡ ᠶᠢᠨ ᠪᠠᠶᠢᠳᠠᠯ᠂ ᠬᠡᠪᠴᠢᠶᠡᠵᠢᠯ ᠤᠨ ᠶᠡᠭᠡ ᠪᠠᠭ᠎ᠠ᠂ ᠢᠳᠡᠭᠡᠨ ᠤ ᠲᠥᠷᠥᠯ ᠢᠯᠭᠠᠯ ᠵᠡᠷᠭᠡ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠠᠵᠤ ᠠᠬᠤᠶᠢᠯᠠᠯ ᠤᠨ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢᠨ ᠵᠠᠳᠠᠯᠤᠯᠲᠠ ᠶᠢ ᠪᠥᠬᠦ ᠲᠠᠯ᠎ᠠ ᠪᠠᠷ ᠥᠷᠨᠢᠭᠦᠯᠵᠦ᠂ ᠠᠵᠤ ᠠᠬᠤᠶᠢᠯᠠᠯ ᠤᠨ ᠪᠣᠳᠠᠲᠠᠶ ᠳᠤ ᠨᠡᠶᠢᠴᠡᠭᠰᠡᠨ ︽ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠨᠠᠷᠢᠨ ᠬᠠᠭᠤᠳᠠᠰᠤ︾ ᠶᠢ ᠪᠠᠶᠢᠭᠤᠯᠤᠨ ᠲᠡᠭᠦᠯᠳᠡᠷᠵᠢᠭᠦᠯᠬᠦ ᠶᠢᠨ ᠬᠠᠮᠲᠤ᠂ ᠬᠡᠷᠡᠭᠵᠢᠭᠦᠯᠬᠦ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠦᠨᠳᠦᠰᠦᠯᠡᠨ ᠬᠥᠳᠡᠯᠦᠩᠭᠦᠶ ᠪᠠᠷ ᠳᠣᠭᠢᠷᠠᠭᠤᠯᠵᠤ᠂ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠱᠠᠭᠠᠷᠳᠠᠯᠭ᠎ᠠ ᠶᠢ ᠠᠵᠤ ᠠᠬᠤᠶᠢᠯᠠᠯ ᠤᠨ ᠣᠲᠣ ᠶᠢᠨ ᠪᠠᠶᠢᠭ᠎ᠠ ᠬᠠᠮᠢᠶᠠᠷᠤᠯᠲᠠ ᠶᠢᠨ ᠲᠦᠷᠢᠮ ᠳᠤ ᠦᠨᠡᠨ ᠬᠦ ᠠᠭᠤᠰᠤᠯᠴᠠᠭᠤᠯᠵᠤ᠂ ᠢᠳᠡᠭᠡᠨ ᠤ ᠠᠮᠤᠷ ᠲᠦᠪᠰᠢᠨ ᠢ ᠦᠨᠡᠨ ᠬᠦ ᠪᠠᠲᠤᠯᠠᠬᠤ ᠪᠣᠯᠣᠨ᠎ᠠ᠃

 

ᠢᠷᠡᠯᠲᠡ᠄ ᠬᠤᠲᠠ ᠶᠢᠨ ᠰᠢᠨ᠎ᠡ ᠦᠭᠡ ᠬᠡᠯᠡ