ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠬᠢᠭᠡᠳ ᠪᠤᠭᠤᠲᠤ ᠬᠤᠲᠠ ᠶᠢᠨ ︽ᠶᠠᠰᠤ ᠴᠢᠨᠠᠷ ᠤᠨ ᠰᠠᠷ᠎ᠠ︾ ᠶᠢᠨ ᠠᠵᠢᠯᠯᠠᠭ᠎ᠠ ᠶᠢ ᠡᠬᠢᠯᠡᠭᠦᠯᠬᠦ ᠪᠠ ᠪᠥᠬᠦ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠤᠨ ᠶᠠᠰᠤ ᠴᠢᠨᠠᠷ ᠢᠶᠠᠷ ᠠᠵᠤ ᠠᠬᠤᠶᠢᠯᠠᠯ᠂ ᠬᠡᠯᠬᠢᠶ᠎ᠡ᠂ ᠰᠢᠶᠠᠨ ᠢ ᠬᠦᠴᠦᠷᠬᠡᠭᠵᠢᠭᠦᠯᠬᠦ ᠠᠵᠢᠯ ᠢ ᠠᠬᠢᠭᠤᠯᠬᠤ ᠬᠤᠷᠠᠯ ᠤᠨ ᠪᠣᠳᠠᠲᠤ ᠲᠡᠮᠳᠡᠭᠯᠡᠯ
ᠨᠡᠶᠢᠲᠡᠯᠡᠭᠰᠡᠨ ᠴᠠᠭ᠄
2024/9/5

     ︽ᠶᠠᠰᠤ ᠴᠢᠨᠠᠷ ᠢᠶᠠᠷ ᠠᠵᠤ ᠠᠬᠤᠶᠢᠯᠠᠯ᠂ ᠬᠡᠯᠬᠢᠶ᠎ᠡ᠂ ᠰᠢᠶᠠᠨ ᠢ ᠬᠦᠴᠦᠷᠬᠡᠭᠵᠢᠭᠦᠯᠬᠦ ᠶᠢ ᠨᠢᠭᠡ ᠴᠣᠭᠴᠠᠵᠢᠭᠤᠯᠤᠨ ᠠᠬᠢᠭᠤᠯᠵᠤ᠂ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠳᠠᠪᠠᠭᠤᠯᠢᠭ ᠢ ᠲᠠᠰᠤᠷᠠᠯᠲᠠ ᠦᠭᠡᠢ ᠪᠤᠢ ᠪᠣᠯᠭᠠᠨ᠎ᠠ᠃ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠪᠠᠷ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠬᠥᠲᠥᠯᠥᠨ ᠳᠠᠭᠠᠭᠤᠯᠤᠨ᠎ᠠ︾ — ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠦ᠋ ᠵᠧᠨ ᠴᠢᠩ

1.png

     ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠪᠥᠬᠦ ᠤᠯᠤᠰ ᠤᠨ ᠶᠠᠰᠤ ᠴᠢᠨᠠᠷ ᠢᠶᠠᠷ ᠬᠡᠯᠬᠢᠶ᠎ᠡ ᠶᠢ ᠬᠦᠴᠦᠷᠬᠡᠭᠵᠢᠭᠦᠯᠬᠦ ᠲᠤᠷᠰᠢᠯᠭ᠎ᠠ ᠰᠣᠯᠢᠯᠴᠠᠬᠤ ᠠᠬᠤᠢ ᠲᠠᠯᠠᠪᠠᠢ ᠶᠢᠨ ᠠᠬᠢᠭᠤᠯᠬᠤ ᠬᠤᠷᠠᠯ ᠢ ᠬᠤᠷᠠᠯᠳᠤᠭᠤᠯᠤᠭᠰᠠᠨ ᠤ ᠳᠠᠷᠠᠭ᠎ᠠ᠂ 8 ᠳ᠋ᠤᠭᠠᠷ ᠰᠠᠷ᠎ᠠ ᠶᠢᠨ 31 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠤᠭᠤᠲᠤ ᠬᠤᠲᠠ ᠳᠤ ᠪᠥᠬᠦ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠤᠨ ᠶᠠᠰᠤ ᠴᠢᠨᠠᠷ ᠢᠶᠠᠷ ᠠᠵᠤ ᠠᠬᠤᠶᠢᠯᠠᠯ᠂ ᠬᠡᠯᠬᠢᠶ᠎ᠡ᠂ ᠰᠢᠶᠠᠨ ᠢ ᠬᠦᠴᠦᠷᠬᠡᠭᠵᠢᠭᠦᠯᠬᠦ ᠠᠵᠢᠯ ᠢ ᠠᠬᠢᠭᠤᠯᠬᠤ ᠬᠤᠷᠠᠯ ᠢ ᠦᠳᠲᠡᠷ ᠲᠦᠷᠭᠡᠨ ᠬᠤᠷᠠᠯᠳᠤᠭᠤᠯᠵᠤ᠂ ᠶᠡᠷᠦᠩᠬᠡᠶ ᠲᠣᠪᠴᠢᠶᠠᠨ ᠤ ᠠᠬᠤᠢ ᠲᠠᠯᠠᠪᠠᠢ ᠶᠢᠨ ᠬᠤᠷᠠᠯ ᠤᠨ ᠵᠣᠷᠢᠭ ᠰᠠᠨᠠᠭ᠎ᠠ ᠪᠠ 2024 ᠣᠨ ᠤ ᠪᠥᠬᠦ ᠤᠯᠤᠰ ᠤᠨ ︽ᠶᠠᠰᠤ ᠴᠢᠨᠠᠷ ᠤᠨ ᠰᠠᠷ᠎ᠠ︾ ᠶᠢᠨ ᠠᠵᠢᠯᠯᠠᠭ᠎ᠠ ᠶᠢᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠠᠰᠤ ᠴᠢᠨᠠᠷ ᠢᠶᠠᠷ ᠠᠵᠤ ᠠᠬᠤᠶᠢᠯᠠᠯ᠂ ᠬᠡᠯᠬᠢᠶ᠎ᠡ᠂ ᠰᠢᠶᠠᠨ ᠢ ᠬᠦᠴᠦᠷᠬᠡᠭᠵᠢᠭᠦᠯᠬᠦ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠵᠡᠷᠭᠡ ᠠᠵᠢᠯ ᠢ ᠳᠠᠬᠢᠨ ᠪᠠᠶᠢᠷᠢᠯᠠᠭᠤᠯᠵᠤ ᠳᠠᠬᠢᠨ ᠠᠬᠢᠭᠤᠯᠤᠭᠰᠠᠨ ᠪᠥᠭᠡᠳ ︽ᠶᠠᠰᠤ ᠴᠢᠨᠠᠷ ᠤᠨ ᠰᠠᠷ᠎ᠠ︾ ᠶᠢᠨ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠢ ᠶᠠᠪᠤᠭᠳᠠᠭᠤᠯᠵᠤ᠂ ︽ᠶᠠᠰᠤ ᠴᠢᠨᠠᠷ ᠤᠨ ᠰᠠᠷ᠎ᠠ︾ ᠶᠢᠨ ᠬᠥᠰᠢᠭᠡ ᠶᠢ ᠰᠡᠬᠦᠪᠡ᠃ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠦ᠋ ᠵᠧᠨ ᠴᠢᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠹᠧᠩ ᠶᠧ ᠬᠤᠷᠠᠯ ᠢ ᠡᠷᠭᠢᠯᠡᠵᠦ᠂ ᠡᠯ᠎ᠡ ᠠᠶᠢᠮᠠᠭ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ ᠭᠤᠤᠯ ᠬᠠᠷᠢᠭᠤᠴᠠᠯᠭᠠᠲᠠᠨ ᠪᠠ ᠶᠠᠰᠤ ᠴᠢᠨᠠᠷ ᠤᠨ ᠬᠥᠭᠵᠢᠯᠲᠡ ᠶᠢᠨ ᠠᠵᠢᠯ ᠤᠨ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ ᠣᠷᠣᠯᠴᠠᠵᠠᠶ᠃

2.png

     ᠬᠤᠷᠠᠯ ᠳᠡᠭᠡᠷ᠎ᠡ᠂ ᠦ᠋ ᠵᠧᠨ ᠴᠢᠩ ᠪᠤᠭᠤᠲᠤ ᠬᠤᠳᠠ ᠶᠢᠨ ᠶᠠᠭᠤ ᠶᠢ ᠰᠤᠷᠤᠯᠴᠠᠬᠤ᠂ ᠶᠠᠰᠤ ᠴᠢᠨᠠᠷ ᠢᠶᠠᠷ ᠠᠵᠤ ᠠᠬᠤᠶᠢᠯᠠᠯ᠂ ᠬᠡᠯᠬᠢᠶ᠎ᠡ᠂ ᠰᠢᠶᠠᠨ ᠢ ᠬᠦᠴᠦᠷᠬᠡᠭᠵᠢᠭᠦᠯᠬᠦ ᠳᠤ ᠶᠠᠭᠤ ᠶᠢ ᠠᠳᠬᠤᠬᠤ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠳᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠶᠠᠭᠤ ᠬᠢᠬᠦ ᠭᠤᠷᠪᠠᠨ ᠲᠠᠯ᠎ᠠ ᠳᠤ ᠴᠢᠭᠯᠡᠭᠦᠯᠦᠨ ᠭᠦᠨᠵᠡᠭᠡᠢ ᠵᠠᠳᠠᠯᠤᠯᠲᠠ ᠬᠢᠵᠦ᠂ ᠭᠤᠣᠯᠳᠠᠯᠭ᠎ᠠ ᠲᠠᠢ ᠴᠢᠬᠤᠯᠠᠴᠢᠯᠠᠭᠰᠠᠨ ᠪᠠ ᠪᠣᠳᠠᠲᠠᠢ ᠪᠠᠶᠢᠷᠢᠯᠠᠭᠤᠯᠤᠯᠲᠠ ᠬᠢᠵᠡᠢ᠃ ᠲᠡᠷᠡ᠂ ᠪᠥᠬᠦ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠤᠨ ᠬᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶᠠᠨ ᠤ ᠶᠠᠰᠤ ᠴᠢᠨᠠᠷ ᠢᠶᠠᠷ ᠬᠡᠯᠬᠢᠶ᠎ᠡ ᠶᠢ ᠴᠢᠩᠭᠠᠳᠬᠠᠬᠤ ᠲᠤᠷᠰᠢᠯᠭ᠎ᠠ ᠰᠣᠯᠢᠯᠴᠠᠬᠤ ᠠᠬᠤᠢ ᠲᠠᠯᠠᠪᠠᠢ ᠶᠢᠨ ᠠᠬᠢᠭᠤᠯᠬᠤ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠶᠠᠰᠤ ᠴᠢᠨᠠᠷ ᠤᠨ ᠬᠡᠪ ᠳᠠᠭᠤᠷᠢᠶᠠᠯ ᠢ ᠰᠣᠩᠭᠤᠨ ᠪᠣᠶ ᠪᠣᠯᠭᠠᠬᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠦᠢᠯᠡᠴᠢᠯᠡᠭᠡ ᠶᠢ ᠬᠦᠷᠢᠶᠡᠯᠡᠩ ᠲᠣᠭᠤᠷᠢᠭ ᠠᠵᠤ ᠠᠬᠤᠶᠢᠯᠠᠯ ᠳᠤ ᠣᠷᠣᠭᠤᠯᠬᠤ ᠶᠢ ᠠᠬᠢᠭᠤᠯᠬᠤ᠂ ᠲᠥᠷᠥ ᠶᠢᠨ ᠪᠣᠳᠣᠯᠭ᠎ᠠ ᠶᠢᠨ ᠲᠣᠭᠲᠠᠯᠴᠠᠭ᠎ᠠ ᠶᠢ ᠲᠦᠷᠭᠡᠳᠬᠡᠨ ᠲᠡᠭᠦᠯᠳᠡᠷᠵᠢᠭᠦᠯᠬᠦ ᠵᠡᠷᠭᠡ 9 ᠲᠠᠯ᠎ᠠ ᠠᠴᠠ ᠶᠠᠰᠤ ᠴᠢᠨᠠᠷ ᠢᠶᠠᠷ ᠠᠵᠤ ᠠᠬᠤᠶᠢᠯᠠᠯ ᠢ ᠬᠦᠴᠦᠷᠬᠡᠭᠵᠢᠭᠦᠯᠬᠦ᠂ ᠶᠠᠰᠤ ᠴᠢᠨᠠᠷ ᠢᠶᠠᠷ ᠬᠡᠯᠬᠢᠶ᠎ᠡ ᠶᠢ ᠬᠦᠴᠦᠷᠬᠡᠭᠵᠢᠭᠦᠯᠬᠦ ᠪᠠ ᠶᠠᠰᠤ ᠴᠢᠨᠠᠷ ᠢᠶᠠᠷ ᠰᠢᠶᠠᠨ ᠢ ᠬᠦᠴᠦᠷᠬᠡᠭᠵᠢᠭᠦᠯᠬᠦ ᠠᠵᠢᠯᠯᠠᠭ᠎ᠠ ᠶᠢ ᠰᠠᠶᠢᠲᠤᠷ ᠠᠳᠬᠤᠵᠤ᠂ ᠶᠠᠰᠤ ᠴᠢᠨᠠᠷ ᠢᠶᠠᠷ ᠬᠡᠯᠬᠢᠶ᠎ᠡ ᠶᠢ ᠬᠦᠴᠦᠷᠬᠡᠭᠵᠢᠭᠦᠯᠬᠦ ᠪᠠᠷ ᠳᠠᠮᠵᠢᠭᠤᠯᠤᠨ ᠶᠠᠰᠤ ᠴᠢᠨᠠᠷ ᠢᠶᠠᠷ ᠠᠵᠤ ᠠᠬᠤᠶᠢᠯᠠᠯ ᠢ ᠬᠦᠴᠦᠷᠬᠡᠭᠵᠢᠭᠦᠯᠬᠦ ᠶᠢ ᠠᠬᠢᠭᠤᠯᠬᠤ᠂ ᠶᠠᠰᠤ ᠴᠢᠨᠠᠷ ᠢᠶᠠᠷ ᠰᠢᠶᠠᠨ ᠢ ᠬᠦᠴᠦᠷᠬᠡᠭᠵᠢᠭᠦᠯᠬᠦ ᠶᠢ ᠠᠬᠢᠭᠤᠯᠬᠤ᠂ ᠶᠠᠰᠤ ᠴᠢᠨᠠᠷ ᠢᠶᠠᠷ ᠣᠷᠣᠨ ᠢᠶᠠᠨ ᠬᠦᠴᠦᠷᠬᠡᠭᠵᠢᠭᠦᠯᠬᠦ ᠶᠢ ᠲᠤᠯᠭᠠᠭᠤᠷᠢᠯᠠᠵᠤ᠂ ᠭᠤᠤᠯᠳᠠᠯᠭ᠎ᠠ ᠲᠠᠢ ᠰᠢᠪᠲᠤᠯᠤᠯᠲᠠ ᠪᠠᠷ ᠪᠥᠬᠦ ᠲᠠᠯ᠎ᠠ ᠶᠢᠨ ᠳᠡᠭᠡᠭᠰᠢᠯᠡᠯᠲᠡ ᠶᠢ ᠳᠠᠶᠢᠴᠢᠯᠠᠨ᠂ ᠠᠵᠤ ᠠᠬᠤᠶ ᠶᠢᠨ ᠬᠥᠭᠵᠢᠯᠲᠡ ᠶᠢᠨ ᠰᠢᠨ᠎ᠡ ᠳᠠᠪᠠᠭᠤᠯᠢᠭ ᠢ ᠲᠠᠰᠤᠷᠠᠯᠲᠠ ᠥᠬᠡᠶ ᠪᠣᠶ ᠪᠣᠯᠭᠠᠬᠤ ᠬᠡᠷᠡᠭᠲᠡᠶ ᠭᠡᠵᠦ ᠴᠢᠬᠤᠯᠠᠴᠢᠯᠠᠪᠠ᠃ ᠲᠡᠷᠡ᠂ ᠪᠦᠬᠦ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠡᠷᠡᠰ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠤᠭᠠᠷ ᠪᠦᠬᠦᠳᠡ ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠥᠭᠡᠷᠡᠴᠢᠯᠡᠯᠲᠡ ᠶᠢ ᠴᠢᠨᠠᠭᠰᠢᠳᠠ ᠭᠦᠨᠵᠡᠭᠡᠶᠢᠷᠡᠭᠦᠯᠵᠦ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠬᠦᠳᠦᠯᠦᠨ ᠳᠠᠭᠠᠭᠤᠯᠬᠤ ᠬᠡᠷᠡᠭᠲᠡᠢ ᠭᠡᠵᠦ ᠱᠠᠭᠠᠷᠳᠠᠪᠠ᠃ ᠵᠥᠪᠰᠢᠶᠡᠷᠡᠨ ᠣᠷᠣᠭᠤᠯᠬᠤ ᠪᠠ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠡᠷᠬᠡ ᠲᠡᠭᠰᠢ ᠥᠷᠢᠰᠦᠯᠳᠦᠭᠡᠨ ᠤ ᠣᠷᠴᠢᠨ ᠲᠣᠭᠤᠷᠢᠨ ᠢ ᠪᠣᠢ ᠪᠣᠯᠭᠠᠵᠤ᠂ ᠪᠦᠬᠦ ᠬᠦᠴᠦᠨ ᠢᠶᠠᠷ ᠢᠶᠠᠨ ᠦᠢᠯᠡᠴᠢᠯᠡᠭᠡᠨ ᠤ ᠣᠷᠴᠢᠨ ᠲᠣᠭᠤᠷᠢᠨ ᠢ ᠬᠠᠩᠭᠠᠵᠤ᠂ ᠨᠢᠭᠡ ᠪᠦᠯᠦᠭ ᠡᠵᠡᠩᠨᠡᠯᠲᠡ ᠶᠢᠨ ᠭᠤᠣᠯ ᠴᠣᠭᠴᠠ ᠳᠤ ᠳᠥᠭᠦᠮ ᠦᠵᠡᠭᠦᠯᠬᠦ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠭᠠᠷᠭᠠᠵᠤ᠂ ᠠᠵᠤ ᠠᠬᠤᠶᠢᠯᠠᠯ ᠢ ᠠᠵᠢᠯ ᠶᠠᠪᠤᠳᠠᠯ ᠭᠦᠢᠴᠡᠳᠬᠡᠬᠦ ᠳᠤ ᠬᠥᠮᠥᠨ ᠢ ᠭᠤᠶᠤᠭᠤᠯᠬᠤ ᠦᠭᠡᠢ ᠪᠣᠯᠭᠠᠨ᠎ᠠ︔ ᠬᠡᠷᠡᠭᠯᠡᠭᠡ ᠶᠢᠨ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠬᠤ᠂ ᠬᠡᠷᠡᠭᠯᠡᠭᠡ ᠶᠢᠨ ᠳᠠᠯᠳᠠ ᠴᠢᠳᠠᠪᠤᠷᠢ ᠶᠢ ᠪᠠᠳᠠᠷᠠᠭᠤᠯᠬᠤ᠂ ᠬᠡᠷᠡᠭᠯᠡᠭᠡ ᠶᠢᠨ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠨᠢᠭᠡ ᠪᠦᠯᠦᠭ ᠰᠠᠨᠠᠭ᠎ᠠ ᠠᠮᠤᠷ ᠬᠡᠷᠡᠭᠯᠡᠭᠡ ᠶᠢ ᠠᠬᠢᠭᠤᠯᠬᠤ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠲᠣᠭᠲᠠᠭᠠᠵᠤ᠂ ᠤᠯᠠᠨ ᠲᠦᠮᠡᠨ ᠢ ᠬᠡᠷᠡᠭᠯᠡᠭᠡ ᠳᠤ ᠰᠠᠨᠠᠭᠠᠰᠢᠷᠠᠭᠤᠯᠬᠤ ᠦᠭᠡᠢ︔ ᠳᠣᠲᠣᠭᠠᠳᠤ ᠭᠠᠳᠠᠭᠠᠳᠤ ᠶᠢᠨ ᠲᠦᠭᠰᠢᠭᠦᠷᠢ ᠶᠢᠨ ᠳᠠᠯᠳᠠ ᠭᠡᠮ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠨᠢᠭᠡ ᠪᠦᠯᠦᠭ ᠲᠦᠭᠰᠢᠭᠦᠷᠢ ᠶᠢ ᠰᠡᠷᠭᠡᠶᠢᠯᠡᠬᠦ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠪᠦᠷᠢᠨᠰᠢᠭᠦᠯᠵᠦ᠂ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠨᠡᠩ ᠠᠮᠤᠷ ᠲᠦᠪᠰᠢᠨ ᠪᠣᠯᠭᠠᠨ᠎ᠠ︔ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠤᠬᠠᠮᠰᠠᠷ ᠪᠠ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠤᠣᠯ ᠬᠠᠷᠢᠭᠤᠴᠠᠯᠭ᠎ᠠ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠦᠨ᠂ ᠦᠨᠳᠦᠰᠦᠨ ᠱᠠᠲᠤᠨ ᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠨᠢᠭᠡ ᠪᠦᠯᠦᠭ ᠴᠢᠳᠠᠪᠤᠷᠢ ᠶᠢ ᠳᠡᠭᠡᠭᠰᠢᠯᠡᠭᠦᠯᠬᠦ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ ᠦᠨᠳᠦᠰᠦᠨ ᠱᠠᠲᠤᠨ ᠤ ᠰᠠᠭᠤᠷᠢ ᠶᠢ ᠨᠡᠩ ᠪᠠᠲᠤ ᠪᠠᠬᠢᠵᠢᠭᠦᠯᠬᠦ ᠬᠡᠷᠡᠭᠲᠡᠢ ᠭᠡᠵᠡᠢ᠃

3.png

     ᠬᠤᠷᠠᠯ ᠳᠡᠭᠡᠷ᠎ᠡ᠂ ᠬᠡᠰᠡᠭ ᠬᠡᠯᠬᠢᠶᠡᠨ ᠤ ᠭᠤᠤᠯ ᠠᠵᠤ ᠠᠬᠤᠶᠢᠯᠠᠯ᠂ ᠮᠡᠷᠭᠡᠵᠢᠯ ᠤᠨ ᠪᠠᠶᠢᠭᠤᠯᠤᠮᠵᠢ᠂ ᠠᠶᠢᠮᠠᠭ ᠬᠤᠲᠠ ᠪᠣᠯᠤᠨ ᠬᠤᠰᠢᠭᠤ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠢᠴᠢ ᠬᠤᠰᠢᠭᠤ ᠰᠢᠶᠠᠨ ᠤ ᠵᠠᠰᠠᠭ ᠤᠨ ᠣᠷᠳᠣᠨ ᠶᠠᠰᠤ ᠴᠢᠨᠠᠷ ᠢᠶᠠᠷ ᠠᠵᠤ ᠠᠬᠤᠶᠢᠯᠠᠯ᠂ ᠬᠡᠯᠬᠢᠶ᠎ᠡ᠂ ᠰᠢᠶᠠᠨ ᠢ ᠬᠦᠴᠦᠷᠬᠡᠭᠵᠢᠭᠦᠯᠬᠦ ᠶᠢ ᠠᠬᠢᠭᠤᠯᠤᠭᠰᠠᠨ ᠲᠤᠷᠰᠢᠯᠭ᠎ᠠ ᠦᠷ᠎ᠡ ᠪᠦᠲᠦᠮᠵᠢ ᠪᠠᠨ ᠳ᠋ᠦᠩᠨᠡᠨ ᠰᠣᠯᠢᠯᠴᠠᠵᠤ᠂ ᠪᠠᠰᠠ ᠪᠤᠭᠤᠲᠤ ᠬᠤᠲᠠ ᠶᠢᠨ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶᠡᠨ ᠤ ᠶᠠᠰᠤ ᠴᠢᠨᠠᠷ ᠢ ᠬᠤᠯᠪᠣᠭᠠᠯᠠᠨ ᠬᠥᠳᠡᠯᠦᠯᠴᠡᠵᠦ ᠳᠡᠭᠡᠭᠰᠢᠯᠡᠭᠦᠯᠬᠦ ᠠᠵᠢᠯ ᠢ ᠠᠬᠤᠢ ᠲᠠᠯᠠᠪᠠᠶ ᠳᠤ ᠲᠣᠭᠤᠷᠢᠨ ᠦᠵᠡᠵᠦ᠂ ᠪᠥᠬᠦ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠤᠨ ᠠᠵᠢᠯ ᠢ ᠨᠠᠩ ᠰᠠᠶᠢᠲᠤᠷ ᠠᠬᠢᠭᠤᠯᠬᠤ ᠳᠤ ᠰᠠᠶᠢᠨ ᠯᠠᠪᠯᠠᠯᠲᠠ ᠬᠠᠩᠭᠠᠪᠠ᠃ ᠥᠪᠡᠷᠲᠡᠭᠡᠨ ᠵᠠᠰᠠᠬᠤ ᠣᠷᠣᠨ ᠤ ᠬᠡᠮᠵᠢᠯᠲᠡ ᠶᠢᠨ ᠬᠦᠷᠢᠶᠡᠯᠡᠩ ᠵᠡᠷᠭᠡ ᠮᠡᠷᠭᠡᠵᠢᠯ ᠤᠨ ᠪᠠᠶᠢᠭᠤᠯᠤᠮᠵᠢ ᠬᠢᠭᠡᠳ ︽ᠬᠥᠬᠡᠬᠤᠲᠠ ᠪᠤᠭᠤᠲᠤ ᠣᠷᠳᠣᠰ ᠤᠯᠠᠭᠠᠨᠴᠠᠪ︾ 4 ᠭᠠᠵᠠᠷ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠰᠦᠨ ᠤ ᠦᠢᠯᠡᠰ᠂ ᠰᠠᠯᠬᠢᠨ ᠬᠦᠴᠦᠨ ᠤ ᠴᠠᠬᠢᠯᠭᠠᠨ ᠤ ᠲᠣᠨᠤᠭ ᠲᠥᠬᠦᠭᠡᠷᠦᠮᠵᠢ ᠦᠢᠯᠡᠳᠬᠦ᠂ ᠣᠲᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠵᠡᠷᠭᠡ ᠭᠤᠤᠯᠳᠠᠯᠭ᠎ᠠ ᠲᠠᠢ ᠠᠵᠤ ᠦᠢᠯᠡᠰ ᠤᠨ ᠬᠡᠯᠬᠢᠶᠡᠨ ᠤ ᠶᠠᠰᠤ ᠴᠢᠨᠠᠷ ᠢᠶᠠᠷ ᠬᠡᠯᠬᠢᠶ᠎ᠡ ᠶᠢ ᠬᠦᠴᠦᠷᠬᠡᠭᠵᠢᠭᠦᠯᠬᠦ ᠲᠥᠷᠥᠯ ᠵᠦᠢᠯ ᠤᠨ ᠪᠢᠴᠢᠭ ᠲᠤ ᠭᠠᠷ ᠤᠨ ᠥᠰᠥᠭ ᠵᠢᠷᠤᠵᠤ᠂ ᠦᠤᠰᠢᠨ ᠬᠤᠰᠢᠭᠤᠨ ᠤ ᠵᠠᠰᠠᠭ ᠤᠨ ᠣᠷᠳᠣᠨ ᠲᠠᠢ ︽ᠶᠠᠰᠤ ᠴᠢᠨᠠᠷ ᠤᠨ ᠮᠡᠷᠭᠡᠵᠢᠯ ᠤᠨ ᠲᠤᠯᠭᠠᠭᠤᠷᠢᠯᠠᠯ ᠢᠶᠠᠷ ᠶᠠᠰᠤ ᠴᠢᠨᠠᠷ ᠤᠨ ᠬᠤᠰᠢᠭᠤ ᠶᠢ ᠬᠦᠴᠦᠷᠭᠡᠭᠵᠢᠭᠦᠯᠬᠦ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠡᠯᠡᠯᠴᠡᠭᠡᠷ︾ ᠲᠣᠭᠲᠠᠵᠤ᠂ ᠶᠠᠰᠤ ᠴᠢᠨᠠᠷ ᠢᠶᠠᠷ ᠠᠵᠤ ᠠᠬᠤᠶᠢᠯᠠᠯ᠂ ᠬᠡᠯᠬᠢᠶ᠎ᠡ᠂ ᠰᠢᠶᠠᠨ ᠢ ᠬᠦᠴᠦᠷᠬᠡᠭᠵᠢᠭᠦᠯᠬᠦ ᠠᠵᠢᠯ ᠢ ᠥᠷᠨᠢᠭᠦᠯᠬᠦ ᠳᠤ ᠨᠠᠩ ᠬᠦᠴᠦᠲᠡᠶ ᠶᠠᠰᠤ ᠴᠢᠨᠠᠷ ᠤᠨ ᠲᠤᠯᠭᠠᠭᠤᠷᠢᠯᠠᠯ ᠬᠠᠩᠭᠠᠬᠤ ᠪᠣᠯᠤᠨ᠎ᠠ᠃ ᠬᠤᠷᠠᠯ ᠠᠴᠠ ᠪᠠᠰᠠ ᠥᠪᠡᠷᠲᠡᠭᠡᠨ ᠵᠠᠰᠠᠬᠤ ᠣᠷᠣᠨ ᠤ 2024 ᠣᠨ ᠤ ︽ᠶᠠᠰᠤ ᠴᠢᠨᠠᠷ ᠤᠨ ᠰᠠᠷ᠎ᠠ︾ ᠶᠢᠨ ᠠᠵᠢᠯᠯᠠᠭ᠎ᠠ ᠶᠢᠨ ᠶᠡᠷᠦᠩᠬᠡᠶ ᠲᠣᠬᠢᠷᠠᠭᠤᠯᠤᠯᠲᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠦᠢᠯᠡᠴᠢᠯᠡᠭᠡ ᠶᠢ ᠬᠦᠷᠢᠶᠡᠯᠡᠩ ᠲᠣᠭᠤᠷᠢᠭ ᠠᠵᠤ ᠠᠬᠤᠶᠢᠯᠠᠯ ᠳᠤ ᠣᠷᠣᠭᠤᠯᠬᠤ ᠠᠵᠢᠯᠯᠠᠭ᠎ᠠ ᠶᠢᠨ ᠨᠡᠶᠢᠲᠡᠯᠢᠭ ᠬᠡᠷᠡᠭ ᠤᠨ ᠵᠢᠱᠢᠶ᠎ᠡ᠂ ᠰᠢᠯᠢᠳᠡᠭ ᠶᠠᠰᠤ ᠴᠢᠨᠠᠷ ᠤᠨ ᠬᠠᠮᠢᠶᠠᠷᠤᠯᠲᠠ ᠶᠢᠨ ᠳᠤᠭᠤᠶᠢᠯᠠᠩ ᠤᠨ ᠠᠵᠢᠯᠯᠠᠭ᠎ᠠ ᠶᠢᠨ ᠦᠷ᠎ᠡ ᠪᠦᠲᠦᠭᠡᠯ ᠢ ᠨᠡᠶᠢᠲᠡᠯᠡᠪᠡ᠃

4.png

     ᠮᠡᠷᠭᠡᠵᠢᠯ ᠤᠨ ᠪᠠᠶᠢᠭᠤᠯᠤᠮᠵᠢ ᠬᠢᠭᠡᠳ ᠠᠶᠢᠮᠠᠭ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠯᠤᠭ᠎ᠠ ᠶᠠᠰᠤ ᠴᠢᠨᠠᠷ ᠢᠶᠠᠷ ᠬᠡᠯᠬᠢᠶ᠎ᠡ ᠶᠢ ᠴᠢᠩᠭᠠᠳᠬᠠᠬᠤ ᠲᠥᠷᠥᠯ ᠵᠦᠢᠯ ᠤᠨ ᠪᠢᠴᠢᠭ ᠲᠤ ᠭᠠᠷ ᠦᠰᠦᠭ ᠵᠢᠷᠤᠵᠤ ᠲᠣᠭᠲᠠᠵᠠᠢ

5.png

     ᠮᠡᠷᠭᠡᠵᠢᠯ ᠤᠨ ᠪᠠᠶᠢᠭᠤᠯᠤᠮᠵᠢ ᠬᠢᠭᠡᠳ ᠦᠦᠰᠢᠨ ᠬᠤᠰᠢᠭᠤᠨ ᠤ ᠵᠠᠰᠠᠭ ᠤᠨ ᠣᠷᠳᠣᠨ ︽ᠶᠠᠰᠤ ᠴᠢᠨᠠᠷ ᠤᠨ ᠮᠡᠷᠭᠡᠵᠢᠯ ᠤᠨ ᠲᠤᠯᠭᠠᠭᠤᠷᠢᠯᠠᠯ ᠢᠶᠠᠷ ᠶᠠᠰᠤ ᠴᠢᠨᠠᠷ ᠤᠨ ᠬᠤᠰᠢᠭᠤ ᠶᠢ ᠬᠦᠴᠦᠷᠭᠡᠭᠵᠢᠭᠦᠯᠬᠦ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠡᠯᠡᠯᠴᠡᠭᠡᠷ︾ ᠲᠣᠭᠲᠠᠪᠠ

     ᠡᠨᠡ ᠵᠢᠯ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︽ᠶᠠᠰᠤ ᠴᠢᠨᠠᠷ ᠢᠶᠠᠷ ᠤᠯᠤᠰ ᠢᠶᠠᠨ  ᠬᠦᠴᠦᠷᠬᠡᠭᠵᠢᠭᠦᠯᠬᠦ ᠪᠥᠲᠥᠭᠡᠨ ᠪᠠᠶᠢᠭᠤᠯᠤᠯᠲᠠ ᠶᠢᠨ ᠬᠥᠲᠥᠯᠪᠦᠷᠢ︾᠂ ︽ᠥᠪᠥᠷ ᠮᠣᠩᠭᠤᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ᠢ ᠭᠦᠨᠵᠡᠭᠡᠶ ᠲᠤᠭᠤᠰᠢᠯᠠᠭᠤᠯᠵᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶᠠᠨ ᠤ ᠬᠠᠮᠢᠶ᠎ᠠ ᠪᠥᠬᠦᠶ ᠠᠵᠢᠯ ᠤᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠨ᠂ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ︽ᠶᠠᠰᠤ ᠴᠢᠨᠠᠷ ᠢᠶᠠᠷ ᠠᠵᠤ ᠠᠬᠤᠶᠢᠯᠠᠯ᠂ ᠬᠡᠯᠬᠢᠶ᠎ᠡ᠂ ᠰᠢᠶᠠᠨ ᠢ ᠬᠦᠴᠦᠷᠬᠡᠭᠵᠢᠭᠦᠯᠬᠦ ᠶᠢ ᠨᠢᠭᠡ ᠴᠣᠭᠴᠠᠵᠢᠭᠤᠯᠤᠨ ᠠᠬᠢᠭᠤᠯᠵᠤ ᠶᠠᠰᠤ ᠴᠢᠨᠠᠷ ᠢᠶᠠᠷ ᠣᠷᠣᠨ ᠢᠶᠠᠨ ᠬᠦᠴᠦᠷᠬᠡᠭᠵᠢᠭᠦᠯᠬᠦ ᠶᠢ ᠲᠦᠷᠭᠡᠳᠬᠡᠨ ᠪᠠᠶᠢᠭᠤᠯᠬᠤ ᠲᠥᠰᠦᠯ︾ ᠢ ᠨᠡᠶᠢᠲᠡᠯᠡᠵᠦ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠦᠢᠯᠡᠴᠢᠯᠡᠭᠡ ᠶᠢ ᠬᠦᠷᠢᠶᠡᠯᠡᠩ ᠲᠣᠭᠤᠷᠢᠭ ᠠᠵᠤ ᠠᠬᠤᠶᠢᠯᠠᠯ ᠳᠤ ᠣᠷᠣᠭᠤᠯᠬᠤ᠂ ᠶᠠᠰᠤ ᠴᠢᠨᠠᠷ ᠤᠨ ᠰᠠᠭᠤᠷᠢ ᠲᠥᠬᠦᠭᠡᠷᠦᠮᠵᠢ ᠶᠢ ᠬᠡᠷᠡᠭᠵᠢᠭᠦᠯᠬᠦ ᠪᠠᠷ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠶᠠᠰᠤ ᠴᠢᠨᠠᠷ ᠢ ᠬᠤᠯᠪᠣᠭᠠᠯᠠᠨ ᠬᠥᠳᠡᠯᠦᠯᠴᠡᠵᠦ ᠳᠡᠭᠡᠭᠰᠢᠯᠡᠭᠦᠯᠬᠦ᠂ ᠶᠠᠰᠤ ᠴᠢᠨᠠᠷ ᠢᠶᠠᠷ ᠰᠢᠶᠠᠨ ᠢ ᠬᠦᠴᠦᠷᠬᠡᠭᠵᠢᠭᠦᠯᠬᠦ ︽ᠭᠤᠷᠪᠠᠨ ᠶᠡᠭᠡ ᠠᠵᠢᠯᠯᠠᠭ᠎ᠠ︾ ᠶᠢ ᠪᠤᠶᠢᠵᠢᠭᠤᠯᠬᠤ ᠪᠠᠷ ᠭᠠᠷᠳᠠᠴᠠ ᠪᠣᠯᠭᠠᠵᠤ᠂ ᠶᠠᠰᠤ ᠴᠢᠨᠠᠷ ᠢᠶᠠᠷ ᠠᠵᠤ ᠠᠬᠤᠶᠢᠯᠠᠯ᠂ ᠬᠡᠯᠬᠢᠶ᠎ᠡ᠂ ᠰᠢᠶᠠᠨ ᠢ ᠬᠦᠴᠦᠷᠬᠡᠭᠵᠢᠭᠦᠯᠬᠦ ᠶᠢ ᠨᠢᠭᠡ ᠴᠣᠭᠴᠠᠵᠢᠭᠤᠯᠤᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠦᠢᠯᠡᠴᠢᠯᠡᠬᠦ ᠲᠠᠯ᠎ᠠ ᠪᠠᠷ ᠢᠯᠡᠳᠲᠡ ᠦᠷ᠎ᠡ ᠪᠦᠲᠦᠮᠵᠢ ᠤᠯᠪᠠ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠦᠢᠯᠡᠴᠢᠯᠡᠭᠡ ᠶᠢ ᠬᠦᠷᠢᠶᠡᠯᠡᠩ ᠲᠣᠭᠤᠷᠢᠭ ᠢ ᠠᠵᠤ ᠠᠬᠤᠶᠢᠯᠠᠯ ᠳᠤ ᠣᠷᠣᠭᠤᠯᠬᠤ ᠠᠵᠢᠯᠯᠠᠭ᠎ᠠ ᠳᠤ ᠰᠢᠨ᠎ᠡ ᠶᠢ ᠡᠭᠦᠳᠦᠨ ᠬᠡᠷᠡᠭᠵᠢᠭᠦᠯᠵᠦ᠂ 84 ᠪᠣᠳᠠᠲᠤ ᠦᠢᠯᠡᠴᠢᠯᠡᠭᠡᠨ ᠤ ᠴᠣᠩᠬᠤᠪᠴᠢ ᠶᠢ ᠪᠠᠶᠢᠭᠤᠯᠵᠤ᠂ 50 ᠠᠵᠤ ᠦᠢᠯᠡᠰ ᠤᠨ ᠬᠦᠷᠢᠶᠡᠯᠡᠩ ᠲᠣᠭᠤᠷᠢᠭ ᠪᠠ ᠠᠵᠤ ᠦᠢᠯᠡᠰ ᠤᠨ ᠲᠥᠪᠯᠡᠷᠡᠯ ᠤᠨ ᠲᠣᠭᠤᠷᠢᠭ ᠲᠤ ᠭᠦᠨᠵᠡᠭᠡᠶᠢᠷᠡᠨ᠂ 4000 ᠰᠢᠬᠠᠮ ᠠᠵᠤ ᠠᠬᠤᠶᠢᠯᠠᠯ ᠳᠤ ᠬᠠᠤᠯᠢ ᠴᠠᠭᠠᠵᠠ᠂ ᠲᠥᠷᠥ ᠶᠢᠨ ᠪᠣᠳᠣᠯᠭ᠎ᠠ᠂ ᠦᠢᠯᠡᠴᠢᠯᠡᠭᠡ ᠬᠦᠷᠭᠡᠵᠦ᠂ ᠠᠵᠤ ᠠᠬᠤᠶᠢᠯᠠᠯ ᠤᠨ ᠵᠠᠷᠤᠳᠠᠯ ᠢ ᠬᠠᠰᠤᠵᠤ ᠬᠡᠯᠲᠦᠷᠢᠭᠦᠯᠦᠨ᠂ ᠥᠪᠡᠷ ᠤᠨ ᠥᠷᠲᠡᠭ ᠢ 3200 ᠭᠠᠷᠤᠶ ᠲᠦᠮᠡᠨ ᠲᠥᠭᠦᠷᠢᠭ ᠠᠷᠪᠢᠯᠠᠪᠠ᠃ ᠶᠠᠰᠤ ᠴᠢᠨᠠᠷ ᠤᠨ ᠮᠡᠷᠭᠡᠵᠢᠯ ᠤᠨ ᠪᠠᠶᠢᠭᠤᠯᠤᠮᠵᠢ ᠶᠢᠨ ᠬᠠᠮᠲᠤᠷᠠᠭᠰᠠᠨ ᠬᠡᠯᠬᠢᠶᠡᠰᠦ ᠶᠢᠨ ᠭᠤᠤᠯ ᠠᠵᠤ ᠠᠬᠤᠶᠢᠯᠠᠯ ᠢ ᠵᠣᠬᠢᠶᠠᠨ ᠪᠠᠶᠢᠭᠤᠯᠤᠨ ᠶᠠᠰᠤ ᠴᠢᠨᠠᠷ ᠤᠨ ᠮᠡᠷᠭᠡᠵᠢᠯ ᠤᠨ ᠪᠣᠭᠤᠮᠲᠠ ᠰᠢᠪᠲᠤᠯᠬᠤ ᠶᠢ ᠥᠷᠨᠢᠭᠦᠯᠵᠦ᠂ ᠴᠠᠭᠠᠨ ᠢᠳᠡᠭᠡᠨ ᠤ ᠲᠤᠰᠬᠠᠶ ᠤᠷᠤᠰᠴᠠ ᠶᠢᠨ ᠬᠡᠮᠵᠢᠶ᠎ᠡ ᠶᠢᠨ ᠬᠡᠮᠵᠢᠭᠦᠷ ᠤᠨ ᠠᠬᠤᠢ ᠲᠠᠯᠠᠪᠠᠶ ᠳᠤ ᠬᠠᠷᠭᠤᠭᠤᠯᠬᠤ ᠲᠣᠨᠣᠭᠯᠠᠯ᠂ ᠠᠮᠢ ᠨᠠᠰᠤᠨ ᠤ ᠰᠢᠯᠭᠠᠭᠤᠷ ᠤᠨ ᠪᠠᠭᠠᠵᠢ ᠶᠢᠨ ᠲᠤᠰᠬᠠᠶ ᠬᠠᠷᠭᠤᠭᠤᠯᠬᠤ ᠲᠣᠨᠣᠭᠯᠠᠯ ᠵᠡᠷᠭᠡ ᠶᠢ ᠰᠤᠳᠤᠯᠤᠨ ᠨᠡᠭᠡᠭᠡᠵᠦ᠂ ᠰᠢᠩᠭᠡᠨ ᠳᠠᠷᠤᠴᠠ ᠶᠢᠨ ᠦᠢᠯᠡᠴᠢᠯᠡᠬᠦ ᠡᠵᠡᠮᠳᠡᠯ ᠵᠡᠷᠭᠡ ᠣᠯᠠᠨ ᠵᠦᠢᠯ ᠤᠨ ᠰᠢᠨ᠎ᠡ ᠶᠢ ᠡᠭᠦᠳᠬᠦ ᠴᠢᠨᠠᠷᠲᠠᠶ ᠮᠡᠷᠭᠡᠵᠢᠯ ᠢ ᠰᠢᠪᠲᠤᠯᠪᠠ᠃ ᠪᠦᠬᠦ ᠣᠯᠥᠰ ᠤᠨ ᠬᠤᠪᠤᠷ ᠰᠢᠷᠦᠢ ᠶᠢᠨ ᠬᠦᠷᠢᠶᠡᠨ ᠳᠠᠬᠢ ᠴᠣᠷ ᠤᠨ ᠭᠠᠭᠴᠠ ᠣᠯᠥᠰ ᠤᠨ ᠮᠡᠷᠭᠡᠵᠢᠯ ᠤᠨ ᠪᠡᠷᠢᠮᠵᠢᠶ᠎ᠠ ᠶᠢᠨ ᠰᠢᠨ᠎ᠡ ᠶᠢ ᠡᠬᠦᠳᠬᠦ ᠰᠠᠭᠤᠷᠢᠨ ᠭᠠᠵᠡᠷ — ᠣᠯᠥᠰ ᠤᠨ ᠮᠡᠷᠭᠡᠵᠢᠯ ᠤᠨ ᠪᠡᠷᠢᠮᠵᠢᠶ᠎ᠠ ᠶᠢᠨ ᠰᠢᠨ᠎ᠡ ᠶᠢ ᠡᠬᠦᠳᠬᠦ ᠰᠠᠭᠤᠷᠢᠨ ᠭᠠᠵᠡᠷ ︵ᠬᠤᠪᠤᠷ ᠰᠢᠷᠦᠢ︶ ᠵᠡᠷᠭᠡ ᠨᠢᠭᠡ ᠪᠦᠯᠥᠭ ᠦᠨᠳᠣᠷ ᠬᠢᠷᠢ ᠭᠡᠮᠵᠢᠶ᠎ᠠ ᠪᠦᠬᠦᠢ ᠶᠠᠰᠣ ᠴᠢᠨᠡᠷ ᠤᠨ ᠰᠠᠭᠤᠷᠢ ᠪᠡᠯᠡᠳᠭᠡᠮᠵᠢ ᠶᠢᠨ ᠲᠣᠯᠭᠠᠭᠤᠷᠢᠯᠠᠬᠤ ᠠᠵᠦ ᠦᠢᠯᠡᠰ ᠤᠨ ᠭᠡᠯᠬᠢᠶᠡᠵᠢᠭᠰᠡᠨ ᠬᠦᠭᠵᠢᠯᠳᠡ ᠶᠢ ᠪᠠᠶᠢᠭᠤᠯᠪᠠ᠃ ᠶᠠᠰᠤ ᠴᠢᠨᠠᠷ ᠤᠨ ᠬᠥᠭᠵᠢᠯᠲᠡ ᠶᠢᠨ ᠣᠨᠣᠯᠵᠢᠬᠤᠨ᠂ ᠠᠵᠤ ᠠᠬᠤᠶ ᠶᠢᠨ ᠬᠥᠭᠵᠢᠯᠲᠡ ᠶᠢᠨ ᠶᠠᠰᠤ ᠴᠢᠨᠠᠷ ᠦᠷ᠎ᠡ ᠠᠰᠢᠭ᠂ ᠠᠵᠤ ᠦᠢᠯᠡᠰ ᠤᠨ ᠶᠠᠰᠤ ᠴᠢᠨᠠᠷ ᠤᠨ ᠥᠷᠢᠰᠥᠯᠳᠦᠬᠦ ᠬᠦᠴᠦᠨ᠂ ᠶᠠᠰᠤ ᠴᠢᠨᠠᠷ ᠤᠨ ᠰᠠᠭᠤᠷᠢ ᠪᠡᠯᠡᠳᠬᠡᠮᠵᠢ᠂ ᠶᠠᠰᠤ ᠴᠢᠨᠠᠷ ᠤᠨ ᠬᠥᠭᠵᠢᠯᠲᠡ ᠶᠢᠨ ᠦᠷ᠎ᠡ ᠪᠦᠲᠦᠮᠵᠢ ᠵᠡᠷᠭᠡ ᠲᠠᠪᠤᠨ ᠲᠠᠯ᠎ᠠ ᠶᠢᠨ ᠲᠣᠭᠤᠷᠢᠨ ᠳᠤ᠂ ᠰᠢᠶᠠᠨ ᠤ ᠬᠡᠪᠴᠢᠶᠡᠨ ᠤ ᠶᠠᠰᠤ ᠴᠢᠨᠠᠷ ᠤᠨ ᠬᠥᠭᠵᠢᠯᠲᠡ ᠶᠢᠨ ᠬᠢᠷᠢ ᠲᠦᠪᠰᠢᠨ ᠢ ᠵᠢᠯᠣᠭᠤᠳᠤᠨ ᠳᠡᠭᠡᠭᠰᠢᠯᠡᠭᠦᠯᠵᠦ᠂ ᠲᠦᠩᠯᠢᠶᠣᠤ ᠬᠤᠲᠠ ᠶᠢᠨ ᠺᠠᠶᠢᠯᠦ ᠰᠢᠶᠠᠨ᠂ ᠰᠢᠯᠢ ᠶᠢᠨ ᠭᠤᠤᠯ ᠠᠶᠢᠮᠠᠭ ᠤᠨ ᠰᠢᠯᠤᠭᠤᠨ ᠬᠥᠬᠡ ᠬᠤᠰᠢᠭᠤ᠂ ᠣᠷᠳᠣᠰ ᠬᠤᠲᠠ ᠶᠢᠨ ᠦᠤᠰᠢᠨ ᠬᠤᠰᠢᠭᠤ ᠵᠡᠷᠭᠡ ᠣᠯᠠᠨ ᠬᠤᠰᠢᠭᠤ ᠰᠢᠶᠠᠨ ᠤ ᠶᠠᠰᠤ ᠴᠢᠨᠠᠷ ᠢᠶᠠᠷ ᠰᠢᠶᠠᠨ ᠢ ᠬᠦᠴᠦᠷᠬᠡᠭᠵᠢᠭᠦᠯᠬᠦ ᠠᠵᠢᠯ ᠨᠢ ᠢᠯᠡᠳᠲᠡ ᠦᠷ᠎ᠡ ᠪᠦᠲᠦᠮᠵᠢ ᠤᠯᠪᠠ᠃

6.png

     ᠬᠤᠶᠢᠰᠢᠳᠠ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠤᠰ ᠤᠳᠠᠭᠠᠨ ᠤ ᠬᠤᠷᠠᠯ ᠢᠶᠠᠷ ᠰᠢᠨ᠎ᠡ ᠭᠠᠷᠤᠭ᠎ᠠ ᠪᠣᠯᠭᠠᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠦᠷᠭᠦᠯᠵᠢᠯᠡᠨ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠳᠡᠭᠡᠳᠦ ᠬᠡᠮᠵᠢᠶᠡᠨ ᠤ ᠤᠯᠤᠰ ᠲᠦᠷᠦ ᠶᠢᠨ ᠤᠬᠠᠮᠰᠠᠷ ᠪᠣᠯᠤᠨ ᠴᠢᠩᠭ᠎ᠠ ᠬᠠᠷᠢᠭᠤᠴᠠᠯᠭ᠎ᠠ ᠡᠭᠦᠷᠭᠡᠯᠡᠯ ᠢᠶᠠᠷ ᠦᠷᠭᠦᠯᠵᠢᠯᠡᠨ ᠲᠡᠮᠡᠴᠡᠵᠦ᠂ ᠡᠷᠡᠮᠡᠬᠡᠶᠢᠯᠡᠨ ᠤᠷᠤᠭᠰᠢᠯᠠᠵᠤ᠂ ᠶᠠᠰᠤ ᠴᠢᠨᠠᠷ ᠢᠶᠠᠷ ᠠᠵᠤ ᠠᠬᠤᠶᠢᠯᠠᠯ᠂ ᠬᠡᠯᠬᠢᠶ᠎ᠡ᠂ ᠰᠢᠶᠠᠨ ᠢ ᠬᠦᠴᠦᠷᠬᠡᠭᠵᠢᠭᠦᠯᠬᠦ ᠲᠦᠷᠦ ᠶᠢᠨ ᠪᠤᠳᠤᠯᠭ᠎ᠠ ᠶᠢᠨ ᠲᠣᠭᠲᠠᠯᠴᠠᠭ᠎ᠠ ᠶᠢ ᠤᠯᠠᠮ ᠴᠢᠨᠠᠭᠰᠢᠳᠠ ᠪᠦᠷᠢᠨᠰᠢᠬᠦᠯᠵᠦ᠂ ᠴᠢᠬᠤᠯᠠ ᠶᠡᠭᠡ ᠲᠦᠷᠦᠯ ᠵᠦᠢᠯ ᠢᠶᠠᠷ ᠬᠥᠲᠥᠯᠦᠮᠵᠢ ᠪᠣᠯᠭᠠᠵᠤ᠂ ᠪᠦᠬᠦ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠤᠨ ᠬᠦᠴᠦᠨ ᠴᠢᠳᠠᠯ ᠪᠣᠯᠤᠨ ᠨᠡᠩ ᠤᠯᠠᠨ ᠲᠦᠷᠦ ᠶᠢᠨ ᠪᠤᠳᠤᠯᠭ᠎ᠠ᠂ ᠪᠡᠯᠡ ᠮᠥᠩᠭᠦ ᠵᠡᠷᠭᠡ ᠬᠦᠴᠦᠨ ᠵᠦᠢᠯ ᠤᠨ ᠡᠬᠢ ᠪᠠᠶᠠᠯᠢᠭ ᠢ ᠲᠥᠪᠯᠡᠷᠡᠭᠦᠯᠵᠦ᠂ ᠶᠠᠰᠤ ᠴᠢᠨᠠᠷ ᠢᠶᠠᠷ ᠠᠵᠤ ᠠᠬᠤᠶᠢᠯᠠᠯ ᠢ   ᠬᠦᠴᠦᠷᠬᠡᠭᠵᠢᠭᠦᠯᠬᠦ᠂ ᠶᠠᠰᠤ ᠴᠢᠨᠠᠷ ᠢᠶᠠᠷ ᠬᠡᠯᠬᠢᠶ᠎ᠡ ᠶᠢ ᠬᠦᠴᠦᠷᠬᠡᠭᠵᠢᠭᠦᠯᠬᠦ᠂ ᠶᠠᠰᠤ ᠴᠢᠨᠠᠷ ᠢᠶᠠᠷ ᠰᠢᠶᠠᠨ ᠢ ᠬᠦᠴᠦᠷᠬᠡᠭᠵᠢᠭᠦᠯᠬᠦ ᠶᠢ ᠨᠢᠭᠡᠳᠦᠯᠲᠡᠢ ᠲᠥᠯᠥᠪᠵᠢᠭᠦᠯᠦᠨ    ᠠᠬᠢᠭᠤᠯᠵᠤ᠂ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠪᠠᠶᠢᠭᠤᠯᠤᠯ ᠲᠣᠭᠲᠠᠴᠠ ᠶᠢᠨ ᠠᠰᠠᠭᠤᠳᠠᠯ ᠢ ᠰᠢᠢᠳᠪᠦᠷᠢᠯᠡᠵᠦ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠣᠳᠣᠬᠢᠴᠢᠯᠠᠯᠲᠠ ᠶᠢ ᠲᠦᠷᠭᠡᠳᠬᠡᠨ ᠠᠬᠢᠭᠤᠯᠵᠤ᠂ ᠪᠣᠳᠠᠲᠠᠢ ᠠᠷᠭ᠎ᠠ ᠤᠬᠠᠭᠠᠨ ᠭᠠᠷᠭᠠᠵᠤ᠂ ᠰᠢᠨ᠎ᠡ ᠠᠷᠭ᠎ᠠ ᠶᠢ ᠰᠦᠪᠡᠭᠴᠢᠯᠡᠵᠦ᠂ ᠰᠠᠶᠢᠨ ᠠᠷᠭ᠎ᠠ ᠤᠬᠠᠭᠠᠨ ᠭᠠᠷᠭᠠᠵᠤ᠂ ᠥᠨᠳᠥᠷ ᠲᠦᠪᠰᠢᠨ ᠪᠦᠬᠦᠢ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠪᠠᠶᠢᠭᠤᠯᠤᠯ ᠤᠨ ᠪᠠᠶᠢᠭᠤᠯᠤᠯᠲᠠ ᠪᠣᠯᠤᠨ ᠬᠤᠶᠠᠷ ᠶᠡᠭᠡ ᠶᠠᠪᠤᠳᠠᠯ ᠤᠨ ᠨᠠᠶᠢᠳᠠᠪᠤᠷᠢᠵᠢᠭᠤᠯᠤᠯᠲᠠ ᠳᠤ ᠨᠡᠩ ᠰᠠᠶᠢᠲᠤᠷ ᠦᠢᠯᠡᠴᠢᠯᠡᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠴᠦᠨ ᠴᠢᠳᠠᠯ ᠢᠶᠠᠨ ᠡᠷᠭᠦᠬᠦ ᠪᠣᠯᠣᠨ᠎ᠠ᠃

 

ᠢᠷᠡᠯᠲᠡ᠄ ᠶᠠᠰᠤ ᠴᠢᠨᠠᠷ ᠤᠨ ᠬᠥᠭᠵᠢᠯᠲᠡ ᠶᠢᠨ ᠲᠣᠪᠴᠢᠶ᠎ᠠ