ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠬᠤᠪᠸᠢ ᠮᠤᠵᠢ ᠲᠠᠢ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ ᠲᠤ ᠭᠠᠷ ᠤᠨ ᠦᠰᠦᠭ ᠵᠢᠷᠤᠪᠠ
ᠨᠡᠶᠢᠲᠡᠯᠡᠭᠰᠡᠨ ᠴᠠᠭ᠄
2024/9/4

    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠬᠤᠪᠸᠢ ᠮᠤᠵᠢ ᠶᠢᠨ ᠬᠡᠷᠡᠭᠯᠡᠭᠴᠢᠳ ᠤᠨ ᠡᠷᠬᠡ ᠶᠢ ᠬᠠᠮᠠᠭᠠᠯᠠᠬᠤ ᠠᠵᠢᠯ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠤᠯᠠᠮ ᠨᠢᠭᠡ ᠠᠯᠬᠤᠮ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠵᠤ᠂ ᠠᠮᠤᠷ ᠲᠦᠪᠰᠢᠨ᠂ ᠰᠠᠨᠠᠭ᠎ᠠ ᠠᠮᠤᠷ ᠬᠡᠷᠡᠭᠯᠡᠭᠡᠨ ᠤ ᠣᠷᠴᠢᠨ ᠲᠣᠭᠤᠷᠢᠨ ᠢ ᠪᠣᠶ ᠪᠣᠯᠭᠠᠵᠤ᠂ ᠬᠤᠶᠠᠷ ᠭᠠᠵᠠᠷ ᠤᠨ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠲᠤ ᠪᠠᠷ ᠰᠠᠶᠢᠲᠤᠷ ᠬᠠᠮᠠᠭᠠᠯᠠᠵᠤ᠂ ᠬᠤᠶᠠᠷ ᠭᠠᠵᠠᠷ ᠤᠨ ᠨᠡᠶᠢᠭᠡᠮ ᠤᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠦᠢᠯᠡᠴᠢᠯᠡᠬᠦ ᠶᠢᠨ ᠲᠥᠯᠥᠭᠡ᠂ 8 ᠳ᠋ᠤᠭᠠᠷ ᠰᠠᠷ᠎ᠠ ᠶᠢᠨ 24 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠷᠡᠭᠯᠡᠭᠴᠢᠳ ᠤᠨ ᠨᠡᠶᠢᠭᠡᠮᠯᠢᠭ ᠬᠢᠭᠡᠳ ᠬᠤᠪᠸᠢ ᠮᠤᠵᠢ ᠶᠢᠨ ᠬᠡᠷᠡᠭᠯᠡᠭᠴᠢᠳ ᠤᠨ ᠵᠥᠪᠯᠡᠯ ᠬᠥᠬᠡᠬᠤᠲᠠ ᠳᠤ ᠥᠪᠥᠷ ᠮᠣᠩᠭᠤᠯ ᠬᠤᠪᠸᠢ ᠶᠢᠨ ᠣᠷᠣᠨ ᠪᠦᠰᠡ ᠠᠯᠤᠰᠯᠠᠭᠰᠠᠨ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ ᠲᠤ ᠭᠠᠷ ᠤᠨ ᠦᠰᠦᠭ ᠵᠢᠷᠤᠬᠤ ᠶᠣᠰᠣᠯᠠᠯ ᠶᠠᠪᠤᠭᠳᠠᠭᠤᠯᠪᠠ᠃

    ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠷᠡᠭᠯᠡᠭᠴᠢᠳ ᠤᠨ ᠨᠡᠶᠢᠭᠡᠮᠯᠢᠭ᠂ ᠬᠤᠪᠸᠢ ᠮᠤᠵᠢ ᠶᠢᠨ ᠬᠡᠷᠡᠭᠯᠡᠭᠴᠢᠳ ᠤᠨ ᠵᠥᠪᠯᠡᠯ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ︾ ᠲᠤ ᠬᠤᠶᠠᠷ ᠲᠠᠯ᠎ᠠ ᠪᠠᠷ ᠢᠶᠠᠨ ᠬᠡᠷᠡᠭᠯᠡᠭᠡᠨ ᠤ ᠡᠷᠬᠡ ᠠᠰᠢᠭ ᠢ ᠬᠠᠮᠠᠭᠠᠯᠠᠬᠤ ᠮᠡᠳᠡᠭᠡ ᠵᠠᠩᠭᠢ ᠶᠢ ᠬᠠᠮᠲᠤ ᠪᠠᠷ ᠡᠳ᠋ᠯᠡᠵᠦ ᠬᠠᠷᠢᠯᠴᠠᠨ ᠨᠡᠪᠲᠡᠷᠡᠯᠴᠡᠬᠦ᠂ ᠬᠦᠴᠦ ᠪᠠᠨ ᠬᠠᠮᠲᠤᠳᠬᠠᠨ ᠲᠠᠸᠠᠷ ᠤᠨ ᠦᠢᠯᠡᠴᠢᠯᠡᠭᠡ ᠳᠤ ᠨᠡᠶᠢᠭᠡᠮ ᠤᠨ ᠬᠢᠨᠠᠯᠲᠠ ᠲᠠᠯᠪᠢᠬᠤ᠂ ᠬᠡᠷᠡᠭᠯᠡᠭᠡᠨ ᠤ ᠵᠠᠭᠠᠯᠳᠤᠯᠭ᠎ᠠ ᠵᠢᠭᠤᠷᠠᠯᠳᠤᠭᠠᠨ ᠢ ᠨᠠᠮᠳᠠᠭᠤᠯᠬᠤ᠂ ᠰᠡᠳᠬᠢᠯ ᠠᠮᠤᠷ ᠬᠡᠷᠡᠭᠯᠡᠭᠡᠨ ᠤ ᠠᠵᠢᠯᠯᠠᠭ᠎ᠠ ᠶᠢ ᠬᠠᠮᠲᠤᠷᠠᠨ ᠥᠷᠨᠢᠭᠦᠯᠬᠦ᠂ ᠬᠡᠷᠡᠭᠯᠡᠭᠡᠨ ᠤ ᠤᠬᠠᠭᠤᠯᠭ᠎ᠠ ᠬᠥᠮᠦᠵᠢᠯ ᠢ ᠰᠦᠪᠡᠭᠴᠢᠯᠡᠨ ᠪᠠᠶᠢᠭᠤᠯᠬᠤ᠂ ᠬᠡᠷᠡᠭᠯᠡᠭᠡᠨ ᠤ ᠬᠦᠷᠢᠶᠡᠨ ᠳᠠᠬᠢ ᠢᠲᠡᠭᠡᠮᠵᠢ ᠶᠢᠨ ᠲᠣᠭᠲᠠᠯᠴᠠᠭ᠎ᠠ ᠶᠢ ᠰᠦᠪᠡᠭᠴᠢᠯᠡᠨ ᠪᠠᠶᠢᠭᠤᠯᠬᠤ ᠵᠡᠷᠭᠡ ᠲᠠᠯ᠎ᠠ ᠪᠠᠷ ᠬᠠᠮᠲᠤᠷᠠᠯᠴᠠᠭᠠᠨ ᠤ ᠲᠣᠭᠲᠠᠴᠠ ᠶᠢ ᠭᠦᠨᠵᠡᠭᠡᠶᠢᠷᠡᠭᠦᠯᠦᠨ᠎ᠡ ᠭᠡᠵᠦ ᠲᠣᠳᠣᠷᠬᠠᠶᠢᠯᠠᠪᠠ᠃ ᠡᠨᠡ ᠬᠦ ᠰᠠᠭᠤᠷᠢᠨ ᠳᠡᠭᠡᠷ᠎ᠡ᠂ ᠪᠠᠰᠠ ᠬᠡᠷᠡᠭᠯᠡᠭᠡᠨ ᠤ ᠵᠢᠭᠤᠷᠠᠯᠳᠤᠭᠠᠨ ᠢ ᠣᠨᠳᠣᠤ ᠭᠠᠵᠠᠷ ᠲᠤ ᠭᠥᠯᠢᠶᠡᠨ ᠠᠪᠴᠤ ᠰᠢᠢᠳᠪᠦᠷᠢᠯᠡᠬᠦ ᠲᠣᠭᠲᠠᠴᠠ ᠶᠢ ᠪᠠᠶᠢᠭᠤᠯᠬᠤ ᠪᠠᠷ ᠳᠠᠮᠵᠢᠭᠤᠯᠤᠨ᠂ ᠬᠡᠷᠡᠭᠯᠡᠭᠡᠨ ᠤ ᠡᠷᠬᠡ ᠪᠠᠨ ᠬᠠᠮᠠᠭᠠᠯᠠᠬᠤ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠪᠠ ᠰᠢᠢᠳᠪᠦᠷᠢᠯᠡᠬᠦ ᠲᠣᠭᠲᠠᠴᠠ ᠶᠢ ᠪᠠᠶᠢᠭᠤᠯᠵᠤ᠂ ᠬᠠᠮᠲᠤᠷᠠᠨ ᠪᠠᠶᠢᠴᠠᠭᠠᠨ ᠰᠤᠳᠤᠯᠬᠤ ᠲᠣᠭᠲᠠᠴᠠ ᠶᠢ ᠪᠠᠶᠢᠭᠤᠯᠵᠤ᠂ ᠲᠤᠰᠬᠠᠶ ᠰᠡᠳᠦᠪ ᠢᠶᠠᠷ ᠰᠤᠳᠤᠯᠤᠨ ᠶᠠᠷᠢᠯᠴᠠᠬᠤ᠂ ᠪᠣᠯᠪᠠᠰᠤᠷᠠᠭᠤᠯᠤᠨ ᠰᠣᠯᠢᠯᠴᠠᠬᠤ᠂ ᠬᠤᠯᠪᠣᠭᠠᠯᠠᠨ ᠤᠬᠠᠭᠤᠯᠬᠤ ᠵᠡᠷᠭᠡ ᠬᠠᠮᠲᠤᠷᠠᠯᠴᠠᠭᠠᠨ ᠤ ᠲᠣᠭᠲᠠᠴᠠ ᠶᠢ ᠪᠠᠶᠢᠭᠤᠯᠵᠤ᠂ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠲᠤ ᠪᠠᠷ ᠰᠠᠶᠢᠲᠤᠷ ᠬᠠᠮᠠᠭᠠᠯᠠᠬᠤ ᠪᠣᠯᠣᠨ᠎ᠠ᠃

ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠦᠢᠯᠡᠴᠢᠯᠡᠭᠡᠨ ᠤ ᠲᠥᠪ