ᠥᠪᠥᠷ ᠮᠣᠩᠭᠤᠯ ︽ᠭᠤᠷᠪᠠᠨ ᠤᠶᠠᠯᠳᠤᠭᠤᠯᠬᠤ︾ ᠪᠠᠷ ᠦᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠤ ︽ᠬᠤᠶᠠᠷ ᠬᠠᠷᠢᠭᠤᠴᠠᠯᠭ᠎ᠠ︾ ᠶᠢᠨ ᠠᠵᠢᠯ ᠳᠤ ᠪᠣᠳᠠᠲᠤ ᠦᠷ᠎ᠡ ᠪᠦᠲᠦᠮᠵᠢ ᠤᠯᠬᠤ ᠶᠢ ᠠᠬᠢᠭᠤᠯᠪᠠ
ᠨᠡᠶᠢᠲᠡᠯᠡᠭᠰᠡᠨ ᠴᠠᠭ᠄
2024/9/5

     ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠦᠢᠯᠡᠳᠭᠦᠨ ᠤ ᠶᠠᠰᠤ ᠴᠢᠨᠠᠷ ᠤᠨ ᠠᠮᠤᠷ ᠲᠦᠪᠰᠢᠨ ᠤ ︽ᠬᠤᠶᠠᠷ ᠬᠠᠷᠢᠭᠤᠴᠠᠯᠭ᠎ᠠ︾ ᠶᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ︽ᠭᠤᠷᠪᠠᠨ ᠤᠶᠠᠯᠳᠤᠭᠤᠯᠬᠤ︾ ᠶᠢ ᠬᠡᠷᠡᠭᠵᠢᠭᠦᠯᠦᠨ᠂ ︽ᠬᠤᠶᠠᠷ ᠬᠠᠷᠢᠭᠤᠴᠠᠯᠭ᠎ᠠ︾ ᠶᠢ ᠨᠠᠶᠢᠳᠠᠪᠤᠷᠢᠵᠢᠭᠤᠯᠬᠤ ᠶᠢ ᠠᠬᠢᠭᠤᠯᠬᠤ ᠪᠠ ︽ᠪᠡᠶ᠎ᠡ  ᠶᠢᠨ  ᠪᠠᠶᠢᠴᠠᠭᠠᠯᠲᠠ ᠬᠡᠯᠪᠡᠷᠢ ᠶᠢᠨ ᠬᠢᠨᠠᠯᠲᠠ  ᠬᠠᠮᠢᠶᠠᠷᠤᠯᠲᠠ᠂  ᠦᠢᠯᠡᠴᠢᠯᠡᠭᠡᠨ ᠤ  ᠬᠡᠯᠪᠡᠷᠢ  ᠶᠢᠨ  ᠬᠠᠤᠯᠢ  ᠬᠡᠷᠡᠭᠵᠢᠭᠦᠯᠦᠯᠲᠡ︾ ᠶᠢ ᠠᠵᠢᠯ ᠲᠥᠷᠥᠯ ᠤᠨ ᠰᠤᠷᠲᠠᠯ ᠤᠨ ᠪᠠᠶᠢᠭᠤᠯᠤᠯᠲᠠ᠂ ᠭᠤᠤᠯᠳᠠᠯᠭ᠎ᠠ ᠲᠠᠢ ᠠᠵᠤ ᠦᠢᠯᠡᠳᠪᠦᠷᠢ ᠶᠢᠨ ᠦᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠳᠠᠯᠳᠠ ᠬᠡᠮ ᠢ ᠵᠢᠭᠰᠠᠭᠠᠨ ᠪᠠᠶᠢᠴᠠᠭᠠᠬᠤ᠂ ︽ᠶᠠᠰᠤ ᠴᠢᠨᠠᠷ ᠢ ᠳᠡᠭᠡᠭᠰᠢᠯᠡᠭᠦᠯᠦᠨ ᠠᠵᠤ ᠠᠬᠤᠶᠢᠯᠠᠯ ᠢ ᠬᠦᠴᠦᠷᠬᠡᠭᠵᠢᠭᠦᠯᠬᠦ︾ ᠶᠠᠰᠤ ᠴᠢᠨᠠᠷ ᠤᠨ ᠮᠡᠷᠭᠡᠵᠢᠯ ᠢᠶᠠᠷ ᠬᠠᠪᠰᠤᠷᠤᠨ ᠲᠡᠳᠬᠦᠬᠦ ᠭᠤᠷᠪᠠᠨ ᠵᠢᠯ ᠤᠨ ᠠᠵᠢᠯᠯᠠᠭ᠎ᠠ ᠶᠢ ᠬᠠᠷᠢᠯᠴᠠᠨ ᠤᠶᠠᠯᠳᠤᠭᠤᠯᠬᠤ ᠪᠣᠯᠣᠨ᠎ᠠ᠃ 2024 ᠣᠨ ᠳᠤ᠂ 42 ᠲᠠᠯᠠᠪᠤᠷ ᠠᠬᠤᠢ ᠲᠠᠯᠠᠪᠠᠢ ᠶᠢᠨ ᠦᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠳᠤ ᠬᠢᠨᠠᠯᠲᠠ ᠲᠠᠯᠪᠢᠵᠤ ᠰᠤᠭᠤᠴᠢᠨ ᠰᠢᠯᠭᠠᠬᠤ ᠶᠢ ᠵᠣᠬᠢᠶᠠᠨ ᠪᠠᠶᠢᠭᠤᠯᠵᠤ᠂ 1155 ᠭᠤᠤᠯᠳᠠᠯᠭ᠎ᠠ ᠲᠠᠢ ᠠᠵᠤ ᠠᠬᠤᠶᠢᠯᠠᠯ ᠤᠨ 1370 ᠨᠡᠷᠡᠰ ᠶᠠᠰᠤ ᠴᠢᠨᠠᠷ ᠤᠨ ᠬᠠᠮᠢᠶᠠᠷᠤᠯᠲᠠ ᠶᠢᠨ ᠠᠵᠢᠯᠲᠠᠨ ᠳᠤ ᠶᠠᠰᠤ ᠴᠢᠨᠠᠷ ᠤᠨ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠴᠢᠳᠠᠪᠤᠷᠢ ᠪᠠᠨ ᠳᠡᠭᠡᠭᠰᠢᠯᠡᠭᠦᠯᠬᠦ ᠬᠢᠨᠠᠨ ᠰᠢᠯᠭᠠᠯᠲᠠ ᠬᠢᠪᠠ᠃ ᠦᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠨᠠᠷᠢᠨ ᠲᠠᠩᠰᠠ ᠶᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠪᠥᠬᠦ ᠣᠷᠣᠨ ᠤ 1.09 ᠲᠦᠮᠡᠨ ᠦᠢᠯᠡᠳᠪᠦᠷᠢᠯᠡᠯ ᠪᠣᠷᠣᠯᠠᠭᠤᠯᠭ᠎ᠠ ᠶᠢᠨ ᠨᠢᠭᠡᠴᠢ ᠶᠢᠨ 2.79 ᠲᠦᠮᠡᠨ ᠶᠠᠰᠤ ᠴᠢᠨᠠᠷ ᠤᠨ ᠬᠠᠮᠢᠶᠠᠷᠤᠯᠲᠠ ᠶᠢᠨ ᠠᠵᠢᠯᠲᠠᠨ ᠳᠤ ︽ᠡᠳᠦᠷ ᠲᠤ ᠬᠠᠮᠢᠶᠠᠷᠤᠨ ᠡᠵᠡᠮᠳᠡᠵᠦ᠂ ᠭᠠᠷᠠᠭ ᠲᠤ ᠵᠢᠭᠰᠠᠭᠠᠨ ᠪᠠᠶᠢᠴᠠᠭᠠᠵᠤ᠂ ᠰᠠᠷ᠎ᠠ ᠳᠤ ᠳᠣᠭᠢᠷᠠᠭᠤᠯᠬᠤ︾ ᠲᠣᠭᠲᠠᠴᠠ ᠶᠢ ᠠᠵᠢᠯᠯᠠᠭᠤᠯᠵᠤ᠂ ᠠᠵᠤ ᠠᠬᠤᠶᠢᠯᠠᠯ ᠤᠨ ᠶᠠᠰᠤ ᠴᠢᠨᠠᠷ ᠤᠨ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠪᠠ ᠦᠨᠳᠦᠰᠦᠨ ᠱᠠᠲᠤᠨ ᠤ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠪᠥᠬᠦ ᠲᠠᠯ᠎ᠠ ᠪᠠᠷ ᠪᠣᠳᠠᠲᠠᠶᠢᠵᠢᠭᠤᠯᠪᠠ᠃

     ︽ᠪᠡᠶ᠎ᠡ ᠶᠢᠨ ᠪᠠᠶᠢᠴᠠᠭᠠᠯᠲᠠ ᠬᠡᠯᠪᠡᠷᠢ ᠶᠢᠨ ᠬᠢᠨᠠᠯᠲᠠ ᠬᠠᠮᠢᠶᠠᠷᠤᠯᠲᠠ᠂ ᠦᠢᠯᠡᠴᠢᠯᠡᠭᠡᠨ ᠤ ᠬᠡᠯᠪᠡᠷᠢ ᠶᠢᠨ ᠬᠠᠤᠯᠢ ᠬᠡᠷᠡᠭᠵᠢᠭᠦᠯᠦᠯᠲᠡ︾ ᠶᠢ ᠠᠵᠢᠯ ᠲᠥᠷᠥᠯ ᠤᠨ ᠰᠤᠷᠲᠠᠯ ᠤᠨ ᠪᠠᠶᠢᠭᠤᠯᠤᠯᠲᠠ ᠲᠠᠢ ᠤᠶᠠᠯᠳᠤᠭᠤᠯᠵᠤ᠂ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠨᠠᠷᠢᠨ ᠳᠠᠩᠰᠠ ᠶᠢᠨ ᠪᠦᠲᠦᠮᠵᠢᠲᠡᠢ ᠬᠡᠷᠡᠭᠯᠡᠯᠲᠡ ᠶᠢ ᠠᠬᠢᠭᠤᠯᠪᠠ

     ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠨᠠᠷᠢᠨ ᠳᠠᠩᠰᠠ ᠶᠢ ᠲᠣᠭᠲᠠᠭᠠᠬᠤ ᠳᠤ ᠣᠷᠣᠯᠴᠠᠭᠰᠠᠨ ᠣᠷᠣᠨ ᠤ ᠭᠠᠳᠠᠨᠠᠬᠢ ᠳᠡᠭᠡᠳᠦ ᠵᠡᠷᠭᠡ ᠶᠢᠨ ᠶᠠᠰᠤ ᠴᠢᠨᠠᠷ ᠤᠨ ᠲᠤᠰᠬᠠᠶ ᠮᠡᠷᠭᠡᠵᠢᠯᠲᠡᠨ ᠢ ᠣᠯᠠᠨ ᠤᠳᠠᠭ᠎ᠠ ᠤᠷᠢᠵᠤ᠂ ᠴᠠᠬᠢᠯᠭᠠᠨ ᠤᠲᠠᠰᠤ ᠴᠠᠬᠢᠯᠭᠠᠨ ᠳᠡᠭᠡᠰᠦ᠂ ᠠᠶᠤᠯᠲᠠᠶ ᠬᠢᠮᠢ ᠶᠢᠨ ᠪᠣᠳᠠᠰ᠂ ᠰᠢᠷᠪᠥᠰᠥ ᠪᠣᠯᠣᠳ ᠵᠡᠷᠭᠡ ᠦᠢᠯᠡᠳᠪᠦᠷᠢᠯᠡᠯ ᠤᠨ ᠠᠵᠤ ᠠᠬᠤᠶᠢᠯᠠᠯ ᠳᠤ ︽ᠰᠤᠳᠠᠯ ᠪᠠᠷᠢᠵᠤ ᠣᠨᠣᠰᠢᠯᠠᠨ︾᠂ ︽ᠪᠠᠶᠢᠴᠠᠭᠠᠯᠲᠠ ᠪᠠᠷ ᠪᠣᠯᠪᠠᠰᠤᠷᠠᠯ ᠢ ᠣᠷᠣᠯᠠᠭᠤᠯᠬᠤ᠂ ᠠᠵᠤ ᠠᠬᠤᠶᠢᠯᠠᠯ ᠳᠤ ᠦᠢᠯᠡᠴᠢᠯᠡᠬᠦ︾ ᠬᠡᠯᠪᠡᠷᠢ ᠪᠠᠷ ᠳᠠᠮᠵᠢᠭᠤᠯᠤᠨ᠂ ᠠᠵᠤ ᠠᠬᠤᠶᠢᠯᠠᠯ ᠢ ᠨᠢᠭᠡᠳ ᠨᠢᠭᠡ ᠪᠠᠷ ᠵᠢᠯᠣᠭᠤᠳᠴᠤ ᠪᠠᠶᠢᠭᠠᠳ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠨᠠᠷᠢᠨ ᠲᠠᠩᠰᠠ ᠶᠢ ᠨᠠᠶᠢᠳᠠᠪᠤᠷᠢᠵᠢᠭᠤᠯᠵᠤ᠂ ︽ᠡᠳᠦᠷ ᠲᠤ ᠬᠠᠮᠢᠶᠠᠷᠤᠨ ᠡᠵᠡᠮᠳᠡᠬᠦ᠂ ᠭᠠᠷᠠᠭ ᠲᠤ ᠵᠢᠭᠰᠠᠭᠠᠨ ᠪᠠᠶᠢᠴᠠᠭᠠᠬᠤ᠂ ᠰᠠᠷ᠎ᠠ ᠳᠤ ᠲᠣᠬᠢᠷᠠᠭᠤᠯᠬᠤ︾ ᠠᠵᠤ ᠠᠬᠤᠶᠢᠯᠠᠯ ᠤᠨ ᠡᠳᠦᠷ ᠲᠤᠲᠤᠮ ᠤᠨ ᠶᠠᠰᠤ ᠴᠢᠨᠠᠷ ᠢ ᠬᠠᠮᠢᠶᠠᠷᠤᠨ ᠡᠵᠡᠮᠳᠡᠬᠦ  ᠲᠣᠭᠲᠠᠯᠴᠠᠭ᠎ᠠ ᠳᠤ ᠭᠦᠨᠵᠡᠭᠡᠶ ᠠᠭᠤᠰᠤᠯᠴᠠᠭᠤᠯᠬᠤ ᠶᠢ ᠠᠬᠢᠭᠤᠯᠵᠤ᠂ ᠠᠵᠤ ᠠᠬᠤᠶᠢᠯᠠᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠪᠠ ᠶᠠᠰᠤ ᠴᠢᠨᠠᠷ ᠤᠨ ᠬᠠᠮᠢᠶᠠᠷᠤᠯᠲᠠ ᠶᠢᠨ ᠲᠣᠭᠲᠠᠯᠴᠠᠭᠠᠨ ᠤ ︽ᠬᠤᠶᠠᠷ ᠨᠢᠭᠤᠷᠲᠠᠨ︾ ᠤ ᠦᠵᠡᠭᠳᠡᠯ ᠢ ᠪᠦᠲᠦᠮᠵᠢᠲᠡᠶ ᠰᠢᠢᠳᠪᠦᠷᠢᠯᠡᠵᠦ᠂ ᠦᠢᠯᠡᠴᠢᠯᠡᠭᠡ ᠶᠢ ᠬᠢᠨᠠᠨ ᠬᠠᠮᠢᠶᠠᠷᠤᠯᠲᠠ ᠶᠢᠨ ᠡᠮᠦᠨ᠎ᠡ᠂ ᠬᠢᠨᠠᠯᠲᠠ ᠬᠠᠮᠢᠶᠠᠷᠤᠯᠲᠠ ᠶᠢ ᠲᠦᠭᠰᠢᠭᠦᠷᠢ ᠶᠢᠨ ᠡᠮᠦᠨ᠎ᠡ ᠭᠦᠶᠦᠯᠭᠡᠵᠦ᠂ ᠠᠵᠤ ᠠᠬᠤᠶᠢᠯᠠᠯ ᠤᠨ ︽ᠪᠠᠴᠢᠮ ᠪᠡᠷᠬᠡ ᠵᠣᠪᠠᠨᠢᠯ ᠬᠦᠰᠡᠯ︾ ᠤᠨ  ᠠᠰᠠᠭᠤᠳᠠᠯ ᠢ  ᠦᠨᠡᠨ ᠬᠦ     ᠰᠢᠢᠳᠪᠦᠷᠢᠯᠡᠪᠡ᠃ ᠪᠥᠬᠦ ᠣᠷᠣᠨ ᠳᠤ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠨᠠᠷᠢᠨ ᠲᠠᠩᠰᠠ ᠶᠢᠨ ᠲᠤᠰᠬᠠᠶ ᠰᠡᠳᠦᠪᠲᠦ ᠪᠣᠯᠪᠠᠰᠤᠷᠠᠯ ᠢ 108 ᠤᠳᠠᠭ᠎ᠠ ᠡᠷᠭᠢᠯᠡᠵᠦ᠂ ᠤᠬᠠᠭᠤᠯᠭ᠎ᠠ ᠶᠢᠨ ᠳᠡᠪᠲᠡᠷ ᠢ 1.3 ᠲᠦᠮᠡ ᠭᠠᠷᠤᠶ ᠳᠡᠪᠲᠡᠷ ᠳᠠᠷᠤᠮᠠᠯᠯᠠᠨ ᠲᠠᠷᠬᠠᠭᠠᠵᠤ᠂ ᠠᠵᠤ ᠠᠬᠤᠶᠢᠯᠠᠯ ᠤᠨ ᠶᠠᠰᠤ ᠴᠢᠨᠠᠷ ᠤᠨ ᠬᠠᠮᠢᠶᠠᠷᠤᠯᠲᠠ ᠶᠢᠨ ᠠᠵᠢᠯᠲᠠᠨ ᠢ 4200 ᠭᠠᠷᠤᠶ ᠬᠥᠮᠦᠨ ᠤᠳᠠᠭ᠎ᠠ ᠪᠣᠯᠪᠠᠰᠤᠷᠠᠭᠤᠯᠵᠤ᠂ ᠶᠠᠰᠤ ᠴᠢᠨᠠᠷ ᠤᠨ ᠠᠮᠤᠷ ᠲᠦᠪᠰᠢᠨ ᠤ ᠦᠵᠡᠯ ᠤᠬᠠᠮᠰᠠᠷ ᠪᠠ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠴᠢᠳᠠᠪᠤᠷᠢ ᠶᠢᠨ ︽ᠬᠤᠶᠠᠷ ᠳᠡᠭᠡᠭᠰᠢᠯᠡᠯᠲᠡ︾ ᠶᠢ ᠪᠡᠶᠡᠯᠡᠭᠦᠯᠪᠡ᠃

     ᠭᠤᠤᠯᠳᠠᠯᠭ᠎ᠠ ᠲᠠᠢ ᠠᠵᠤ ᠦᠢᠯᠡᠳᠪᠦᠷᠢ ᠶᠢᠨ ᠦᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠳᠠᠯᠳᠠ ᠭᠡᠮ ᠢ ᠵᠢᠭᠰᠠᠭᠠᠨ ᠪᠠᠶᠢᠴᠠᠭᠠᠬᠤ ᠲᠤᠰᠬᠠᠶ ᠴᠡᠭᠴᠡᠯᠡᠨ ᠵᠠᠰᠠᠬᠤ ᠲᠠᠢ ᠤᠶᠠᠯᠳᠤᠭᠤᠯᠵᠤ᠂ ᠶᠠᠰᠤ ᠴᠢᠨᠠᠷ ᠤᠨ ᠠᠮᠤᠷ ᠲᠦᠪᠰᠢᠨ ᠤ ᠲᠦᠭᠰᠢᠭᠦᠷᠢ ᠶᠢᠨ ᠳᠠᠯᠳᠠ ᠭᠡᠮ ᠢ ᠴᠠᠭ ᠲᠤᠬᠠᠢ ᠳᠤ ᠨᠢ ᠠᠷᠢᠯᠭᠠᠪᠠ

     ︽ᠬᠤᠶᠠᠷ ᠬᠠᠷᠢᠭᠤᠴᠠᠯᠭ᠎ᠠ︾ ᠶᠢ ᠨᠠᠶᠢᠳᠠᠪᠤᠷᠢᠵᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠦᠨᠡᠮᠯᠡᠯ ᠣᠯᠤᠭᠰᠠᠨ ᠦᠢᠯᠡᠳᠪᠦᠷᠢᠯᠡᠯ ᠤᠨ ᠠᠵᠤ ᠠᠬᠤᠶᠢᠯᠠᠯ ᠪᠣᠯᠤᠨ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠪᠣᠷᠣᠯᠠᠭᠤᠯᠬᠤ ᠨᠢᠭᠡᠴᠢ ᠳᠤ ᠨᠢᠭᠡ ᠠᠵᠤ ᠠᠬᠤᠶᠢᠯᠠᠯ ᠨᠢᠭᠡ ᠲᠠᠩᠰᠠ ᠡᠪᠬᠡᠮᠡᠯ ᠪᠠᠶᠢᠭᠤᠯᠬᠤ ᠶᠢ ᠵᠢᠯᠤᠭᠤᠳᠪᠠ᠃ ︽ᠪᠣᠷᠣᠯᠠᠭᠤᠯᠬᠤ ᠨᠢᠭᠡᠴᠢ ᠶᠢᠨ ᠶᠠᠰᠤ ᠴᠢᠨᠠᠷ ᠤᠨ ᠠᠮᠤᠷ ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢᠨ ᠮᠡᠳᠡᠭᠡ ᠵᠠᠩᠭᠢ ᠶᠢ ᠨᠡᠶᠢᠲᠡᠯᠡᠬᠦ ᠪᠤᠯᠤᠩ︾ ᠢ ᠵᠣᠬᠢᠶᠠᠵᠤ᠂ ︽ᠶᠠᠰᠤ ᠴᠢᠨᠠᠷ ᠤᠨ ᠠᠮᠤᠷ ᠲᠦᠪᠰᠢᠨ ᠤ ᠠᠮᠠᠯᠠᠯᠲᠠ ᠶᠢᠨ ᠪᠢᠴᠢᠭ︾ ᠲᠤ ᠭᠠᠷ ᠤᠨ ᠦᠰᠦᠭ ᠵᠢᠷᠤᠵᠤ᠂ ᠦᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠠᠮᠠᠯᠠᠯᠲᠠ ᠶᠢ ᠰᠢᠮᠳᠠᠭᠤᠯᠤᠨ ᠭᠦᠢᠴᠡᠳᠭᠡᠪᠡ᠃ ᠶᠠᠰᠤ ᠴᠢᠨᠠᠷ ᠤᠨ ᠮᠡᠷᠭᠡᠵᠢᠯ ᠤᠨ ᠠᠵᠢᠯᠲᠠᠨ ᠢ ᠰᠣᠩᠭᠤᠨ ︽ᠵᠠᠰᠠᠭ ᠵᠠᠬᠢᠷᠭᠠᠨ ᠤ ᠪᠠᠶᠢᠴᠠᠭᠠᠯᠲᠠ ᠶᠢᠨ ᠮᠡᠷᠭᠡᠵᠢᠯ ᠤᠨ ᠵᠢᠯᠣᠭᠤᠳᠣᠯᠭ᠎ᠠ︾ ᠶᠢ ᠪᠠᠶᠢᠴᠠᠭᠠᠬᠤ ᠳᠤᠭᠤᠶᠢᠯᠠᠩ ᠪᠠᠶᠢᠭᠤᠯᠵᠤ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠳᠤ ᠬᠢᠷᠢ ᠲᠡᠩᠴᠡᠭᠰᠡᠨ ᠥᠬᠡᠶ ᠦᠢᠯᠡᠳᠬᠦᠨ ᠤ ᠠᠵᠤ ᠠᠬᠤᠶᠢᠯᠠᠯ᠂ ᠬᠤᠲᠠ ᠬᠥᠳᠡᠭᠡ ᠶᠢᠨ ᠠᠭᠤᠯᠵᠠᠷ ᠬᠡᠰᠡᠭ ᠤᠨ ᠲᠡᠮᠦᠷᠯᠢᠭ ᠪᠣᠷᠣᠯᠠᠭᠤᠯᠬᠤ ᠵᠢᠵᠢᠭ ᠳᠡᠯᠭᠡᠭᠦᠷ ᠵᠡᠷᠭᠡ ᠲᠦᠭᠰᠢᠭᠦᠷᠢ ᠶᠡᠬᠡᠲᠡᠶ ᠭᠤᠤᠯ ᠴᠣᠭᠴᠠ ᠳᠤ ᠠᠩᠬᠠᠷᠤᠯ ᠢᠶᠠᠨ ᠲᠥᠪᠯᠡᠷᠡᠭᠦᠯᠦᠨ᠂ ᠢᠯᠡ ᠪᠠᠷ ᠪᠠᠶᠢᠴᠠᠭᠠᠵᠤ ᠳᠠᠯᠳᠠᠭᠤᠷ ᠰᠤᠷᠪᠤᠯᠵᠢᠯᠠᠬᠤ᠂ ᠭᠤᠤᠯᠳᠠᠯᠭ᠎ᠠ ᠲᠠᠢ ᠰᠤᠭᠤᠴᠢᠨ ᠪᠠᠶᠢᠴᠠᠭᠠᠬᠤ᠂ ︽ᠡᠷᠬᠢᠨ ᠬᠠᠷᠠᠬᠤ︾ ᠵᠡᠷᠭᠡ ᠠᠷᠭ᠎ᠠ ᠬᠡᠯᠪᠡᠷᠢ ᠶᠢ ᠠᠪᠴᠤ᠂ ᠪᠥᠬᠦ ᠣᠷᠣᠨ ᠤ 171 ᠵᠠᠬ᠎ᠠ ᠳᠡᠯᠭᠡᠭᠦᠷ ᠤᠨ ᠭᠤᠤᠯ ᠴᠣᠭᠴᠠ ᠳᠤ ᠪᠠᠶᠢᠴᠠᠭᠠᠯᠲᠠ ᠬᠢᠵᠦ᠂ ︽ᠳᠠᠯᠳᠠ ᠬᠡᠮ ᠢ ᠵᠢᠭᠰᠠᠭᠠᠨ ᠪᠠᠶᠢᠴᠠᠭᠠᠵᠤ ᠰᠢᠮᠳᠠᠭᠤᠯᠤᠨ ᠪᠠᠶᠢᠴᠠᠭᠠᠬᠤ ᠳᠤ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠲᠤᠬᠠᠶ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠭᠤᠤᠯᠳᠠᠯᠭ᠎ᠠ ᠲᠠᠢ ᠠᠰᠠᠭᠤᠳᠠᠯ ᠢ ᠥᠪᠡᠷᠲᠡᠭᠡᠨ ᠵᠠᠰᠠᠬᠤ ᠣᠷᠣᠨ ᠤ ᠬᠢᠨᠠᠯᠲᠠ ᠲᠠᠯᠪᠢᠵᠤ ᠨᠡᠪᠲᠡᠷᠡᠭᠦᠯᠬᠦ ᠲᠠᠪᠴᠠᠩ ᠳᠤ ᠣᠷᠣᠭᠤᠯᠤᠨ᠂ ᠪᠢᠲᠡᠭᠦᠤ ᠭᠤᠭᠴᠤᠭ᠎ᠠ ᠪᠠᠷ ᠴᠡᠭᠴᠡᠯᠡᠨ ᠰᠠᠶᠢᠵᠢᠷᠠᠭᠤᠯᠬᠤ ᠶᠢ ᠰᠢᠪᠠᠳᠠᠪᠠ᠃

     ︽ᠶᠠᠰᠤ ᠴᠢᠨᠠᠷ ᠢ ᠳᠡᠭᠡᠭᠰᠢᠯᠡᠭᠦᠯᠦᠨ ᠠᠵᠤ ᠠᠬᠤᠶᠢᠯᠠᠯ ᠢ ᠬᠦᠴᠦᠷᠬᠡᠭᠵᠢᠭᠦᠯᠬᠦ︾ ᠶᠢ ᠶᠠᠰᠤ ᠴᠢᠨᠠᠷ ᠮᠡᠷᠭᠡᠵᠢᠯ ᠢᠶᠠᠷ ᠬᠠᠪᠰᠤᠷᠤᠨ ᠲᠡᠳᠬᠦᠬᠦ ᠭᠤᠷᠪᠠᠨ ᠵᠢᠯ ᠤᠨ ᠠᠵᠢᠯᠯᠠᠭ᠎ᠠ ᠲᠠᠢ ᠤᠶᠠᠯᠳᠤᠭᠤᠯᠵᠤ᠂ ᠣᠶᠢᠯᠡᠴᠢᠯᠡᠬᠡᠨ ᠤ ᠬᠢᠨᠠᠯᠲᠠ ᠬᠠᠮᠢᠶᠠᠷᠤᠯᠲᠠ ᠶᠢ ᠵᠡᠷᠭᠡ ᠪᠠᠷ ᠴᠢᠬᠤᠯᠠᠴᠢᠯᠠᠵᠦ ᠶᠠᠰᠤ ᠴᠢᠨᠠᠷ ᠢᠶᠠᠷ ᠬᠠᠪᠰᠤᠷᠤᠨ ᠲᠡᠳᠭᠦᠪᠡ

     ︽ᠵᠠᠭᠤᠨ ᠡᠷᠦᠬᠡ ᠵᠠᠭᠤᠨ ᠠᠵᠤ ᠠᠬᠤᠶᠢᠯᠠᠯ ᠢ ᠬᠠᠪᠰᠤᠷᠬᠤ︾ ᠬᠤᠣᠰ ᠦᠢᠯᠡᠴᠢᠯᠡᠭᠡᠨ ᠤ ︽ᠶᠠᠰᠤ ᠴᠢᠨᠠᠷ ᠢ ᠳᠡᠭᠡᠭᠰᠢᠯᠡᠭᠦᠯᠬᠦ ᠲᠣᠭᠤᠷᠢᠨ ᠪᠠᠶᠢᠴᠠᠭᠠᠯᠲᠠ ᠶᠢᠨ ᠣᠨᠣᠰᠢᠯᠠᠯᠲᠠ︾ ᠶᠢᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ︽ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ᠂ ᠲᠤᠰᠬᠠᠶ ᠮᠡᠷᠭᠡᠵᠢᠯᠲᠡᠨ ᠬᠠᠮᠲᠤᠷᠠᠨ ᠣᠨᠣᠰᠢᠯᠠᠵᠤ ᠰᠤᠳᠤᠯᠤᠨ ᠮᠠᠭᠠᠳᠯᠠᠬᠤ᠂ ᠬᠠᠪᠰᠤᠷᠤᠨ ᠲᠡᠳᠬᠦᠬᠦ ᠲᠥᠰᠦᠯ ᠲᠣᠭᠲᠠᠭᠠᠬᠤ᠂ ᠪᠣᠯᠪᠠᠰᠤᠷᠠᠯ ᠤᠨ ᠲᠥᠷᠥ ᠶᠢᠨ ᠪᠣᠳᠣᠯᠭ᠎ᠠ ᠶᠢ ᠤᠬᠠᠭᠤᠯᠤᠨ ᠲᠤᠭᠤᠰᠢᠯᠠᠭᠤᠯᠬᠤ᠂ ᠮᠡᠷᠭᠡᠵᠢᠯ ᠢ ᠳᠡᠭᠡᠭᠰᠢᠯᠡᠭᠦᠯᠬᠦ ᠦᠢᠯᠡᠴᠢᠯᠡᠭᠡ︾ ᠵᠡᠷᠭᠡ ᠠᠷᠭ᠎ᠠ ᠬᠡᠮᠵᠢᠶ᠎ᠡ ᠶᠢ ᠠᠪᠴᠤ᠂ ᠠᠵᠤ ᠦᠢᠯᠡᠰ ᠲᠥᠪᠯᠡᠷᠡᠭᠰᠡᠨ  ᠲᠣᠭᠤᠷᠢᠭ  ᠲᠤ  ᠶᠠᠰᠤ  ᠴᠢᠨᠠᠷ  ᠤᠨ  ᠠᠰᠠᠭᠤᠳᠠᠯ ᠢ  ᠵᠠᠳᠠᠯᠬᠤ ᠬᠤᠷᠠᠯ ᠪᠠ ᠵᠠᠰᠠᠭ ᠵᠠᠬᠢᠷᠭᠠᠨ ᠤ ᠪᠣᠯᠵᠣᠨ ᠶᠠᠷᠢᠯᠴᠠᠬᠤ ᠬᠤᠷᠠᠯ ᠬᠤᠷᠠᠯᠳᠤᠭᠤᠯᠪᠠ᠃ ᠬᠢᠮᠢ ᠶᠢᠨ ᠪᠣᠷᠳᠣᠭᠤᠷ᠂ ᠱᠦᠢᠨᠢ᠂ ᠴᠠᠬᠢᠯᠭᠠᠨ ᠤᠲᠠᠰᠤ ᠴᠠᠬᠢᠯᠭᠠᠨ ᠳᠡᠭᠡᠰᠦ᠂ ᠰᠤᠷᠭᠠᠭᠤᠯᠢ ᠶᠢᠨ ᠬᠤᠪᠴᠠᠰᠤ᠂ ᠨᠣᠣᠰᠣ ᠨᠣᠯᠤᠤᠷ ᠵᠡᠷᠭᠡ ᠦᠢᠯᠡᠳᠪᠦᠷᠢᠯᠡᠯ ᠤᠨ ᠠᠵᠤ ᠠᠬᠤᠶᠢᠯᠠᠯ ᠤᠨ ᠨᠢᠭᠡᠳᠦᠭᠡᠷ ᠹᠷᠣᠨᠲ ᠤᠨ ᠦᠢᠯᠡᠳᠪᠦᠷᠢ ᠶᠢᠨ ᠲᠠᠰᠤᠭ᠂ ᠲᠤᠷᠰᠢᠯᠲᠠ ᠶᠢᠨ ᠲᠠᠰᠤᠭ ᠲᠤ ᠭᠦᠨᠵᠡᠭᠡᠶᠢᠷᠡᠨ ᠵᠢᠯᠣᠭᠤᠳᠤᠨ ᠦᠢᠯᠡᠴᠢᠯᠡᠵᠦ᠂ ᠬᠤᠶᠠᠷ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠶᠠᠰᠤ ᠴᠢᠨᠠᠷ ᠢ ᠳᠡᠭᠡᠭᠰᠢᠯᠡᠭᠦᠯᠬᠦ ᠴᠢᠬᠤᠯᠠ ᠭᠠᠷᠳᠠᠴᠠ ᠪᠣᠯᠭᠠᠵᠤ᠂ ᠠᠵᠤ ᠠᠬᠤᠶᠢᠯᠠᠯ ᠢ ᠬᠠᠪᠰᠤᠷᠤᠨ ᠠᠰᠠᠭᠤᠳᠠᠯ ᠢ ᠨᠢ ᠰᠢᠢᠳᠪᠦᠷᠢᠯᠡᠵᠦ ᠥᠭᠪᠡ᠃ ᠬᠢᠷᠢ ᠲᠡᠩᠴᠡᠬᠦ ᠦᠭᠡᠶ ᠦᠢᠯᠡᠳᠬᠦᠨ ᠳᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠭᠠᠳ ᠢᠯᠡᠷᠡᠭᠦᠯᠦᠭᠰᠡᠨ ᠳᠤᠮᠳᠠᠬᠢ ᠵᠢᠵᠢᠭ ᠪᠢᠴᠢᠯ ᠦᠢᠯᠡᠳᠪᠦᠷᠢᠯᠡᠯ ᠤᠨ ᠠᠵᠤ ᠠᠬᠤᠶᠢᠯᠠᠯ ᠳᠤ ᠶᠠᠰᠤ ᠴᠢᠨᠠᠷ ᠢ ᠰᠠᠶᠢᠵᠢᠷᠠᠭᠤᠯᠬᠤ ᠴᠢᠭᠯᠡᠯ ᠤᠨ ᠴᠢᠨᠠᠷᠲᠠᠶ ᠰᠠᠨᠠᠭᠤᠯᠭ᠎ᠠ ᠶᠢᠨ ᠪᠢᠴᠢᠭ ᠬᠠᠩᠭᠠᠵᠤ᠂ ᠠᠵᠤ ᠠᠬᠤᠶᠢᠯᠠᠯ ᠢ ᠬᠠᠪᠰᠤᠷᠤᠨ ᠠᠰᠠᠭᠤᠳᠠᠯ ᠤᠨ ᠰᠢᠯᠲᠠᠭᠠᠨ ᠢ ᠨᠢ ᠡᠷᠢᠵᠦ ᠵᠠᠳᠠᠯᠤᠨ᠂ ᠮᠡᠷᠭᠡᠵᠢᠯ ᠢ ᠬᠠᠯᠠᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠨᠢ ᠲᠣᠭᠲᠠᠭᠠᠨ᠂ ᠶᠠᠰᠤ ᠴᠢᠨᠠᠷ ᠤᠨ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠢ ᠰᠢᠮᠳᠠᠭᠤᠯᠤᠨ ᠨᠠᠶᠢᠳᠠᠪᠤᠷᠢᠵᠢᠭᠤᠯᠵᠤ᠂ ᠦᠢᠯᠡᠳᠬᠦᠨ ᠤ ᠶᠠᠰᠤ ᠴᠢᠨᠠᠷ ᠤᠨ ᠬᠢᠷᠢ ᠬᠡᠮᠵᠢᠶ᠎ᠡ ᠶᠢ ᠨᠢ ᠠᠯᠬᠤᠮ ᠠᠯᠬᠤᠮ ᠢᠶᠠᠷ ᠳᠡᠭᠡᠭᠰᠢᠯᠡᠭᠦᠯᠪᠡ᠃

 

ᠢᠷᠡᠯᠲᠡ᠄ ᠶᠠᠰᠤ ᠴᠢᠨᠠᠷ ᠤᠨ ᠬᠢᠨᠠᠯᠲᠠ ᠲᠠᠯᠪᠢᠬᠤ ᠭᠠᠵᠠᠷ