ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠬᠠᠣᠯᠢ᠎ᠪᠠᠷ ᠵᠠᠰᠠᠬᠤ
ᠦᠢᠯᠡᠴᠢᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠬᠠᠤᠯᠢ ᠴᠠᠭᠠᠵᠠ ᠳᠦᠷᠢᠮ ᠳᠤᠭᠲᠠᠭᠠᠯ
ᠮᠠᠨ᠎ᠤ ᠣᠷᠣᠨ 《ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠶᠠᠰᠤ ᠴᠢᠨᠠᠷ ᠪᠠ ᠬᠦᠴᠦᠨ ᠴᠢᠳᠠᠪᠤᠷᠢ ᠵᠢ ᠳᠡᠭᠡᠭᠰᠢᠯᠡᠭᠦᠯᠭᠦ ᠲᠤᠬᠠᠢ ᠬᠡᠷᠡᠭᠵᠢᠭᠦᠯᠬᠦ ᠰᠠᠨᠠᠯ》᠎ᠢ ᠳᠠᠷᠤᠮᠠᠯᠯᠠᠨ ᠲᠠᠷᠬᠠᠭ᠋ᠠᠪᠠ
ᠨᠡᠶ᠋ᠢᠲᠡᠯᠡᠭᠰᠡᠨ ᠴᠠᠭ᠄ 2024-11-18

      ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠂ ᠬᠠᠤᠯᠢ ᠴᠠᠭ᠋ᠠᠵᠠ ᠵᠢᠨ ᠲᠢᠩᠬᠢᠮ ᠬᠠᠮᠲᠤᠷᠠᠨ ᠣᠢ᠌ᠷ᠎ᠠ᠎ᠳᠤ 《ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠶᠠᠰᠤ ᠴᠢᠨᠠᠷ ᠪᠠ ᠬᠦᠴᠦᠨ ᠴᠢᠳᠠᠪᠤᠷᠢ ᠵᠢ ᠳᠡᠭᠡᠭᠰᠢᠯᠡᠭᠦᠯᠭᠦ ᠲᠤᠬᠠᠢ ᠬᠡᠷᠡᠭᠵᠢᠭᠦᠯᠬᠦ ᠰᠠᠨᠠᠯ》᠎ᠢ ᠳᠠᠷᠤᠮᠠᠯᠯᠠᠨ ᠲᠠᠷᠬᠠᠭ᠋ᠠᠵᠤ᠂ ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠭᠣᠣᠯ ᠴᠣᠭᠴᠠ ᠵᠢᠨ ᠬᠠᠷᠢᠭᠤᠴᠠᠯᠭ᠎ᠠ ᠵᠢ ᠪᠣᠳᠠᠲᠠᠢ᠌ᠵᠢᠭᠤᠯᠬᠤ᠂ ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠬᠠᠮᠵᠢᠯᠴᠠᠬᠤ ᠲᠣᠭᠲᠠᠴᠠ ᠵᠢ ᠭᠦᠨᠵᠡᠭᠡᠢ ᠠᠬᠢᠭᠤᠯᠬᠤ᠂ ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯᠯᠠᠭ᠎ᠠ ᠵᠢ ᠵᠢᠷᠤᠮᠵᠢᠭᠤᠯᠬᠤ ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠵᠤ ᠰᠢᠯᠭ᠋ᠠᠨ ᠬᠢᠨᠠᠬᠤ ᠵᠢ ᠴᠢᠩᠭ᠋ᠠᠳᠬᠠᠬᠤ᠂ ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯ᠎ᠤᠨ ᠪᠠᠲᠤᠯᠠᠭ᠎ᠠ ᠵᠢ ᠴᠢᠩᠭ᠋ᠠᠳᠬᠠᠬᠤ ᠵᠡᠷᠭᠡ 5 ᠲᠠᠯ᠎ᠠ᠎ᠪᠠᠷ ᠪᠠᠢ᠌ᠷᠢᠯᠠᠭᠤᠯᠤᠯᠲᠠ ᠬᠢᠪᠡ᠃

      《ᠬᠡᠷᠡᠭᠵᠢᠭᠦᠯᠬᠦ ᠰᠠᠨᠠᠯ》᠎ᠳᠤ᠂ ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠬᠢᠭᠡᠳ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢᠨ ᠵᠣᠯᠭ᠋ᠠᠯᠴᠠᠭ᠎ᠠ ᠪᠠ ᠬᠠᠮᠵᠢᠯᠴᠠᠭ᠎ᠠ ᠵᠢ ᠴᠢᠩᠭ᠋ᠠᠳᠬᠠᠵᠤ᠂ ᠬᠣᠰᠢᠭᠤ ᠰᠢᠶᠠᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠣᠣᠯᠯᠠᠨ ᠬᠠᠮᠢᠶᠠᠷᠬᠤ   ᠰᠠᠯᠠᠭ᠎ᠠ  ᠮᠥᠴᠢᠷ ᠬᠢᠭᠡᠳ ᠬᠣᠰᠢᠭᠤ ᠰᠢᠶᠠᠨ᠂ ᠰᠤᠮᠤ ᠰᠢᠶᠠᠩ ᠪᠠᠯᠭ᠋ᠠᠰᠤ (ᠵᠡᠭᠡᠯᠢ ᠭᠤᠳᠤᠮᠵᠢ) ᠵᠢᠨ ᠶᠡᠷᠦᠩᠬᠡᠢ᠌ᠯᠡᠭᠰᠡᠨ ᠬᠠᠤᠯᠢ ᠬᠡᠷᠡᠭᠵᠢᠭᠦᠯᠬᠦ ᠪᠠᠢ᠌ᠭᠤᠯᠤᠮᠵᠢ ᠵᠢᠨ ᠬᠡᠷᠡᠭ᠎ᠢ ᠰᠢᠯᠵᠢᠭᠦᠯᠦᠨ ᠬᠦᠷᠭᠡᠵᠦ ᠭᠥᠯᠢᠶᠡᠨ ᠠᠪᠬᠤ᠂ ᠰᠢᠳᠭᠡᠵᠦ ᠬᠡᠷᠡᠭ ᠪᠣᠯᠭ᠋ᠠᠨ ᠳᠠᠩᠰᠠᠯᠠᠬᠤ᠂ ᠦᠷ᠎ᠡ ᠳ᠋ᠦᠩ᠎ᠢ ᠬᠠᠷᠢᠭᠤ ᠲᠤᠰᠬᠠᠬᠤ᠂ ᠵᠣᠬᠢᠴᠠᠭᠤᠯᠤᠨ ᠬᠢᠨᠠᠯᠲᠠ ᠲᠠᠯᠪᠢᠬᠤ ᠵᠡᠷᠭᠡ ᠠᠵᠢᠯ᠎ᠤᠨ ᠲᠣᠭᠲᠠᠴᠠ ᠵᠢ ᠪᠠᠢ᠌ᠭᠤᠯᠤᠨ᠎ᠠ; ᠡᠯ᠎ᠡ ᠱᠠᠲᠤᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠣᠣᠯᠯᠠᠨ ᠬᠠᠮᠢᠶᠠᠷᠬᠤ ᠰᠠᠯᠠᠭ᠎ᠠ ᠮᠥᠴᠢᠷ ᠲᠤᠰ ᠱᠠᠲᠤᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠨ ᠵᠢᠯᠣᠭᠣᠳᠤᠯᠭ᠎ᠠ ᠳᠣᠣᠷ᠎ᠠ ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ ᠠᠵᠢᠯ᠎ᠤᠨ ᠳᠦᠷᠢᠮ᠎ᠢ ᠪᠦᠷᠢᠨᠰᠢᠭᠦᠯᠵᠦ᠂ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠵᠤ ᠪᠠᠢ᠌ᠴᠠᠭ᠋ᠠᠬᠤ ᠠᠵᠢᠯᠯᠠᠭ᠎ᠠ ᠵᠢ ᠪᠠᠢ᠌ᠩᠭᠤᠵᠢᠭᠤᠯᠤᠨ ᠥᠷᠨᠢᠭᠦᠯᠵᠦ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ ᠵᠢ ᠪᠦᠭᠦᠨ᠎ᠢ ᠪᠦᠷᠬᠦᠭᠦᠯᠬᠦ ᠵᠢ ᠠᠬᠢᠭᠤᠯᠤᠨ᠎ᠠ ᠭᠡᠵᠦ ᠳᠤᠷᠠᠳᠴᠠᠢ᠃

      《ᠬᠡᠷᠡᠭᠵᠢᠭᠦᠯᠬᠦ ᠰᠠᠨᠠᠯ》᠎ᠳᠤ᠂ ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯᠲᠠᠨ᠎ᠤ ᠬᠢᠷᠢ ᠭᠡᠮ᠎ᠤᠨ ᠬᠠᠮᠢᠶᠠᠷᠤᠯᠲᠠ ᠪᠠ ᠦᠨᠡᠮᠯᠡᠯ᠎ᠲᠠᠢ᠎ᠪᠠᠷ ᠠᠵᠢᠯ᠎ᠤᠨ ᠪᠠᠢ᠌ᠷᠢ᠎ᠳᠤ ᠭᠠᠷᠬᠤ ᠳᠦᠷᠢᠮ᠎ᠢ ᠴᠢᠩᠭ᠎ᠠ ᠨᠠᠢ᠌ᠳᠠᠪᠤᠷᠢᠵᠢᠭᠤᠯᠵᠤ᠂ ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢ ᠪᠠᠷᠢᠮᠵᠢᠶᠠᠵᠢᠭᠤᠯᠤᠨ ᠳᠦᠷᠢᠮᠵᠢᠭᠦᠯᠬᠦ ᠪᠣᠯᠪᠠᠰᠤᠷᠠᠯ᠎ᠤᠨ ᠲᠣᠭᠲᠠᠴᠠ ᠵᠢ ᠪᠠᠢ᠌ᠭᠤᠯᠤᠨ ᠪᠦᠷᠢᠨᠰᠢᠭᠦᠯᠵᠦ᠂ ᠬᠠᠤᠯᠢ ᠬᠡᠷᠡᠭᠵᠢᠭᠦᠯᠬᠦ ᠠᠵᠢᠯᠲᠠᠨ᠎ᠤ ᠤᠯᠤᠰ ᠲᠥᠷᠥ ᠵᠢᠨ ᠴᠢᠳᠠᠪᠤᠷᠢ᠂ ᠲᠤᠬᠠᠢ᠌ᠯᠠᠭᠰᠠᠨ ᠠᠵᠢᠯ᠎ᠤᠨ ᠴᠢᠳᠠᠪᠤᠷᠢ ᠪᠠ ᠲᠦᠭᠰᠢᠭᠦᠷᠢ ᠵᠢ ᠰᠡᠷᠭᠡᠢ᠌ᠯᠡᠨ ᠡᠵᠡᠮᠳᠡᠬᠦ ᠴᠢᠳᠠᠪᠤᠷᠢ ᠵᠢ ᠪᠦᠭᠦ ᠲᠠᠯ᠎ᠠ᠎ᠪᠠᠷ ᠳᠡᠭᠡᠭᠰᠢᠯᠡᠭᠦᠯᠤᠨ᠎ᠠ; ᠬᠠᠤᠯᠢ ᠬᠡᠷᠡᠭᠵᠢᠭᠦᠯᠬᠦ ᠠᠵᠢᠯ᠎ᠤᠨ ᠵᠠᠷᠤᠳᠠᠯ᠎ᠤᠨ ᠪᠠᠲᠤᠯᠠᠭ᠎ᠠ ᠵᠢ ᠴᠢᠩᠭ᠋ᠠᠳᠬᠠᠵᠤ᠂ ᠬᠠᠤᠯᠢ ᠬᠡᠷᠡᠭᠵᠢᠭᠦᠯᠬᠦ᠎ᠳᠤ ᠬᠡᠷᠡᠭᠰᠡᠬᠦ ᠵᠠᠮ ᠬᠠᠷᠢᠯᠴᠠᠭ᠎ᠠ᠂ ᠴᠢᠮᠡᠭᠡ ᠬᠣᠯᠪᠤᠭ᠎ᠠ᠂ ᠪᠠᠢ᠌ᠴᠠᠭ᠋ᠠᠵᠤ ᠭᠡᠷᠡᠴᠢ ᠠᠪᠬᠤ ᠵᠡᠷᠭᠡ ᠲᠣᠨᠣᠭ ᠲᠥᠬᠦᠭᠡᠷᠦᠮᠵᠢ ᠵᠢ ᠵᠦᠢ ᠵᠣᠬᠢᠰᠲᠠᠢ ᠳᠣᠭᠢᠷᠠᠭᠤᠯᠤᠨ᠎ᠠ; 《ᠣᠶᠤᠨᠴᠢ᠎ᠪᠠᠷ ᠬᠠᠤᠯᠢ ᠬᠡᠷᠡᠭᠵᠢᠭᠦᠯᠬᠦ》 ᠵᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠬᠠᠪᠰᠤᠷᠤᠮᠵᠢ ᠰᠢᠰᠲ᠋ᠧᠮ᠎ᠢ ᠪᠠᠢ᠌ᠭᠤᠯᠤᠨ᠂ ᠪᠦᠭᠦ ᠤᠯᠤᠰ᠎ᠤᠨ ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠬᠠᠮᠢᠶᠠᠷᠤᠯᠲᠠ ᠵᠢᠨ ᠮᠡᠳᠡᠭᠡ ᠵᠠᠩᠭᠢ ᠵᠢᠨ ᠰᠢᠰᠲ᠋ᠧᠮ᠎ᠲᠠᠢ ᠵᠣᠯᠭ᠋ᠠᠭᠤᠯᠵᠤ᠂ ᠬᠠᠤᠯᠢ ᠬᠡᠷᠡᠭᠵᠢᠭᠦᠯᠬᠦ ᠵᠦᠢ᠍ᠯᠡᠰ᠎ᠤᠨ ᠨᠠᠷᠢᠨ ᠬᠠᠭᠤᠳᠠᠰᠤ᠂ ᠬᠠᠤᠯᠢ ᠬᠡᠷᠡᠭᠵᠢᠭᠦᠯᠬᠦ ᠦᠨᠳᠦᠰᠦᠯᠡᠯ᠂ ᠲᠤᠬᠠᠢ᠌ᠯᠠᠭᠰᠠᠨ ᠠᠵᠢᠯ᠎ᠤᠨ ᠳᠡᠰ ᠳᠠᠷᠠᠭ᠋ᠠᠯᠠᠯ ᠵᠡᠷᠭᠡ ᠵᠢᠷᠤᠮᠵᠢᠬᠰᠠᠨ ᠪᠠ ᠪᠠᠷᠢᠮᠵᠢᠶᠠᠵᠢᠭᠰᠠᠨ ᠬᠠᠮᠢᠶᠠᠷᠤᠯᠲᠠ ᠵᠢ ᠪᠡᠶᠡᠯᠡᠭᠦᠯᠦᠨ᠎ᠡ ᠭᠡᠵᠦ ᠳᠤᠷᠠᠳᠴᠠᠢ᠃ 

ᠢᠷᠡᠯᠲᠡ᠄ᠳᠤᠮᠳᠠᠳᠤ ᠤᠯᠤᠰ᠎ᠤᠨ ᠮᠣᠩᠭᠤᠯ ᠬᠡᠯᠡᠨ᠎ᠤ ᠰᠣᠨᠢᠨ ᠮᠡᠳᠡᠭᠡ ᠵᠢᠨ ᠰᠦᠯᠵᠢᠶ᠎ᠡ
          
ᠬᠠᠮᠢᠶ᠎ᠡ ᠪᠦᠬᠦᠢ ᠰᠣᠨᠢᠨ
 
            