ᠪᠤᠭᠤᠲᠤ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠣᠯᠠᠨ ᠠᠷᠭ᠎ᠠ ᠬᠡᠮᠵᠢᠶ᠎ᠡ ᠠᠪᠴᠤ ᠰᠢᠨ᠎ᠡ ︽ᠺᠣᠮᠫᠠᠨᠢ ᠶᠢᠨ ᠬᠠᠤᠯᠢ︾ ᠶᠢᠨ ᠨᠠᠶᠢᠳᠠᠪᠤᠷᠢᠵᠢᠭᠤᠯᠤᠯᠲᠠ ᠶᠢ ᠬᠦᠴᠦᠯᠡᠨ ᠠᠬᠢᠭᠤᠯᠪᠠ
ᠨᠡᠶᠢᠲᠡᠯᠡᠭᠰᠡᠨ ᠴᠠᠭ᠄
2024/9/6

     7 ᠳ᠋ᠤᠭᠠᠷ ᠰᠠᠷ᠎ᠠ ᠶᠢᠨ 1 ᠤ ᠡᠳᠦᠷ ᠤᠨ ᠰᠢᠨ᠎ᠡ ︽ᠺᠣᠮᠫᠠᠨᠢ ᠶᠢᠨ ᠬᠠᠤᠯᠢ︾ ᠶᠢ ᠬᠡᠷᠡᠭᠵᠢᠭᠦᠯᠦᠭᠰᠡᠨ ᠠᠴᠠ ᠨᠠᠭᠠᠰᠢ᠂ ᠪᠤᠭᠤᠲᠤ ᠬᠤᠲᠠ ᠶᠢᠨ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠪᠠᠷ ᠭᠠᠷᠳᠠᠴᠠ ᠪᠣᠯᠭᠠᠵᠤ᠂ ᠣᠯᠠᠨ ᠵᠦᠢᠯ ᠤᠨ ᠠᠷᠭ᠎ᠠ  ᠬᠡᠮᠵᠢᠶ᠎ᠡ ᠶᠢ ᠵᠡᠷᠭᠡ  ᠪᠠᠷ ᠬᠡᠷᠡᠭᠯᠡᠨ ᠲᠡᠮᠲᠡᠭᠯᠡᠯᠲᠡ ᠳᠠᠩᠰᠠᠯᠠᠯᠲᠠ ᠶᠢᠨ  ᠵᠢᠷᠤᠮᠵᠢᠭᠤᠯᠬᠤ᠂  ᠪᠠᠷᠢᠮᠵᠢᠶᠠᠵᠢᠭᠤᠯᠬᠤ  ᠬᠢᠷᠢ  ᠲᠦᠪᠰᠢᠨ ᠢ ᠳᠡᠭᠡᠭᠰᠢᠯᠡᠭᠦᠯᠵᠦ᠂  ᠰᠢᠨ᠎ᠡ  ︽ᠺᠣᠮᠫᠠᠨᠢ ᠶᠢᠨ ᠬᠠᠤᠯᠢ︾ ᠶᠢ ᠨᠠᠶᠢᠳᠠᠪᠤᠷᠢᠵᠢᠭᠤᠯᠬᠤ ᠳᠤ ᠬᠦᠴᠦᠨ ᠨᠡᠮᠡᠷᠢᠯᠡᠪᠡ᠃

     ᠨᠢᠭᠡ ᠳᠤ᠂ ᠪᠠᠶᠢᠳᠠᠯ ᠳᠤ ᠨᠢ ᠲᠣᠬᠢᠷᠠᠭᠤᠯᠤᠨ ᠲᠥᠷᠥ ᠶᠢᠨ ᠪᠣᠳᠣᠯᠭ᠎ᠠ ᠶᠢᠨ ︽ᠠᠷᠭ᠎ᠠ ᠪᠠᠷᠢᠯ︾ ᠢ ᠲᠣᠭᠲᠠᠭᠠᠪᠠ᠃ ᠰᠢᠨ᠎ᠡ ︽ᠺᠣᠮᠫᠠᠨᠢ ᠶᠢᠨ ᠬᠠᠤᠯᠢ︾ ᠶᠢ ᠬᠡᠷᠡᠭᠵᠢᠭᠦᠯᠦᠭᠰᠡᠨ ᠠᠴᠠ ᠨᠠᠭᠠᠰᠢᠬᠢ ᠳᠠᠩᠰᠠᠯᠠᠬᠤ ᠴᠣᠩᠬᠤᠪᠴᠢᠨ ᠳᠤ ᠲᠤᠯᠭᠠᠷᠠᠭᠰᠠᠨ ᠬᠦᠴᠢᠷ ᠠᠰᠠᠭᠤᠳᠠᠯ ᠳᠤ ᠴᠢᠭᠯᠡᠭᠦᠯᠦᠨ᠂ ᠲᠤᠬᠠᠶ ᠶᠢᠨ ᠭᠠᠵᠠᠷ ᠤᠨ ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ ᠶᠢ ᠥᠷᠨᠢᠭᠦᠯᠵᠦ᠂ ᠨᠡᠶᠢᠲᠡᠯᠢᠭ ᠬᠡᠷᠡᠭ ᠤᠨ  ᠵᠢᠱᠢᠶ᠎ᠡ  ᠪᠠ  ᠠᠷᠭ᠎ᠠ  ᠬᠢᠳᠡᠯ ᠢ ᠡᠮᠬᠢᠯᠡᠨ  ᠬᠤᠷᠢᠶᠠᠩᠭᠤᠶᠢᠯᠠᠵᠤ᠂  ᠰᠢᠨ᠎ᠡ  ︽ᠺᠣᠮᠫᠠᠨᠢ ᠶᠢᠨ     ᠬᠠᠤᠯᠢ︾ ᠶᠢᠨ ︽ᠵᠠᠭᠤᠨ ᠠᠰᠠᠭᠤᠯᠲᠠ ᠵᠠᠭᠤᠨ ᠬᠠᠷᠢᠭᠤᠯᠲᠠ︾ ᠶᠢᠨ ᠮᠡᠳᠡᠯᠭᠡ ᠶᠢᠨ ᠬᠥᠮᠥᠷᠭᠡ ᠶᠢ ᠪᠠᠶᠢᠳᠠᠯ ᠳᠤ ᠨᠢ ᠲᠣᠬᠢᠷᠠᠭᠤᠯᠤᠨ ᠪᠣᠶ ᠪᠣᠯᠭᠠᠪᠠ︔ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠴᠢᠨᠠᠷᠲᠠᠶ ᠪᠢᠴᠢᠭ ᠮᠠᠲ᠋ᠧᠷᠢᠶᠠᠯ ᠢ ᠪᠥᠬᠦ ᠲᠠᠯ᠎ᠠ ᠪᠠᠷ ᠡᠮᠬᠢᠯᠡᠨ ᠨᠡᠶᠢᠯᠡᠭᠦᠯᠵᠦ᠂ ᠲᠥᠷᠥ ᠶᠢᠨ ᠪᠣᠳᠣᠯᠭ᠎ᠠ ᠶᠢᠨ ︽ᠠᠷᠭ᠎ᠠ ᠪᠠᠷᠢᠯ︾ ᠢ ᠪᠦᠷᠢᠯᠳᠦᠭᠦᠯᠵᠦ᠂ ᠲᠥᠷᠥ ᠶᠢᠨ ᠪᠣᠳᠣᠯᠭ᠎ᠠ ᠶᠢ ᠨᠠᠩ ᠲᠣᠳᠣᠷᠬᠠᠶ᠂ ᠭᠦᠢᠴᠡᠳᠭᠡᠬᠦ ᠳᠤ ᠨᠠᠩ ᠣᠨᠣᠪᠴᠢᠲᠠᠶ ᠪᠣᠯᠭᠠᠪᠠ᠃ ᠬᠤᠶᠠᠷ ᠲᠤ᠂ ᠳᠡᠭᠡᠳᠦ ᠳᠤᠤᠷᠠᠳᠤ ᠱᠠᠲᠤ ᠪᠠᠷ ᠢᠶᠠᠨ ᠬᠤᠯᠪᠣᠭᠠᠯᠠᠨ ᠬᠥᠳᠡᠯᠦᠯᠴᠡᠵᠦ ︽ᠨᠡᠪᠲᠡᠷᠡᠯᠴᠡᠬᠦ ᠬᠥᠭᠦᠷᠭᠡ︾ ᠶᠢ ᠪᠠᠶᠢᠭᠤᠯᠪᠠ᠃ ᠪᠥᠬᠦ ᠬᠤᠲᠠ ᠶᠢᠨ ᠡᠯ᠎ᠡ ᠱᠠᠲᠤᠨ ᠤ ᠳᠡᠩᠰᠡᠯᠡᠨ ᠲᠡᠮᠳᠡᠭᠯᠡᠬᠦ ᠡᠭᠦᠷᠭᠡ ᠴᠢᠳᠠᠪᠤᠷᠢ ᠶᠢ ᠡᠭᠦᠷᠭᠡᠯᠡᠵᠦ ᠪᠠᠶᠢᠭ᠎ᠠ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ᠂ ᠬᠠᠷᠢᠭᠤᠴᠠᠯᠭᠠᠲᠠᠨ ᠲᠠᠢ ᠲᠤᠰᠬᠠᠶ ᠰᠡᠳᠦᠪ ᠢᠶᠠᠷ ᠰᠣᠯᠢᠯᠴᠠᠨ ᠶᠠᠷᠢᠯᠴᠠᠵᠤ᠂ ᠠᠵᠤ ᠠᠬᠤᠶᠢᠯᠠᠯ ᠤᠨ ᠨᠡᠷᠡᠶᠢᠳᠦᠯ᠂ ᠬᠠᠶ᠋ᠢᠭ᠂ ᠡᠵᠡᠩᠨᠡᠯᠲᠡ ᠶᠢᠨ ᠬᠡᠪᠴᠢᠶ᠎ᠡ ᠵᠡᠷᠭᠡ ᠳᠡᠩᠰᠡᠯᠡᠨ ᠲᠡᠮᠳᠡᠭᠯᠡᠬᠦ ᠵᠦᠢᠯᠡᠰ ᠤᠨ ᠪᠠᠷᠢᠮᠵᠢᠶ᠎ᠠ ᠶᠢ ᠨᠠᠷᠢᠨ ᠲᠠᠶᠢᠯᠪᠤᠷᠢᠯᠠᠨ ᠵᠠᠳᠠᠯᠵᠤ᠂ ᠨᠡᠪᠲᠡᠷᠡᠯᠴᠡᠬᠦ ᠬᠥᠭᠦᠷᠭᠡ ᠶᠢ     ᠪᠠᠶᠢᠭᠤᠯᠵᠤ᠂ ᠳᠡᠭᠡᠳᠦ ᠳᠣᠤᠷᠠᠳᠤ ᠱᠠᠲᠤᠨ ᠤ ᠨᠡᠶᠢᠯᠡᠮᠡᠯ ᠬᠦᠴᠦᠨ ᠢ ᠨᠢᠭᠲᠠᠷᠠᠭᠤᠯᠤᠨ᠂ ᠲᠡᠮᠲᠡᠭᠯᠡᠯᠲᠡ ᠳᠠᠩᠰᠠᠯᠠᠯᠲᠠ ᠶᠢᠨ ᠨᠠᠩ ᠪᠠᠷᠢᠮᠵᠢᠶᠠᠵᠢᠭᠤᠯᠬᠤ᠂ ᠵᠢᠷᠤᠮᠵᠢᠭᠤᠯᠬᠤ ᠶᠢ ᠠᠬᠢᠭᠤᠯᠪᠠ᠃ ᠭᠤᠷᠪᠠ ᠳᠤ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠳᠤ ᠦᠢᠯᠡᠴᠢᠯᠡᠬᠦ ︽ᠬᠠᠮ ᠠᠷᠭ᠎ᠠ ᠬᠡᠮᠵᠢᠶ᠎ᠡ︾ ᠶᠢ ᠨᠡᠶᠢᠲᠡᠯᠡᠪᠡ᠃ ᠭᠤᠷᠪᠠᠳᠤᠭᠠᠷ ᠬᠤᠭᠤᠴᠠᠭᠠᠨ ᠤ ︽ᠪᠦᠬᠦ ᠤᠯᠤᠰ ᠤᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠦᠢᠯᠡᠴᠢᠯᠡᠭᠡᠨ ᠤ     ᠰᠠᠷ᠎ᠠ︾ ᠶᠢᠨ ᠠᠵᠢᠯᠯᠠᠭ᠎ᠠ ᠶᠢ ᠥᠷᠨᠢᠭᠦᠯᠵᠦ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠬᠡᠯᠪᠡᠷᠢ ᠬᠤᠪᠢᠶᠠᠨ ᠲᠥᠷᠥᠯ ᠬᠤᠪᠢᠶᠠᠨ ᠨᠠᠷᠢᠯᠢᠭ ᠣᠨᠣᠪᠴᠢᠲᠠᠢ ᠪᠠᠷ ᠬᠠᠪᠰᠤᠷᠤᠨ ᠲᠡᠳᠬᠦᠬᠦ ᠶᠢ ᠬᠡᠷᠡᠭᠵᠢᠭᠦᠯᠦᠨ᠂ ᠰᠠᠯᠠᠭ᠎ᠠ ᠮᠥᠴᠢᠷ ᠤᠨ ᠬᠤᠯᠪᠣᠭᠠᠯᠠᠨ ᠬᠥᠳᠡᠯᠦᠯᠴᠡᠬᠦ ᠦᠢᠯᠡᠳᠦᠯ ᠢ ᠭᠦᠢᠴᠡᠳ ᠪᠠᠳᠠᠷᠠᠭᠤᠯᠵᠤ᠂ ᠡᠯ᠎ᠡ ᠲᠠᠯ᠎ᠠ ᠶᠢᠨ ᠬᠦᠴᠦᠨ ᠢ ᠳᠠᠶᠢᠴᠢᠯᠠᠨ᠂ ᠣᠯᠠᠨ ᠵᠦᠢᠯ ᠤᠨ ᠠᠷᠭ᠎ᠠ ᠵᠠᠮ ᠢᠶᠠᠷ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠵᠤ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ︽ᠨᠠᠷᠠᠲᠤ ᠣᠨᠴᠠ ᠰᠢᠯᠢᠳᠡᠭ ᠰᠢᠨ᠎ᠡ︾ ᠶᠢ ᠭᠤᠶᠤᠴᠢᠯᠠᠨ ᠮᠡᠳᠡᠭᠦᠯᠬᠦ᠂ ︽ᠬᠤᠪᠢ ᠶᠢᠨ ᠠᠵᠤ ᠠᠬᠤᠶᠢᠯᠠᠯ ᠪᠣᠯᠭᠠᠨ ᠬᠤᠪᠢᠷᠠᠭᠤᠯᠬᠤ︾ ᠢᠳᠡᠪᠬᠢᠵᠢᠯ ᠢ ᠨᠢ ᠳᠡᠭᠡᠭᠰᠢᠯᠡᠭᠦᠯᠦᠨ᠂ ᠠᠵᠢᠯ ᠲᠥᠷᠥᠯ ᠢ ᠬᠥᠲᠥᠯᠥᠨ ᠳᠠᠭᠠᠭᠤᠯᠬᠤ ᠶᠢ ᠰᠠᠶᠢᠲᠤᠷ ᠬᠢᠵᠦ᠂ ᠲᠥᠷᠥ ᠶᠢᠨ ᠪᠣᠳᠣᠯᠭ᠎ᠠ ᠶᠢ ᠨᠡᠪᠲᠡᠷᠡᠭᠦᠯᠵᠦ᠂ ᠪᠣᠳᠠᠲᠠᠶ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠦᠨᠡᠨ ᠬᠦ ᠪᠠᠲᠤᠯᠠᠪᠠ᠃ ᠳᠥᠷᠪᠡ ᠳᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠨᠡᠯᠡᠨ ᠵᠢᠱᠢᠵᠦ ︽ᠥᠨᠳᠥᠷ ᠬᠠᠷᠠᠯᠲᠠ︾ ᠶᠢ ᠥᠷᠢᠰᠥᠯᠳᠦᠨ ᠪᠠᠲᠤ ᠪᠣᠶ ᠪᠣᠯᠭᠠᠪᠠ᠃ ᠲᠡᠷᠢᠭᠦᠨ ‍ᠤ‌ᠭᠠᠵᠠᠷ ᠣᠷᠣᠨ ᠢᠶᠠᠷ ᠪᠠᠷᠢᠮᠵᠢᠶ᠎ᠠ ᠪᠣᠯᠭᠠᠵᠤ᠂ ᠦᠷᠭᠦᠯᠵᠢᠯᠡᠨ ᠳᠠᠭᠠᠭᠠᠴᠢᠯᠠᠨ ᠦᠷᠢᠰᠦᠯᠳᠦᠵᠤ ᠲᠡᠷᠢᠭᠦᠨ ᠤ ᠬᠢ ᠪᠣᠯᠬᠤ ᠪᠠᠷ ᠴᠢᠷᠮᠠᠶᠢᠬᠤ ᠬᠠᠷᠠᠯᠲᠠ ᠶᠢ ᠪᠣᠶ ᠪᠣᠯᠭᠠᠵᠤ᠂ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠦᠨᠡᠯᠡᠨ ᠵᠢᠱᠢᠬᠦ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠥᠨᠳᠥᠷ ᠪᠦᠲᠦᠮᠵᠢᠲᠡᠶ ᠪᠠᠷ ︽ᠨᠢᠭᠡ ᠠᠵᠢᠯ ᠶᠠᠪᠤᠳᠠᠯ︾ ᠢ ᠭᠦᠢᠴᠡᠳᠭᠡᠬᠦ ᠥᠭᠡᠷᠡᠴᠢᠯᠡᠯᠲᠡ ᠶᠢ ᠭᠦᠨᠵᠡᠭᠡᠶ ᠥᠷᠨᠢᠭᠦᠯᠵᠦ᠂ ᠪᠥᠬᠦ ᠣᠷᠣᠨ ᠳᠤ ᠨᠡᠶᠢᠳᠡᠮ ᠲᠣᠬᠢᠷᠠᠭᠤᠯᠬᠤ ᠶᠢ ᠪᠥᠬᠦ ᠲᠠᠯ᠎ᠠ ᠪᠠᠷ ᠰᠠᠶᠢᠲᠤᠷ ᠬᠢᠵᠦ᠂ ᠠᠵᠤ ᠠᠬᠤᠶᠢᠯᠠᠯ ᠤᠨ ᠬᠠᠷᠠᠭᠠᠰᠤ ᠪᠠ ᠠᠵᠢᠯ ᠶᠠᠪᠤᠳᠠᠯ ᠭᠦᠢᠴᠡᠳᠭᠡᠬᠦ ᠣᠯᠠᠨ ᠲᠦᠮᠡᠨ ᠤ ᠲᠥᠷᠥᠭᠳᠡᠯ ᠢᠶᠠᠷ ᠭᠠᠷᠳᠠᠴᠠ ᠪᠠ ᠲᠤᠰᠤᠯᠲᠠ ᠪᠣᠯᠭᠠᠵᠤ᠂ ᠠᠵᠤ ᠠᠬᠤᠶᠢᠯᠠᠯ ᠤᠨ ᠨᠡᠭᠡᠭᠡᠨ ᠡᠷᠭᠢᠯᠡᠬᠦ ᠳᠤ ᠲᠥᠬᠦᠮ ᠪᠥᠭᠡᠳ ᠥᠨᠳᠥᠷ ᠪᠦᠲᠦᠮᠵᠢᠲᠡᠶ ᠪᠠᠶᠢᠬᠤ ᠶᠢ ᠠᠬᠢᠭᠤᠯᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠦᠨ ᠲᠠᠰ ᠳᠡᠪᠰᠢᠭᠦᠯᠬᠦ ᠶᠢ ᠦᠷᠭᠦᠯᠵᠢᠯᠡᠨ ᠠᠬᠢᠭᠤᠯᠪᠠ᠃

 

ᠢᠷᠡᠯᠲᠡ᠄ ᠪᠤᠭᠤᠲᠤ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ