ᠤᠯᠠᠭᠠᠨᠬᠠᠳᠠ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠭᠤᠷᠪᠠᠨ ᠵᠦᠢᠯ ᠤᠨ ᠠᠷᠭ᠎ᠠ ᠬᠡᠮᠵᠢᠶ᠎ᠡ ᠠᠪᠴᠤ ᠭᠠᠯ ᠤᠨᠲᠠᠷᠠᠭᠠᠬᠤ ᠦᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠤᠰᠬᠠᠶ ᠪᠠᠶᠢᠴᠠᠭᠠᠯᠲᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2024/9/6

     ᠭᠠᠯ ᠤᠨᠲᠠᠷᠠᠭᠠᠬᠤ ᠦᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠲᠤᠰᠬᠠᠶ ᠴᠡᠭᠴᠡᠯᠡᠨ ᠵᠠᠰᠠᠬᠤ ᠠᠵᠢᠯ ᠢ ᠭᠦᠨᠵᠡᠭᠡᠶ ᠠᠬᠢᠭᠤᠯᠵᠤ᠂ ᠤᠯᠠᠭᠠᠨᠬᠠᠳᠠ ᠬᠤᠲᠠ ᠶᠢᠨ ᠭᠠᠯ ᠤᠨᠲᠠᠷᠠᠭᠠᠬᠤ ᠦᠢᠯᠡᠳᠬᠦᠨ ᠤ ᠶᠠᠰᠤ ᠴᠢᠨᠠᠷ ᠤᠨ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠠᠮᠤᠷ ᠲᠦᠪᠰᠢᠨ ᠤ ᠲᠦᠭᠰᠢᠭᠦᠷᠢ ᠶᠢᠨ ᠳᠠᠯᠳᠠ ᠬᠡᠮ ᠢ ᠰᠡᠷᠭᠡᠶᠢᠯᠡᠨ ᠠᠷᠢᠯᠭᠠᠬᠤ ᠶᠢᠨ ᠲᠤᠰᠠᠳᠠ᠂ ᠣᠶᠢᠷ᠎ᠠ ᠳᠤ᠂ ᠤᠯᠠᠭᠠᠨᠬᠠᠳᠠ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠭᠠᠯ ᠤᠨᠲᠠᠷᠠᠭᠠᠬᠤ ᠦᠢᠯᠡᠳᠬᠦᠨ ᠤ ᠲᠤᠰᠬᠠᠶ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠢ ᠥᠷᠨᠢᠭᠦᠯᠪᠡ᠃

     ᠨᠢᠭᠡ ᠳᠤ᠂ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠲᠦᠭᠰᠢᠭᠦᠷᠢ ᠶᠢᠨ ᠳᠠᠯᠳᠠ ᠬᠡᠮ ᠢ ᠠᠷᠢᠯᠭᠠᠪᠠ᠃ ᠭᠠᠯ ᠤᠨᠲᠠᠷᠠᠭᠠᠬᠤ ᠦᠢᠯᠡᠳᠬᠦᠨ ᠪᠣᠷᠤᠯᠠᠭᠤᠯᠵᠤ ᠪᠠᠶᠢᠭ᠎ᠠ ᠠᠵᠤ ᠠᠬᠤᠶᠢᠯᠠᠯ ᠢ ᠪᠦᠬᠦᠨ ᠢ ᠬᠠᠮᠤᠷᠤᠭᠰᠠᠨ ᠲᠤᠰᠬᠠᠶ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠭᠠᠯ ᠤᠨᠲᠠᠷᠠᠭᠠᠬᠤ ᠦᠢᠯᠡᠳᠬᠦᠨ ᠪᠣᠷᠤᠯᠠᠭᠤᠯᠵᠤ ᠪᠠᠶᠢᠭ᠎ᠠ ᠨᠢᠭᠡᠴᠢ ᠶᠢᠨ ᠡᠵᠡᠩᠨᠡᠯᠲᠡ ᠶᠢᠨ ᠭᠤᠤᠯ ᠴᠣᠭᠴᠠ ᠶᠢᠨ ᠬᠢᠷᠢ ᠬᠡᠮ᠂ ᠦᠢᠯᠡᠳᠬᠦᠨ ᠤ ᠢᠷᠡᠯᠲᠡ ᠶᠢᠨ ᠠᠷᠭ᠎ᠠ ᠵᠠᠮ ᠨᠢ ᠵᠥᠪ ᠣᠨᠣᠪᠴᠢᠲᠠᠶ ᠡᠰᠡᠬᠦ᠂ ᠪᠣᠷᠣᠯᠠᠭᠤᠯᠵᠤ ᠪᠠᠶᠢᠭ᠎ᠠ ᠦᠢᠯᠡᠳᠬᠦᠨ ᠤ ᠠᠯᠪᠠᠳᠠᠯᠭ᠎ᠠ ᠶᠢᠨ ᠴᠢᠨᠠᠷᠲᠠᠶ ᠭᠡᠷᠡᠴᠢᠯᠡᠯ ᠤᠨ ᠦᠨᠡᠮᠯᠡᠯ᠂ ᠬᠢᠷᠢ ᠲᠡᠩᠴᠡᠭᠰᠡᠨ ᠦᠨᠡᠮᠯᠡᠯ ᠨᠢ ᠪᠦᠷᠢᠨ ᠭᠦᠢᠴᠡᠳ ᠡᠰᠡᠬᠦ ᠶᠢ ᠭᠤᠤᠯᠳᠠᠯᠭ᠎ᠠ ᠲᠠᠢ ᠪᠠᠶᠢᠴᠠᠭᠠᠪᠠ᠃ ᠡᠭᠦᠨ ᠤ ᠬᠠᠮᠲᠤ ᠭᠠᠷ ᠤᠲᠠᠰᠤ ᠪᠠᠷ ᠭᠠᠯ ᠤᠨᠲᠠᠷᠠᠭᠠᠬᠤ ᠦᠢᠯᠡᠳᠭᠦᠨ ᠤ ᠬᠤᠶᠠᠷ ᠬᠡᠮᠵᠢᠯᠳᠦ ᠺᠣᠳ᠋ ᠢ ᠰᠢᠷᠪᠢᠬᠦ ᠪᠠᠷ ᠳᠠᠮᠵᠢᠭᠤᠯᠤᠨ᠂ ᠦᠢᠯᠡᠳᠬᠦᠨ ᠤ ᠦᠢᠯᠡᠳᠪᠦᠷᠢ᠂ ᠦᠨᠳᠦᠰᠦᠨ ᠪᠣᠯᠵᠣᠯᠲᠤ ᠲᠤᠭ᠎ᠠ ᠵᠡᠷᠭᠡ ᠮᠡᠳᠡᠭᠡ ᠵᠠᠩᠭᠢ ᠨᠢ ᠦᠢᠯᠡᠳᠬᠦᠨ ᠤ ᠭᠠᠳᠠᠷ ᠲᠠᠯ᠎ᠠ ᠳᠤ ᠲᠣᠳᠣᠷᠬᠠᠶᠢᠯᠠᠭᠰᠠᠨ ᠮᠡᠳᠡᠭᠡ ᠵᠠᠩᠭᠢ ᠯᠤᠭ᠎ᠠ ᠨᠢᠭᠡᠳᠦᠯᠲᠡᠶ ᠪᠠᠶᠢᠬᠤ ᠡᠰᠡᠬᠦ ᠶᠢ ᠲᠤᠬᠠᠶ ᠶᠢᠨ ᠭᠠᠵᠠᠷ ᠲᠤ ᠨᠢ ᠬᠢᠨᠠᠨ ᠬᠠᠷᠭᠤᠭᠤᠯᠵᠤ᠂ ᠪᠣᠷᠣᠯᠠᠭᠤᠯᠵᠤ ᠪᠠᠶᠢᠭ᠎ᠠ ᠭᠠᠯ ᠤᠨᠲᠠᠷᠠᠭᠠᠬᠤ ᠦᠢᠯᠡᠳᠬᠦᠨ ᠨᠢ ᠤᠯᠤᠰ ᠤᠨ ᠪᠠᠷᠢᠮᠵᠢᠶ᠎ᠠ ᠶᠢᠨ ᠱᠠᠭᠠᠷᠳᠠᠯᠭ᠎ᠠ ᠳᠤ ᠨᠡᠶᠢᠴᠡᠬᠦ ᠶᠢ ᠦᠨᠡᠨ ᠬᠦ ᠪᠠᠲᠤᠯᠠᠪᠠ᠃ ᠬᠤᠶᠠᠷ ᠲᠤ᠂ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠠᠵᠢᠯ ᠢ ᠥᠷᠨᠢᠭᠦᠯᠪᠡ᠃ ᠭᠠᠯ ᠤᠨᠲᠠᠷᠠᠭᠠᠬᠤ ᠦᠢᠯᠡᠳᠬᠦᠨ ᠢ ᠰᠤᠭᠤᠴᠢᠨ ᠪᠠᠶᠢᠴᠠᠭᠠᠬᠤ ᠶᠢ ᠣᠨ ᠤ ᠰᠤᠭᠤᠴᠢᠨ ᠪᠠᠶᠢᠴᠠᠭᠠᠬᠤ ᠲᠥᠯᠥᠪᠯᠡᠭᠡ ᠳᠤ ᠣᠷᠣᠭᠤᠯᠵᠤ᠂ ᠭᠠᠯ ᠤᠨᠲᠠᠷᠠᠭᠠᠭᠤᠷ᠂ ᠪᠠᠴᠢᠮ ᠪᠠᠶᠢᠳᠠᠯ ᠢ ᠠᠷᠭᠠᠴᠠᠭᠠᠬᠤ ᠭᠡᠷᠡᠯᠲᠦᠭᠦᠯᠭᠡ ᠶᠢᠨ ᠳ᠋ᠧᠩ᠂ ᠭᠠᠯ ᠤᠨᠲᠠᠷᠠᠭᠠᠬᠤ ᠤᠰᠤᠨ ᠪᠦᠰᠡ᠂ ᠭᠠᠯ ᠤᠨᠲᠠᠷᠠᠭᠠᠬᠤ ᠤᠰᠤᠨ ᠫᠤᠤ ᠵᠡᠷᠭᠡ ᠭᠠᠯ ᠤᠨᠲᠠᠷᠠᠭᠠᠬᠤ ᠴᠢᠬᠤᠯᠠ ᠦᠢᠯᠡᠳᠬᠦᠨ ᠳᠤ ᠭᠤᠤᠯᠳᠠᠯᠭ᠎ᠠ ᠲᠠᠢ ᠴᠢᠭᠯᠡᠭᠦᠯᠦᠨ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠪᠡ᠃ ᠡᠭᠦᠨ ᠤ ᠬᠠᠮᠲᠤ᠂ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠳᠤ ᠬᠢᠷᠢ ᠲᠡᠩᠴᠡᠭᠰᠡᠨ ᠥᠬᠡᠶ ᠦᠢᠯᠡᠳᠬᠦᠨ ᠢ ᠪᠣᠷᠤᠯᠠᠭᠤᠯᠵᠤ ᠪᠠᠶᠢᠭ᠎ᠠ ᠨᠢᠭᠡᠴᠢ ᠳᠤ ᠰᠡᠭᠦᠯᠴᠢ ᠶᠢᠨ ᠰᠢᠢᠳᠪᠦᠷᠢᠯᠡᠬᠦ ᠠᠵᠢᠯ ᠢ ᠬᠠᠤᠯᠢ ᠶᠣᠰᠣᠭᠠᠷ ᠴᠢᠩᠭ᠎ᠠ ᠥᠷᠨᠢᠭᠦᠯᠵᠦ᠂ ᠴᠡᠭᠴᠡᠯᠡᠨ ᠰᠠᠶᠢᠵᠢᠷᠠᠭᠤᠯᠤᠯᠲᠠ ᠶᠢ 100% ᠪᠠᠷ ᠮᠥᠷᠳᠡᠨ ᠪᠡᠶᠡᠯᠡᠭᠦᠯᠬᠦ ᠶᠢ ᠦᠨᠡᠨ ᠬᠦ ᠪᠠᠲᠤᠯᠠᠪᠠ᠃ ᠭᠤᠷᠪᠠ ᠳᠤ᠂ ᠤᠬᠠᠭᠤᠯᠭ᠎ᠠ ᠬᠥᠮᠦᠵᠢᠯ ᠢ ᠤᠶᠠᠯᠳᠤᠭᠤᠯᠵᠤ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠳᠠᠶᠢᠵᠢᠭᠤᠯᠪᠠ᠃ ᠪᠠᠶᠢᠴᠠᠭᠠᠬᠤ ᠶᠠᠪᠤᠴᠠ ᠳᠤ᠂ ᠬᠠᠤᠯᠢ ᠬᠡᠷᠡᠭᠵᠢᠭᠦᠯᠬᠦ ᠠᠵᠢᠯᠲᠠᠨ ᠠᠴᠠ ᠡᠵᠡᠩᠨᠡᠭᠴᠢ ᠳᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠢᠯᠡᠳᠬᠦᠨ ᠤ ᠶᠠᠰᠤ ᠴᠢᠨᠠᠷ ᠤᠨ ᠬᠠᠤᠯᠢ︾᠂ ︽ᠭᠡᠷᠡᠴᠢᠯᠡᠨ ᠮᠡᠳᠡᠷᠡᠬᠦ ᠲᠦᠷᠢᠮ︾ ᠪᠠ ︽ᠠᠯᠪᠠᠳᠠᠯᠭ᠎ᠠ ᠶᠢᠨ ᠴᠢᠨᠠᠷᠲᠠᠶ ᠦᠢᠯᠡᠳᠬᠦᠨ ᠤ ᠭᠡᠷᠡᠴᠢᠯᠡᠯ ᠤᠨ ᠬᠠᠮᠢᠶᠠᠷᠤᠯᠲᠠ ᠶᠢᠨ ᠲᠣᠭᠲᠠᠭᠠᠯ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠵᠤ᠂ ᠡᠵᠡᠩᠨᠡᠭᠴᠢ ᠶᠢ ᠰᠢᠮᠳᠠᠭᠤᠯᠤᠨ ᠵᠢᠯᠣᠭᠤᠳᠴᠤ ᠪᠠᠶᠢᠭᠠᠳ ᠪᠠᠷᠠᠭ᠎ᠠ ᠣᠷᠣᠭᠤᠯᠬᠤ ᠶᠢ ᠪᠠᠶᠢᠴᠠᠭᠠᠵᠤ ᠰᠢᠯᠭᠠᠨ ᠠᠪᠬᠤ ᠳᠦᠷᠢᠮ ᠢ ᠪᠠᠶᠢᠭᠤᠯᠤᠨ ᠬᠡᠷᠡᠭᠵᠢᠭᠦᠯᠵᠦ᠂ ᠠᠵᠤ ᠦᠢᠯᠡᠳᠪᠦᠷᠢ ᠶᠢᠨ ᠦᠢᠯᠡᠳᠬᠦᠨ ᠢ ᠪᠣᠷᠣᠯᠠᠭᠤᠯᠬᠤ ᠠᠵᠤ ᠠᠬᠤᠶᠢᠯᠠᠯ ᠤᠨ ᠶᠠᠰᠤ ᠴᠢᠨᠠᠷ ᠤᠨ ᠠᠮᠤᠷ ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠶᠠᠰᠤ ᠴᠢᠨᠠᠷ ᠤᠨ ᠠᠮᠤᠷ ᠲᠦᠪᠰᠢᠨ ᠤ ᠶᠡᠷᠦᠩᠬᠡᠢ ᠬᠢᠨᠠᠭᠴᠢ ᠪᠠ ᠶᠠᠰᠤ ᠴᠢᠨᠠᠷ ᠤᠨ ᠠᠮᠤᠷ ᠲᠦᠪᠰᠢᠨ ᠤ ᠠᠵᠢᠯᠲᠠᠨ ᠤ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ︽ᠡᠳᠦᠷ ᠲᠤ ᠬᠠᠮᠢᠶᠠᠷᠤᠨ ᠡᠵᠡᠮᠳᠡᠬᠦ᠂ ᠭᠠᠷᠠᠭ ᠲᠤ ᠵᠢᠭᠰᠠᠭᠠᠨ ᠪᠠᠶᠢᠴᠠᠭᠠᠬᠤ᠂ ᠰᠠᠷ᠎ᠠ ᠳᠤ ᠲᠤᠬᠢᠷᠠᠭᠤᠯᠬᠤ︾ ᠠᠵᠢᠯ ᠤᠨ ᠲᠦᠷᠢᠮ ᠢ ᠦᠨᠡᠨ ᠬᠦ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠪᠠ᠃

     ᠣᠳᠣᠬᠠᠨ ᠳᠤ ᠪᠣᠯᠲᠠᠯ᠎ᠠ᠂ ᠪᠥᠬᠦ ᠬᠤᠲᠠ ᠳᠤ ᠭᠠᠯ ᠤᠨᠲᠠᠷᠠᠭᠠᠬᠤ ᠦᠢᠯᠡᠳᠬᠦᠨ ᠢ ᠪᠣᠷᠤᠯᠠᠭᠤᠯᠵᠤ ᠪᠠᠶᠢᠭ᠎ᠠ 62 ᠠᠵᠤ ᠠᠬᠤᠶᠢᠯᠠᠯ ᠢ ᠪᠠᠶᠢᠴᠠᠭᠠᠵᠤ᠂ ᠭᠠᠯ ᠤᠨᠲᠠᠷᠠᠭᠠᠬᠤ ᠦᠢᠯᠡᠳᠬᠦᠨ ᠳᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠠᠵᠢᠯ ᠢ 43 ᠪᠦᠯᠦᠭ ᠤᠳᠠᠭ᠎ᠠ ᠥᠷᠨᠢᠭᠦᠯᠵᠦ᠂ ᠣᠳᠣᠬᠠᠨ ᠳᠤ ᠬᠢᠷᠢ ᠲᠡᠩᠴᠡᠬᠦ ᠥᠬᠡᠶ ᠦᠢᠯᠡᠳᠬᠦᠨ ᠢ 1 ᠪᠦᠯᠦᠭ ᠤᠳᠠᠭ᠎ᠠ ᠪᠠᠶᠢᠴᠠᠭᠠᠨ ᠭᠠᠷᠭᠠᠵᠤ᠂ ᠬᠡᠰᠡᠭ ᠦᠢᠯᠡᠳᠬᠦᠨ ᠢ ᠮᠥᠨ ᠬᠦ ᠪᠠᠶᠢᠴᠠᠭᠠᠨ ᠰᠢᠯᠭᠠᠵᠤ᠂ 7 ᠠᠰᠠᠭᠤᠳᠠᠯ ᠤᠨ ᠳᠠᠯᠳᠠ ᠬᠡᠮ ᠢ     ᠢᠯᠡᠷᠡᠭᠦᠯᠵᠦ᠂ 6 ᠠᠵᠤ ᠠᠬᠤᠶᠢᠯᠠᠯ ᠳᠤ ᠵᠠᠷᠯᠢᠭᠳᠠᠨ ᠵᠠᠯᠠᠷᠠᠭᠤᠯᠬᠤ ᠮᠡᠳᠡᠭᠳᠡᠯ ᠤᠨ ᠪᠢᠴᠢᠭ ᠪᠠᠭᠤᠯᠭᠠᠭᠰᠠᠨ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠤᠯᠠᠭᠠᠨᠬᠠᠳᠠ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠭᠠᠯ ᠤᠨᠲᠠᠷᠠᠭᠠᠬᠤ ᠦᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠬᠤᠳᠠᠯ ᠬᠠᠭᠤᠷᠮᠠᠭ ᠴᠢᠨᠠᠷ ᠮᠠᠭᠤ ᠭᠠᠯ ᠤᠨᠲᠠᠷᠠᠭᠠᠬᠤ ᠦᠢᠯᠡᠳᠬᠦᠨ ᠦᠢᠯᠡᠳᠴᠦ ᠪᠣᠷᠣᠯᠠᠭᠤᠯᠬᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠬᠢᠷᠢ ᠲᠡᠩᠴᠡᠬᠦ ᠥᠬᠡᠶ ᠦᠢᠯᠡᠳᠬᠦᠨ ᠳᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠭᠰᠠᠨ ᠤ ᠳᠠᠷᠠᠭ᠎ᠠ ᠰᠢᠢᠳᠪᠦᠷᠢᠯᠡᠬᠦ ᠠᠵᠢᠯ ᠢ ᠴᠠᠭ ᠲᠤᠬᠠᠶ ᠳᠤ ᠨᠢ ᠥᠷᠨᠢᠭᠦᠯᠵᠦ᠂ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠰᠠᠶᠢᠲᠤᠷ ᠬᠠᠮᠠᠭᠠᠯᠠᠨ᠎ᠠ᠃

 

ᠢᠷᠡᠯᠲᠡ᠄ ᠤᠯᠠᠭᠠᠨᠬᠠᠳᠠ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ