ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ 40 ᠵᠤᠷᠪᠤᠰ ᠪᠣᠳᠠᠲᠠᠶ ᠠᠷᠭ᠎ᠠ ᠬᠡᠮᠵᠢᠶ᠎ᠡ ᠶᠢ ᠨᠡᠶᠢᠲᠡᠯᠡᠪᠡ︕
ᠨᠡᠶᠢᠲᠡᠯᠡᠭᠰᠡᠨ ᠴᠠᠭ᠄
2024/9/6

     ᠭᠤᠣᠯ ᠠᠭᠤᠯᠭ᠎ᠠ ᠶᠢ ᠭᠦᠶᠦᠯᠭᠡᠨ ᠦᠵᠡᠬᠦ

     9 ᠳ᠋ᠤᠭᠡᠷ ᠰᠠᠷ᠎ᠠ ᠶᠢᠨ 3 ᠤ ᠡᠳᠦᠷ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ︽ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠤᠳᠠᠯᠳᠤᠭ᠎ᠠ ᠡᠵᠡᠩᠨᠡᠬᠦ ᠣᠷᠴᠢᠨ ᠨᠦᠭᠦᠴᠡᠯ ᠢ ᠰᠢᠯᠢᠳᠡᠭᠵᠢᠭᠦᠯᠬᠦ ᠭᠤᠤᠯᠳᠠᠯᠭ᠎ᠠ ᠲᠠᠢ ᠠᠷᠭ᠎ᠠ ᠬᠡᠮᠵᠢᠶ᠎ᠡ ︵2024 ᠣᠨ ᠤ ᠬᠡᠪᠯᠡᠯ︶︾ ᠶᠢ ᠨᠡᠶᠢᠲᠡᠯᠡᠪᠡ᠃

     ᠠᠵᠤ ᠠᠬᠤᠶᠢᠯᠠᠯ ᠤᠨ ᠣᠷᠣᠨ ᠠᠯᠤᠰᠯᠠᠨ ᠰᠢᠯᠵᠢᠬᠦ ᠶᠢ ᠬᠢᠵᠠᠭᠠᠷᠯᠠᠬᠤ᠂ ᠨᠡᠷ᠎ᠡ ᠪᠤᠷᠤᠭᠤᠯᠠᠨ ᠲᠡᠮᠲᠡᠭᠯᠡᠭᠦᠯᠬᠦ᠂ ᠠᠵᠢᠯ ᠮᠡᠷᠭᠡᠵᠢᠯ ᠤᠨ ᠲᠥᠯᠥᠪᠦᠷᠢ ᠠᠪᠬᠤ ᠵᠡᠷᠭᠡ ᠠᠰᠠᠭᠤᠳᠠᠯ ᠳᠤ ᠴᠢᠭᠯᠡᠭᠦᠯᠦᠨ᠂ ᠡᠵᠡᠩᠨᠡᠯᠲᠡ ᠶᠢᠨ ᠭᠤᠤᠯ ᠴᠣᠭᠴᠠ ᠶᠢᠨ ᠠᠩᠬᠠᠷᠴᠤ ᠪᠠᠶᠢᠭ᠎ᠠ ᠠᠰᠠᠭᠤᠳᠠᠯ ᠳᠤ ᠰᠠᠨᠠᠭᠠᠴᠢᠯᠠᠭ᠎ᠠ ᠠᠴᠠ ᠪᠠᠨ ᠬᠠᠷᠢᠭᠤᠯᠲᠠ ᠥᠭᠴᠦ᠂ ᠠᠵᠤ ᠠᠬᠤᠶᠢᠯᠠᠯ ᠤᠨ ᠨᠡᠭᠦᠨ ᠤᠷᠤᠭᠰᠠᠨ ᠣᠨᠳᠣᠤ ᠭᠠᠵᠠᠷ ᠲᠤ ᠪᠠᠨ ᠰᠢᠭᠤᠳ ᠳᠠᠩᠰᠠᠯᠠᠭᠤᠯᠬᠤ᠂ ᠠᠵᠤ ᠠᠬᠤᠶᠢᠯᠠᠯ ᠤᠨ ᠦᠨᠡᠨ ᠨᠡᠷ᠎ᠡ ᠪᠠᠷ ᠳᠠᠩᠰᠠᠯᠠᠭᠤᠯᠤᠨ ᠲᠡᠮᠲᠡᠭᠯᠡᠭᠦᠯᠬᠦ ᠲᠣᠭᠲᠠᠴᠠ ᠪᠠ ᠳᠠᠷᠠᠭᠠᠯᠠᠯ ᠢ ᠲᠡᠭᠦᠯᠳᠡᠷᠵᠢᠭᠦᠯᠬᠦ᠂ ᠠᠵᠢᠯ ᠮᠡᠷᠭᠡᠵᠢᠯ ᠤᠨ ᠲᠦᠯᠦᠪᠦᠷᠢ ᠶᠢᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠵᠢᠷᠤᠮᠵᠢᠭᠤᠯᠤᠨ ᠲᠣᠭᠲᠠᠭᠠᠬᠤ ᠵᠡᠷᠭᠡ ᠪᠣᠳᠠᠲᠠᠶ ᠶᠢ ᠡᠷᠬᠢᠮᠯᠡᠭᠰᠡᠨ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠪᠠ᠃

     ᠬᠠᠤᠯᠢ ᠶᠢ ᠴᠢᠩᠭ᠎ᠠ ᠵᠢᠷᠤᠮᠵᠢᠭᠤᠨ ᠲᠥᠪ ᠭᠤᠤᠯᠴᠢ ᠪᠣᠯᠪᠠᠰᠤᠨ ᠢᠶᠠᠷ ᠬᠡᠷᠡᠭᠵᠢᠭᠦᠯᠬᠦ ᠶᠢ ᠠᠬᠢᠭᠤᠯᠬᠤ ᠲᠠᠯ᠎ᠠ ᠪᠠᠷ᠂ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢᠨ ᠰᠢᠨᠵᠢ ᠴᠢᠨᠠᠷ᠂ ᠦᠢᠯᠡ ᠪᠠᠶᠢᠳᠠᠯ᠂ ᠨᠡᠶᠢᠭᠡᠮ ᠳᠤ ᠤᠴᠠᠷᠠᠭᠤᠯᠤᠭᠰᠠᠨ ᠬᠤᠤᠷ ᠬᠥᠨᠥᠭᠡᠯ ᠤᠨ ᠬᠡᠮᠵᠢᠶ᠎ᠡ ᠲᠠᠢ ᠤᠶᠠᠯᠳᠤᠭᠤᠯᠤᠨ᠂ ᠬᠠᠤᠯᠢ ᠴᠠᠭᠠᠵᠠ ᠶᠢ ᠬᠡᠷᠡᠭᠵᠢᠭᠦᠯᠦᠭᠰᠡᠨ ᠦᠷ᠎ᠡ ᠪᠦᠲᠦᠮᠵᠢ ᠶᠢ ᠨᠥᠯᠥᠭᠡᠯᠡᠬᠦ ᠬᠦᠴᠦᠨ ᠵᠦᠢᠯ ᠢ ᠶᠡᠷᠦᠩᠬᠡᠶᠢᠯᠡᠨ ᠪᠣᠳᠣᠯᠬᠢᠯᠠᠵᠤ᠂ ᠰᠢᠢᠳᠭᠡᠨ ᠲᠣᠷᠭᠠᠬᠤ ᠲᠥᠷᠥᠯ ᠵᠦᠢᠯ ᠪᠠ ᠬᠡᠮᠵᠢᠶ᠎ᠡ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠬᠤ ᠬᠡᠷᠡᠭᠲᠡᠶ ᠭᠡᠵᠦ ᠳᠤᠷᠠᠳᠤᠨ ᠭᠠᠷᠭᠠᠪᠠ᠃

     ᠲᠣᠮᠣ ᠬᠡᠯᠪᠡᠷᠢ ᠶᠢᠨ ᠠᠵᠤ ᠠᠬᠤᠶᠢᠯᠠᠯ ᠨᠢ ᠳᠤᠮᠳᠠ ᠵᠢᠵᠢᠭ ᠠᠵᠤ ᠠᠬᠤᠶᠢᠯᠠᠯ ᠤᠨ ᠵᠣᠭᠤᠰ ᠮᠥᠩᠭᠦ ᠶᠢ ᠬᠤᠭᠤᠴᠠᠭ᠎ᠠ ᠨᠢ ᠥᠩᠭᠡᠷᠡᠭᠰᠡᠨ ᠪᠠᠶᠢᠲᠠᠯ᠎ᠠ ᠬᠠᠷᠠᠬᠠᠨ ᠥᠭᠭᠦᠭᠡᠳᠦᠶ ᠭᠡᠷ᠎ᠡ ᠶᠢᠨ ᠲᠤᠭ᠎ᠠ ᠬᠡᠮᠵᠢᠶ᠎ᠡ᠂ ᠵᠣᠭᠤᠰ ᠤᠨ ᠲᠤᠭ᠎ᠠ ᠵᠡᠷᠭᠡ ᠮᠡᠳᠡᠭᠡ ᠵᠠᠩᠭᠢ ᠶᠢ ᠠᠵᠤ ᠠᠬᠤᠶᠢᠯᠠᠯ ᠤᠨ ᠣᠨ ᠤ ᠮᠡᠳᠡᠭᠦᠯᠦᠯᠲᠡ ᠳᠤ ᠪᠠᠨ ᠣᠷᠣᠭᠤᠯᠵᠤ᠂ ᠤᠯᠤᠰ ᠤᠨ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠢᠯᠡ ᠨᠡᠶᠢᠲᠡᠯᠡᠬᠦ ᠰᠢᠰᠲ᠋ᠧᠮ ᠢᠶᠠᠷ ᠳᠠᠮᠵᠢᠭᠤᠯᠤᠨ ᠨᠡᠶᠢᠭᠡᠮ ᠳᠤ ᠢᠯᠡ ᠨᠡᠶᠢᠲᠡᠯᠡᠬᠦ ᠱᠠᠭᠠᠷᠳᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠶ᠃

     ᠣᠯᠠᠨ ᠨᠡᠶᠢᠲᠡ ᠶᠢᠨ ᠠᠮᠤᠷ ᠲᠦᠪᠰᠢᠨ ᠳᠤ ᠬᠤᠤᠷ ᠬᠦᠨᠦᠭᠡᠯ ᠤᠴᠠᠷᠠᠭᠤᠯᠤᠭᠰᠠᠨ᠂ ᠬᠤᠳᠠᠯ ᠬᠠᠭᠤᠷᠮᠠᠭ ᠢ ᠦᠢᠯᠡᠳᠴᠦ ᠪᠤᠷᠤᠯᠠᠭᠤᠯᠤᠭᠰᠠᠨ᠂ ᠡᠷᠬᠡ ᠳᠤ ᠬᠠᠯᠳᠠᠭᠰᠠᠨ ᠬᠤᠳᠠᠯ ᠬᠠᠭᠤᠷᠮᠠᠭ᠂ ᠵᠢᠩ ᠳᠤ ᠪᠠᠨ ᠬᠦᠷᠬᠦ ᠦᠭᠡᠢ᠂ ᠡᠷᠬᠡ ᠲᠡᠭᠰᠢ ᠥᠷᠢᠰᠦᠯᠳᠦᠭᠡᠨ ᠢ ᠡᠪᠳᠡᠭᠰᠡᠨ᠂ ᠬᠡᠷᠡᠭᠯᠡᠭᠴᠢᠳ ᠤᠨ ᠬᠠᠤᠯᠢ ᠶᠤᠰᠤᠨ ᠤ ᠡᠷᠬᠡ ᠠᠰᠢᠭ ᠲᠤ ᠬᠠᠯᠳᠠᠭᠰᠠᠨ ᠵᠡᠷᠭᠡ ᠵᠠᠬ᠎ᠠ ᠲᠡᠯᠭᠡᠭᠦᠷ ᠤᠨ ᠡᠮᠬᠢ ᠲᠢᠭᠯᠢᠮ ᠢ ᠡᠪᠳᠡᠭᠰᠡᠨ ᠦᠢᠯᠡ ᠠᠵᠢᠯᠯᠠᠭ᠎ᠠ ᠶᠢ ᠬᠠᠤᠯᠢ ᠶᠤᠰᠤᠭᠠᠷ ᠴᠢᠩᠭ᠎ᠠ ᠰᠢᠢᠳᠭᠡᠬᠦ ᠬᠡᠷᠡᠭᠲᠡᠢ᠃

     ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠶᠢ ᠥᠷᠨᠢᠭᠦᠯᠵᠦ᠂ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠢ ᠴᠢᠩᠭᠠᠷᠠᠭᠤᠯᠬᠤ ᠲᠦᠷᠢᠮ  ᠲᠥᠷᠥ ᠶᠢᠨ  ᠪᠣᠳᠣᠯᠭ᠎ᠠ   ᠶᠢ    ᠨᠡᠶᠢᠲᠡᠯᠡᠪᠡ᠃

     ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠤᠬᠠᠢ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠬᠠᠮᠤᠭ ᠤᠨ ᠰᠢᠨ᠎ᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢᠨ ᠲᠤᠰᠠᠳᠠ᠂ 9 ᠳ᠋ᠦ᠋ᠭᠡᠷ ᠰᠠᠷ᠎ᠠ ᠶᠢᠨ 3 ᠤ ᠡᠳᠦᠷ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠠᠴᠠ ︽ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠭᠤᠣᠯᠳᠠᠯᠭ᠎ᠠ ᠲᠠᠢ ᠠᠷᠭ᠎ᠠ ᠬᠡᠮᠵᠢᠶ᠎ᠡ ︵2024 ᠣᠨ ᠤ ᠬᠡᠪᠯᠡᠯ︶︾ ︵ᠳᠣᠷᠣᠭᠰᠢ ︽ᠭᠤᠣᠯᠳᠠᠯᠭ᠎ᠠ ᠲᠠᠢ ᠠᠷᠭ᠎ᠠ ᠬᠡᠮᠵᠢᠶ᠎ᠡ︾ ᠭᠡᠵᠦ ᠲᠣᠪᠴᠢᠯᠠᠨ᠎ᠠ︶ ᠶᠢ ᠨᠡᠶᠢᠲᠡᠯᠡᠪᠡ᠃

     ︽ᠭᠤᠤᠯᠳᠠᠯᠭ᠎ᠠ ᠲᠠᠢ ᠠᠷᠭ᠎ᠠ ᠬᠡᠮᠵᠢᠶ᠎ᠡ︾ ᠶᠢᠨ ᠵᠣᠷᠢᠯᠭ᠎ᠠ ᠨᠢ ᠵᠠᠬ᠎ᠠ ᠳᠡᠯᠭᠡᠭᠦᠷᠴᠢᠯᠡᠭᠰᠡᠨ᠂ ᠬᠠᠤᠯᠢᠵᠢᠭᠰᠠᠨ᠂ ᠳᠡᠯᠡᠬᠡᠶᠢᠵᠢᠭᠰᠡᠨ ᠲᠡᠷᠢᠭᠦᠨ ᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠪᠠᠶᠢᠭᠤᠯᠵᠤ᠂ ᠪᠦᠬᠦᠯᠢ ᠴᠣᠭᠴᠠ ᠪᠠᠷ ᠨᠢ ᠰᠢᠯᠢᠳᠡᠭᠵᠢᠭᠦᠯᠬᠦ ᠬᠠᠷᠠᠯᠲᠠ ᠶᠢᠨ ᠲᠣᠭᠤᠷᠢᠨ ᠳᠤ᠂ ︽ᠴᠢᠯᠦᠭᠡᠲᠡᠢ ᠲᠠᠯᠪᠢᠬᠤ︾ ᠮᠥᠷᠲᠡᠭᠡᠨ ᠪᠠᠰᠠ ︽ᠬᠠᠮᠢᠶᠠᠷᠴᠤ ᠳᠡᠶᠢᠯᠬᠦ︾ ᠱᠠᠭᠠᠷᠳᠠᠯᠭ᠎ᠠ ᠶᠣᠰᠣᠭᠠᠷ᠂ ᠣᠳᠣᠬᠠᠨ ᠤ ᠪᠠ ᠬᠤᠶᠢᠰᠢᠳᠠ ᠶᠢᠨ ᠬᠡᠰᠡᠭ ᠬᠤᠭᠤᠴᠠᠭᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶᠡᠨ ᠳᠠᠬᠢ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠭᠤᠤᠯᠳᠠᠯᠭ᠎ᠠ ᠲᠠᠢ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠪᠠ᠃ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢ ᠠᠬᠢᠭᠤᠯᠬᠤ ᠲᠠᠯ᠎ᠠ ᠪᠠᠷ᠂ ︽ᠭᠤᠤᠯᠳᠠᠯᠭ᠎ᠠ ᠲᠠᠢ ᠠᠷᠭ᠎ᠠ ᠬᠡᠮᠵᠢᠶ᠎ᠡ︾ ᠳᠤ ᠳᠣᠤᠷᠠᠬᠢ ᠮᠡᠲᠦ ᠣᠨᠴᠠᠯᠢᠭ ᠪᠣᠢ᠄

     ᠨᠢᠭᠡ ᠳᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠣᠳᠣᠬᠠᠨ ᠤ ᠡᠵᠡᠩᠨᠡᠯᠲᠡ ᠶᠢᠨ ᠭᠤᠣᠯ ᠴᠣᠭᠴᠠ ᠶᠢᠨ ᠲᠤᠰᠬᠠᠯ ᠴᠢᠩᠭ᠎ᠠ᠂ ᠲᠡᠷᠢᠭᠦᠨ ᠤ ᠡᠵᠡᠩᠨᠡᠯᠲᠡ ᠶᠢᠨ ᠣᠷᠴᠢᠨ ᠲᠣᠭᠤᠷᠢᠨ ᠤ ᠪᠠᠶᠢᠭᠤᠯᠤᠯᠲᠠ ᠶᠢ ᠨᠥᠯᠥᠭᠡᠯᠡᠬᠦ ᠭᠤᠣᠯᠳᠠᠯᠭ᠎ᠠ ᠲᠠᠢ ᠬᠦᠴᠢᠷᠳᠡᠯ ᠪᠠ ᠲᠦᠭᠵᠢᠷᠡᠯ ᠤᠨ ᠠᠰᠠᠭᠤᠳᠠᠯ ᠤᠨ ᠲᠣᠭᠤᠷᠢᠨ ᠳᠤ᠂ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠰᠦᠪᠡᠭᠴᠢᠯᠡᠨ ᠳᠤᠷᠠᠳᠴᠤ᠂ ᠡᠵᠡᠩᠨᠡᠯᠲᠡ ᠶᠢᠨ ᠭᠤᠣᠯ ᠴᠣᠭᠴᠠ ᠶᠢᠨ ᠬᠥᠭᠵᠢᠯᠲᠡ ᠶᠢ ᠬᠠᠮᠠᠭᠠᠯᠠᠨ᠎ᠠ᠃ ᠠᠵᠤ ᠠᠬᠤᠶᠢᠯᠠᠯ ᠤᠨ ᠣᠷᠣᠨ ᠠᠯᠤᠰᠯᠠᠨ ᠰᠢᠯᠵᠢᠬᠦ ᠶᠢ ᠬᠢᠵᠠᠭᠠᠷᠯᠠᠬᠤ᠂ ᠨᠡᠷ᠎ᠡ ᠪᠤᠷᠤᠭᠤᠯᠠᠨ ᠲᠡᠮᠲᠡᠭᠯᠡᠭᠦᠯᠬᠦ᠂ ᠠᠵᠢᠯ ᠮᠡᠷᠭᠡᠵᠢᠯ ᠤᠨ ᠲᠥᠯᠥᠪᠦᠷᠢ ᠠᠪᠬᠤ ᠵᠡᠷᠭᠡ ᠠᠰᠠᠭᠤᠳᠠᠯ ᠳᠤ ᠴᠢᠭᠯᠡᠭᠦᠯᠦᠨ᠂ ᠡᠵᠡᠩᠨᠡᠯᠲᠡ ᠶᠢᠨ ᠭᠤᠣᠯ ᠴᠣᠭᠴᠠ ᠶᠢᠨ ᠠᠩᠬᠠᠷᠤᠯ ᠳᠤ ᠰᠠᠨᠠᠭᠠᠴᠢᠯᠠᠭ᠎ᠠ ᠠᠴᠠ ᠪᠠᠨ ᠬᠠᠷᠢᠭᠤᠯᠲᠠ ᠥᠭᠴᠦ᠂ ᠠᠵᠤ  ᠠᠬᠤᠶᠢᠯᠠᠯ  ᠤᠨ  ᠨᠡᠭᠦᠨ  ᠤᠷᠤᠭᠰᠠᠨ  ᠣᠨᠳᠣᠤ   ᠭᠠᠵᠠᠷ ᠲᠤ ᠪᠠᠨ ᠰᠢᠭᠤᠳ ᠳᠠᠩᠰᠠᠯᠠᠭᠤᠯᠬᠤ᠂ ᠠᠵᠤ ᠠᠬᠤᠶᠢᠯᠠᠯ ᠤᠨ ᠦᠨᠡᠨ ᠨᠡᠷ᠎ᠡ ᠪᠠᠷ ᠳᠠᠩᠰᠠᠯᠠᠭᠤᠯᠤᠨ ᠲᠡᠮᠲᠡᠭᠯᠡᠭᠦᠯᠬᠦ ᠲᠣᠭᠲᠠᠴᠠ ᠪᠠ ᠳᠠᠷᠠᠭᠠᠯᠠᠯ ᠢ ᠲᠡᠭᠦᠯᠳᠡᠷᠵᠢᠭᠦᠯᠬᠦ᠂ ᠠᠵᠢᠯ ᠮᠡᠷᠭᠡᠵᠢᠯ ᠤᠨ ᠲᠦᠯᠦᠪᠦᠷᠢ ᠶᠢᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠵᠢᠷᠤᠮᠵᠢᠭᠤᠯᠤᠨ ᠲᠣᠭᠲᠠᠭᠠᠬᠤ ᠵᠡᠷᠭᠡ ᠪᠣᠳᠠᠲᠠᠶ ᠶᠢ ᠡᠷᠬᠢᠮᠯᠡᠭᠰᠡᠨ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠪᠠ᠃

     ᠬᠤᠶᠠᠷ ᠲᠤ᠂ ᠲᠥᠪ ᠭᠤᠣᠯᠴᠢ ᠪᠠᠷ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠪᠠᠶᠢᠳᠠᠯ ᠪᠣᠯᠤᠨ ᠥᠭᠡᠷᠡᠴᠢᠯᠡᠯᠲᠡ ᠶᠢᠨ ᠡᠭᠦᠷᠭᠡ ᠲᠠᠢ ᠤᠶᠠᠯᠳᠤᠭᠤᠯᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠤᠨ ᠪᠠᠶᠢᠭᠤᠯᠤᠯᠲᠠ ᠶᠢᠨ ᠦᠷ᠎ᠡ ᠪᠦᠲᠦᠮᠵᠢ ᠶᠢ ᠪᠠᠬᠢᠵᠢᠭᠦᠯᠦᠨ ᠳᠡᠭᠡᠭᠰᠢᠯᠡᠭᠦᠯᠵᠦ᠂ ᠯᠠᠪᠳᠠᠭᠤᠨ ᠪᠣᠯᠭᠤᠮᠵᠢᠲᠠᠢ ᠪᠠᠷ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠬᠡᠷᠡᠭᠵᠢᠭᠦᠯᠦᠨ᠎ᠡ᠃ ᠬᠠᠤᠯᠢ ᠶᠢ ᠴᠢᠩᠭ᠎ᠠ ᠵᠢᠷᠤᠮᠵᠢᠭᠤᠨ ᠲᠥᠪ ᠭᠤᠣᠯᠴᠢ ᠪᠣᠯᠪᠠᠰᠤᠨ ᠢᠶᠠᠷ ᠬᠡᠷᠡᠭᠵᠢᠭᠦᠯᠬᠦ ᠶᠢ ᠠᠬᠢᠭᠤᠯᠬᠤ ᠲᠠᠯ᠎ᠠ ᠪᠠᠷ᠂ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢᠨ ᠰᠢᠨᠵᠢ ᠴᠢᠨᠠᠷ᠂ ᠦᠢᠯᠡ ᠪᠠᠶᠢᠳᠠᠯ᠂ ᠨᠡᠶᠢᠭᠡᠮ ᠳᠤ ᠤᠴᠠᠷᠠᠭᠤᠯᠤᠭᠰᠠᠨ ᠬᠤᠤᠷ ᠬᠥᠨᠥᠭᠡᠯ ᠤᠨ ᠬᠡᠮᠵᠢᠶ᠎ᠡ ᠲᠠᠢ ᠤᠶᠠᠯᠳᠤᠭᠤᠯᠤᠨ᠂ ᠬᠠᠤᠯᠢ ᠴᠠᠭᠠᠵᠠ ᠶᠢ ᠬᠡᠷᠡᠭᠵᠢᠭᠦᠯᠦᠭᠰᠡᠨ ᠦᠷ᠎ᠡ ᠪᠦᠲᠦᠮᠵᠢ ᠶᠢ ᠨᠥᠯᠥᠭᠡᠯᠡᠬᠦ ᠬᠦᠴᠦᠨ ᠵᠦᠢᠯ ᠢ ᠶᠡᠷᠦᠩᠬᠡᠶᠢᠯᠡᠨ ᠪᠣᠳᠣᠯᠬᠢᠯᠠᠵᠤ᠂ ᠰᠢᠢᠳᠭᠡᠨ ᠲᠣᠷᠭᠠᠬᠤ ᠲᠥᠷᠥᠯ ᠵᠦᠢᠯ ᠪᠠ ᠬᠡᠮᠵᠢᠶ᠎ᠡ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠬᠤ ᠬᠡᠷᠡᠭᠲᠡᠶ ᠭᠡᠵᠦ ᠳᠤᠷᠠᠳᠤᠨ ᠭᠠᠷᠭᠠᠪᠠ᠃  ᠴᠢᠨᠠᠷ ᠰᠠᠶᠢᠲᠠᠶ ᠬᠥᠭᠵᠢᠯᠲᠡ ᠪᠠ ᠥᠨᠳᠥᠷ ᠲᠦᠪᠰᠢᠨ ᠪᠥᠬᠦᠶ ᠠᠮᠤᠷ ᠲᠦᠪᠰᠢᠨ ᠢ ᠨᠢᠭᠡᠳᠦᠯᠲᠡᠶ ᠲᠥᠯᠥᠪᠵᠢᠭᠦᠯᠬᠦ ᠦᠨᠳᠦᠷᠴᠡ ᠠᠴᠠ ᠠᠮᠤᠷ ᠲᠦᠪᠰᠢᠨ ᠢ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠰᠠᠭᠤᠷᠢ ᠪᠣᠯᠭᠠᠵᠤ᠂ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠲᠣᠭᠲᠠᠯᠴᠠᠭ᠎ᠠ ᠶᠢ ᠪᠦᠷᠢᠨᠰᠢᠬᠦᠯᠬᠦ ᠵᠡᠷᠭᠡ ᠠᠯᠢ ᠣᠯᠠᠨ ᠬᠢᠨᠠᠯᠲᠠ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠪᠠ᠃

     ᠭᠤᠷᠪᠠ ᠳᠤ᠂ ᠬᠥᠭᠵᠢᠯᠲᠡ ᠳᠤ ᠦᠢᠯᠡᠴᠢᠯᠡᠬᠦ ᠶᠢ ᠪᠠᠷᠢᠮᠲᠠᠯᠠᠵᠤ᠂ ᠵᠠᠬ᠎ᠠ ᠳᠡᠯᠭᠡᠭᠦᠷ ᠤᠨ ᠠᠵᠤ ᠠᠬᠤᠢ ᠶᠢᠨ ᠰᠠᠭᠤᠷᠢ ᠲᠦᠷᠢᠮ ᠢ ᠲᠡᠭᠦᠯᠳᠡᠷᠵᠢᠭᠦᠯᠬᠦ ᠶᠢ ᠨᠡᠩ ᠴᠢᠬᠤᠯᠠ ᠪᠠᠶᠢᠷᠢᠨ ᠳᠤ ᠲᠠᠯᠪᠢᠵᠤ᠂ ᠵᠠᠬ᠎ᠠ ᠳᠡᠯᠭᠡᠭᠦᠷ ᠤᠨ ᠵᠢᠱᠢᠯᠲᠡ ᠶᠢ ᠲᠣᠭᠲᠠᠪᠤᠷᠢᠵᠢᠭᠤᠯᠵᠤ᠂ ᠡᠵᠡᠩᠨᠡᠯᠲᠡ ᠶᠢᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠨ᠎ᠡ᠃ ᠲᠦᠷᠢᠮ ᠤᠨ ᠪᠠᠲᠤᠯᠠᠭ᠎ᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠵᠠᠬ᠎ᠠ ᠳᠡᠯᠭᠡᠭᠦᠷ ᠤᠨ ᠠᠵᠤ ᠠᠬᠤᠶ ᠶᠢᠨ ᠰᠠᠭᠤᠷᠢ ᠲᠦᠷᠢᠮ ᠢ ᠦᠷᠭᠦᠯᠵᠢᠯᠡᠨ ᠲᠡᠭᠦᠯᠳᠡᠷᠵᠢᠭᠦᠯᠵᠦ᠂ ᠳᠠᠩᠰᠠᠯᠠᠭᠤᠯᠤᠭᠰᠠᠨ ᠬᠥᠷᠥᠩᠭᠡ ᠶᠢᠨ ᠲᠤᠰᠢᠶᠠᠬᠤ ᠳᠡᠩᠰᠡᠯᠡᠯᠲᠡ ᠶᠢᠨ ᠲᠦᠷᠢᠮ ᠢ ᠭᠦᠨᠵᠡᠭᠡᠶᠢᠷᠡᠭᠦᠯᠦᠨ᠂ ᠬᠠᠤᠯᠢ ᠶᠣᠰᠣᠭᠠᠷ ᠲᠣᠭᠲᠠᠭᠰᠠᠨ ᠬᠤᠭᠤᠴᠠᠭᠠᠨ ᠳᠤ ᠲᠤᠰᠢᠶᠠᠬᠤ ᠶᠢ ᠬᠡᠷᠡᠭᠵᠢᠭᠦᠯᠬᠦ ᠶᠢ ᠳᠤᠷᠠᠳᠤᠨ ᠭᠠᠷᠭᠠᠪᠠ︔ ᠢᠲᠡᠭᠡᠮᠵᠢ ᠶᠢᠨ ᠲᠦᠭᠰᠢᠭᠦᠷᠢ ᠶᠢ ᠲᠥᠷᠥᠯ ᠬᠤᠪᠢᠶᠠᠨ ᠬᠠᠮᠢᠶᠠᠷᠬᠤ ᠶᠢ ᠪᠥᠬᠦ ᠲᠠᠯ᠎ᠠ ᠪᠠᠷ ᠭᠦᠨᠵᠡᠭᠡᠶ ᠠᠬᠢᠭᠤᠯᠵᠤ᠂ ᠠᠵᠤ ᠠᠬᠤᠶᠢᠯᠠᠯ ᠤᠨ ᠬᠡᠪ ᠤᠨ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠳᠤ ᠴᠢᠬᠤᠯᠠ ᠪᠤᠰᠤ ᠬᠠᠷᠰᠢ ᠰᠠᠭᠠᠳ ᠢ ᠦᠨᠡᠨ ᠬᠦ ᠪᠠᠭᠠᠰᠬᠠᠨ᠎ᠠ︔ ᠭᠤᠣᠯᠴᠢ ᠥᠷᠢᠰᠥᠯᠳᠦᠭᠡᠨ ᠤ ᠲᠦᠷᠢᠮ ᠲᠣᠭᠲᠠᠴᠠ ᠶᠢ ᠪᠦᠷᠢᠨᠰᠢᠭᠦᠯᠵᠦ᠂ ᠠᠵᠤ ᠠᠬᠤᠶᠢᠯᠠᠯ ᠤᠨ ᠪᠡᠶ᠎ᠡ ᠪᠠᠨ ᠳᠠᠭᠠᠭᠠᠵᠤ ᠰᠢᠯᠵᠢᠬᠦ ᠶᠢ ᠬᠢᠵᠠᠭᠠᠷᠯᠠᠬᠤ᠂ ᠭᠤᠣᠯᠴᠢ ᠪᠠᠷ ᠵᠠᠬ᠎ᠠ ᠳᠡᠯᠭᠡᠭᠦᠷ ᠤᠨ ᠣᠷᠣᠭᠤᠯᠬᠤ ᠶᠢ ᠵᠥᠪᠰᠢᠶᠡᠷᠡᠬᠦ᠂ ᠥᠪᠡᠷ ᠤᠨ ︽ᠪᠠᠭ᠎ᠠ ᠡᠷᠭᠢᠯᠲᠡ︾ ᠶᠢ ᠪᠠᠶᠢᠭᠤᠯᠬᠤ ᠵᠡᠷᠭᠡ ᠠᠰᠠᠭᠤᠳᠠᠯ ᠢ ᠭᠤᠣᠯᠳᠠᠯᠭ᠎ᠠ ᠲᠠᠢ ᠪᠠᠷ ᠠᠷᠢᠯᠭᠠᠨ᠎ᠠ᠃

     ᠲᠦᠷᠪᠡ ᠳᠤ᠂ ᠰᠢᠰᠲ᠋ᠧᠮ ᠤᠨ ᠬᠤᠷᠠᠮᠳᠤᠯ ᠢ ᠴᠢᠩᠭᠠᠷᠠᠭᠤᠯᠵᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶᠡᠨ ᠤ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠠᠵᠢᠯ ᠤᠨ ᠪᠦᠬᠦᠯᠢ ᠴᠣᠭᠴᠠ ᠶᠢᠨ ᠲᠥᠯᠥᠪᠵᠢᠭᠦᠯᠭᠡ ᠪᠣᠯᠤᠨ ᠰᠢᠰᠲ᠋ᠧᠮ ᠲᠠᠢ ᠪᠠᠶᠢᠷᠢᠰᠢᠭᠤᠯᠤᠯᠲᠠ ᠶᠢ ᠴᠢᠩᠭᠠᠳᠬᠠᠵᠤ᠂ ᠡᠯ᠎ᠡ ᠲᠠᠯ᠎ᠠ ᠶᠢᠨ ᠠᠷᠭ᠎ᠠ ᠬᠡᠮᠵᠢᠶ᠎ᠡ ᠶᠢ ᠬᠠᠷᠢᠯᠴᠠᠨ ᠬᠠᠮᠵᠢᠯᠴᠠᠵᠤ᠂ ᠬᠠᠮᠵᠢᠯᠴᠠᠨ ᠥᠨᠳᠥᠷ ᠪᠦᠲᠦᠮᠵᠢᠲᠡᠢ ᠪᠣᠯᠭᠠᠵᠤ᠂ ᠲᠦᠷᠦ ᠶᠢᠨ ᠪᠤᠳᠤᠯᠭ᠎ᠠ ᠶᠢ ᠠᠭᠤᠰᠤᠯᠴᠠᠭᠤᠯᠤᠨ ᠨᠡᠶᠢᠳᠬᠡᠬᠦ ᠦᠢᠯᠡᠳᠦᠯ ᠢ ᠴᠢᠩᠭᠠᠳᠬᠠᠨ᠎ᠠ᠃ ︽ᠭᠤᠤᠯᠳᠠᠯᠭ᠎ᠠ ᠲᠠᠢ ᠠᠷᠭ᠎ᠠ ᠬᠡᠮᠵᠢᠶ᠎ᠡ︾ ᠨᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠡᠷᠦᠩᠬᠡᠶᠢᠯᠡᠭᠰᠡᠨ ᠴᠢᠨᠠᠷᠲᠠᠶ ᠪᠢᠴᠢᠭ ᠮᠠᠲ᠋ᠧᠷᠢᠶᠠᠯ ᠪᠣᠯᠤᠨ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠡᠯ᠎ᠡ ᠶᠡᠭᠡ ᠡᠭᠦᠷᠭᠡ ᠴᠢᠳᠠᠪᠤᠷᠢ ᠶᠢᠨ ᠬᠦᠷᠢᠶ᠎ᠡ ᠶᠢ ᠬᠠᠮᠤᠷᠴᠤ᠂ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ᠂ ᠡᠷᠬᠡ ᠲᠡᠭᠰᠢ ᠪᠠᠷ  ᠥᠷᠢᠰᠥᠯᠳᠦᠬᠦ᠂ ᠬᠢᠨᠠᠨ   ᠬᠠᠮᠢᠶᠠᠷᠴᠤ   ᠬᠠᠤᠯᠢ  ᠬᠡᠷᠡᠭᠵᠢᠭᠦᠯᠬᠦ᠂ ᠲᠦᠷᠢᠮ ᠤᠨ ᠪᠠᠶᠢᠭᠤᠯᠤᠯᠲᠠ᠂ ᠰᠠᠭᠤᠷᠢ ᠲᠤᠯᠭᠠᠭᠤᠷᠢᠯᠠᠯ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠵᠡᠷᠭᠡ ᠣᠯᠠᠨ ᠲᠠᠯ᠎ᠠ ᠶᠢᠨ ᠣᠯᠠᠨ ᠱᠤᠭᠤᠮ ᠤᠨ ᠭᠤᠤᠯ ᠠᠵᠢᠯ ᠢ ᠠᠭᠤᠰᠤᠯᠴᠠᠭᠤᠯᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠤᠨ ᠰᠢᠰᠲ᠋ᠧᠮᠲᠦ ᠴᠢᠨᠠᠷ᠂ ᠪᠦᠬᠦᠯᠢ ᠴᠣᠭᠴᠠᠲᠤ ᠴᠢᠨᠠᠷ ᠪᠠ ᠬᠠᠮᠵᠢᠯᠴᠠᠬᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃

     ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠪᠣᠯ ᠠᠵᠤ ᠠᠬᠤᠶ ᠶᠢᠨ ᠪᠠᠭᠤᠷᠠᠯᠲᠠ ᠶᠢᠨ ᠳᠠᠷᠤᠯᠲᠠ ᠶᠢ ᠠᠷᠭᠠᠴᠠᠭᠠᠬᠤ᠂ ᠡᠵᠡᠩᠨᠡᠯᠲᠡ ᠶᠢᠨ ᠭᠤᠤᠯ ᠴᠣᠭᠴᠠ ᠶᠢᠨ ᠢᠲᠡᠭᠡᠯ ᠵᠣᠷᠢᠭ ᠢ ᠬᠥᠪᠴᠢᠯᠡᠬᠦ ᠴᠢᠬᠤᠯᠠ ᠠᠷᠭ᠎ᠠ ᠬᠡᠮᠵᠢᠶ᠎ᠡ ᠮᠥᠨ᠂ ᠪᠠᠰᠠ ᠴᠤ ᠭᠠᠳᠠᠭᠠᠳᠤ ᠪᠡᠯᠡ ᠶᠢ ᠦᠷᠭᠦᠯᠵᠢᠯᠡᠨ ᠲᠠᠲᠠᠬᠤ᠂ ᠥᠨᠳᠥᠷ ᠲᠦᠪᠰᠢᠨ ᠪᠥᠬᠦᠶ ᠭᠠᠳᠠᠭᠠᠳᠤ ᠨᠡᠭᠡᠭᠡᠯᠲᠡ ᠶᠢ ᠠᠬᠢᠭᠤᠯᠬᠤ ᠶᠢᠨ ᠵᠠᠶᠢᠯᠠᠰᠢ ᠥᠬᠡᠶ ᠱᠠᠭᠠᠷᠳᠠᠯᠭ᠎ᠠ ᠮᠥᠨ᠃ ᠲᠠᠷᠠᠭᠠᠴᠢ ᠶᠢᠨ ᠠᠯᠬᠤᠮ ᠳᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠤᠨ ᠲᠣᠭᠲᠠᠴᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠡᠵᠡᠩᠨᠡᠯᠲᠡ ᠶᠢᠨ ᠭᠤᠤᠯ ᠴᠣᠭᠴᠠ ᠶᠢᠨ ᠬᠦᠰᠡᠯ ᠱᠠᠭᠠᠷᠳᠠᠯᠭ᠎ᠠ ᠶᠢ ᠲᠤᠰᠬᠠᠬᠤ ᠠᠷᠭ᠎ᠠ ᠵᠠᠮ ᠢ ᠰᠢᠯᠤᠭᠤᠳᠬᠠᠵᠤ᠂ ᠣᠷᠣᠨ ᠨᠤᠲᠤᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠢ ᠵᠢᠯᠣᠭᠤᠳᠤᠨ ︽ᠭᠤᠤᠯᠳᠠᠯᠭ᠎ᠠ ᠲᠠᠢ ᠠᠷᠭ᠎ᠠ ᠬᠡᠮᠵᠢᠶ᠎ᠡ︾ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠨ᠎ᠠ᠃

 

ᠢᠷᠡᠯᠲᠡ᠄ ᠬᠤᠲᠠ ᠶᠢᠨ ᠰᠢᠨ᠎ᠡ ᠦᠭᠡ ᠬᠡᠯᠡ