ᠰᠤᠷᠪᠤᠯᠵᠢᠯᠠᠬ᠍ᠴᠢ 12 ᠰᠠᠷ᠎ᠠ ᠵᠢᠨ 19᠎ᠤ ᠦᠳᠡ ᠵᠢᠨ ᠬᠣᠢ᠌ᠨ᠎ᠠ ᠬᠤᠷᠠᠯᠳᠤᠭᠤᠯᠤᠭᠰᠠᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠤ ᠠᠯᠪᠠᠨ ᠭᠡᠷ᠎ᠤᠨ ᠰᠣᠨᠢᠨ ᠮᠡᠳᠡᠭᠡ ᠨᠡᠢ᠌ᠲᠡᠯᠡᠬᠦ ᠬᠤᠷᠠᠯ᠎ᠠᠴᠠ ᠣᠢ᠌ᠯᠠᠭ᠋ᠠᠭᠰᠠᠨ ᠵᠶ᠋ᠠᠷ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠥᠷᠥᠯᠬᠢ ᠵᠡᠷᠡᠮᠳᠡᠭ ᠪᠤᠯᠬᠤ ᠵᠢ ᠰᠡᠷᠭᠡᠢ᠌ᠯᠡᠨ ᠵᠠᠰᠠᠬᠤ ᠳᠦᠷᠢᠮ》 (ᠳᠣᠷᠣᠭᠰᠢ 《ᠳᠦᠷᠢᠮ》 ᠭᠡᠵᠦ ᠲᠣᠪᠴᠢᠯᠠᠨ᠎ᠠ)᠎ᠢ 2025 ᠣᠨ᠎ᠤ 1 ᠰᠠᠷ᠎ᠠ ᠵᠢᠨ 1᠎ᠤ ᠡᠳᠦᠷ᠎ᠠᠴᠠ ᠡᠬᠢᠯᠡᠨ ᠬᠡᠷᠡᠭᠵᠢᠭᠦᠯᠦᠨ᠎ᠡ᠂ ᠲᠣᠰ 《ᠳᠦᠷᠢᠮ》᠎ᠨᠢ ᠲᠥᠷᠥᠯᠬᠢ ᠵᠡᠷᠡᠮᠳᠡᠭ ᠪᠤᠯᠬᠤ ᠵᠢ ᠰᠡᠷᠭᠡᠢ᠌ᠯᠡᠨ ᠵᠠᠰᠠᠬᠤ ᠪᠦᠭᠦ ᠤᠯᠤᠰ᠎ᠤᠨ ᠠᠩᠬᠠᠳᠠᠭᠴᠢ ᠣᠷᠣᠨ ᠨᠤᠲᠤᠭ᠎ᠤᠨ ᠴᠢᠨᠠᠷᠲᠠᠢ ᠬᠠᠤᠯᠢ ᠲᠣᠭᠲᠠᠭ᠋ᠠᠯ ᠪᠣᠯᠣᠨ᠎ᠠ᠃
《ᠳᠦᠷᠢᠮ》᠎ᠨᠢ ᠶᠡᠷᠦᠩᠬᠡᠢ ᠳᠦᠷᠢᠮ᠂ ᠰᠡᠷᠭᠡᠢ᠌ᠯᠡᠨ ᠵᠠᠰᠠᠬᠤ ᠠᠷᠭ᠎ᠠ ᠬᠡᠮᠵᠢᠶ᠎ᠡ᠂ ᠪᠠᠲᠤᠯᠠᠭ᠎ᠠ ᠵᠢᠨ ᠠᠷᠭ᠎ᠠ ᠬᠡᠮᠵᠢᠶ᠎ᠡ᠂ ᠬᠠᠤᠯᠢ ᠴᠠᠭ᠋ᠠᠵᠠ ᠵᠢᠨ ᠬᠠᠷᠢᠭᠤᠴᠠᠯᠭ᠎ᠠ᠂ ᠳᠠᠭ᠋ᠠᠯᠳᠤᠭᠤᠯᠤᠯ ᠵᠡᠷᠭᠡ 5 ᠪᠦᠯᠦᠭ 32 ᠵᠦᠢ᠍ᠯ᠎ᠢ ᠪᠠᠭᠲᠠᠭ᠋ᠠᠵᠤ᠂ 《ᠭᠤᠷᠪᠠᠨ ᠴᠢᠩᠭ᠎ᠠ ᠨᠢᠭᠡ ᠪᠣᠳᠠᠲᠠᠢ》ᠪᠠᠢ᠌ᠬᠤ ᠢᠯᠡ ᠲᠣᠳᠣ ᠣᠨᠴᠠᠯᠢᠭ᠎ᠢ ᠢᠯᠡᠷᠡᠭᠦᠯᠪᠡ᠃ ᠳᠠᠷᠤᠢ ᠲᠥᠷᠥ ᠵᠢᠨ ᠪᠣᠳᠣᠯᠭ᠎ᠠ ᠵᠢᠨ ᠴᠢᠨᠠᠷ ᠵᠶ᠋ᠠᠷ ᠴᠢᠩᠭ᠎ᠠ ᠪᠠᠢ᠌ᠵᠤ᠂ ᠡᠷᠡᠭᠦᠯ ᠡᠩᠬᠡ ᠳᠤᠮᠳᠠᠳᠤ ᠤᠯᠤᠰ᠎ᠤᠨ ᠰᠢᠢ᠍ᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠱᠠᠭ᠋ᠠᠷᠳᠠᠯᠭ᠎ᠠ ᠵᠢ ᠦᠨᠳᠦᠰᠦᠯᠡᠨ᠂ ᠲᠥᠷᠥᠯᠬᠢ ᠵᠡᠷᠡᠮᠳᠡᠭ ᠪᠤᠯᠬᠤ ᠵᠢ ᠰᠡᠷᠭᠡᠢ᠌ᠯᠡᠨ ᠵᠠᠰᠠᠬᠤ ᠠᠵᠢᠯ᠎ᠳᠤ ᠲᠣᠳᠣᠷᠬᠠᠢ ᠬᠠᠤᠯᠢ ᠴᠠᠭ᠋ᠠᠵᠠ ᠵᠢᠨ ᠦᠨᠳᠦᠰᠦ ᠪᠠᠷᠢᠮᠲᠠ ᠪᠠ ᠵᠢᠷᠤᠮᠵᠢᠬᠰᠠᠨ ᠵᠢᠯᠣᠭᠣᠳᠤᠯᠭ᠎ᠠ ᠬᠠᠩᠭ᠋ᠠᠪᠠ; ᠠᠵᠢᠯᠯᠠᠭ᠋ᠠᠨ᠎ᠤ ᠴᠢᠨᠠᠷ ᠵᠶ᠋ᠠᠷ ᠴᠢᠩᠭ᠎ᠠ ᠪᠠᠢ᠌ᠵᠤ᠂ ᠡᠯ᠎ᠡ ᠱᠠᠲᠤᠨ᠎ᠤ ᠡᠮᠴᠢᠯᠡᠭᠡᠨ᠎ᠤ ᠪᠠᠢ᠌ᠭᠤᠯᠤᠮᠵᠢ ᠵᠢᠨ ᠲᠥᠷᠥᠯᠬᠢ ᠵᠡᠷᠡᠮᠳᠡᠭ ᠪᠤᠯᠬᠤ ᠵᠢ ᠰᠡᠷᠭᠡᠢ᠌ᠯᠡᠨ ᠵᠠᠰᠠᠬᠤ ᠦᠢ᠍ᠯᠡᠴᠢᠯᠡᠭᠡ ᠵᠢ ᠴᠢᠨᠠᠭᠰᠢᠳᠠ ᠵᠢᠷᠤᠮᠵᠢᠭᠤᠯᠪᠠ᠂ ᠡᠭᠦᠨ᠎ᠳᠤ ᠵᠢᠷᠮᠦᠰᠦᠨ ᠬᠤᠭᠤᠴᠠᠭ᠋ᠠᠨ᠎ᠤ ᠡᠷᠡᠭᠦᠯᠵᠢᠯ᠎ᠤᠨ ᠦᠢ᠍ᠯᠡᠴᠢᠯᠡᠭᠡ᠂ ᠳᠠᠭᠢᠨ ᠬᠡᠦᠬᠡᠳ ᠠᠪᠬᠤ ᠵᠢ ᠦᠨᠡᠯᠡᠨ ᠵᠢᠱ᠌ᠢᠬᠦ ᠪᠠ ᠵᠢᠯᠤᠭᠣᠳᠬᠤ᠂ ᠬᠥᠩᠭᠡᠵᠢᠬᠦ᠎ᠠᠴᠠ ᠡᠮᠦᠨᠡᠬᠢ ᠰᠢᠭᠰᠢᠨ ᠪᠠᠢ᠌ᠴᠠᠭ᠋ᠠᠯᠲᠠ ᠪᠠ ᠣᠨᠣᠰᠢᠯᠠᠯᠲᠠ᠂ ᠨᠢᠯᠬ᠎ᠠ ᠬᠡᠦᠬᠡᠳ᠎ᠤᠨ ᠡᠪᠡᠳᠴᠢᠨ ᠡᠮᠭᠡᠭ᠎ᠢ ᠰᠢᠭᠰᠢᠨ ᠪᠠᠢ᠌ᠴᠠᠭ᠋ᠠᠬᠤ ᠵᠢᠴᠢ ᠬᠡᠦᠬᠡᠳ᠎ᠤᠨ ᠵᠡᠮᠳᠡᠭ᠎ᠢ ᠰᠢᠭᠰᠢᠨ ᠪᠠᠢ᠌ᠴᠠᠭ᠋ᠠᠬᠤ᠂ ᠡᠮᠨᠡᠨ ᠵᠠᠰᠠᠬᠤ ᠪᠠ ᠡᠷᠡᠭᠦᠯᠵᠢᠭᠦᠯᠬᠦ ᠵᠡᠷᠭᠡ ᠵᠢ ᠪᠠᠬᠲᠠᠭ᠋ᠠᠵᠠᠢ; ᠰᠢᠰᠲ᠋ᠧᠮᠲᠦ ᠴᠢᠨᠠᠷ ᠵᠶ᠋ᠠᠷ ᠴᠢᠩᠭ᠎ᠠ ᠪᠠᠢ᠌ᠵᠤ᠂ ᠠᠵᠢᠯ ᠬᠤᠪᠢᠶᠠᠷᠢᠯᠠᠨ ᠬᠠᠮᠵᠢᠯᠴᠠᠬᠤ᠂ ᠬᠠᠮᠲᠤ᠎ᠪᠠᠷ ᠠᠬᠢᠭᠤᠯᠬᠤ ᠠᠵᠢᠯ᠎ᠤᠨ ᠲᠣᠭᠲᠠᠴᠠ ᠵᠢ ᠪᠠᠢ᠌ᠭᠤᠯᠵᠤ᠂ ᠬᠠᠮᠢᠶ᠎ᠠ ᠪᠦᠬᠦᠢ ᠰᠠᠯᠠᠭ᠎ᠠ ᠮᠥᠴᠢᠷ᠎ᠤᠨ ᠡᠭᠦᠷᠭᠡ ᠬᠠᠷᠢᠭᠤᠴᠠᠯᠭ᠎ᠠ ᠵᠢ ᠲᠣᠳᠣᠷᠬᠠᠢ᠌ᠯᠠᠵᠤ᠂ ᠲᠥᠷᠥᠯᠬᠢ ᠵᠡᠷᠡᠮᠳᠡᠭ ᠪᠤᠯᠬᠤ ᠵᠢ ᠰᠡᠷᠭᠡᠢ᠌ᠯᠡᠨ ᠵᠠᠰᠠᠬᠤ ᠠᠵᠢᠯ᠎ᠢ 《ᠬᠥᠨᠳᠡᠯᠡᠨ ᠵᠶ᠋ᠡᠷ ᠬᠣᠯᠪᠣᠭ᠋ᠠᠯᠠᠵᠤ᠂ ᠭᠤᠯᠳᠤ᠎ᠪᠠᠷ ᠨᠡᠪᠲᠡᠷᠡᠯᠴᠡᠭᠦᠯᠬᠦ》 ᠵᠢ ᠠᠭᠢᠭᠤᠯᠪᠠ; ᠬᠠᠷᠢᠭᠤᠴᠠᠯᠭ᠎ᠠ ᠵᠢ ᠪᠣᠳᠠᠲᠠᠢ᠎ᠳᠤ ᠨᠠᠢ᠌ᠳᠠᠪᠤᠷᠢᠵᠢᠭᠤᠯᠪᠠ᠂ 《ᠳᠦᠷᠢᠮ》᠎ᠨᠢ ᠦᠢ᠍ᠯᠡᠴᠢᠯᠡᠭᠡᠨ᠎ᠤ ᠬᠠᠩᠭ᠋ᠠᠯᠭ᠎ᠠ᠂ ᠮᠡᠳᠡᠭᠡ ᠵᠠᠩᠭᠢ ᠵᠢᠨ ᠬᠢᠨᠠᠨ ᠬᠡᠮᠵᠢᠯᠲᠡ᠂ ᠶᠠᠰᠤ ᠴᠢᠨᠠᠷ᠎ᠤᠨ ᠬᠠᠮᠢᠶᠠᠷᠤᠯᠲᠠ᠂ ᠴᠢᠳᠠᠪᠤᠷᠢᠲᠠᠨ᠎ᠢ ᠬᠥᠮᠥᠵᠢᠭᠦᠯᠬᠦ ᠵᠡᠷᠭᠡ ᠵᠢᠨ ᠲᠣᠭᠣᠷᠢᠨ᠎ᠳᠤ ᠵᠠᠰᠠᠭ᠎ᠤᠨ ᠣᠷᠳᠣᠨ ᠵᠢᠴᠢ ᠰᠠᠯᠠᠭ᠎ᠠ ᠮᠥᠴᠢᠷ᠂ ᠡᠮᠴᠢᠯᠡᠭᠡᠨ᠎ᠤ ᠪᠠᠢ᠌ᠭᠤᠯᠤᠮᠵᠢ᠂ ᠦᠨᠳᠦᠰᠦᠨ ᠱᠠᠲᠤᠨ᠎ᠤ ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠪᠠᠢ᠌ᠭᠤᠯᠤᠮᠵᠢ ᠵᠢᠨ ᠠᠪᠤᠪᠠᠰᠤ ᠵᠣᠬᠢᠬᠤ ᠪᠠᠲᠤᠯᠠᠭ᠎ᠠ ᠵᠢᠨ ᠠᠷᠭ᠎ᠠ ᠬᠡᠮᠵᠢᠶ᠎ᠡ ᠵᠢ ᠲᠣᠭᠲᠠᠭ᠋ᠠᠵᠤ᠂ ᠶᠡᠬᠡ ᠳᠡᠭᠡᠳᠦ ᠰᠤᠷᠭ᠋ᠠᠭᠤᠯᠢ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ ᠭᠠᠵᠠᠷ᠂ ᠡᠮᠴᠢᠯᠡᠭᠡᠨ᠎ᠤ ᠪᠠᠢ᠌ᠭᠤᠯᠤᠮᠵᠢ ᠵᠡᠷᠭᠡ ᠨᠢᠭᠡᠴᠢ ᠵᠢᠨ ᠲᠥᠷᠥᠯᠬᠢ ᠵᠡᠷᠡᠮᠳᠡᠭ ᠪᠤᠯᠬᠤ ᠵᠢ ᠰᠡᠷᠭᠡᠢ᠌ᠯᠡᠨ ᠵᠠᠰᠠᠬᠤ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠰᠤᠳᠤᠯᠭ᠋ᠠᠨ ᠥᠷᠨᠢᠭᠦᠯᠬᠦ ᠵᠢ ᠵᠣᠷᠢᠭᠵᠢᠭᠤᠯᠤᠨ ᠳᠡᠮᠵᠢᠨ᠎ᠡ᠃
《ᠳᠦᠷᠢᠮ》᠎ᠢ ᠨᠡᠢ᠌ᠲᠡᠯᠡᠭᠰᠡᠨ᠎ᠨᠢ ᠡᠬᠡ ᠨᠢᠯᠬᠠᠰ᠎ᠤᠨ ᠡᠷᠡᠭᠦᠯ ᠮᠡᠨᠳᠦ ᠵᠢᠨ ᠦᠢ᠍ᠯᠡᠴᠢᠯᠡᠭᠡᠨ᠎ᠤ ᠰᠢᠰᠲ᠋ᠧᠮ᠎ᠢ ᠬᠠᠤᠯᠢ ᠶᠣᠰᠣᠭ᠋ᠠᠷ ᠲᠡᠭᠦᠯᠳᠡᠷᠵᠢᠭᠦᠯᠵᠦ᠂ ᠭᠤᠷᠪᠠᠨ ᠱᠠᠲᠤᠨ᠎ᠤ ᠤᠷᠢᠳᠴᠢᠯᠠᠨ ᠰᠡᠷᠭᠡᠢ᠌ᠯᠡᠬᠦ ᠠᠷᠭ᠎ᠠ ᠬᠡᠮᠵᠢᠶ᠎ᠡ ᠵᠢ ᠨᠠᠢ᠌ᠳᠠᠪᠤᠷᠢᠵᠢᠭᠤᠯᠵᠤ᠂ ᠪᠦᠭᠦ ᠬᠥᠮᠥᠰ᠎ᠢ ᠬᠠᠮᠤᠷᠤᠭᠰᠠᠨ᠂ ᠪᠦᠭᠦ ᠲᠠᠯ᠎ᠠ ᠵᠢᠨ᠂ ᠪᠦᠭᠦ ᠦᠶᠡᠯᠡᠯ᠎ᠤᠨ ᠬᠤᠭᠤᠴᠠᠭ᠋ᠠᠨ᠎ᠤ ᠡᠷᠡᠭᠦᠯ ᠮᠡᠨᠳᠦ ᠵᠢᠨ ᠬᠥᠮᠦᠵᠢᠯ ᠪᠠ ᠤᠷᠢᠳᠴᠢᠯᠠᠨ ᠰᠡᠷᠭᠡᠢ᠌ᠯᠡᠬᠦ᠂ ᠰᠢᠭᠰᠢᠨ ᠪᠠᠢ᠌ᠴᠠᠭ᠋ᠠᠬᠤ᠂ ᠣᠨᠣᠰᠢᠯᠠᠬᠤ᠂ ᠡᠮᠨᠡᠨ ᠵᠠᠰᠠᠬᠤ᠂ ᠡᠷᠡᠭᠦᠯᠵᠢᠭᠦᠯᠬᠦ᠂ ᠡᠷᠡᠭᠦᠯ ᠮᠡᠨᠳᠦ ᠵᠢᠨ ᠬᠠᠮᠢᠶᠠᠷᠤᠯᠲᠠ ᠵᠢ ᠨᠢᠭᠡ ᠴᠣᠭᠴᠠᠵᠢᠭᠤᠯᠤᠭᠰᠠᠨ ᠦᠢ᠍ᠯᠡᠴᠢᠯᠡᠭᠡ ᠵᠢ ᠴᠢᠩᠭ᠋ᠠᠳᠬᠠᠬᠤ᠎ᠪᠠᠷ ᠳᠠᠮᠵᠢᠨ᠂ ᠬᠥᠮᠥᠨ ᠠᠮᠠ ᠵᠢᠨ ᠬᠡᠪ ᠴᠢᠨᠠᠷ᠎ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠡᠦᠬᠡᠳ᠎ᠤᠨ ᠡᠷᠡᠭᠦᠯ ᠵᠶ᠋ᠡᠷ ᠦᠰᠦᠨ ᠪᠣᠢ᠌ᠵᠢᠬᠤ ᠵᠢ ᠪᠠᠲᠤᠯᠠᠨ ᠬᠠᠮᠠᠭ᠋ᠠᠯᠠᠵᠤ᠂ ᠡᠷᠡᠭᠦᠯ ᠡᠩᠬᠡ ᠥᠪᠥᠷ ᠮᠣᠩᠭᠣᠯ᠎ᠤᠨ ᠪᠠᠢ᠌ᠭᠤᠯᠤᠯᠲᠠ᠎ᠳᠤ ᠡᠷᠡᠭᠦᠯ ᠮᠠᠨᠳᠤ ᠬᠥᠮᠥᠨ᠎ᠤ ᠬᠦᠴᠦᠨ᠎ᠤ ᠡᠬᠢ ᠪᠠᠶᠠᠯᠢᠭ᠎ᠢ ᠬᠠᠩᠭ᠋ᠠᠬᠤ ᠪᠣᠯᠣᠨ᠎ᠠ᠃