(2024 ᠣᠨ᠎ᠤ 11 ᠰᠠᠷ᠎ᠠ ᠵᠢᠨ 28᠎ᠤ ᠡᠳᠦᠷ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠵᠢᠨ ᠠᠷᠪᠠᠨ ᠭᠤᠷᠪᠠᠳᠤᠭ᠋ᠠᠷ ᠬᠤᠷᠠᠯ᠎ᠠᠴᠠ ᠪᠠᠲᠤᠯᠠᠪᠠ)
ᠨᠢᠭᠡᠳᠦᠭᠡᠷ ᠪᠦᠯᠦᠭ ᠶᠡᠷᠦᠩᠬᠡᠢ ᠳᠦᠷᠢᠮ
ᠨᠢᠭᠡᠳᠦᠭᠡᠷ ᠵᠦᠢ᠍ᠯ ᠪᠠᠢ᠌ᠭᠤᠯᠭ᠎ᠠ ᠵᠢᠨ ᠠᠵᠢᠯᠯᠠᠭ᠋ᠠᠨ᠎ᠤ ᠪᠠᠲᠤᠯᠠᠭ᠎ᠠ ᠵᠢᠨ ᠠᠵᠢᠯ᠎ᠢ ᠴᠢᠩᠭ᠋ᠠᠳᠬᠠᠨ ᠵᠢᠷᠤᠮᠵᠢᠭᠤᠯᠵᠤ᠂ ᠪᠠᠢ᠌ᠭᠤᠯᠭ᠎ᠠ ᠵᠢᠨ ᠠᠵᠢᠯᠯᠠᠭ᠋ᠠᠨ᠎ᠤ ᠥᠪᠡᠷ᠎ᠤᠨ ᠥᠷᠲᠡᠭ᠎ᠢ ᠠᠷᠪᠢᠯᠠᠨ᠂ ᠪᠠᠢ᠌ᠭᠤᠯᠭ᠎ᠠ ᠵᠢᠨ ᠥᠨᠳᠥᠷ ᠦᠷ᠎ᠡ ᠪᠦᠲᠦᠮᠵᠢᠲᠡᠶ ᠪᠥᠭᠡᠳ ᠡᠮᠬᠢ ᠵᠢᠷᠤᠮ᠎ᠲᠠᠢ ᠠᠵᠢᠯᠯᠠᠬᠤ ᠵᠢ ᠠᠬᠢᠭᠤᠯᠬᠤ ᠵᠢᠨ ᠲᠤᠰᠠᠳᠠ᠂ ᠤᠯᠤᠰ᠎ᠤᠨ ᠬᠣᠯᠪᠣᠭᠳᠠᠯ ᠪᠦᠬᠦᠢ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠪᠣᠳᠠᠲᠤ ᠪᠠᠢ᠌ᠳᠠᠯ᠎ᠲᠠᠢ ᠤᠶᠠᠯᠳᠤᠭᠤᠯᠵᠤ᠂ ᠲᠤᠰ ᠳᠦᠷᠢᠮ᠎ᠢ ᠲᠣᠭᠲᠠᠭ᠋ᠠᠪᠠ᠃
ᠬᠣᠶᠠᠳᠤᠭ᠋ᠠᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠣᠷᠣᠨ᠎ᠤ ᠳᠣᠲᠣᠷᠠᠬᠢ ᠪᠠᠢ᠌ᠭᠤᠯᠭ᠎ᠠ ᠵᠢᠨ ᠠᠵᠢᠯᠯᠠᠭ᠋ᠠᠨ᠎ᠤ ᠪᠠᠲᠤᠯᠠᠭ᠎ᠠ ᠵᠢᠴᠢ ᠠᠵᠢᠯᠯᠠᠭ᠋ᠠᠨ᠎ᠤ ᠪᠠᠲᠤᠯᠠᠭ᠎ᠠ ᠵᠢᠨ ᠠᠵᠢᠯ᠎ᠳᠤ ᠬᠢᠨᠠᠯᠲᠠ ᠲᠠᠯᠪᠢᠬᠤ᠎ᠳᠤ ᠲᠤᠰ ᠳᠦᠷᠢᠮ ᠲᠣᠬᠢᠷᠠᠨ᠎ᠠ; ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ ᠪᠣᠯᠣᠨ ᠤᠯᠤᠰ᠎ᠠᠴᠠ ᠠᠰᠲᠠᠭᠠᠨ ᠲᠣᠭᠲᠠᠭ᠋ᠠᠯ᠎ᠲᠠᠢ ᠪᠣᠯ ᠲᠡᠷᠡ ᠲᠣᠭᠲᠠᠭ᠋ᠠᠯ᠎ᠢ᠎ᠨᠢ ᠳᠠᠭ᠋ᠠᠬᠤ ᠬᠡᠷᠡᠭᠲᠡᠢ᠃
ᠲᠣᠰ ᠳᠦᠷᠢᠮ᠎ᠳᠤ ᠬᠡᠯᠡᠵᠦ ᠪᠠᠢ᠌ᠭ᠎ᠠ ᠪᠠᠢ᠌ᠭᠤᠯᠭ᠎ᠠ ᠵᠢᠨ ᠠᠵᠢᠯᠯᠠᠭ᠋ᠠᠨ᠎ᠤ ᠪᠠᠲᠤᠯᠠᠭ᠎ᠠ ᠭᠡᠳᠡᠭ᠎ᠨᠢ ᠪᠠᠢ᠌ᠭᠤᠯᠭ᠎ᠠ ᠵᠢᠨ ᠠᠵᠢᠯᠯᠠᠭ᠋ᠠᠨ᠎ᠳᠤ ᠬᠡᠷᠡᠭᠰᠡᠬᠦ ᠡᠳ᠋ ᠬᠥᠷᠥᠩᠭᠡ᠂ ᠵᠠᠷᠤᠳᠠᠯ᠂ ᠦᠢ᠍ᠯᠡᠴᠢᠯᠡᠭᠡ᠂ ᠡᠨᠧᠷᠭᠢ ᠵᠡᠷᠭᠡ ᠡᠬᠢ ᠪᠠᠶᠠᠯᠢᠭ᠎ᠤᠨ ᠬᠦᠴᠦᠨ ᠵᠦᠢ᠍ᠯ᠎ᠢ ᠨᠢᠭᠡᠳᠦᠯᠲᠡᠢ ᠲᠥᠯᠥᠪᠯᠡᠨ ᠲᠣᠬᠢᠷᠠᠭᠤᠯᠵᠤ᠂ ᠪᠠᠢ᠌ᠭᠤᠯᠭ᠎ᠠ ᠵᠢᠨ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠬᠦ᠎ᠳᠤ ᠪᠠᠲᠤᠯᠠᠭ᠎ᠠ ᠬᠠᠩᠭ᠋ᠠᠵᠤ ᠲᠤᠯᠭ᠋ᠠᠭᠤᠷᠢᠯᠠᠬᠤ ᠠᠵᠢᠯᠯᠠᠭ᠎ᠠ ᠵᠢ ᠵᠢᠭ᠋ᠠᠵᠤ ᠪᠤᠶ᠃
ᠲᠤᠰ ᠳᠦᠷᠢᠮ᠎ᠳᠤ ᠬᠡᠯᠡᠵᠦ ᠪᠠᠢ᠌ᠭ᠎ᠠ ᠪᠠᠢ᠌ᠭᠤᠯᠭ᠎ᠠ ᠭᠡᠳᠡᠭ᠎ᠨᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠪᠠᠢ᠌ᠭᠤᠯᠭ᠎ᠠ᠂ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠭᠤᠯᠭ᠎ᠠ᠂ ᠵᠠᠰᠠᠭ ᠵᠠᠬᠢᠷᠭ᠋ᠠᠨ᠎ᠤ ᠪᠠᠢ᠌ᠭᠤᠯᠭ᠎ᠠ᠂ ᠤᠯᠤᠰ ᠲᠥᠷᠥ ᠵᠢᠨ ᠵᠥᠪᠯᠡᠯᠭᠡᠨ᠎ᠤ ᠪᠠᠢ᠌ᠭᠤᠯᠭ᠎ᠠ᠂ ᠬᠢᠨᠠᠨ ᠪᠠᠢ᠌ᠴᠠᠭ᠋ᠠᠬᠤ ᠪᠠᠢ᠌ᠭᠤᠯᠭ᠎ᠠ᠂ ᠰᠢᠭᠦᠨ ᠲᠠᠰᠤᠯᠬᠤ ᠪᠠᠢ᠌ᠭᠤᠯᠭ᠎ᠠ᠂ ᠪᠠᠢ᠌ᠴᠠᠭ᠋ᠠᠬᠤ ᠪᠠᠢ᠌ᠭᠤᠯᠭ᠎ᠠ᠂ ᠠᠷᠠᠳᠴᠢᠯᠠᠭᠰᠠᠨ ᠨᠠᠮ ᠪᠦᠯᠦᠭ᠎ᠤᠨ ᠪᠠᠢ᠌ᠭᠤᠯᠭ᠎ᠠ᠂ ᠠᠷᠠᠳ᠎ᠤᠨ ᠪᠦᠯᠭᠦᠮ᠎ᠤᠨ ᠪᠠᠢ᠌ᠭᠤᠯᠭ᠎ᠠ ᠪᠣᠯᠣᠨ 《ᠪᠦᠭᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠠᠯᠪᠠᠲᠠᠨ᠎ᠤ
ᠬᠠᠤᠯᠢ》᠎ᠪᠠᠷ ᠯᠠᠪᠯᠠᠯᠲᠠ ᠪᠣᠯᠭ᠋ᠠᠨ ᠬᠠᠮᠢᠶᠠᠷᠴᠤ ᠪᠠᠢ᠌ᠭ᠎ᠠ ᠠᠵᠢᠯ ᠦᠢ᠍ᠯᠡᠰ᠎ᠤᠨ ᠨᠢᠭᠡᠴᠢ ᠵᠢ ᠵᠢᠭ᠋ᠠᠵᠤ ᠪᠤᠶ᠃
ᠭᠤᠷᠪᠠᠳᠤᠭ᠋ᠠᠷ ᠵᠦᠢ᠍ᠯ ᠪᠠᠢ᠌ᠭᠤᠯᠭ᠎ᠠ ᠵᠢᠨ ᠠᠵᠢᠯᠯᠠᠭ᠋ᠠᠨ᠎ᠤ ᠪᠠᠲᠤᠯᠠᠭ᠎ᠠ ᠵᠢᠨ ᠠᠵᠢᠯ᠎ᠳᠤ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠵᠢ ᠪᠠᠷᠢᠮᠲᠠᠯᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠠᠵᠢᠯ᠎ᠤᠨ ᠭᠣᠣᠯ ᠰᠢᠵᠢᠮ ᠪᠤᠯᠭ᠋ᠠᠵᠤ᠂ ᠬᠠᠤᠯᠢ ᠶᠣᠰᠣᠭ᠋ᠠᠷ ᠪᠠᠲᠤᠯᠠᠬᠤ᠂ ᠵᠢᠷᠤᠮᠵᠢᠯ᠎ᠲᠠᠢ ᠠᠵᠢᠯᠯᠠᠬᠤ᠂ ᠠᠮᠤᠷ ᠲᠦᠪᠰᠢᠨ ᠡᠮᠬᠢ ᠵᠢᠷᠤᠮ᠎ᠲᠠᠢ᠂ ᠪᠣᠳᠠᠲᠠᠢ ᠵᠢ ᠡᠷᠬᠢᠮᠯᠡᠨ ᠥᠨᠳᠥᠷ ᠪᠦᠲᠦᠮᠵᠢᠲᠡᠶ ᠪᠠᠢ᠌ᠬᠤ᠂ ᠦᠢ᠍ᠯᠡᠴᠢᠯᠡᠭᠡ᠎ᠪᠠᠷ ᠦᠨᠳᠦᠰᠦ ᠪᠤᠯᠭ᠋ᠠᠬᠤ᠂ ᠢᠯᠡ ᠲᠣᠳᠣ ᠪᠠᠢ᠌ᠬᠤ ᠵᠠᠷᠴᠢᠮ᠎ᠢ ᠵᠢᠷᠤᠮᠯᠠᠵᠤ᠂ ᠠᠵᠢᠯᠴᠢ ᠠᠷᠪᠢᠴᠢ᠎ᠪᠠᠷ ᠠᠯᠢᠪᠠ ᠦᠢ᠍ᠯᠡᠰ᠎ᠢ ᠡᠷᠭᠢᠯᠡᠭᠦ ᠵᠢ ᠪᠠᠷᠢᠮᠲᠠᠯᠠᠵᠤ᠂ ᠡᠳ᠋ ᠬᠥᠷᠥᠩᠭᠡ ᠵᠢᠨ ᠬᠠᠮᠢᠶᠠᠷᠤᠯᠲᠠ᠎ᠪᠠᠷ ᠰᠠᠭᠤᠷᠢ ᠪᠤᠯᠭ᠋ᠠᠬᠰᠠᠨ ᠲᠥᠪᠯᠡᠷᠡᠩᠭᠦᠢ ᠨᠢᠭᠡᠳᠦᠯᠲᠡᠢ᠂ ᠡᠷᠬᠡ ᠬᠠᠷᠢᠭᠤᠴᠠᠯᠭ᠎ᠠ ᠲᠣᠳᠣᠷᠬᠠᠢ᠂ ᠬᠠᠮᠵᠢᠯᠴᠠᠭᠰᠠᠨ ᠥᠨᠳᠥᠷ ᠪᠦᠲᠦᠮᠵᠢᠲᠡᠶ ᠪᠠᠢ᠌ᠭᠤᠯᠭ᠎ᠠ ᠵᠢᠨ ᠠᠵᠢᠯᠯᠠᠭ᠋ᠠᠨ᠎ᠤ ᠪᠠᠲᠤᠯᠠᠭ᠎ᠠ ᠵᠢᠨ ᠪᠠᠢ᠌ᠭᠤᠯᠤᠯ᠎ᠢ ᠪᠠᠢ᠌ᠭᠤᠯᠬᠤ ᠬᠡᠷᠡᠭᠲᠡᠢ᠃
ᠳᠥᠷᠪᠡᠳᠦᠭᠡᠷ ᠵᠦᠢ᠍ᠯ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠪᠠᠢ᠌ᠭᠤᠯᠭ᠎ᠠ ᠵᠢᠨ ᠶᠠᠪᠤᠳᠠᠯ᠎ᠤᠨ ᠬᠠᠮᠢᠶᠠᠷᠤᠯᠲᠠ ᠵᠢ ᠬᠠᠷᠢᠭᠤᠴᠠᠵᠤ ᠪᠠᠢ᠌ᠭ᠎ᠠ ᠪᠠᠢ᠌ᠭᠤᠯᠤᠮᠵᠢ᠎ᠨᠤᠭᠤᠳ ᠲᠣᠭᠲᠠᠭ᠋ᠠᠭᠰᠠᠨ ᠡᠭᠦᠷᠭᠡ ᠬᠠᠷᠢᠭᠤᠴᠠᠯᠭ᠎ᠠ ᠵᠢᠨ ᠶᠣᠰᠣᠭ᠋ᠠᠷ ᠪᠠᠢ᠌ᠭᠤᠯᠭ᠎ᠠ ᠵᠢᠨ ᠠᠵᠢᠯᠯᠠᠭ᠋ᠠᠨ᠎ᠢ ᠪᠠᠲᠤᠯᠠᠬᠤ ᠠᠵᠢᠯ᠎ᠤᠨ ᠬᠣᠯᠪᠣᠭᠳᠠᠯ ᠪᠦᠬᠦᠢ ᠳᠦᠷᠢᠮ ᠪᠣᠯᠣᠨ ᠪᠠᠷᠢᠮᠵᠢᠶ᠎ᠠ ᠵᠢ ᠲᠣᠭᠲᠠᠭ᠋ᠠᠬᠤ ᠵᠢᠨ ᠬᠠᠮᠲᠤ ᠵᠣᠬᠢᠶᠠᠨ ᠪᠠᠢ᠌ᠭᠤᠯᠤᠨ ᠬᠡᠷᠡᠭᠵᠢᠭᠦᠯᠵᠦ᠂ ᠲᠤᠰ ᠱᠠᠲᠤᠨ᠎ᠤ ᠪᠠᠢ᠌ᠭᠤᠯᠭ᠎ᠠ ᠵᠢᠨ ᠠᠵᠢᠯᠯᠠᠭ᠋ᠠᠨ᠎ᠢ ᠪᠠᠲᠤᠯᠠᠬᠤ ᠠᠵᠢᠯ᠎ᠢ ᠬᠠᠷᠢᠭᠤᠴᠠᠨ᠂ ᠳᠣᠣᠷᠠᠳᠤ ᠱᠠᠲᠤᠨ᠎ᠤ ᠪᠠᠢ᠌ᠭᠤᠯᠭ᠎ᠠ ᠵᠢᠨ ᠠᠵᠢᠯᠯᠠᠭ᠋ᠠᠨ᠎ᠢ ᠪᠠᠲᠤᠯᠠᠬᠤ ᠠᠵᠢᠯ᠎ᠢ ᠵᠢᠯᠤᠭᠣᠳᠬᠤ ᠪᠠ ᠬᠢᠨᠠᠯᠲᠠ ᠲᠠᠯᠪᠢᠨ᠎ᠠ᠃
ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠨᠢ ᠲᠣᠰ ᠱᠠᠲᠤᠨ᠎ᠤ ᠪᠠᠢ᠌ᠭᠤᠯᠭ᠎ᠠ ᠵᠢᠨ ᠠᠵᠢᠯᠯᠠᠭ᠋ᠠᠨ᠎ᠤ ᠲᠥᠰᠥᠪ᠎ᠤᠨ ᠪᠠᠲᠤᠯᠠᠭ᠎ᠠ᠂ ᠡᠳ᠋ ᠬᠥᠷᠥᠩᠭᠡ ᠵᠢᠨ ᠶᠡᠷᠦᠩᠬᠡᠢ᠌ᠯᠡᠭᠰᠡᠨ ᠬᠠᠮᠢᠶᠠᠷᠤᠯᠲᠠ ᠵᠢᠴᠢ ᠬᠢᠨᠠᠯᠲᠠ ᠲᠠᠯᠪᠢᠬᠤ ᠠᠵᠢᠯ᠎ᠢ ᠬᠠᠷᠢᠭᠤᠴᠠᠨ᠎ᠠ᠃
ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ᠂ ᠪᠠᠢ᠌ᠭ᠋ᠠᠯᠢ ᠵᠢᠨ ᠡᠬᠢ ᠪᠠᠶᠠᠯᠢᠭ᠂ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ᠂ ᠲᠣᠭ᠎ᠠ ᠪᠦᠷᠢᠳᠬᠡᠯ ᠵᠡᠷᠭᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ ᠲᠣᠰ ᠲᠣᠰ᠎ᠤᠨ ᠲᠤᠰᠢᠶᠠᠯ ᠬᠠᠷᠢᠭᠤᠴᠠᠯᠭ᠎ᠠ ᠵᠢᠨ ᠵᠶ᠋ᠠᠨ ᠶᠣᠰᠣᠭ᠋ᠠᠷ ᠪᠠᠢ᠌ᠭᠤᠯᠭ᠎ᠠ ᠵᠢᠨ ᠠᠵᠢᠯᠯᠠᠭ᠋ᠠᠨ᠎ᠢ ᠪᠠᠲᠤᠯᠠᠬᠤ ᠬᠠᠮᠢᠶ᠎ᠠ ᠪᠦᠬᠦᠢ ᠠᠵᠢᠯ᠎ᠢ ᠰᠠᠢ᠌ᠲᠤᠷ ᠬᠢᠬᠦ ᠬᠡᠷᠡᠭᠲᠡᠢ᠃
ᠲᠠᠪᠤᠳᠤᠭ᠋ᠠᠷ ᠵᠦᠢ᠍ᠯ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠪᠠᠢ᠌ᠭᠤᠯᠭ᠎ᠠ ᠵᠢᠨ ᠶᠠᠪᠤᠳᠠᠯ᠎ᠤᠨ ᠬᠠᠮᠢᠶᠠᠷᠤᠯᠲᠠ ᠵᠢ ᠬᠠᠷᠢᠭᠤᠴᠠᠵᠤ ᠪᠠᠢ᠌ᠭ᠎ᠠ ᠪᠠᠢ᠌ᠭᠤᠯᠤᠮᠵᠢ᠎ᠨᠢ ᠠᠳᠠᠯᠢ ᠱᠠᠲᠤᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠯᠴᠠᠨ ᠬᠠᠮᠵᠢᠯᠴᠠᠬᠤ᠂ ᠮᠡᠳᠡᠭᠡ ᠵᠠᠩᠭᠢ ᠵᠢ ᠬᠠᠮᠲᠤ᠎ᠪᠠᠷ ᠡᠳ᠋ᠯᠡᠬᠦ ᠠᠵᠢᠯ᠎ᠤᠨ ᠲᠣᠭᠲᠠᠴᠠ ᠵᠢ ᠪᠠᠢ᠌ᠭᠤᠯᠤᠨ ᠪᠦᠷᠢᠨᠰᠢᠭᠦᠯᠵᠦ᠂ ᠪᠠᠢ᠌ᠭᠤᠯᠭ᠎ᠠ ᠵᠢᠨ ᠠᠵᠢᠯᠯᠠᠭ᠋ᠠᠨ᠎ᠢ ᠪᠠᠲᠤᠯᠠᠬᠤ ᠪᠠᠷᠢᠮᠵᠢᠶ᠎ᠠ ᠵᠢᠨ ᠰᠢᠰᠲ᠋ᠧᠮ ᠪᠠ ᠨᠡᠢ᠌ᠭᠡᠮ᠎ᠤᠨ᠎ᠬᠢᠨ᠎ᠤ ᠣᠷᠤᠯᠴᠠᠯᠭ᠎ᠠ ᠵᠢ ᠨᠠᠢ᠌ᠳᠠᠪᠤᠷᠢᠵᠢᠭᠤᠯᠬᠤ ᠵᠢ ᠠᠬᠢᠭᠤᠯᠤᠨ᠂ ᠬᠠᠮᠢᠶ᠎ᠠ ᠪᠦᠬᠦᠢ ᠮᠡᠳᠡᠭᠡ ᠵᠠᠩᠭᠢᠵᠢᠯᠠᠯᠲᠠ ᠵᠢᠨ ᠲᠠᠪᠴᠠᠩ᠎ᠢ ᠲᠡᠭᠦᠯᠳᠡᠷᠵᠢᠭᠦᠯᠵᠦ᠂ ᠪᠠᠢ᠌ᠭᠤᠯᠭ᠎ᠠ ᠵᠢᠨ ᠠᠵᠢᠯᠯᠠᠭ᠋ᠠᠨ᠎ᠤ ᠪᠠᠲᠤᠯᠠᠭ᠎ᠠ᠎ᠨᠢ ᠪᠠᠷᠢᠮᠵᠢᠶᠠᠵᠢᠭᠰᠠᠨ᠂ ᠲᠣᠭ᠋ᠠᠴᠢᠯᠠᠭᠰᠠᠨ᠂ ᠨᠡᠢ᠌ᠭᠡᠮᠴᠢᠯᠡᠭᠰᠡᠨ ᠪᠤᠯᠬᠤ ᠵᠢ ᠠᠬᠢᠭᠤᠯᠬᠤ ᠬᠡᠷᠡᠭᠲᠡᠢ᠃
ᠵᠢᠷᠭᠤᠳᠤᠭ᠋ᠠᠷ ᠵᠦᠢ᠍ᠯ ᠡᠯ᠎ᠡ ᠱᠠᠲᠤᠨ᠎ᠤ ᠪᠠᠢ᠌ᠭᠤᠯᠭ᠎ᠠ᠎ᠨᠢ ᠪᠠᠢ᠌ᠭᠤᠯᠭ᠎ᠠ ᠵᠢᠨ ᠠᠵᠢᠯᠯᠠᠭ᠋ᠠᠨ᠎ᠤ ᠪᠠᠲᠤᠯᠠᠭ᠎ᠠ ᠵᠢᠨ ᠳᠦᠷᠢᠮ ᠪᠠ ᠪᠠᠷᠢᠮᠵᠢᠶ᠎ᠠ ᠵᠢ ᠬᠡᠷᠡᠭᠵᠢᠭᠦᠯᠵᠦ᠂ ᠪᠠᠢ᠌ᠭᠤᠯᠭ᠎ᠠ ᠵᠢᠨ ᠠᠵᠢᠯᠯᠠᠭ᠋ᠠᠨ᠎ᠤ ᠥᠪᠡᠷ᠎ᠤᠨ ᠥᠷᠲᠡᠭ ᠪᠠ ᠠᠵᠢᠯ᠎ᠤᠨ ᠠᠮᠵᠢᠯᠲᠠ ᠪᠦᠲᠦᠮᠵᠢ ᠵᠢᠨ ᠬᠠᠮᠢᠶᠠᠷᠤᠯᠲᠠ ᠵᠢ ᠴᠢᠩᠭ᠋ᠠᠳᠬᠠᠵᠤ᠂ ᠠᠷᠪᠢᠯᠠᠨ ᠭᠠᠮᠨᠠᠬᠤ ᠵᠢ ᠡᠷᠬᠢᠮᠯᠡᠵᠦ᠂ ᠪᠠᠢ᠌ᠭᠤᠯᠭ᠎ᠠ ᠵᠢᠨ ᠠᠵᠢᠯᠯᠠᠭ᠋ᠠᠨ᠎ᠤ ᠪᠠᠲᠤᠯᠠᠭ᠎ᠠ ᠵᠢᠨ ᠠᠵᠢᠯ᠎ᠢ ᠵᠢᠷᠤᠮᠵᠢᠭᠤᠯᠤᠨ ᠥᠷᠨᠢᠭᠦᠯᠬᠦ ᠬᠡᠷᠡᠭᠲᠡᠢ᠃
ᠬᠣᠶᠠᠳᠤᠭ᠋ᠠᠷ ᠪᠦᠯᠦᠭ ᠡᠳ᠋ ᠬᠥᠷᠥᠩᠭᠡ ᠵᠢᠨ ᠬᠠᠮᠢᠶᠠᠷᠤᠯᠲᠠ
ᠳᠣᠯᠣᠳᠤᠭ᠋ᠠᠷ ᠵᠦᠢ᠍ᠯ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠪᠠᠢ᠌ᠭᠤᠯᠭ᠎ᠠ ᠵᠢᠨ ᠡᠳ᠋ ᠬᠥᠷᠥᠩᠭᠡ ᠵᠢᠨ ᠬᠠᠮᠢᠶᠠᠷᠤᠯᠲᠠ ᠵᠢᠨ ᠲᠣᠭᠲᠠᠴᠠ ᠵᠢ ᠪᠠᠢ᠌ᠭᠤᠯᠤᠨ ᠪᠦᠷᠢᠨᠰᠢᠭᠦᠯᠵᠦ᠂ ᠲᠤᠰ ᠱᠠᠲᠤᠨ᠎ᠤ ᠪᠠᠢ᠌ᠭᠤᠯᠭ᠎ᠠ ᠵᠢᠨ ᠡᠳ᠋ ᠬᠥᠷᠥᠩᠭᠡ ᠵᠢ ᠡᠷᠴᠢᠮᠵᠢᠭᠦᠯᠦᠨ ᠠᠷᠪᠢᠯᠠᠬᠤ ᠬᠠᠮᠢᠶᠠᠷᠤᠯᠲᠠ ᠵᠢ ᠴᠢᠩᠭ᠋ᠠᠳᠬᠠᠵᠤ᠂ ᠪᠠᠢ᠌ᠭᠤᠯᠭ᠎ᠠ ᠵᠢᠨ ᠡᠳ᠋ ᠬᠥᠷᠥᠩᠭᠡ ᠵᠢᠨ ᠬᠠᠮᠢᠶᠠᠷᠤᠯᠲᠠ ᠵᠢᠨ ᠴᠢᠬᠤᠯᠠ ᠶᠡᠬᠡ ᠵᠦᠢ᠍ᠯᠡᠰ᠎ᠢ ᠬᠢᠨᠠᠨ ᠪᠠᠢ᠌ᠴᠠᠭ᠋ᠠᠵᠤ ᠵᠥᠪᠰᠢᠶᠡᠷᠡᠬᠦ ᠬᠡᠷᠡᠭᠲᠡᠢ᠃
ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠨᠢ ᠲᠣᠰ ᠱᠠᠲᠤᠨ᠎ᠤ ᠪᠠᠢ᠌ᠭᠤᠯᠭ᠎ᠠ ᠵᠢᠨ ᠡᠳ᠋ ᠬᠥᠷᠥᠩᠭᠡ ᠵᠢᠨ ᠬᠠᠮᠢᠶᠠᠷᠤᠯᠲᠠ ᠵᠢᠨ ᠳᠦᠷᠢᠮ᠎ᠢ ᠲᠣᠭᠲᠠᠭ᠋ᠠᠬᠤ ᠵᠢᠨ ᠬᠠᠮᠲᠤ ᠵᠣᠬᠢᠶᠠᠨ ᠪᠠᠢ᠌ᠭᠤᠯᠵᠤ ᠬᠡᠷᠡᠭᠵᠢᠭᠦᠯᠬᠦ ᠪᠠ ᠬᠢᠨᠠᠯᠲᠠ ᠲᠠᠯᠪᠢᠵᠤ ᠪᠠᠢ᠌ᠴᠠᠭ᠋ᠠᠬᠤ ᠵᠢ ᠬᠠᠷᠢᠭᠤᠴᠠᠬᠤ ᠬᠡᠷᠡᠭᠲᠡᠢ᠃
ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠪᠠᠢ᠌ᠭᠤᠯᠭ᠎ᠠ ᠵᠢᠨ ᠶᠠᠪᠤᠳᠠᠯ᠎ᠤᠨ ᠬᠠᠮᠢᠶᠠᠷᠤᠯᠲᠠ ᠵᠢ ᠬᠠᠷᠢᠭᠤᠴᠠᠬᠤ ᠪᠠᠢ᠌ᠭᠤᠯᠤᠮᠵᠢ᠎ᠨᠢ ᠡᠭᠦᠷᠭᠡ ᠬᠠᠷᠢᠭᠤᠴᠠᠯᠭ᠎ᠠ ᠶᠣᠰᠣᠭ᠋ᠠᠷ ᠬᠣᠯᠪᠣᠭᠳᠠᠯ ᠪᠦᠬᠦᠢ ᠪᠠᠢ᠌ᠭᠤᠯᠭ᠎ᠠ ᠵᠢᠨ ᠡᠳ᠋ ᠬᠥᠷᠥᠩᠭᠡ ᠵᠢ ᠲᠣᠬᠢᠷᠠᠭᠤᠯᠬᠤ᠂ ᠬᠡᠷᠡᠭᠯᠡᠬᠦ᠂ ᠰᠢᠢ᠍ᠳᠪᠦᠷᠢᠯᠡᠬᠦ ᠵᠡᠷᠭᠡ ᠪᠣᠳᠠᠲᠠᠢ ᠬᠠᠮᠢᠶᠠᠷᠤᠯᠲᠠ ᠵᠢᠨ ᠳᠦᠷᠢᠮ᠎ᠢ ᠲᠣᠭᠲᠠᠭ᠋ᠠᠬᠤ ᠵᠢᠨ ᠬᠠᠮᠲᠤ ᠵᠣᠬᠢᠶᠠᠨ ᠪᠠᠢ᠌ᠭᠤᠯᠤᠨ ᠬᠡᠷᠡᠭᠵᠢᠭᠦᠯᠵᠦ᠂ ᠲᠣᠰ ᠵᠠᠰᠠᠭ ᠵᠠᠬᠢᠷᠭ᠋ᠠᠨ᠎ᠤ ᠣᠷᠣᠨ᠎ᠤ ᠪᠠᠢ᠌ᠭᠤᠯᠭ᠎ᠠ ᠵᠢᠨ ᠠᠯᠪᠠᠨ᠎ᠳᠤ ᠬᠡᠷᠡᠭᠯᠡᠬᠦ ᠭᠡᠷ ᠪᠠᠢ᠌ᠰᠢᠩ᠂ ᠠᠯᠪᠠᠨ᠎ᠳᠤ ᠬᠡᠷᠡᠭᠯᠡᠬᠦ ᠲᠡᠷᠭᠡ ᠵᠡᠷᠭᠡ ᠡᠳ᠋ ᠬᠥᠷᠥᠩᠭᠡ ᠵᠢᠨ ᠬᠠᠮᠢᠶᠠᠷᠤᠯᠲᠠ ᠵᠢ ᠴᠢᠩᠭ᠋ᠠᠳᠬᠠᠨ᠂ ᠡᠳ᠋᠎ᠤᠨ ᠵᠠᠰᠠᠭ ᠵᠡᠷᠭᠡ ᠰᠠᠯᠠᠭ᠎ᠠ ᠮᠥᠴᠢᠷ᠎ᠤᠨ ᠵᠢᠯᠣᠭᠣᠳᠤᠯᠭ᠎ᠠ ᠪᠠ ᠬᠢᠨᠠᠯᠲᠠ ᠲᠠᠯᠪᠢᠯᠲᠠ ᠵᠢ ᠬᠦᠯᠢᠶᠡᠨ᠎ᠡ᠃
ᠡᠯ᠎ᠡ ᠱᠠᠲᠤᠨ᠎ᠤ ᠪᠠᠢ᠌ᠭᠤᠯᠭ᠎ᠠ᠎ᠨᠢ ᠡᠳ᠋ ᠬᠥᠷᠥᠩᠭᠡ ᠵᠢᠨ ᠬᠠᠮᠢᠶᠠᠷᠤᠯᠲᠠ ᠵᠢᠨ ᠳᠣᠲᠣᠭ᠋ᠠᠳᠤ ᠵᠢᠨ ᠡᠵᠡᠮᠳᠡᠬᠦ ᠳᠦᠷᠢᠮ᠎ᠢ ᠪᠦᠷᠢᠨᠰᠢᠭᠦᠯᠵᠦ᠂ ᠲᠣᠰ ᠪᠠᠢ᠌ᠭᠤᠯᠭ᠎ᠠ ᠵᠢᠨ ᠡᠳ᠋ ᠬᠥᠷᠥᠩᠭᠡ ᠵᠢᠨ ᠬᠡᠷᠡᠭᠯᠡᠵᠦ ᠬᠠᠮᠢᠶᠠᠷᠬᠤ ᠪᠠ ᠡᠳᠦᠷ ᠲᠤᠲᠤᠮ᠎ᠤᠨ ᠬᠠᠮᠠᠭ᠋ᠠᠯᠠᠯᠲᠠ ᠵᠢ ᠬᠠᠷᠢᠭᠤᠴᠠᠬᠤ ᠵᠢᠨ ᠬᠠᠮᠲᠤ ᠠᠳᠠᠯᠢ ᠱᠠᠲᠤᠨ᠎ᠤ ᠪᠠᠢ᠌ᠭᠤᠯᠭ᠎ᠠ ᠵᠢᠨ ᠶᠠᠪᠤᠳᠠᠯ᠎ᠤᠨ ᠬᠠᠮᠢᠶᠠᠷᠤᠯᠲᠠ ᠵᠢ ᠬᠠᠷᠢᠭᠤᠴᠠᠬᠤ ᠪᠠᠢ᠌ᠭᠤᠯᠤᠮᠵᠢ᠂ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠤᠨ ᠵᠢᠯᠣᠭᠣᠳᠤᠯᠭ᠎ᠠ ᠪᠠ ᠬᠢᠨᠠᠯᠲᠠ ᠲᠠᠯᠪᠢᠯᠲᠠ ᠵᠢ ᠬᠦᠯᠢᠶᠡᠬᠦ ᠬᠡᠷᠡᠭᠲᠡᠢ᠃
ᠨᠠᠢ᠍ᠮᠠᠳᠤᠭ᠋ᠠᠷ ᠵᠦᠢ᠍ᠯ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠤᠭᠤᠳ ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠢ ᠵᠢᠨ ᠲᠥᠯᠦᠪᠵᠢᠭᠦᠯᠭᠡ ᠵᠢ ᠨᠠᠢ᠌ᠷᠠᠭᠤᠯᠤᠨ ᠵᠣᠬᠢᠶᠠᠬᠤ᠎ᠳᠠᠭᠠᠨ ᠪᠠᠢ᠌ᠭᠤᠯᠭ᠎ᠠ ᠵᠢᠨ ᠭᠠᠵᠠᠷ ᠬᠡᠷᠡᠭᠯᠡᠬᠦ ᠪᠠᠢ᠌ᠷᠢᠰᠢᠭᠤᠯᠤᠯ ᠪᠠ ᠣᠷᠣᠨ ᠵᠠᠢ ᠵᠢᠨ ᠲᠣᠬᠢᠷᠠᠭᠤᠯᠤᠯᠲᠠ ᠵᠢ ᠨᠢᠭᠡᠳᠦᠯᠲᠡᠢ ᠲᠥᠯᠥᠪᠯᠡᠨ ᠪᠣᠳᠣᠯᠬᠢᠯᠠᠵᠤ᠂ ᠲᠣᠰ ᠱᠠᠲᠤᠨ᠎ᠤ ᠪᠠᠢ᠌ᠭᠤᠯᠭ᠎ᠠ ᠵᠢᠨ ᠭᠠᠵᠠᠷ ᠬᠡᠷᠡᠭᠯᠡᠬᠦ᠎ᠳᠤ ᠲᠥᠪᠯᠡᠷᠡᠭᠦᠯᠦᠨ ᠨᠢᠭᠡᠳᠦᠯᠲᠡᠢ ᠬᠠᠮᠢᠶᠠᠷᠬᠤ ᠵᠢ ᠬᠡᠷᠡᠭᠵᠢᠭᠦᠯᠬᠦ ᠵᠢ ᠠᠬᠢᠭᠤᠯᠬᠤ ᠬᠡᠷᠡᠭᠲᠡᠢ᠃ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠪᠠᠢ᠌ᠭ᠋ᠠᠯᠢ ᠵᠢᠨ ᠡᠬᠢ ᠪᠠᠶᠠᠯᠢᠭ᠎ᠤᠨ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠎ᠨᠢ ᠪᠠᠢ᠌ᠭᠤᠯᠭ᠎ᠠ ᠵᠢᠨ ᠬᠡᠷᠡᠭᠯᠡᠬᠦ ᠭᠠᠵᠠᠷ᠎ᠤᠨ ᠵᠦᠢ ᠵᠣᠬᠢᠰᠲᠠᠢ ᠬᠡᠷᠡᠭᠴᠡᠭᠡ ᠱᠠᠭ᠋ᠠᠷᠳᠠᠯᠭ᠎ᠠ ᠵᠢ ᠪᠠᠲᠤᠯᠠᠵᠤ᠂ ᠭᠠᠵᠠᠷ ᠰᠢᠷᠣᠢ ᠵᠢᠨ ᠬᠠᠩᠭ᠋ᠠᠯᠭ᠎ᠠ ᠵᠢ ᠡᠮᠬᠢ ᠵᠢᠷᠤᠮ᠎ᠲᠠᠢ ᠲᠣᠬᠢᠷᠠᠭᠤᠯᠵᠤ᠂ ᠭᠠᠵᠠᠷ ᠬᠡᠷᠡᠭᠯᠡᠬᠦ ᠭᠠᠷᠳᠠᠮ᠎ᠢ ᠬᠠᠤᠯᠢ ᠶᠣᠰᠣᠭ᠋ᠠᠷ ᠭᠦᠢ᠍ᠴᠡᠳᠬᠡᠬᠦ ᠬᠡᠷᠡᠭᠲᠡᠢ᠃
ᠶᠢᠰᠦᠳᠦᠭᠡᠷ ᠵᠦᠢ᠍ᠯ ᠪᠠᠢ᠌ᠭᠤᠯᠭ᠎ᠠ ᠵᠢᠨ ᠠᠯᠪᠠᠨ ᠬᠡᠷᠡᠭᠯᠡᠭᠡᠨ᠎ᠤ ᠭᠡᠷ ᠪᠠᠢ᠌ᠰᠢᠩ᠎ᠤᠨ ᠲᠥᠯᠦᠪᠵᠢᠭᠦᠯᠭᠡ᠂ ᠡᠷᠬᠡ ᠵᠢᠨ ᠬᠠᠷᠢᠶ᠎ᠠ᠂ ᠲᠣᠬᠢᠷᠠᠭᠤᠯᠭ᠎ᠠ᠂ ᠰᠡᠯᠪᠢᠨ ᠵᠠᠰᠠᠬᠤ ᠲᠥᠯᠥᠪᠯᠡᠭᠡ ᠪᠠ ᠰᠢᠢ᠍ᠳᠪᠦᠷᠢᠯᠡᠯᠲᠡ᠎ᠳᠤ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠲᠥᠪᠯᠡᠷᠡᠩᠭᠦᠢ ᠨᠢᠭᠡᠳᠦᠯᠲᠡᠢ ᠬᠠᠮᠢᠶᠠᠷᠤᠯᠲᠠ ᠵᠢ ᠬᠡᠷᠡᠭᠵᠢᠭᠦᠯᠦᠨ᠎ᠡ᠃ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠪᠠᠢ᠌ᠭᠤᠯᠭ᠎ᠠ ᠵᠢᠨ ᠶᠠᠪᠤᠳᠠᠯ᠎ᠤᠨ ᠬᠠᠮᠢᠶᠠᠷᠤᠯᠲᠠ ᠵᠢ ᠬᠠᠷᠢᠭᠤᠴᠠᠬᠤ ᠪᠠᠢ᠌ᠭᠤᠯᠤᠮᠵᠢ᠎ᠨᠢ ᠲᠣᠭᠲᠠᠭ᠋ᠠᠯ ᠶᠣᠰᠣᠭ᠋ᠠᠷ ᠲᠣᠰ ᠱᠠᠲᠤᠨ᠎ᠤ ᠪᠠᠢ᠌ᠭᠤᠯᠭ᠎ᠠ ᠵᠢᠨ ᠠᠯᠪᠠᠨ ᠬᠡᠷᠡᠭᠯᠡᠭᠡᠨ᠎ᠤ ᠭᠡᠷ ᠪᠠᠢ᠌ᠰᠢᠩ᠎ᠤᠨ ᠬᠡᠷᠡᠭᠯᠡᠬᠦ ᠲᠠᠯᠠᠪᠠᠶ ᠵᠢ ᠬᠢᠨᠠᠨ ᠲᠣᠭᠲᠠᠭ᠋ᠠᠵᠤ᠂ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠲᠤᠰᠬᠠᠢ ᠲᠣᠭᠣᠷᠢᠨ ᠪᠠᠢ᠌ᠴᠠᠭ᠋ᠠᠯᠲᠠ ᠵᠢ ᠴᠢᠩᠭ᠋ᠠᠳᠬᠠᠵᠤ᠂ ᠪᠠᠢ᠌ᠭᠤᠯᠭ᠎ᠠ ᠵᠢᠨ ᠠᠯᠪᠠᠨ ᠬᠡᠷᠡᠭᠯᠡᠭᠡᠨ᠎ᠤ ᠭᠡᠷ ᠪᠠᠢ᠌ᠰᠢᠩ᠎ᠢ ᠵᠦᠢ ᠵᠣᠬᠢᠰᠲᠠᠢ ᠲᠣᠬᠢᠷᠠᠭᠤᠯᠤᠨ ᠬᠡᠷᠡᠭᠯᠡᠬᠦ ᠵᠢ ᠠᠬᠢᠭᠤᠯᠬᠤ ᠭᠡᠷᠡᠭᠲᠡᠶ; ᠪᠠᠢ᠌ᠭᠤᠯᠭ᠎ᠠ ᠵᠢᠨ ᠠᠵᠢᠯᠯᠠᠬᠤ ᠪᠠ ᠣᠯᠠᠨ ᠨᠡᠢ᠌ᠲᠡ ᠵᠢᠨ ᠦᠢ᠍ᠯᠡᠴᠢᠯᠡᠭᠡᠨ᠎ᠤ ᠬᠡᠷᠡᠭᠴᠡᠭᠡ ᠱᠠᠭ᠋ᠠᠷᠳᠠᠯᠭ᠎ᠠ ᠵᠢ ᠨᠢᠭᠡᠳᠦᠯᠲᠡᠢ ᠲᠥᠯᠥᠪᠵᠢᠭᠦᠯᠦᠨ᠂ ᠠᠵᠢᠯᠯᠠᠬᠤ ᠲᠠᠯᠠᠪᠤᠷ ᠭᠠᠵᠠᠷ᠎ᠢ ᠲᠥᠪᠯᠡᠷᠡᠭᠦᠯᠬᠦ ᠪᠤᠶᠤ ᠬᠠᠷᠢᠴᠠᠩᠭᠤᠢ᠎ᠪᠠᠷ ᠲᠥᠪᠯᠡᠷᠡᠭᠦᠯᠬᠦ ᠵᠢ ᠠᠬᠢᠭᠤᠯᠵᠤ᠂ ᠲᠣᠰ ᠱᠠᠲᠤᠨ᠎ᠤ ᠠᠵᠢᠯᠯᠠᠬᠤ ᠲᠣᠭᠣᠷᠢᠭ᠎ᠤᠨ ᠴᠢᠳᠠᠮᠵᠢ ᠵᠢᠨ ᠪᠠᠢ᠌ᠷᠢᠰᠢᠭᠤᠯᠤᠯᠲᠠ ᠵᠢ ᠰᠢᠯᠢᠳᠡᠭᠵᠢᠭᠦᠯᠦᠨ᠎ᠡ᠃
ᠠᠷᠪᠠᠳᠤᠭ᠋ᠠᠷ ᠵᠦᠢ᠍ᠯ ᠡᠯ᠎ᠡ ᠱᠠᠲᠤᠨ᠎ᠤ ᠪᠠᠢ᠌ᠭᠤᠯᠭ᠎ᠠ ᠵᠢᠨ ᠠᠯᠪᠠᠨ ᠬᠡᠷᠡᠭᠯᠡᠭᠡᠨ᠎ᠤ ᠭᠡᠷ ᠪᠠᠢ᠌ᠰᠢᠩ ᠪᠣᠯᠣᠨ ᠮᠡᠷᠭᠡᠵᠢᠯ᠎ᠤᠨ ᠲᠤᠬᠠᠢ᠌ᠯᠠᠭᠰᠠᠨ ᠠᠵᠢᠯ᠎ᠳᠤ ᠬᠡᠷᠡᠭᠯᠡᠬᠦ ᠭᠡᠷ ᠪᠠᠢ᠌ᠰᠢᠩ᠎ᠤᠨ ᠡᠷᠬᠡ ᠵᠢᠨ ᠬᠠᠷᠢᠶ᠎ᠠ ᠵᠢ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠳᠠᠩᠰᠠᠯᠠᠨ᠎ᠠ᠃
ᠦᠯᠦ ᠬᠥᠳᠡᠯᠬᠦ ᠬᠥᠷᠥᠩᠭᠡ ᠵᠢᠨ ᠡᠷᠬᠡ ᠵᠢ ᠲᠤᠰ ᠱᠠᠲᠤᠨ᠎ᠤ ᠪᠠᠢ᠌ᠭᠤᠯᠭ᠎ᠠ ᠵᠢᠨ ᠬᠡᠷᠡᠭ ᠶᠠᠪᠤᠳᠠᠯ᠎ᠤᠨ ᠬᠠᠮᠢᠶᠠᠷᠤᠯᠲᠠ ᠵᠢᠨ ᠪᠠᠢ᠌ᠭᠤᠯᠤᠮᠵᠢ ᠵᠢᠨ ᠨᠡᠷ᠎ᠡ ᠳᠡᠭᠡᠷ᠎ᠡ ᠨᠢᠭᠡᠳᠦᠯᠲᠡᠢ ᠳᠠᠩᠰᠠᠯᠠᠬᠤ ᠬᠡᠷᠡᠭᠲᠡᠢ᠂ ᠬᠡᠷᠡᠭᠯᠡᠬᠦ ᠨᠢᠭᠡᠴᠢ ᠡᠷᠬᠡ ᠵᠢᠨ ᠬᠠᠷᠢᠶᠠᠯᠠᠯ᠂ ᠪᠦᠲᠦᠭᠡᠨ ᠪᠠᠢ᠌ᠭᠤᠯᠤᠯᠲᠠ᠂ ᠰᠡᠯᠪᠢᠨ ᠵᠠᠰᠠᠯᠲᠠ ᠵᠡᠷᠭᠡ ᠠᠩᠬᠠᠨ᠎ᠤ ᠲᠠᠨᠭ᠌ᠰᠠ ᠡᠪᠬᠡᠮᠡᠯ᠎ᠢ ᠬᠠᠮᠲᠤᠳᠤᠨᠢ ᠰᠢᠯᠵᠢᠭᠦᠯᠦᠨ ᠲᠤᠰᠢᠶᠠᠬᠤ ᠬᠡᠷᠡᠭᠲᠡᠢ᠃
ᠮᠠᠲ᠋ᠧᠷᠢᠶᠠᠯ᠎ᠨᠢ ᠳᠤᠲᠠᠭᠳᠠᠭᠰᠠᠨ᠂ ᠡᠷᠬᠡ ᠵᠢᠨ ᠬᠠᠷᠢᠶ᠎ᠠ᠎ᠨᠢ ᠲᠣᠳᠣᠷᠬᠠᠢ ᠦᠭᠡᠢ ᠵᠡᠷᠭᠡ᠎ᠠᠴᠠ ᠪᠣᠯᠵᠤ ᠳᠠᠩᠰᠠᠯᠠᠬᠤ ᠵᠢᠨ ᠠᠷᠭ᠎ᠠ ᠦᠭᠡᠢ ᠪᠣᠯ ᠲᠣᠰ ᠱᠠᠲᠤᠨ᠎ᠤ ᠪᠠᠢ᠌ᠭᠤᠯᠭ᠎ᠠ ᠵᠢᠨ ᠶᠠᠪᠤᠳᠠᠯ᠎ᠤᠨ ᠬᠠᠮᠢᠶᠠᠷᠤᠯᠲᠠ ᠵᠢ ᠬᠠᠷᠢᠭᠤᠴᠠᠵᠤ ᠪᠠᠢ᠌ᠭ᠎ᠠ ᠪᠠᠢ᠌ᠭᠤᠯᠤᠮᠵᠢ᠎ᠠᠴᠠ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠵᠢᠯᠴᠠᠨ ᠡᠷᠬᠡ ᠵᠢᠨ ᠬᠠᠷᠢᠶ᠎ᠠ ᠵᠢᠨ ᠳᠠᠩᠰᠠᠯᠠᠯ ᠬᠢᠨ᠎ᠡ᠂ ᠬᠡᠷᠡᠭᠯᠡᠬᠦ ᠨᠢᠭᠡᠴᠢ᠎ᠠᠴᠠ ᠥᠪᠡᠰᠦᠪᠡᠨ ᠰᠢᠢ᠍ᠳᠪᠦᠷᠢᠯᠡᠵᠦ ᠪᠤᠯᠬᠤ ᠦᠭᠡᠢ᠃
ᠠᠷᠪᠠᠨ ᠨᠢᠭᠡᠳᠦᠭᠡᠷ ᠵᠦᠢ᠍ᠯ ᠡᠯ᠎ᠡ ᠱᠠᠲᠤᠨ᠎ᠤ ᠪᠠᠢ᠌ᠭᠤᠯᠭ᠎ᠠ᠎ᠨᠢ ᠠᠯᠪᠠᠨ ᠬᠡᠷᠡᠭᠯᠡᠭᠡᠨ᠎ᠤ ᠭᠡᠷ ᠪᠠᠢ᠌ᠰᠢᠩ᠎ᠢ ᠲᠣᠬᠢᠷᠠᠭᠤᠯᠬᠤ ᠪᠠᠷᠢᠮᠵᠢᠶ᠎ᠠ ᠵᠢ ᠬᠡᠷᠡᠭᠵᠢᠭᠦᠯᠵᠦ᠂ ᠠᠯᠪᠠᠨ ᠬᠡᠷᠡᠭᠯᠡᠭᠡᠨ᠎ᠤ ᠭᠡᠷ ᠪᠠᠢ᠌ᠰᠢᠩ᠎ᠤᠨ ᠠᠮᠤᠷ ᠲᠦᠪᠰᠢᠨ᠎ᠤ ᠬᠠᠮᠢᠶᠠᠷᠤᠯᠲᠠ ᠵᠢ ᠴᠢᠩᠭ᠋ᠠᠳᠬᠠᠨ᠂ ᠡᠳᠦᠷ ᠲᠤᠲᠤᠮ᠎ᠤᠨ ᠪᠠᠢ᠌ᠴᠠᠭ᠋ᠠᠬᠤ ᠪᠠ ᠬᠠᠮᠠᠭ᠋ᠠᠯᠠᠬᠤ ᠵᠢ ᠬᠡᠷᠡᠭᠵᠢᠭᠦᠯᠵᠦ᠂ ᠬᠠᠤᠯᠢ ᠲᠣᠭᠲᠠᠭ᠋ᠠᠯ᠎ᠠᠴᠠ ᠵᠥᠷᠢᠴᠡᠨ ᠠᠯᠪᠠᠨ ᠬᠡᠷᠡᠭᠯᠡᠭᠡᠨ᠎ᠤ ᠭᠡᠷ ᠪᠠᠢ᠌ᠰᠢᠩ᠎ᠢ ᠰᠢᠨ᠎ᠡ᠎ᠪᠠᠷ ᠪᠠᠢ᠌ᠭᠤᠯᠬᠤ᠂ ᠬᠤᠳᠠᠯᠳᠤᠨ ᠠᠪᠬᠤ᠂ ᠲᠦᠷᠢᠶᠡᠰᠦᠯᠡᠨ ᠬᠡᠷᠡᠭᠯᠡᠬᠦ᠂ ᠵᠢᠭᠡᠯᠡᠨ ᠬᠡᠷᠡᠭᠯᠡᠬᠦ ᠪᠠ ᠲᠣᠬᠢᠷᠠᠭᠤᠯᠵᠤ ᠪᠤᠯᠬᠤ ᠦᠭᠡᠢ᠂ ᠠᠯᠪᠠᠨ ᠬᠡᠷᠡᠭᠯᠡᠭᠡᠨ᠎ᠤ ᠭᠡᠷ ᠪᠠᠢ᠌ᠰᠢᠩ᠎ᠢ ᠳᠤᠷ᠎ᠠ᠎ᠪᠠᠷ ᠵᠶ᠋ᠠᠨ ᠲᠦᠷᠢᠶᠡᠰᠦᠯᠡᠭᠦᠯᠬᠦ᠂ ᠵᠢᠭᠡᠯᠡᠭᠦᠯᠬᠦ ᠪᠤᠶᠤ ᠠᠯᠪᠠᠨ ᠬᠡᠷᠡᠭᠯᠡᠭᠡᠨ᠎ᠤ ᠭᠡᠷ ᠪᠠᠢ᠌ᠰᠢᠩ᠎ᠤᠨ ᠬᠡᠷᠡᠭᠯᠡᠬᠦ ᠴᠢᠳᠠᠮᠵᠢ ᠵᠢ ᠬᠤᠪᠢᠷᠠᠭᠤᠯᠵᠤ ᠪᠤᠯᠬᠤ ᠦᠭᠡᠢ᠃
ᠠᠷᠪᠠᠨ ᠬᠣᠶᠠᠳᠤᠭ᠋ᠠᠷ ᠵᠦᠢ᠍ᠯ ᠡᠯ᠎ᠡ ᠱᠠᠲᠤᠨ᠎ᠤ ᠪᠠᠢ᠌ᠭᠤᠯᠭ᠎ᠠ᠎ᠨᠢ ᠠᠯᠪᠠᠨ ᠬᠡᠷᠡᠭᠯᠡᠭᠡᠨ᠎ᠤ ᠭᠡᠷ ᠪᠠᠢ᠌ᠰᠢᠩ᠎ᠢ ᠰᠡᠯᠪᠢᠨ ᠵᠠᠰᠠᠬᠤ᠎ᠳᠤ ᠠᠮᠤᠷ ᠲᠦᠪᠰᠢᠨ᠎ᠤ ᠭᠡᠮ ᠰᠣᠭᠣᠭ᠎ᠢ ᠠᠷᠢᠯᠭ᠋ᠠᠬᠤ᠂ ᠬᠡᠷᠡᠭᠯᠡᠬᠦ ᠴᠢᠳᠠᠮᠵᠢ ᠵᠢ ᠰᠡᠷᠭᠦᠭᠡᠬᠦ ᠪᠠ ᠲᠡᠭᠦᠯᠳᠡᠷᠵᠢᠭᠦᠯᠬᠦ᠎ᠪᠠᠷ ᠵᠣᠷᠢᠯᠭ᠎ᠠ ᠪᠤᠯᠭ᠋ᠠᠵᠤ᠂ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠲᠣᠭᠲᠠᠭ᠋ᠠᠯ ᠵᠢᠴᠢ ᠪᠦᠲᠦᠭᠡᠨ ᠪᠠᠢ᠌ᠭᠤᠯᠤᠯᠲᠠ ᠵᠢᠨ ᠪᠠᠷᠢᠯᠭ᠎ᠠ᠂ ᠲᠥᠬᠦᠭᠡᠷᠦᠮᠵᠢ ᠤᠭᠰᠠᠷᠠᠬᠤ ᠵᠢᠨ ᠤᠯᠤᠰ᠂ ᠠᠵᠢᠯ ᠲᠥᠷᠥᠯ᠂ ᠣᠷᠣᠨ ᠨᠤᠲᠤᠭ᠎ᠤᠨ ᠮᠡᠷᠭᠡᠵᠢᠯ᠎ᠤᠨ ᠪᠠᠷᠢᠮᠵᠢᠶ᠎ᠠ ᠵᠢᠨ ᠵᠢᠷᠤᠮᠵᠢᠯ᠎ᠢ ᠴᠢᠩᠭ᠎ᠠ ᠬᠡᠷᠡᠭᠵᠢᠭᠦᠯᠵᠦ᠂ ᠰᠡᠯᠪᠢᠨ ᠵᠠᠰᠠᠬᠤ ᠶᠠᠪᠤᠴᠠ᠎ᠳᠤ ᠠᠯᠪᠠᠨ ᠬᠡᠷᠡᠭᠯᠡᠭᠡᠨ᠎ᠤ ᠭᠡᠷ ᠪᠠᠢ᠌ᠰᠢᠩ᠎ᠢ ᠭᠡᠯᠪᠡᠷᠢ ᠵᠢ᠎ᠨᠢ ᠥᠭᠡᠷᠡᠲᠦᠭᠦᠯᠦᠨ ᠥᠭᠡᠷᠡᠴᠢᠯᠡᠨ ᠪᠠᠢ᠌ᠭᠤᠯᠬᠤ ᠪᠠ ᠥᠷᠭᠡᠳᠬᠡᠨ ᠪᠠᠢ᠌ᠭᠤᠯᠵᠤ ᠪᠤᠯᠬᠤ ᠦᠭᠡᠢ᠂ ᠠᠯᠪᠠᠨ ᠬᠡᠷᠡᠭᠯᠡᠭᠡᠨ᠎ᠤ ᠭᠡᠷ ᠪᠠᠢ᠌ᠰᠢᠩ᠎ᠢ ᠪᠠᠷᠢᠮᠵᠢᠶ᠎ᠠ᠎ᠠᠴᠠ ᠬᠡᠲᠦᠷᠡᠭᠦᠯᠦᠨ ᠵᠠᠰᠠᠵᠤ ᠴᠢᠮᠡᠭᠯᠡᠵᠦ ᠪᠤᠯᠬᠤ ᠦᠭᠡᠢ᠃
ᠠᠯᠪᠠᠨ ᠬᠡᠷᠡᠭᠯᠡᠭᠡᠨ᠎ᠤ ᠭᠡᠷ ᠪᠠᠢ᠌ᠰᠢᠩ᠎ᠤᠨ ᠶᠡᠬᠡ ᠳᠤᠮᠳᠠ ᠵᠠᠰᠠᠯᠲᠠ ᠵᠢᠨ ᠲᠥᠷᠥᠯ ᠵᠦᠢ᠍ᠯ᠎ᠢ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠬᠢᠨᠠᠨ ᠵᠥᠪᠰᠢᠶᠡᠷᠡᠬᠦ ᠪᠠ ᠬᠡᠷᠡᠭᠵᠢᠭᠦᠯᠦᠨ᠎ᠡ᠃
ᠠᠷᠪᠠᠨ ᠭᠤᠷᠪᠠᠳᠤᠭ᠋ᠠᠷ ᠵᠦᠢ᠍ᠯ ᠰᠤᠯᠠ ᠲᠠᠯᠪᠢᠭᠳᠠᠵᠤ ᠪᠠᠢ᠌ᠭ᠎ᠠ ᠠᠯᠪᠠᠨ ᠬᠡᠷᠡᠭᠯᠡᠭᠡᠨ᠎ᠤ ᠭᠡᠷ ᠪᠠᠢ᠌ᠰᠢᠩ᠎ᠢ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠰᠢᠢ᠍ᠳᠪᠦᠷᠢᠯᠡᠨ ᠠᠰᠢᠭᠯᠠᠨ᠎ᠠ᠃ ᠨᠥᠬᠥᠴᠡᠯ ᠪᠦᠷᠢᠯᠳᠦᠭᠦᠯᠦᠭᠰᠡᠨ ᠪᠠᠢ᠌ᠪᠠᠯ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠪᠠᠢ᠌ᠭᠤᠯᠭ᠎ᠠ ᠵᠢᠨ ᠶᠠᠪᠤᠳᠠᠯ᠎ᠤᠨ ᠬᠠᠮᠢᠶᠠᠷᠤᠯᠲᠠ ᠵᠢ ᠬᠠᠷᠢᠭᠤᠴᠠᠵᠤ ᠪᠠᠢ᠌ᠭ᠎ᠠ ᠪᠠᠢ᠌ᠭᠤᠯᠤᠮᠵᠢ᠎ᠨᠢ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠲᠡᠭᠦᠨ᠎ᠢ ᠬᠤᠪᠢᠷᠠᠭᠤᠯᠵᠤ᠂ ᠪᠠᠢ᠌ᠭᠤᠯᠭ᠎ᠠ ᠵᠢᠨ ᠬᠡᠦᠬᠡᠳ ᠰᠠᠭ᠋ᠠᠲᠠᠭᠤᠯᠬᠤ ᠭᠠᠵᠠᠷ ᠪᠤᠶᠤ ᠠᠷᠠᠳ᠎ᠲᠤ ᠲᠥᠭᠦᠮ ᠦᠵᠡᠭᠦᠯᠭᠦ ᠦᠢ᠍ᠯᠡᠴᠢᠯᠡᠭᠡ᠂ ᠨᠡᠢ᠌ᠭᠡᠮ ᠲᠣᠭᠣᠷᠢᠭ᠎ᠤᠨ ᠠᠵᠢᠯᠯᠠᠭ᠎ᠠ ᠵᠡᠷᠭᠡ ᠨᠡᠢ᠌ᠲᠡ ᠵᠢᠨ ᠠᠰᠠᠷᠠᠮᠵᠢ ᠵᠢᠨ ᠭᠠᠵᠠᠷ ᠪᠣᠯᠭ᠋ᠠᠨ ᠥᠭᠡᠷᠡᠴᠢᠯᠡᠵᠦ ᠪᠣᠯᠣᠨ᠎ᠠ᠃
ᠠᠷᠪᠠᠨ ᠳᠥᠷᠪᠡᠳᠦᠭᠡᠷ ᠵᠦᠢ᠍ᠯ ᠠᠯᠪᠠᠨ ᠶᠠᠪᠤᠳᠠᠯ᠎ᠤᠨ ᠲᠡᠷᠭᠡ ᠵᠢᠨ ᠣᠷᠣᠨ ᠲᠣᠭ᠎ᠠ᠂ ᠪᠠᠷᠢᠮᠵᠢᠶ᠎ᠠ᠂ ᠬᠤᠳᠠᠯᠳᠤᠨ ᠠᠪᠬᠤ ᠵᠠᠷᠤᠳᠠᠯ᠂ ᠬᠤᠳᠠᠯᠳᠤᠨ ᠠᠪᠴᠤ ᠲᠣᠬᠢᠷᠠᠭᠤᠯᠬᠤ᠂ ᠬᠡᠷᠡᠭᠯᠡᠵᠦ ᠬᠠᠮᠢᠶᠠᠷᠬᠤ ᠵᠡᠷᠭᠡ ᠵᠢ ᠤᠯᠤᠰ ᠪᠣᠯᠣᠨ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠬᠡᠷᠡᠭᠵᠢᠭᠦᠯᠬᠦ ᠬᠡᠷᠡᠭᠲᠡᠢ᠃
ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠪᠠᠢ᠌ᠭᠤᠯᠭ᠎ᠠ ᠵᠢᠨ ᠶᠠᠪᠤᠳᠠᠯ᠎ᠤᠨ ᠬᠠᠮᠢᠶᠠᠷᠤᠯᠲᠠ ᠵᠢ ᠬᠠᠷᠢᠭᠤᠴᠠᠵᠤ ᠪᠠᠢ᠌ᠭ᠎ᠠ ᠪᠠᠢ᠌ᠭᠤᠯᠤᠮᠵᠢ᠎ᠨᠢ ᠠᠯᠪᠠᠨ ᠶᠠᠪᠤᠳᠠᠯ᠎ᠤᠨ ᠲᠡᠷᠭᠡ ᠵᠢᠨ ᠲᠥᠪᠯᠡᠷᠡᠩᠭᠦᠢ ᠨᠢᠭᠡᠳᠦᠯᠲᠡᠢ ᠬᠠᠮᠢᠶᠠᠷᠤᠯᠲᠠ ᠵᠢ ᠴᠢᠩᠭ᠋ᠠᠳᠬᠠᠵᠤ᠂ ᠣᠨᠳᠣᠣ ᠭᠠᠵᠠᠷ᠎ᠲᠤ ᠬᠠᠮᠲᠤᠷᠠᠨ ᠬᠥᠳᠡᠯᠦᠯᠴᠡᠬᠦ ᠪᠠᠲᠤᠯᠠᠭ᠎ᠠ᠂ ᠲᠣᠰ ᠱᠠᠲᠤᠨ᠎ᠤ ᠪᠠᠢ᠌ᠭᠤᠯᠭ᠎ᠠ ᠵᠢᠨ ᠨᠢᠭᠡᠳᠦᠯᠲᠡᠢ ᠪᠠᠲᠤᠯᠠᠭ᠎ᠠ᠂ ᠨᠡᠢ᠌ᠭᠡᠮᠴᠢᠯᠡᠭᠰᠡᠨ ᠬᠠᠮᠲᠤᠷᠠᠨ ᠬᠥᠳᠡᠯᠦᠯᠴᠡᠬᠦ ᠪᠠᠲᠤᠯᠠᠭ᠎ᠠ ᠵᠢᠨ ᠲᠣᠭᠲᠠᠴᠠ ᠵᠢ ᠪᠠᠢ᠌ᠭᠤᠯᠬᠤ ᠵᠢ ᠠᠬᠢᠭᠤᠯᠵᠤ᠂ ᠠᠯᠪᠠᠨ ᠶᠠᠪᠤᠳᠠᠯ᠎ᠤᠨ ᠲᠡᠷᠭᠡ ᠵᠢᠨ ᠠᠵᠢᠯᠯᠠᠭ᠋ᠠᠨ᠎ᠤ ᠦᠷ᠎ᠡ ᠠᠰᠢᠭ ᠪᠠ ᠪᠠᠲᠤᠯᠠᠭ᠎ᠠ ᠵᠢᠨ ᠦᠷ᠎ᠡ ᠪᠦᠲᠦᠮᠵᠢ ᠵᠢ ᠳᠡᠭᠡᠭᠰᠢᠯᠡᠭᠦᠯᠭᠦ ᠬᠡᠷᠡᠭᠲᠡᠢ᠃
ᠡᠯ᠎ᠡ ᠱᠠᠲᠤᠨ᠎ᠤ ᠪᠠᠢ᠌ᠭᠤᠯᠭ᠎ᠠ᠎ᠨᠤᠭᠤᠳ ᠡᠯ᠎ᠡ ᠲᠥᠷᠥᠯ᠎ᠤᠨ ᠠᠯᠪᠠᠨ ᠶᠠᠪᠤᠳᠠᠯ᠎ᠤᠨ ᠲᠡᠷᠭᠡ ᠵᠢ ᠮᠡᠳᠡᠭᠡ ᠵᠠᠩᠭᠢᠴᠢᠯᠠᠯᠲᠠ ᠵᠢᠨ ᠲᠠᠪᠴᠠᠩ᠎ᠳᠤ ᠣᠷᠣᠭᠤᠯᠤᠨ ᠲᠥᠪᠯᠡᠷᠡᠭᠦᠯᠦᠨ ᠬᠠᠮᠢᠶᠠᠷᠴᠤ᠂ ᠠᠯᠪᠠᠨ ᠶᠠᠪᠤᠳᠠᠯ᠎ᠤᠨ ᠲᠡᠷᠭᠡ ᠵᠢᠨ ᠬᠡᠷᠡᠭᠯᠡᠯᠲᠡ ᠬᠠᠮᠢᠶᠠᠷᠤᠯᠲᠠ ᠵᠢᠨ ᠳᠦᠷᠢᠮ᠎ᠢ ᠪᠦᠷᠢᠨᠰᠢᠭᠦᠯᠦᠨ ᠨᠠᠢ᠌ᠳᠠᠪᠤᠷᠢᠵᠢᠭᠤᠯᠵᠤ᠂ ᠬᠠᠤᠯᠢ ᠲᠣᠭᠲᠠᠭ᠋ᠠᠯ᠎ᠠᠴᠠ ᠵᠥᠷᠢᠴᠡᠨ ᠠᠯᠪᠠᠨ ᠶᠠᠪᠤᠳᠠᠯ᠎ᠤᠨ ᠲᠡᠷᠭᠡ ᠵᠢ ᠲᠣᠬᠢᠷᠠᠭᠤᠯᠬᠤ᠂ ᠰᠢᠨᠡᠳᠬᠡᠬᠦ᠂ ᠬᠡᠷᠡᠭᠯᠡᠬᠦ ᠪᠠ ᠰᠢᠢ᠍ᠳᠪᠦᠷᠢᠯᠡᠵᠦ ᠪᠤᠯᠬᠤ ᠦᠭᠡᠢ᠃
ᠠᠷᠪᠠᠨ ᠲᠠᠪᠤᠳᠤᠭ᠋ᠠᠷ ᠵᠦᠢ᠍ᠯ ᠡᠯ᠎ᠡ ᠱᠠᠲᠤᠨ᠎ᠤ ᠪᠠᠢ᠌ᠭᠤᠯᠭ᠎ᠠ ᠡᠳ᠋ ᠬᠥᠷᠥᠩᠭᠡ ᠲᠣᠬᠢᠷᠠᠭᠤᠯᠬᠤ ᠪᠠᠷᠢᠮᠵᠢᠶ᠎ᠠ ᠵᠢ ᠦᠨᠳᠦᠰᠦᠯᠡᠨ ᠠᠯᠪᠠᠨ ᠠᠵᠢᠯ᠎ᠤᠨ ᠲᠥᠬᠦᠭᠡᠷᠦᠮᠵᠢ ᠪᠣᠯᠣᠨ ᠠᠯᠪᠠᠨ ᠭᠡᠷ᠎ᠤᠨ ᠬᠡᠷᠡᠭᠰᠡᠯ ᠲᠣᠬᠢᠷᠠᠭᠤᠯᠬᠤ ᠬᠡᠷᠡᠭᠲᠡᠢ᠃ ᠨᠥᠬᠥᠴᠡᠯ ᠪᠦᠷᠢᠯᠳᠦᠭᠦᠯᠦᠭᠰᠡᠨ ᠪᠠᠢ᠌ᠪᠠᠯ ᠠᠳᠠᠯᠢ ᠱᠠᠲᠤᠨ᠎ᠤ ᠪᠠᠢ᠌ᠭᠤᠯᠭ᠎ᠠ ᠵᠢᠨ ᠶᠠᠪᠤᠳᠠᠯ᠎ᠤᠨ ᠬᠠᠮᠢᠶᠠᠷᠤᠯᠲᠠ ᠵᠢ ᠬᠠᠷᠢᠭᠤᠴᠠᠵᠤ ᠪᠠᠢ᠌ᠭ᠎ᠠ ᠪᠠᠢ᠌ᠭᠤᠯᠤᠮᠵᠢ᠎ᠠᠴᠠ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠲᠠᠢ ᠬᠠᠮᠲᠤᠷᠠᠨ ᠨᠢᠭᠡᠳᠦᠯᠲᠡᠢ ᠲᠣᠬᠢᠷᠠᠭᠤᠯᠤᠨ᠎ᠠ᠃
ᠠᠷᠪᠠᠨ ᠵᠢᠷᠭᠤᠳᠤᠭ᠋ᠠᠷ ᠵᠦᠢ᠍ᠯ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠡᠳ᠋᠎ᠤᠨ ᠵᠠᠰᠠᠭ᠎ᠤᠨ ᠰᠠᠯᠠᠭ᠎ᠠ ᠮᠥᠴᠢᠷ ᠪᠠ ᠪᠠᠢ᠌ᠭᠤᠯᠭ᠎ᠠ ᠵᠢᠨ ᠶᠠᠪᠤᠳᠠᠯ᠎ᠤᠨ ᠬᠠᠮᠢᠶᠠᠷᠤᠯᠲᠠ ᠵᠢ ᠬᠠᠷᠢᠭᠤᠴᠠᠵᠤ ᠪᠠᠢ᠌ᠭ᠎ᠠ ᠪᠠᠢ᠌ᠭᠤᠯᠤᠮᠵᠢ᠎ᠨᠤᠭᠤᠳ ᠡᠭᠦᠷᠭᠡ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ ᠶᠣᠰᠣᠭ᠋ᠠᠷ ᠨᠡᠢ᠌ᠲᠡ ᠵᠢᠨ ᠡᠳ᠋᠎ᠤᠨ ᠬᠥᠮᠥᠷᠭᠡ ᠵᠢᠨ ᠪᠦᠲᠦᠭᠡᠨ ᠪᠠᠢ᠌ᠭᠤᠯᠤᠯᠲᠠ ᠵᠢ ᠠᠬᠢᠭᠤᠯᠵᠤ᠂ ᠪᠠᠢ᠌ᠭᠤᠯᠭ᠎ᠠ ᠵᠢᠨ ᠦᠷ᠎ᠡ ᠠᠰᠢᠭ ᠵᠶ᠋ᠠᠷ ᠳᠣᠣᠷ᠎ᠠ᠂ ᠰᠤᠯᠠ ᠲᠠᠯᠪᠢᠭᠳᠠᠵᠤ ᠪᠠᠢ᠌ᠭ᠎ᠠ ᠡᠳ᠋ ᠬᠥᠷᠥᠩᠭᠡ ᠵᠢ ᠪᠦᠲᠦᠮᠵᠢᠲᠡᠶ ᠨᠡᠢ᠌ᠳᠬᠡᠵᠦ᠂ ᠠᠮᠢᠳᠤᠯᠢᠭᠵᠢᠭᠤᠯᠤᠨ ᠠᠰᠢᠭᠯᠠᠵᠤ᠂ ᠦᠷ᠎ᠡ ᠠᠰᠢᠭ ᠵᠶ᠋ᠠᠷ ᠳᠣᠣᠷ᠎ᠠ᠂ ᠰᠤᠯᠠ ᠲᠠᠯᠪᠢᠭᠳᠠᠵᠤ ᠪᠠᠢ᠌ᠭ᠎ᠠ ᠡᠳ᠋ ᠬᠥᠷᠥᠩᠭᠡ ᠵᠢᠴᠢ ᠴᠢᠬᠤᠯᠠ ᠬᠤᠷᠠᠯ᠂ ᠴᠢᠬᠤᠯᠠ ᠶᠡᠬᠡ ᠠᠵᠢᠯᠯᠠᠭ᠎ᠠ ᠵᠢᠨ ᠡᠳ᠋ ᠬᠥᠷᠥᠩᠭᠡ ᠵᠢᠨ ᠨᠡᠢ᠌ᠳᠡ ᠵᠢᠨ ᠡᠳ᠋᠎ᠤᠨ ᠬᠥᠮᠥᠷᠭᠡ ᠵᠢᠨ ᠬᠠᠮᠢᠶᠠᠷᠤᠯᠲᠠ᠎ᠳᠤ ᠣᠷᠣᠭᠤᠯᠵᠤ᠂ ᠬᠠᠮᠢᠶ᠎ᠠ ᠪᠦᠬᠦᠢ ᠪᠣᠳᠠᠲᠠᠢ ᠬᠠᠮᠢᠶᠠᠷᠤᠯᠲᠠ ᠵᠢᠨ ᠳᠦᠷᠢᠮ᠎ᠢ ᠪᠠᠢ᠌ᠭᠤᠯᠤᠨ ᠪᠦᠷᠢᠨᠰᠢᠭᠦᠯᠵᠦ᠂ ᠮᠡᠳᠡᠭᠡ ᠵᠠᠩᠭᠢᠴᠢᠯᠠᠯᠲᠠ ᠵᠢᠨ ᠲᠠᠪᠴᠠᠩ᠎ᠤᠨ ᠬᠡᠷᠡᠭᠯᠡᠯᠲᠡ ᠵᠢ ᠴᠢᠩᠭ᠋ᠠᠳᠬᠠᠨ᠂ ᠡᠳ᠋ ᠬᠥᠷᠥᠩᠭᠡ ᠵᠢ ᠡᠷᠭᠢᠯᠳᠦᠭᠦᠯᠦᠨ ᠠᠰᠢᠭᠯᠠᠬᠤ ᠪᠠ ᠬᠠᠮᠲᠤ᠎ᠪᠠᠷ ᠡᠳ᠋ᠯᠡᠨ ᠬᠠᠮᠲᠤ᠎ᠪᠠᠷ ᠬᠡᠷᠡᠭᠯᠡᠬᠦ ᠵᠢ ᠠᠬᠢᠭᠤᠯᠬᠤ ᠬᠡᠷᠡᠭᠲᠡᠢ᠃
ᠴᠢᠬᠤᠯᠠ ᠬᠤᠷᠠᠯ᠂ ᠴᠢᠬᠤᠯᠠ ᠶᠡᠬᠡ ᠠᠵᠢᠯᠯᠠᠭ᠎ᠠ᠂ ᠲᠦᠷ ᠴᠠᠭ᠎ᠤᠨ ᠪᠠᠢ᠌ᠭᠤᠯᠤᠮᠵᠢ ᠪᠠ ᠠᠳᠠᠯᠢ ᠱᠠᠲᠤᠨ᠎ᠤ ᠪᠠᠢ᠌ᠭᠤᠯᠭ᠎ᠠ᠎ᠳᠤ ᠡᠳ᠋ ᠬᠥᠷᠥᠩᠭᠡ ᠲᠣᠬᠢᠷᠠᠭᠤᠯᠬᠤ ᠴᠢᠬᠤᠯᠠᠲᠠᠢ ᠪᠠᠢ᠌ᠪᠠᠯ ᠨᠡᠢ᠌ᠲᠡ ᠵᠢᠨ ᠡᠳ᠋᠎ᠤᠨ ᠬᠥᠮᠥᠷᠭᠡ᠎ᠠᠴᠠ ᠤᠷᠢᠳ ᠵᠢᠨᠷ ᠲᠣᠬᠢᠷᠠᠭᠤᠯᠤᠨ ᠬᠡᠷᠡᠭᠯᠡᠬᠦ ᠬᠡᠷᠡᠭᠲᠡᠢ᠃
ᠠᠷᠪᠠᠨ ᠳᠣᠯᠣᠳᠤᠭ᠋ᠠᠷ ᠵᠦᠢ᠍ᠯ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠪᠠᠢ᠌ᠭᠤᠯᠭ᠎ᠠ ᠵᠢᠨ ᠶᠠᠪᠤᠳᠠᠯ᠎ᠤᠨ ᠬᠠᠮᠢᠶᠠᠷᠤᠯᠲᠠ ᠵᠢ ᠬᠠᠷᠢᠭᠤᠴᠠᠵᠤ ᠪᠠᠢ᠌ᠭ᠎ᠠ ᠪᠠᠢ᠌ᠭᠤᠯᠤᠮᠵᠢ᠎ᠨᠢ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠪᠠᠢ᠌ᠭᠤᠯᠭ᠎ᠠ ᠵᠢᠨ ᠰᠤᠯᠠ ᠲᠠᠯᠪᠢᠭᠳᠠᠵᠤ ᠪᠠᠢ᠌ᠭ᠎ᠠ ᠡᠳ᠋ ᠬᠥᠷᠥᠩᠭᠡ ᠵᠢ ᠪᠠᠢ᠌ᠭᠤᠯᠭ᠎ᠠ ᠵᠢᠨ ᠠᠵᠢᠯᠯᠠᠭ᠋ᠠᠨ᠎ᠢ ᠬᠠᠩᠭ᠋ᠠᠬᠤ᠎ᠳᠤ ᠬᠡᠷᠡᠭᠰᠡᠬᠦ ᠪᠤᠰᠤᠳ ᠡᠳ᠋ ᠬᠥᠷᠥᠩᠭᠡ᠎ᠪᠠᠷ ᠰᠣᠯᠢᠵᠤ ᠪᠣᠯᠣᠨ᠎ᠠ᠃
ᠡᠯ᠎ᠡ ᠱᠠᠲᠤᠨ᠎ᠤ ᠪᠠᠢ᠌ᠭᠤᠯᠭ᠎ᠠ ᠵᠢᠨ ᠳᠣᠲᠣᠭ᠋ᠠᠳᠤ᠎ᠳᠤ ᠲᠣᠬᠢᠷᠠᠭᠤᠯᠤᠨ ᠠᠰᠢᠭᠯᠠᠬᠤ ᠵᠢᠨ ᠠᠷᠭ᠎ᠠ ᠦᠭᠡᠢ ᠬᠡᠷᠡᠭᠯᠡᠬᠦ ᠥᠷᠲᠡᠭ᠎ᠨᠢ ᠶᠡᠬᠡ᠂ ᠠᠰᠢᠭᠯᠠᠬᠤ ᠬᠡᠪᠴᠢᠶ᠎ᠡ᠎ᠨᠢ ᠥᠷᠭᠡᠨ ᠪᠥᠭᠡᠳ ᠦᠷ᠎ᠡ ᠠᠰᠢᠭ ᠵᠶ᠋ᠠᠷ ᠳᠣᠣᠷ᠎ᠠ᠂ ᠰᠤᠯᠠ ᠲᠠᠯᠪᠢᠭᠳᠠᠵᠤ ᠪᠠᠢ᠌ᠭ᠎ᠠ ᠡᠳ᠋ ᠬᠥᠷᠥᠩᠭᠡ ᠵᠢ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠡᠳ᠋᠎ᠤᠨ ᠵᠠᠰᠠᠭ᠎ᠤᠨ ᠰᠠᠯᠠᠭ᠎ᠠ ᠮᠥᠴᠢᠷ ᠪᠣᠯᠣᠨ ᠪᠠᠢ᠌ᠭᠤᠯᠭ᠎ᠠ ᠵᠢᠨ ᠶᠠᠪᠤᠳᠠᠯ᠎ᠤᠨ ᠬᠠᠮᠢᠶᠠᠷᠤᠯᠲᠠ ᠵᠢ ᠬᠠᠷᠢᠭᠤᠴᠠᠵᠤ ᠪᠠᠢ᠌ᠭ᠎ᠠ ᠪᠠᠢ᠌ᠭᠤᠯᠤᠮᠵᠢ᠎ᠠᠴᠠ ᠡᠭᠦᠷᠭᠡ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ ᠶᠣᠰᠣᠭ᠋ᠠᠷ ᠰᠠᠯᠠᠭ᠎ᠠ ᠮᠥᠴᠢᠷ ᠠᠯᠤᠰᠯᠠᠨ᠂ ᠭᠠᠵᠠᠷ ᠣᠷᠣᠨ ᠠᠯᠤᠰᠯᠠᠨ᠂ ᠲᠠᠰ ᠱᠠᠲᠤ ᠠᠯᠤᠰᠯᠠᠨ ᠲᠣᠬᠢᠷᠠᠭᠤᠯᠵᠤ ᠪᠣᠯᠣᠨ᠎ᠠ᠃
ᠲᠣᠬᠢᠷᠠᠭᠤᠯᠤᠨ ᠬᠡᠷᠡᠭᠯᠡᠬᠦ᠂ ᠬᠡᠷᠡᠭᠴᠡᠭᠡ ᠵᠢ᠎ᠨᠢ ᠬᠤᠪᠢᠷᠠᠭᠤᠯᠬᠤ᠂ ᠰᠣᠯᠢᠬᠤ᠂ ᠲᠦᠷᠢᠶᠡᠰᠦᠯᠡᠭᠦᠯᠬᠦ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ ᠰᠢᠢ᠍ᠳᠪᠦᠷᠢᠯᠡᠵᠦ ᠠᠰᠢᠭᠯᠠᠬᠤ ᠵᠢᠨ ᠠᠷᠭ᠎ᠠ ᠦᠭᠡᠢ ᠰᠤᠯᠠ ᠲᠠᠯᠪᠢᠭᠳᠠᠵᠤ ᠪᠠᠢ᠌ᠭ᠎ᠠ ᠡᠳ᠋ ᠬᠥᠷᠥᠩᠭᠡ ᠵᠢ ᠲᠣᠭᠲᠠᠭᠰᠠᠨ ᠲᠠᠰ ᠳᠠᠷᠠᠭ᠋ᠠᠯᠠᠯ ᠶᠣᠰᠣᠭ᠋ᠠᠷ ᠣᠯᠠᠨ ᠨᠡᠢ᠌ᠲᠡ ᠵᠢᠨ ᠡᠬᠢ ᠪᠠᠶᠠᠯᠢᠭ᠎ᠤᠨ ᠠᠷᠠᠯᠵᠢᠶ᠎ᠠ ᠵᠢᠨ ᠲᠠᠪᠴᠠᠩ ᠵᠶ᠋ᠠᠷ ᠳᠠᠮᠵᠢᠨ ᠬᠠᠤᠯᠢ ᠶᠣᠰᠣᠭ᠋ᠠᠷ ᠢᠯᠡ᠎ᠪᠠᠷ ᠦᠨ᠎ᠡ ᠬᠠᠶᠠᠯᠴᠠᠨ ᠬᠤᠳᠠᠯᠳᠤᠵᠤ ᠪᠣᠯᠣᠨ᠎ᠠ᠃ ᠰᠤᠯᠠ ᠲᠠᠯᠪᠢᠭᠳᠠᠵᠤ ᠪᠠᠢ᠌ᠭ᠎ᠠ ᠡᠳ᠋ ᠬᠥᠷᠥᠩᠭᠡ ᠵᠢ ᠲᠦᠷᠢᠶᠡᠰᠦᠯᠡᠭᠦᠯᠬᠦ᠂ ᠦᠨ᠎ᠡ ᠬᠠᠶᠠᠯᠴᠠᠭᠤᠯᠤᠨ ᠬᠤᠳᠠᠯᠳᠤᠬᠤ ᠵᠡᠷᠭᠡ ᠰᠢᠢ᠍ᠳᠪᠦᠷᠢᠯᠡᠭᠰᠡᠨ ᠣᠷᠣᠯᠭ᠎ᠠ ᠵᠢ ᠵᠠᠰᠠᠭ᠎ᠤᠨ ᠣᠷᠳᠣᠨ᠎ᠤ ᠭᠠᠢ᠌ᠯᠢ ᠵᠢᠨ ᠪᠤᠰᠤ ᠣᠷᠣᠯᠭ᠎ᠠ ᠪᠣᠯᠣᠨ ᠤᠯᠤᠰ᠎ᠤᠨ ᠬᠥᠮᠥᠷᠭᠡ ᠵᠢᠨ ᠲᠥᠪᠯᠡᠷᠡᠭᠦᠯᠦᠨ ᠬᠤᠷᠢᠶᠠᠬᠤ ᠳᠦᠷᠢᠮ᠎ᠤᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠬᠠᠮᠢᠶᠠᠷᠬᠤ ᠬᠡᠷᠡᠭᠲᠡᠢ᠃
ᠭᠤᠷᠪᠠᠳᠤᠭ᠋ᠠᠷ ᠪᠦᠯᠦᠭ ᠵᠠᠷᠤᠳᠠᠯ᠎ᠤᠨ ᠬᠡᠷᠡᠭᠯᠡᠯᠲᠡ
ᠠᠷᠪᠠᠨ ᠨᠠᠢ᠍ᠮᠠᠳᠤᠭ᠋ᠠᠷ ᠵᠦᠢ᠍ᠯ ᠪᠠᠢ᠌ᠭᠤᠯᠭ᠎ᠠ ᠵᠢᠨ ᠠᠵᠢᠯᠯᠠᠭ᠋ᠠᠨ᠎ᠢ ᠪᠠᠲᠤᠯᠠᠬᠤ᠎ᠳᠤ ᠬᠡᠷᠡᠭᠰᠡᠬᠦ ᠵᠠᠷᠤᠳᠠᠯ᠎ᠢ ᠲᠥᠰᠥᠪ᠎ᠤᠨ ᠬᠠᠮᠢᠶᠠᠷᠤᠯᠲᠠ ᠵᠢᠨ ᠲᠣᠭᠲᠠᠭ᠋ᠠᠯ ᠶᠣᠰᠣᠭ᠋ᠠᠷ ᠪᠠᠲᠤᠯᠠᠬᠤ ᠬᠡᠷᠡᠭᠲᠡᠢ᠃
ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠪᠠᠢ᠌ᠭᠤᠯᠭ᠎ᠠ ᠵᠢᠨ ᠶᠠᠪᠤᠳᠠᠯ᠎ᠤᠨ ᠬᠠᠮᠢᠶᠠᠷᠤᠯᠲᠠ ᠵᠢ ᠬᠠᠷᠢᠭᠤᠴᠠᠵᠤ ᠪᠠᠢ᠌ᠭ᠎ᠠ ᠪᠠᠢ᠌ᠭᠤᠯᠤᠮᠵᠢ᠎ᠨᠢ ᠲᠣᠰ ᠱᠠᠲᠤᠨ᠎ᠤ ᠪᠠᠢ᠌ᠭᠤᠯᠭ᠎ᠠ ᠵᠢᠨ ᠠᠵᠢᠯᠯᠠᠭ᠋ᠠᠨ᠎ᠤ ᠪᠠᠲᠤᠯᠠᠭ᠎ᠠ ᠵᠢᠨ ᠣᠨ᠎ᠤ ᠲᠥᠯᠥᠪᠯᠡᠭᠡ ᠵᠢ ᠲᠣᠭᠲᠠᠭ᠋ᠠᠵᠤ᠂ ᠬᠠᠮᠢᠶᠠᠷᠤᠯᠲᠠ ᠵᠢᠨ ᠵᠦᠢ᠍ᠯᠡᠰ᠎ᠲᠤ ᠨᠢᠭᠡᠳᠦᠯᠲᠡᠢ ᠲᠥᠯᠦᠪᠵᠢᠭᠦᠯᠭᠡ ᠪᠠ ᠵᠦᠢ ᠵᠣᠬᠢᠰᠲᠠᠢ ᠲᠣᠬᠢᠷᠠᠭᠤᠯᠤᠯᠲᠠ ᠬᠢᠵᠦ᠂ ᠪᠠᠢ᠌ᠭᠤᠯᠭ᠎ᠠ ᠵᠢᠨ ᠬᠡᠷᠡᠭᠯᠡᠬᠦ ᠭᠠᠵᠠᠷ᠎ᠤᠨ ᠲᠥᠯᠦᠪᠵᠢᠭᠦᠯᠭᠡ ᠠᠰᠢᠭᠯᠠᠯᠲᠠ᠂ ᠠᠯᠪᠠᠨ ᠬᠡᠷᠡᠭᠯᠡᠭᠡᠨ᠎ᠤ ᠭᠡᠷ ᠪᠠᠢ᠌ᠰᠢᠩ᠎ᠢ ᠲᠣᠬᠢᠷᠠᠭᠤᠯᠬᠤ ᠪᠠ ᠶᠡᠬᠡ ᠳᠤᠮᠳᠠ ᠵᠠᠰᠠᠯᠲᠠ ᠬᠢᠬᠦ᠂ ᠨᠡᠢ᠌ᠲᠡ ᠵᠢᠨ ᠡᠳ᠋᠎ᠤᠨ ᠬᠥᠮᠥᠷᠭᠡ ᠵᠢ ᠬᠠᠮᠢᠶᠠᠷᠴᠤ ᠠᠵᠢᠯᠯᠠᠭᠤᠯᠬᠤ᠂ ᠠᠯᠪᠠᠨ ᠶᠠᠪᠤᠳᠠᠯ᠎ᠤᠨ ᠲᠡᠷᠭᠡ ᠵᠢ ᠲᠣᠬᠢᠷᠠᠭᠤᠯᠬᠤ ᠪᠠ ᠰᠢᠨᠡᠳᠬᠡᠬᠦ᠂ ᠡᠨᠧᠷᠭᠢ ᠠᠷᠪᠢᠯᠠᠬᠤ ᠬᠠᠮᠢᠶᠠᠷᠤᠯᠲᠠ᠂ ᠠᠷᠤ ᠲᠠᠯ᠎ᠠ ᠵᠢᠨ ᠦᠢ᠍ᠯᠡᠴᠢᠯᠡᠭᠡᠨ᠎ᠤ ᠠᠵᠢᠯ᠎ᠢ ᠲᠥᠪᠯᠡᠷᠡᠭᠦᠯᠦᠨ ᠬᠡᠷᠡᠭᠵᠢᠭᠦᠯᠬᠦ ᠵᠡᠷᠭᠡ ᠪᠠᠢ᠌ᠭᠤᠯᠭ᠎ᠠ ᠵᠢᠨ ᠠᠵᠢᠯᠯᠠᠭ᠋ᠠᠨ᠎ᠤ ᠵᠦᠢ᠍ᠯᠡᠰ᠎ᠤᠨ ᠪᠠᠲᠤᠯᠠᠭ᠎ᠠ ᠵᠢᠨ ᠲᠥᠯᠥᠪᠯᠡᠭᠡ ᠵᠢ ᠨᠢᠭᠡᠳᠦᠯᠲᠡᠢ ᠲᠣᠭᠲᠠᠭ᠋ᠠᠵᠤ᠂ ᠵᠣᠬᠢᠬᠤ ᠵᠠᠷᠤᠳᠠᠯ᠎ᠤᠨ ᠬᠡᠷᠡᠭᠴᠡᠭᠡ ᠱᠠᠭ᠋ᠠᠷᠳᠠᠯᠭ᠎ᠠ ᠵᠢ ᠳᠤᠷᠠᠳᠴᠤ᠂ ᠲᠣᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠲᠤ ᠮᠡᠳᠡᠭᠦᠯᠵᠦ ᠬᠢᠨᠠᠨ ᠬᠠᠷᠭᠤᠭᠤᠯᠵᠤ ᠲᠥᠰᠥᠪ ᠲᠣᠬᠢᠷᠠᠭᠤᠯᠬᠤ ᠬᠡᠷᠡᠭᠲᠡᠢ᠃
ᠠᠷᠪᠠ ᠶᠢᠰᠦᠳᠦᠭᠡᠷ ᠵᠦᠢ᠍ᠯ ᠡᠯ᠎ᠡ ᠱᠠᠲᠤᠨ᠎ᠤ ᠪᠠᠢ᠌ᠭᠤᠯᠭ᠎ᠠ᠎ᠨᠢ ᠲᠤᠰ ᠪᠠᠢ᠌ᠭᠤᠯᠭ᠎ᠠ ᠵᠢᠴᠢ ᠬᠠᠷᠢᠶ᠎ᠠ ᠨᠢᠭᠡᠴᠢ ᠵᠢᠨ ᠵᠶ᠋ᠡᠨ ᠠᠵᠢᠯᠯᠠᠭ᠋ᠠᠨ᠎ᠢ ᠪᠠᠲᠤᠯᠠᠬᠤ ᠬᠡᠷᠡᠭᠴᠡᠭᠡ ᠵᠢ ᠦᠨᠳᠦᠰᠦᠯᠡᠨ ᠣᠨ᠎ᠤ ᠪᠠᠲᠤᠯᠠᠭ᠎ᠠ ᠵᠢᠨ ᠲᠥᠯᠥᠪᠯᠡᠭᠡ ᠲᠣᠭᠲᠠᠭ᠋ᠠᠵᠤ᠂ ᠬᠡᠷᠡᠭᠰᠡᠬᠦ ᠪᠡᠯᠡ ᠮᠥᠩᠭᠥ ᠵᠢ ᠰᠠᠯᠠᠭ᠎ᠠ ᠮᠥᠴᠢᠷ᠎ᠤᠨ ᠲᠥᠰᠥᠪ ᠵᠶ᠋ᠡᠷ ᠳᠠᠮᠵᠢᠨ ᠲᠣᠬᠢᠷᠠᠭᠤᠯᠬᠤ
ᠬᠡᠷᠡᠭᠲᠡᠢ᠃
ᠬᠣᠷᠢᠳᠤᠭ᠋ᠠᠷ ᠵᠦᠢ᠍ᠯ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠪᠠᠢ᠌ᠭᠤᠯᠭ᠎ᠠ ᠵᠢᠨ ᠶᠠᠪᠤᠳᠠᠯ᠎ᠤᠨ ᠬᠠᠮᠢᠶᠠᠷᠤᠯᠲᠠ ᠵᠢ ᠬᠠᠷᠢᠭᠤᠴᠠᠵᠤ ᠪᠠᠢ᠌ᠭ᠎ᠠ ᠪᠠᠢ᠌ᠭᠤᠯᠤᠮᠵᠢ᠎ᠠᠴᠠ ᠲᠤᠰ ᠱᠠᠲᠤᠨ᠎ᠤ ᠪᠠᠢ᠌ᠭᠤᠯᠭ᠎ᠠ ᠵᠢᠨ ᠠᠵᠢᠯᠯᠠᠭ᠋ᠠᠨ᠎ᠢ ᠪᠠᠲᠤᠯᠠᠬᠤ ᠪᠣᠳᠠᠲᠤ ᠡᠳ᠋᠎ᠤᠨ ᠲᠣᠭᠲᠠᠭᠰᠠᠨ ᠨᠣᠷᠮ᠎ᠠ ᠪᠣᠯᠣᠨ ᠦᠢ᠍ᠯᠡᠴᠢᠯᠡᠭᠡᠨ᠎ᠤ ᠪᠠᠷᠢᠮᠵᠢᠶ᠎ᠠ ᠵᠢ ᠲᠣᠭᠲᠠᠭ᠋ᠠᠬᠤ ᠵᠢᠨ ᠬᠠᠮᠲᠤ ᠴᠠᠭᠲᠤᠨᠢ ᠲᠣᠬᠢᠷᠠᠭᠤᠯᠤᠨ ᠬᠥᠳᠡᠯᠦᠩᠭᠦᠢ ᠲᠣᠬᠢᠷᠠᠭᠤᠯᠤᠯᠲᠠ ᠬᠢᠬᠦ ᠬᠡᠷᠡᠭᠲᠡᠢ᠃
ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠤᠳ ᠪᠣᠳᠠᠲᠤ ᠪᠣᠳᠠᠰ᠎ᠤᠨ ᠲᠣᠭᠲᠠᠭᠰᠠᠨ ᠨᠣᠷᠮ᠎ᠠ ᠪᠣᠯᠣᠨ ᠦᠢ᠍ᠯᠡᠴᠢᠯᠡᠭᠡᠨ᠎ᠤ ᠪᠠᠷᠢᠮᠵᠢᠶ᠎ᠠ ᠵᠢ ᠦᠨᠳᠦᠰᠦᠯᠡᠨ ᠬᠣᠯᠪᠣᠭᠳᠠᠯ ᠪᠦᠬᠦᠢ ᠪᠠᠷᠠᠭ᠎ᠠ ᠪᠣᠯᠣᠨ ᠦᠢ᠍ᠯᠡᠴᠢᠯᠡᠭᠡᠨ᠎ᠤ ᠵᠠᠬ᠎ᠠ ᠳᠡᠯᠭᠡᠭᠦᠷ᠎ᠤᠨ ᠦᠨ᠎ᠡ ᠬᠠᠩᠰᠢ᠎ᠪᠠᠷ ᠯᠠᠪᠯᠠᠯᠲᠠ ᠪᠤᠯᠭ᠋ᠠᠵᠤ᠂ ᠪᠠᠢ᠌ᠭᠤᠯᠭ᠎ᠠ ᠵᠢᠨ ᠠᠵᠢᠯᠯᠠᠭ᠋ᠠᠨ᠎ᠤ ᠵᠠᠷᠤᠳᠠᠯ᠎ᠤᠨ ᠲᠥᠰᠥᠪ᠎ᠤᠨ ᠵᠠᠷᠤᠯᠭ᠎ᠠ ᠵᠢᠨ ᠲᠣᠭᠲᠠᠭᠰᠠᠨ ᠨᠣᠷᠮ᠎ᠠ ᠵᠢᠨ ᠪᠠᠷᠢᠮᠵᠢᠶ᠎ᠠ ᠪᠣᠯᠣᠨ ᠬᠣᠯᠪᠣᠭᠳᠠᠯ ᠪᠦᠬᠦᠢ ᠵᠠᠷᠤᠯᠭ᠎ᠠ ᠵᠢᠨ ᠪᠠᠷᠢᠮᠵᠢᠶ᠎ᠠ ᠵᠢ ᠵᠣᠬᠢᠶᠠᠨ ᠪᠠᠢ᠌ᠭᠤᠯᠤᠨ ᠲᠣᠭᠲᠠᠭ᠋ᠠᠬᠤ ᠬᠡᠷᠡᠭᠲᠡᠢ᠃
ᠬᠣᠷᠢᠨ ᠨᠢᠭᠡᠳᠦᠭᠡᠷ ᠵᠦᠢ᠍ᠯ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠪᠠᠢ᠌ᠭᠤᠯᠭ᠎ᠠ ᠵᠢᠨ ᠶᠠᠪᠤᠳᠠᠯ᠎ᠤᠨ ᠬᠠᠮᠢᠶᠠᠷᠤᠯᠲᠠ ᠵᠢ ᠬᠠᠷᠢᠭᠤᠴᠠᠵᠤ ᠪᠠᠢ᠌ᠭ᠎ᠠ ᠪᠠᠢ᠌ᠭᠤᠯᠤᠮᠵᠢ᠎ᠨᠤᠭᠤᠳ ᠪᠠᠢ᠌ᠭᠤᠯᠭ᠎ᠠ ᠵᠢᠨ ᠠᠵᠢᠯᠯᠠᠭ᠋ᠠᠨ᠎ᠢ ᠪᠠᠲᠤᠯᠠᠬᠤ ᠬᠠᠩᠭ᠋ᠠᠯᠭ᠎ᠠ ᠵᠢ ᠨᠡᠢ᠌ᠭᠡᠮᠴᠢᠯᠡᠬᠦ ᠵᠢ ᠲᠦᠯᠬᠢᠨ ᠠᠬᠢᠭᠤᠯᠵᠤ᠂ ᠨᠡᠢ᠌ᠭᠡᠮᠴᠢᠯᠡᠭᠰᠡᠨ ᠪᠠᠲᠤᠯᠠᠭ᠎ᠠ ᠵᠢᠨ ᠳᠦᠷᠢᠮ᠎ᠢ ᠪᠠᠢ᠌ᠭᠤᠯᠤᠨ ᠪᠦᠷᠢᠨᠰᠢᠭᠦᠯᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ᠎ᠤ ᠪᠠᠢ᠌ᠭᠤᠯᠭ᠎ᠠ ᠵᠢᠨ ᠶᠠᠪᠤᠳᠠᠯ᠎ᠤᠨ ᠬᠠᠮᠢᠶᠠᠷᠤᠯᠲᠠ ᠵᠢᠨ ᠲᠣᠪᠴᠢᠶ᠎ᠠ᠎ᠨᠢ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠪᠠᠢ᠌ᠭᠤᠯᠭ᠎ᠠ ᠵᠢᠨ ᠠᠵᠢᠯᠯᠠᠭ᠋ᠠᠨ᠎ᠢ ᠪᠠᠲᠤᠯᠠᠬᠤ ᠨᠡᠢ᠌ᠭᠡᠮᠴᠢᠯᠡᠭᠰᠡᠨ ᠦᠢ᠍ᠯᠡᠴᠢᠯᠡᠭᠡᠨ᠎ᠤ ᠵᠢᠯᠤᠭᠣᠳᠬᠤ ᠭᠠᠷᠴᠠᠭ᠎ᠢ ᠲᠣᠭᠲᠠᠭ᠋ᠠᠵᠤ᠂ ᠨᠡᠢ᠌ᠭᠡᠮᠴᠢᠯᠡᠭᠰᠡᠨ ᠦᠢ᠍ᠯᠡᠴᠢᠯᠡᠭᠡᠨ᠎ᠤ ᠲᠥᠷᠥᠯ ᠵᠦᠢ᠍ᠯ ᠪᠠ ᠲᠣᠭᠲᠠᠭᠰᠠᠨ ᠨᠣᠷᠮ᠎ᠠ ᠵᠢᠨ ᠪᠠᠷᠢᠮᠵᠢᠶ᠎ᠠ ᠵᠢ ᠵᠦᠢ ᠵᠣᠬᠢᠰᠲᠠᠢ ᠲᠣᠭᠲᠠᠭ᠋ᠠᠬᠤ ᠬᠡᠷᠡᠭᠲᠡᠢ᠃
ᠵᠢᠯᠤᠭᠣᠳᠬᠤ ᠭᠠᠷᠴᠠᠭ᠎ᠲᠤ ᠵᠢᠭᠰᠠᠭ᠋ᠠᠨ ᠣᠷᠣᠭᠤᠯᠤᠭᠰᠠᠨ ᠦᠢ᠍ᠯᠡᠴᠢᠯᠡᠭᠡᠨ᠎ᠤ ᠲᠥᠷᠥᠯ ᠵᠦᠢ᠍ᠯ᠎ᠢ ᠡᠯ᠎ᠡ ᠱᠠᠲᠤᠨ᠎ᠤ ᠪᠠᠢ᠌ᠭᠤᠯᠭ᠎ᠠ᠎ᠨᠤᠭᠤᠳ ᠬᠢᠮᠳᠠ ᠪᠥᠭᠡᠳ ᠲᠣᠬᠢᠷᠠᠭᠰᠠᠨ ᠵᠠᠷᠴᠢᠮ᠎ᠤᠨ ᠶᠣᠰᠣᠭ᠋ᠠᠷ ᠬᠠᠤᠯᠢ ᠶᠣᠰᠣᠭ᠋ᠠᠷ ᠵᠠᠬ᠎ᠠ ᠳᠡᠯᠭᠡᠭᠦᠷ᠎ᠤᠨ ᠭᠣᠣᠯ ᠴᠣᠭᠴᠠ᠎ᠳᠤ ᠬᠠᠨᠳᠤᠭᠤᠯᠤᠨ ᠢᠯᠡ᠎ᠪᠠᠷ ᠰᠢᠯᠢᠳᠡᠭ᠎ᠢ᠎ᠨᠢ ᠰᠣᠩᠭᠣᠵᠤ ᠬᠤᠳᠠᠯᠳᠤᠨ ᠠᠪᠴᠤ ᠪᠣᠯᠣᠨ᠎ᠠ᠃ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠬᠡᠪᠴᠢᠶᠡᠨ᠎ᠳᠤ ᠬᠠᠷᠢᠶᠠᠯᠠᠭᠳᠠᠪᠠᠯ᠂ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠬᠣᠯᠪᠣᠭᠳᠠᠯ ᠪᠦᠬᠦᠢ ᠬᠠᠤᠯᠢ ᠴᠠᠭ᠋ᠠᠵᠠ᠂ ᠬᠠᠤᠯᠢ ᠲᠣᠭᠲᠠᠭ᠋ᠠᠯ ᠶᠣᠰᠣᠭ᠋ᠠᠷ ᠬᠡᠷᠡᠭᠵᠢᠭᠦᠯᠦᠨ᠎ᠡ᠃
ᠬᠣᠷᠢᠨ ᠬᠣᠶᠠᠳᠤᠭ᠋ᠠᠷ ᠵᠦᠢ᠍ᠯ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠪᠠᠢ᠌ᠭᠤᠯᠭ᠎ᠠ ᠵᠢᠨ ᠶᠠᠪᠤᠳᠠᠯ᠎ᠤᠨ ᠬᠠᠮᠢᠶᠠᠷᠤᠯᠲᠠ ᠵᠢ ᠬᠠᠷᠢᠭᠤᠴᠠᠵᠤ ᠪᠠᠢ᠌ᠭ᠎ᠠ ᠪᠠᠢ᠌ᠭᠤᠯᠤᠮᠵᠢ᠎ᠨᠤᠭᠤᠳ ᠠᠳᠠᠯᠢ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠡᠳ᠋᠎ᠤᠨ ᠵᠠᠰᠠᠭ᠂ ᠲᠣᠭ᠎ᠠ ᠪᠦᠷᠢᠳᠬᠡᠯ᠎ᠤᠨ ᠰᠠᠯᠠᠭ᠎ᠠ ᠮᠥᠴᠢᠷ᠎ᠲᠠᠢ ᠬᠠᠮᠲᠤᠷᠠᠨ ᠤᠯᠤᠰ᠎ᠠᠴᠠ ᠲᠣᠭᠲᠠᠭ᠋ᠠᠭᠰᠠᠨ ᠪᠠᠢ᠌ᠭᠤᠯᠭ᠎ᠠ ᠵᠢᠨ ᠠᠵᠢᠯᠯᠠᠭ᠋ᠠᠨ᠎ᠤ ᠥᠪᠡᠷ᠎ᠤᠨ ᠥᠷᠲᠡᠭ᠎ᠤᠨ ᠲᠣᠭ᠎ᠠ ᠪᠦᠷᠢᠳᠬᠡᠯ᠎ᠤᠨ ᠪᠠᠢ᠌ᠴᠠᠭ᠋ᠠᠯᠲᠠ ᠵᠢᠨ ᠳᠦᠷᠢᠮ᠎ᠢ ᠨᠠᠢ᠌ᠳᠠᠪᠤᠷᠢᠵᠢᠭᠤᠯᠵᠤ᠂ ᠪᠠᠢ᠌ᠭᠤᠯᠭ᠎ᠠ ᠵᠢᠨ ᠠᠵᠢᠯᠯᠠᠭ᠋ᠠᠨ᠎ᠤ ᠥᠪᠡᠷ᠎ᠤᠨ ᠥᠷᠲᠡᠭ᠎ᠤᠨ ᠲᠣᠭ᠎ᠠ ᠪᠦᠷᠢᠳᠬᠡᠯ᠂ ᠵᠠᠳᠠᠯᠬᠤ᠂ ᠦᠨᠡᠯᠡᠬᠦ ᠵᠡᠷᠭᠡ ᠠᠵᠢᠯ᠎ᠢ ᠲᠣᠭᠲᠠᠮᠠᠯ ᠬᠤᠭᠤᠴᠠᠭ᠎ᠠ᠎ᠲᠠᠢ᠎ᠪᠠᠷ ᠵᠣᠬᠢᠶᠠᠨ ᠪᠠᠢ᠌ᠭᠤᠯᠤᠨ ᠥᠷᠨᠢᠭᠦᠯᠬᠦ ᠵᠢᠨ ᠬᠠᠮᠲᠤ ᠦᠷ᠎ᠡ ᠳ᠋ᠦᠩ᠎ᠤᠨ ᠬᠡᠷᠡᠭᠯᠡᠯᠲᠡ ᠵᠢ ᠴᠢᠩᠭ᠋ᠠᠳᠬᠠᠬᠤ ᠬᠡᠷᠡᠭᠲᠡᠢ᠃
ᠳᠥᠷᠪᠡᠳᠦᠭᠡᠷ ᠪᠦᠯᠦᠭ ᠡᠬᠢ ᠪᠠᠶᠠᠯᠢᠭ᠎ᠢ ᠠᠷᠪᠢᠯᠠᠬᠤ
ᠬᠣᠷᠢᠨ ᠭᠤᠷᠪᠠᠳᠤᠭ᠋ᠠᠷ ᠵᠦᠢ᠍ᠯ ᠡᠯ᠎ᠡ ᠱᠠᠲᠤᠨ᠎ᠤ ᠪᠠᠢ᠌ᠭᠤᠯᠭ᠎ᠠ ᠪᠣᠬᠢᠷᠳᠤᠯ ᠦᠭᠡᠢ ᠬᠥᠭᠵᠢᠯᠲᠡ ᠵᠢᠨ ᠣᠢ᠌ᠯᠠᠭ᠋ᠠᠭᠳᠠᠬᠤᠨ᠎ᠢ ᠦᠢ᠍ᠯᠡᠳᠦᠯᠭᠡᠵᠢᠭᠦᠯᠵᠦ᠂ ᠠᠷᠪᠢᠲᠠᠢ ᠲᠣᠬᠢᠷᠠᠮᠵᠢᠲᠠᠢ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠠᠵᠢᠯ᠎ᠤᠨ ᠠᠷᠭ᠎ᠠ ᠭᠡᠯᠪᠡᠷᠢ᠂ ᠠᠮᠢᠳᠤᠷᠠᠯ᠎ᠤᠨ ᠠᠷᠭ᠎ᠠ ᠭᠡᠯᠪᠡᠷᠢ ᠵᠢ ᠰᠠᠨᠠᠭ᠋ᠠᠴᠢᠯᠠᠵᠤ᠂ ᠪᠦᠷᠢᠯᠭᠡᠨ ᠰᠦᠢ᠍ᠳᠬᠡᠬᠦ ᠠᠵᠢᠯᠯᠠᠭ᠎ᠠ ᠵᠢ ᠡᠰᠡᠷᠭᠦᠴᠡᠵᠦ᠂ ᠠᠷᠪᠢᠯᠠᠨ ᠭᠠᠮᠨᠠᠬᠤ ᠭᠡᠯᠪᠡᠷᠢ ᠵᠢᠨ ᠪᠠᠢ᠌ᠭᠤᠯᠭ᠎ᠠ ᠵᠢᠨ ᠪᠠᠢ᠌ᠭᠤᠯᠤᠯᠲᠠ ᠵᠢ ᠴᠢᠩᠭ᠋ᠠᠳᠬᠠᠵᠤ᠂ ᠪᠠᠢ᠌ᠭᠤᠯᠭ᠎ᠠ ᠵᠢᠨ ᠵᠢᠱ᠌ᠢᠶ᠎ᠡ ᠦᠵᠡᠭᠦᠯᠵᠦ ᠬᠥᠲᠥᠯᠥᠨ ᠳᠠᠭ᠋ᠠᠭᠤᠯᠬᠤ ᠦᠢ᠍ᠯᠡᠳᠦᠯ᠎ᠢ ᠪᠠᠳᠠᠷᠠᠭᠤᠯᠬᠤ ᠬᠡᠷᠡᠭᠲᠡᠢ᠃
ᠡᠯ᠎ᠡ ᠱᠠᠲᠤᠨ᠎ᠤ ᠪᠠᠢ᠌ᠭᠤᠯᠭ᠎ᠠ ᠵᠢᠨ ᠭᠡᠷᠡᠲᠦ ᠡᠨᠧᠷᠭᠢ ᠵᠢᠨ ᠬᠠᠮᠢᠶᠠᠷᠤᠯᠲᠠ᠂ ᠭᠡᠷᠡᠲᠦ ᠤᠰᠤ ᠠᠷᠪᠢᠯᠠᠬᠤ ᠬᠠᠮᠢᠶᠠᠷᠤᠯᠲᠠ ᠥᠷᠨᠢᠭᠦᠯᠬᠦ ᠵᠢ ᠵᠣᠷᠢᠭᠵᠢᠭᠤᠯᠤᠨ᠎ᠠ᠃
ᠬᠣᠷᠢᠨ ᠳᠥᠷᠪᠡᠳᠦᠭᠡᠷ ᠵᠦᠢ᠍ᠯ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠪᠠᠢ᠌ᠭᠤᠯᠭ᠎ᠠ ᠵᠢᠨ ᠶᠠᠪᠤᠳᠠᠯ᠎ᠤᠨ ᠬᠠᠮᠢᠶᠠᠷᠤᠯᠲᠠ ᠵᠢ ᠬᠠᠷᠢᠭᠤᠴᠠᠬᠤ ᠪᠠᠢ᠌ᠭᠤᠯᠤᠮᠵᠢ᠎ᠨᠤᠭᠤᠳ ᠠᠳᠠᠯᠢ ᠱᠠᠲᠤᠨ᠎ᠤ ᠡᠨ᠋ᠸᠷᠭᠢ ᠠᠷᠪᠢᠯᠠᠬᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ ᠵᠢᠯᠣᠭᠣᠳᠤᠯᠭ᠎ᠠ ᠵᠢᠨ ᠳᠣᠣᠷ᠎ᠠ ᠤᠯᠠᠨ ᠨᠡᠶ᠋ᠢᠲᠡ ᠵᠢᠨ ᠪᠠᠢ᠌ᠭᠤᠯᠤᠮᠵᠢ ᠵᠢᠨ ᠡᠨ᠋ᠸᠷᠭᠢ ᠠᠷᠪᠢᠯᠠᠬᠤ ᠲᠥᠯᠦᠪᠵᠢᠭᠦᠯᠭᠡ᠂ ᠳᠦᠷᠢᠮ᠎ᠢ ᠲᠣᠭᠲᠠᠭ᠋ᠠᠬᠤ ᠵᠢᠨ ᠬᠠᠮᠲᠤ ᠵᠣᠬᠢᠶᠠᠨ ᠪᠠᠢ᠌ᠭᠤᠯᠤᠨ ᠬᠡᠷᠡᠭᠵᠢᠭᠦᠯᠵᠦ᠂ ᠲᠤᠰ ᠱᠠᠲᠤᠨ᠎ᠤ ᠪᠠᠢ᠌ᠭᠤᠯᠭ᠎ᠠ ᠵᠢᠨ ᠡᠨ᠋ᠸᠷᠭᠢ ᠠᠷᠪᠢᠯᠠᠬᠤ ᠬᠢᠨᠠᠯᠲᠠ ᠬᠠᠮᠢᠶᠠᠷᠤᠯᠲᠠ ᠵᠢ ᠬᠠᠷᠢᠭᠤᠴᠠᠵᠤ᠂ ᠳᠣᠣᠷᠠᠳᠤ ᠱᠠᠲᠤᠨ᠎ᠤ ᠪᠠᠢ᠌ᠭᠤᠯᠭ᠎ᠠ ᠵᠢᠨ ᠡᠨ᠋ᠸᠷᠭᠢ ᠠᠷᠪᠢᠯᠠᠬᠤ ᠠᠵᠢᠯ᠎ᠢ ᠲᠦᠯᠬᠢᠨ ᠠᠬᠢᠭᠤᠯᠬᠤ᠂ ᠵᠢᠯᠤᠭᠣᠳᠬᠤ᠂ ᠵᠣᠬᠢᠴᠠᠭᠤᠯᠬᠤ ᠪᠠ ᠬᠢᠨᠠᠯᠲᠠ ᠲᠠᠯᠪᠢᠬᠤ ᠬᠡᠷᠡᠭᠲᠡᠢ᠃
ᠬᠣᠷᠢᠨ ᠲᠠᠪᠤᠳᠤᠭ᠋ᠠᠷ ᠵᠦᠢ᠍ᠯ ᠡᠯ᠎ᠡ ᠱᠠᠲᠤᠨ᠎ᠤ ᠪᠠᠢ᠌ᠭᠤᠯᠭ᠎ᠠ ᠡᠨᠧᠷᠭᠢ ᠠᠷᠪᠢᠯᠠᠬᠤ ᠬᠠᠮᠢᠶᠠᠷᠤᠯᠲᠠ᠎ᠪᠠᠨ ᠴᠢᠩᠭ᠋ᠠᠳᠬᠠᠵᠤ᠂ ᠮᠡᠷᠭᠡᠵᠢᠯ᠎ᠤᠨ ᠲᠠᠯ᠎ᠠ᠎ᠪᠠᠷ ᠬᠡᠷᠡᠭᠵᠢᠭᠦᠯᠦᠭᠦᠰᠢᠲᠡᠢ᠂ ᠠᠵᠤ ᠠᠬᠤᠢ ᠵᠢᠨ ᠲᠠᠯ᠎ᠠ᠎ᠪᠠᠷ ᠵᠦᠢ ᠵᠣᠬᠢᠰᠲᠠᠢ ᠠᠷᠭ᠎ᠠ ᠬᠡᠮᠵᠢᠶ᠎ᠡ ᠠᠪᠴᠤ ᠪᠠᠢ᠌ᠭ᠋ᠠᠳ ᠡᠨᠧᠷᠭᠢ ᠵᠢᠨ ᠬᠣᠷᠣᠭᠳᠠᠯ᠎ᠢ ᠪᠠᠭ᠋ᠠᠰᠬᠠᠵᠤ᠂ ᠣᠷᠴᠢᠨ ᠲᠣᠭᠣᠷᠢᠨ᠎ᠢ ᠬᠠᠮᠠᠭ᠋ᠠᠯᠠᠬᠤ᠎ᠳᠤ ᠠᠰᠢᠭᠲᠠᠢ ᠡᠨᠧᠷᠭᠢ ᠠᠷᠪᠢᠯᠠᠬᠤ᠂ ᠤᠰᠤ ᠠᠷᠪᠢᠯᠠᠬᠤ᠂ ᠬᠣᠷᠣᠭᠳᠠᠯ ᠮᠠᠲ᠋ᠧᠷᠢᠶᠠᠯ᠎ᠢ ᠠᠷᠪᠢᠯᠠᠬᠤ ᠦᠢ᠍ᠯᠡᠳᠬᠦᠨ ᠵᠢᠴᠢ ᠳᠠᠬᠢᠯᠲᠠ ᠦᠢ᠍ᠯᠡᠳᠬᠦᠨ᠎ᠢ ᠤᠷᠢᠳ ᠵᠶ᠋ᠡᠷ ᠬᠤᠳᠠᠯᠳᠤᠨ ᠠᠪᠬᠤ ᠪᠠ ᠬᠡᠷᠡᠭᠯᠡᠵᠦ᠂ ᠰᠢᠨ᠎ᠡ ᠡᠨᠧᠷᠭᠢ ᠪᠠ ᠳᠠᠬᠢᠯᠲᠠ ᠡᠨᠧᠷᠭᠢ ᠵᠢᠨ ᠰᠤᠷᠪᠤᠯᠵᠢ ᠵᠢ ᠲᠦᠷᠦᠭᠦᠯᠡᠨ ᠠᠰᠢᠭᠯᠠᠵᠤ᠂ ᠨᠢᠭᠡᠨᠲᠡ ᠪᠠᠢ᠌ᠭ᠎ᠠ ᠪᠠᠷᠢᠯᠭ᠎ᠠ ᠵᠢᠨ ᠡᠨᠧᠷᠭᠢ ᠠᠷᠪᠢᠯᠠᠬᠤ ᠥᠭᠡᠷᠡᠴᠢᠯᠡᠯᠲᠡ ᠵᠢ ᠴᠢᠩᠭ᠋ᠠᠳᠬᠠᠨ᠂ ᠠᠯᠪᠠᠨ ᠠᠵᠢᠯ᠎ᠤᠨ ᠪᠠᠷᠢᠯᠭ᠎ᠠ ᠵᠢᠨ ᠪᠦᠲᠦᠭᠡᠨ ᠪᠠᠢ᠌ᠭᠤᠯᠤᠯᠲᠠ᠂ ᠠᠵᠢᠯᠯᠠᠭ᠋ᠠᠨ᠎ᠤ ᠪᠣᠬᠢᠷᠳᠤᠯ ᠦᠭᠡᠢ ᠬᠥᠭᠵᠢᠭᠦᠯᠦᠯᠲᠡ ᠵᠢ ᠪᠡᠶᠡᠯᠡᠭᠦᠯᠦᠨ᠎ᠡ᠃
ᠬᠣᠷᠢᠨ ᠵᠢᠷᠭᠤᠳᠤᠭ᠋ᠠᠷ ᠵᠦᠢ᠍ᠯ ᠡᠯ᠎ᠡ ᠱᠠᠲᠤᠨ᠎ᠤ ᠪᠠᠢ᠌ᠭᠤᠯᠭ᠎ᠠ᠎ᠨᠤᠭᠤᠳ ᠤᠰᠤ ᠠᠷᠪᠢᠯᠠᠵᠤ ᠬᠡᠷᠡᠭᠯᠡᠬᠦ ᠬᠠᠮᠢᠶᠠᠷᠤᠯᠲᠠ᠎ᠪᠠᠨ ᠴᠢᠩᠭ᠋ᠠᠳᠬᠠᠨ᠂ ᠤᠰᠤ ᠬᠡᠷᠡᠭᠯᠡᠬᠦ ᠦᠷ᠎ᠡ ᠪᠦᠲᠦᠮᠵᠢ᠎ᠪᠠᠨ ᠳᠡᠭᠡᠭᠰᠢᠯᠡᠭᠦᠯᠵᠦ᠂ ᠤᠰᠤ ᠬᠡᠷᠡᠭᠯᠡᠬᠦ ᠲᠥᠬᠦᠭᠡᠷᠦᠮᠵᠢ ᠵᠢᠨ ᠡᠳᠦᠷ ᠲᠤᠳᠤᠮ᠎ᠤᠨ ᠬᠠᠮᠠᠭ᠋ᠠᠯᠠᠯᠲᠠ ᠪᠣᠯᠣᠨ ᠲᠣᠭᠣᠷᠢᠨ ᠪᠠᠢ᠌ᠴᠠᠭ᠋ᠠᠬᠤ ᠠᠵᠢᠯ᠎ᠢ ᠥᠷᠨᠢᠭᠦᠯᠵᠦ᠂ ᠤᠰᠤ ᠠᠷᠪᠢᠯᠠᠬᠤ ᠰᠢᠨ᠎ᠡ ᠮᠡᠷᠭᠡᠵᠢᠯ᠂ ᠰᠢᠨ᠎ᠡ ᠤᠷ᠎ᠠ ᠮᠡᠷᠭᠡᠰᠢᠯ ᠪᠣᠯᠣᠨ ᠰᠢᠨ᠎ᠡ ᠦᠢ᠍ᠯᠡᠳᠬᠦᠨ᠎ᠢ ᠳᠡᠯᠭᠡᠷᠡᠭᠦᠯᠦᠨ ᠬᠡᠷᠡᠭᠯᠡᠵᠦ᠂ ᠤᠰᠤ ᠠᠷᠪᠢᠯᠠᠬᠤ ᠭᠡᠯᠪᠡᠷᠢ ᠵᠢᠨ ᠨᠢᠭᠡᠴᠢ ᠵᠢ ᠪᠦᠲᠦᠭᠡᠨ ᠪᠠᠶ᠋ᠢᠭᠤᠯᠬᠤ ᠬᠡᠷᠡᠭᠲᠡᠢ᠃
ᠨᠥᠬᠥᠴᠡᠯ ᠪᠣᠯᠣᠯᠴᠠᠭ᠎ᠠ᠎ᠲᠠᠢ ᠨᠢᠭᠡᠴᠢ ᠵᠢᠨ ᠪᠣᠷᠣᠭ᠋ᠠᠨ᠎ᠤ ᠤᠰᠤ᠂ ᠳᠠᠬᠢᠯᠲᠠ ᠤᠰᠤ ᠵᠢ ᠠᠰᠢᠭᠯᠠᠬᠤ ᠵᠢ ᠵᠣᠷᠢᠭᠵᠢᠭᠤᠯᠤᠨ᠎ᠠ᠃
ᠬᠣᠷᠢᠨ ᠳᠣᠯᠣᠳᠤᠭ᠋ᠠᠷ ᠵᠦᠢ᠍ᠯ ᠡᠯ᠎ᠡ ᠱᠠᠲᠤᠨ᠎ᠤ ᠪᠠᠢ᠌ᠭᠤᠯᠭ᠎ᠠ᠎ᠨᠤᠭᠤᠳ ᠤᠯᠤᠰ ᠪᠣᠯᠣᠨ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠠᠯᠪᠠᠨ ᠠᠵᠢᠯ᠎ᠤᠨ ᠣᠷᠣᠨ᠎ᠤ ᠨᠣᠭᠣᠭ᠋ᠠᠷᠠᠭᠤᠯᠤᠯᠲᠠ ᠵᠢᠨ ᠪᠦᠲᠦᠭᠡᠨ ᠪᠠᠢ᠌ᠭᠤᠯᠤᠯᠲᠠ ᠵᠢ ᠵᠢᠷᠤᠮᠵᠢᠭᠤᠯᠵᠤ᠂ ᠤᠰᠤ ᠠᠷᠪᠢᠯᠠᠬᠤ᠂ ᠭᠠᠵᠠᠷ ᠠᠷᠪᠢᠯᠠᠬᠤ᠂ ᠡᠨᠧᠷᠭᠢ ᠠᠷᠪᠢᠯᠠᠬᠤ᠂ ᠮᠠᠲᠸᠷᠢᠶᠠᠯ ᠠᠷᠪᠢᠯᠠᠬᠤ᠂ ᠬᠦᠴᠦ ᠠᠷᠪᠢᠯᠠᠬᠤ ᠵᠢ ᠪᠠᠷᠢᠮᠲᠠᠯᠠᠨ᠂ ᠨᠣᠭᠣᠭ᠋ᠠᠷᠠᠭᠤᠯᠤᠯᠲᠠ ᠵᠢᠨ ᠲᠠᠯᠠᠪᠠᠢ ᠵᠢ ᠵᠦᠢ ᠵᠣᠬᠢᠰᠲᠠᠢ ᠲᠣᠬᠢᠷᠠᠭᠤᠯᠵᠤ᠂ ᠲᠤᠬᠠᠢ ᠵᠢᠨ ᠭᠠᠵᠠᠷ ᠣᠷᠣᠨ᠎ᠤ ᠪᠠᠢ᠌ᠳᠠᠯᠳᠤᠨᠢ ᠲᠣᠬᠢᠷᠠᠭᠤᠯᠤᠨ ᠤᠷᠭᠤᠮᠠᠯ᠎ᠤᠨ ᠲᠥᠷᠥᠯ ᠵᠦᠢ᠍ᠯ᠎ᠢ ᠰᠣᠩᠭᠣᠨ ᠲᠠᠷᠢᠵᠤ᠂ ᠴᠠᠭᠲᠤᠨᠢ ᠲᠣᠬᠢᠷᠠᠭᠤᠯᠤᠨ ᠵᠣᠬᠢᠬᠤ ᠬᠡᠮᠵᠢᠶ᠎ᠡ᠎ᠪᠠᠷ ᠰᠢᠨᠵᠢᠯᠡᠬᠦ ᠤᠬᠠᠭ᠋ᠠᠨᠴᠢ᠎ᠪᠠᠷ ᠠᠷᠠᠴᠢᠯᠠᠨ ᠬᠠᠮᠠᠭ᠋ᠠᠯᠠᠬᠤ ᠬᠡᠷᠡᠭᠲᠡᠢ᠃ ᠳᠤᠷ᠎ᠠ᠎ᠪᠠᠷ ᠵᠶ᠋ᠠᠨ ᠵᠦᠯᠭᠡ ᠭᠠᠵᠠᠷ᠎ᠤᠨ ᠲᠠᠯᠠᠪᠠᠶ ᠵᠢ ᠥᠷᠭᠡᠳᠬᠡᠬᠦ ᠪᠤᠶᠤ ᠪᠠᠭ᠋ᠠᠰᠬᠠᠵᠤ ᠪᠤᠯᠬᠤ ᠦᠭᠡᠢ᠂ ᠪᠣᠳᠠᠲᠠᠢ᠎ᠠᠴᠠ ᠰᠠᠯᠵᠤ ᠬᠣᠪᠣᠷ ᠴᠤᠬᠠᠭ ᠮᠣᠳᠣ ᠴᠡᠴᠡᠭ ᠡᠪᠡᠰᠦ ᠳᠠᠷᠢᠵᠤ ᠪᠤᠯᠬᠤ ᠦᠭᠡᠢ᠂ ᠪᠦᠷᠢᠯᠭᠡᠨ ᠰᠦᠢ᠍ᠳᠬᠡᠵᠦ ᠠᠷᠠᠴᠢᠯᠠᠨ ᠬᠠᠮᠠᠭ᠋ᠠᠯᠠᠬᠤ ᠪᠠᠷᠢᠮᠵᠢᠶ᠎ᠠ ᠵᠢ ᠳᠡᠭᠡᠭᠰᠢᠯᠡᠭᠦᠯᠵᠦ ᠪᠤᠯᠬᠤ ᠦᠭᠡᠢ᠃
ᠬᠣᠷᠢᠨ ᠨᠠᠢ᠍ᠮᠠᠳᠤᠭ᠋ᠠᠷ ᠵᠦᠢ᠍ᠯ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠪᠠᠢ᠌ᠭᠤᠯᠭ᠎ᠠ ᠵᠢᠨ ᠶᠠᠪᠤᠳᠠᠯ᠎ᠤᠨ ᠬᠠᠮᠢᠶᠠᠷᠤᠯᠲᠠ ᠵᠢ ᠬᠠᠷᠢᠭᠤᠴᠠᠬᠤ ᠪᠠᠢ᠌ᠭᠤᠯᠤᠮᠵᠢ᠎ᠨᠤᠭᠤᠳ ᠪᠠᠢ᠌ᠭᠤᠯᠭ᠎ᠠ ᠵᠢᠨ ᠢᠳᠡᠭᠡᠨ ᠤᠮᠳᠠᠭ᠋ᠠᠨ᠎ᠢ ᠠᠷᠪᠢᠯᠠᠬᠤ ᠬᠠᠮᠢᠶᠠᠷᠤᠯᠲᠠ ᠵᠢ ᠴᠢᠩᠭ᠋ᠠᠳᠬᠠᠨ᠂ ᠪᠠᠢ᠌ᠭᠤᠯᠭ᠎ᠠ ᠵᠢᠨ ᠬᠣᠭᠣᠯᠠᠨ ᠭᠡᠷ᠎ᠤᠨ ᠬᠤᠭᠤᠯᠠ ᠪᠦᠷᠢᠯᠭᠡᠬᠦ ᠵᠢ ᠡᠰᠡᠷᠭᠦᠴᠡᠬᠦ ᠠᠵᠢᠯ᠎ᠤᠨ ᠦᠷ᠎ᠡ ᠪᠦᠲᠦᠮᠵᠢ ᠵᠢ ᠦᠨᠡᠯᠡᠨ ᠵᠢᠱ᠌ᠢᠬᠦ ᠪᠠ ᠨᠡᠪᠲᠡᠷᠡᠭᠦᠯᠬᠦ ᠳᠦᠷᠢᠮ᠎ᠢ ᠪᠠᠢ᠌ᠭᠤᠯᠤᠨ ᠪᠦᠷᠢᠨᠰᠢᠭᠦᠯᠵᠦ᠂ ᠬᠤᠭᠤᠯᠠ ᠪᠦᠷᠢᠯᠭᠡᠬᠦ ᠵᠢ ᠡᠰᠡᠷᠭᠦᠴᠡᠬᠦ ᠶᠠᠪᠤᠳᠠᠯ᠎ᠢ ᠤᠯᠠᠨ ᠨᠡᠶ᠋ᠢᠲᠡ ᠵᠢᠨ ᠪᠠᠢ᠌ᠭᠤᠯᠤᠮᠵᠢ ᠵᠢᠨ ᠡᠨᠧᠷᠭᠢ ᠡᠬᠢ ᠪᠠᠶᠠᠯᠢᠭ ᠠᠷᠪᠢᠯᠠᠬᠤ ᠵᠢ ᠬᠢᠨᠠᠨ ᠰᠢᠯᠭ᠋ᠠᠬᠤ ᠪᠠ ᠠᠷᠪᠢᠯᠠᠨ ᠭᠠᠮᠨᠠᠬᠤ ᠭᠡᠯᠪᠡᠷᠢ ᠵᠢᠨ ᠪᠠᠢ᠌ᠭᠤᠯᠭ᠎ᠠ ᠵᠢ ᠡᠭᠦᠳᠦᠨ ᠪᠠᠶ᠋ᠢᠭᠤᠯᠬᠤ ᠠᠵᠢᠯᠯᠠᠭ᠎ᠠ ᠵᠢᠨ ᠠᠭᠤᠯᠭ᠎ᠠ᠎ᠳᠤ ᠣᠷᠣᠭᠤᠯᠬᠤ ᠬᠡᠷᠡᠭᠲᠡᠢ᠃
ᠬᠣᠷᠢ ᠶᠢᠰᠦᠳᠦᠭᠡᠷ ᠵᠦᠢ᠍ᠯ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠪᠠᠢ᠌ᠭᠤᠯᠭ᠎ᠠ ᠵᠢᠨ ᠶᠠᠪᠤᠳᠠᠯ᠎ᠤᠨ ᠬᠠᠮᠢᠶᠠᠷᠤᠯᠲᠠ ᠵᠢ ᠬᠠᠷᠢᠭᠤᠴᠠᠬᠤ ᠪᠠᠢ᠌ᠭᠤᠯᠤᠮᠵᠢ᠎ᠨᠤᠭᠤᠳ ᠬᠠᠶᠠᠭᠳᠠᠮᠠᠯ ᠬᠠᠭᠤᠴᠢᠨ ᠡᠳ᠋᠎ᠢ ᠰᠢᠢ᠍ᠳᠪᠦᠷᠢᠯᠡᠬᠦ ᠳᠦᠷᠢᠮ᠎ᠢ ᠪᠠᠢ᠌ᠭᠤᠯᠵᠤ᠂ ᠪᠠᠢ᠌ᠭᠤᠯᠭ᠎ᠠ ᠵᠢᠨ ᠠᠵᠢᠯᠯᠠᠬᠤ ᠲᠣᠭᠣᠷᠢᠭ᠎ᠤᠨ ᠠᠮᠢᠳᠤᠷᠠᠯ᠎ᠤᠨ ᠬᠣᠭ ᠨᠣᠪᠰᠢ ᠵᠢ ᠲᠥᠷᠥᠯ ᠬᠤᠪᠢᠶᠠᠬᠤ ᠠᠵᠢᠯ᠎ᠤᠨ ᠵᠢᠷᠤᠮᠵᠢᠯ᠎ᠢ ᠲᠣᠭᠲᠠᠭ᠋ᠠᠵᠤ᠂ ᠲᠣᠰ ᠱᠠᠲᠤᠨ᠎ᠤ ᠪᠠᠢ᠌ᠭᠤᠯᠭ᠎ᠠ ᠵᠢᠨ ᠨᠢᠭᠤᠴᠠ᠎ᠳᠤ ᠥᠯᠥ ᠬᠣᠯᠪᠣᠭᠳᠠᠬᠤ ᠬᠠᠶᠠᠭᠳᠠᠮᠠᠯ ᠴᠠᠭ᠋ᠠᠰᠤ᠂ ᠬᠠᠶᠠᠭᠳᠠᠮᠠᠯ ᠴᠠᠭᠢᠯᠭ᠋ᠠᠨ ᠬᠡᠷᠡᠭᠰᠡᠯ᠂ ᠡᠯᠧᠺᠲᠷᠣᠨ ᠦᠢ᠍ᠯᠡᠳᠬᠦᠨ ᠵᠡᠷᠭᠡ ᠬᠠᠶᠠᠭᠳᠠᠮᠠᠯ ᠪᠣᠳᠠᠰ᠎ᠢ ᠲᠥᠪᠯᠡᠷᠡᠭᠦᠯᠦᠨ ᠬᠣᠷᠢᠶᠠᠨ ᠠᠪᠴᠤ ᠰᠢᠢ᠍ᠳᠪᠦᠷᠢᠯᠡᠬᠦ ᠵᠢ ᠵᠢᠯᠣᠭᠣᠳᠤᠨ ᠵᠣᠬᠢᠴᠠᠭᠤᠯᠵᠤ᠂ ᠠᠮᠢᠳᠤᠷᠠᠯ᠎ᠤᠨ ᠬᠣᠭ ᠨᠣᠪᠰᠢ ᠵᠢ ᠲᠥᠷᠥᠯ ᠬᠤᠪᠢᠶᠠᠬᠤ ᠠᠵᠢᠯ᠎ᠢ ᠨᠠᠢ᠌ᠳᠠᠪᠤᠷᠢᠵᠢᠭᠤᠯᠤᠨ᠂ ᠡᠬᠢ ᠪᠠᠶᠠᠯᠢᠭ᠎ᠢ ᠡᠷᠭᠢᠯᠳᠦᠭᠦᠯᠦᠨ ᠠᠰᠢᠭᠯᠠᠬᠤ ᠵᠢ ᠠᠬᠢᠭᠤᠯᠤᠨ᠎ᠠ᠃
ᠲᠠᠪᠤᠳᠤᠭ᠋ᠠᠷ ᠪᠦᠯᠦᠭ ᠦᠢ᠍ᠯᠡᠴᠢᠯᠡᠭᠡᠨ᠎ᠤ ᠬᠠᠮᠢᠶᠠᠷᠤᠯᠲᠠ
ᠭᠤᠴᠢᠳᠤᠭ᠋ᠠᠷ ᠵᠦᠢ᠍ᠯ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠪᠠᠢ᠌ᠭᠤᠯᠭ᠎ᠠ ᠵᠢᠨ ᠶᠠᠪᠤᠳᠠᠯ᠎ᠤᠨ ᠬᠠᠮᠢᠶᠠᠷᠤᠯᠲᠠ ᠵᠢ ᠬᠠᠷᠢᠭᠤᠴᠠᠬᠤ ᠪᠠᠢ᠌ᠭᠤᠯᠤᠮᠵᠢ᠎ᠨᠤᠭᠤᠳ ᠠᠷᠤ ᠲᠠᠯ᠎ᠠ ᠵᠢᠨ ᠦᠢ᠍ᠯᠡᠴᠢᠯᠡᠭᠡᠨ᠎ᠤ ᠡᠬᠢ ᠪᠠᠶᠠᠯᠢᠭ᠎ᠢ ᠰᠢᠨᠵᠢᠯᠡᠬᠦ ᠤᠬᠠᠭ᠋ᠠᠨᠴᠢ᠎ᠪᠠᠷ ᠲᠣᠬᠢᠷᠠᠭᠤᠯᠬᠤ ᠪᠠ ᠡᠷᠴᠢᠮᠵᠢᠭᠦᠯᠦᠨ ᠬᠡᠷᠡᠭᠯᠡᠵᠦ᠂ ᠠᠯᠪᠠᠨ ᠪᠠᠢ᠌ᠭᠤᠯᠭ᠎ᠠ ᠵᠢᠨ ᠠᠷᠤ ᠲᠠᠯ᠎ᠠ ᠵᠢᠨ ᠦᠢ᠍ᠯᠡᠴᠢᠯᠡᠭᠡᠨ᠎ᠤ ᠨᠢᠭᠡᠳᠦᠯᠲᠡᠢ ᠬᠠᠮᠢᠶᠠᠷᠤᠯᠲᠠ ᠵᠢᠨ ᠳᠦᠷᠢᠮ᠎ᠢ ᠲᠣᠭᠲᠠᠭ᠋ᠠᠵᠤ᠂ ᠨᠣᠭᠣᠭ᠋ᠠᠷᠠᠭᠤᠯᠬᠤ᠂ ᠠᠮᠤᠷ᠎ᠢ ᠬᠠᠮᠠᠭ᠋ᠠᠯᠠᠬᠤ᠂ ᠠᠷᠢᠭᠤᠨ ᠴᠡᠪᠡᠷ᠎ᠢ ᠪᠠᠲᠤᠯᠠᠬᠤ᠂ ᠡᠳᠦᠷ ᠲᠤᠲᠤᠮ᠎ᠤᠨ ᠬᠠᠮᠠᠭ᠋ᠠᠯᠠᠯᠲᠠ ᠵᠡᠷᠭᠡ ᠠᠯᠪᠠᠨ ᠪᠠᠢ᠌ᠭᠤᠯᠭ᠎ᠠ ᠵᠢᠨ ᠠᠷᠤ ᠲᠠᠯ᠎ᠠ ᠵᠢᠨ ᠦᠢ᠍ᠯᠡᠴᠢᠯᠡᠭᠡᠨ᠎ᠤ ᠲᠥᠷᠥᠯ ᠵᠦᠢ᠍ᠯ ᠪᠠ ᠡᠳ᠋ ᠪᠣᠳᠠᠰ᠎ᠤᠨ ᠬᠣᠷᠣᠭᠳᠠᠯ᠂ ᠠᠵᠢᠯᠲᠠᠨ᠎ᠤ ᠲᠣᠬᠢᠷᠠᠭᠤᠯᠤᠯᠲᠠ ᠵᠢᠨ ᠬᠠᠷᠢᠴᠠᠯ ᠵᠡᠷᠭᠡ ᠪᠠᠷᠢᠮᠵᠢᠶ᠎ᠠ ᠵᠢ ᠲᠣᠭᠲᠠᠭ᠋ᠠᠵᠤ᠂ ᠲᠥᠪᠯᠡᠷᠡᠨ ᠠᠵᠢᠯᠯᠠᠬᠤ ᠣᠷᠣᠨ᠎ᠤ ᠠᠯᠪᠠᠨ ᠪᠠᠢ᠌ᠭᠤᠯᠭ᠎ᠠ ᠵᠢᠨ ᠠᠷᠤ ᠲᠠᠯ᠎ᠠ ᠵᠢᠨ ᠦᠢ᠍ᠯᠡᠴᠢᠯᠡᠭᠡ ᠵᠢ ᠨᠢᠭᠡᠳᠦᠯᠲᠡᠢ ᠵᠣᠬᠢᠶᠠᠨ ᠪᠠᠢ᠌ᠭᠤᠯᠤᠨ ᠬᠡᠷᠡᠭᠵᠢᠭᠦᠯᠵᠦ᠂ ᠲᠣᠰ ᠱᠠᠲᠤᠨ᠎ᠤ ᠠᠯᠪᠠᠨ ᠪᠠᠢ᠌ᠭᠤᠯᠭ᠎ᠠ ᠵᠢᠨ ᠠᠷᠤ ᠲᠠᠯ᠎ᠠ ᠵᠢᠨ ᠦᠢ᠍ᠯᠡᠴᠢᠯᠡᠭᠡᠨ᠎ᠤ ᠠᠵᠢᠯ᠎ᠢ ᠵᠢᠯᠤᠭᠣᠳᠬᠤ ᠪᠠ ᠬᠢᠨᠠᠯᠲᠠ ᠲᠠᠯᠪᠢᠬᠤ᠎ᠪᠠᠨ ᠴᠢᠩᠭ᠋ᠠᠳᠬᠠᠬᠤ ᠬᠡᠷᠡᠭᠲᠡᠢ᠃
ᠭᠤᠴᠢᠨ ᠨᠢᠭᠡᠳᠦᠭᠡᠷ ᠵᠦᠢ᠍ᠯ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠪᠠᠢ᠌ᠭᠤᠯᠭ᠎ᠠ ᠵᠢᠨ ᠶᠠᠪᠤᠳᠠᠯ᠎ᠤᠨ ᠬᠠᠮᠢᠶᠠᠷᠤᠯᠲᠠ ᠵᠢ ᠬᠠᠷᠢᠭᠤᠴᠠᠬᠤ ᠪᠠᠢ᠌ᠭᠤᠯᠤᠮᠵᠢ᠎ᠨᠢ ᠪᠠᠢ᠌ᠭᠤᠯᠭ᠎ᠠ ᠵᠢᠨ ᠠᠷᠤ ᠲᠠᠯ᠎ᠠ ᠵᠢᠨ ᠦᠢ᠍ᠯᠡᠴᠢᠯᠡᠭᠡᠨ᠎ᠤ ᠶᠠᠰᠤ ᠴᠢᠨᠠᠷ᠎ᠢ ᠬᠢᠨᠠᠨ ᠰᠢᠯᠭ᠋ᠠᠵᠤ ᠦᠨᠡᠯᠡᠬᠦ ᠳᠦᠷᠢᠮ᠎ᠢ ᠪᠠᠢ᠌ᠭᠤᠯᠤᠨ ᠲᠡᠭᠦᠯᠳᠡᠷᠵᠢᠭᠦᠯᠵᠦ᠂ ᠲᠣᠰ ᠱᠠᠲᠤᠨ᠎ᠤ ᠪᠠᠢ᠌ᠭᠤᠯᠭ᠎ᠠ ᠵᠢ ᠵᠢᠯᠣᠭᠣᠳᠤᠨ ᠠᠷᠤ ᠲᠠᠯ᠎ᠠ ᠵᠢᠨ ᠦᠢ᠍ᠯᠡᠴᠢᠯᠡᠭᠡᠨ᠎ᠤ ᠨᠢᠭᠡᠴᠢ ᠵᠢᠨ ᠭᠡᠷ᠎ᠡ ᠭᠦᠢ᠍ᠴᠡᠳᠬᠡᠭᠰᠡᠨ ᠪᠠᠢ᠌ᠳᠠᠯ᠂ ᠦᠢ᠍ᠯᠡᠴᠢᠯᠡᠭᠡᠨ᠎ᠤ ᠶᠠᠰᠤ ᠴᠢᠨᠠᠷ᠎ᠲᠤ ᠪᠦᠭᠦ ᠲᠠᠯ᠎ᠠ ᠵᠢᠨ ᠬᠢᠨᠠᠨ ᠰᠢᠯᠭ᠋ᠠᠯᠲᠠ᠂ ᠶᠡᠷᠦᠩᠬᠡᠢ᠌ᠯᠡᠭᠰᠡᠨ ᠦᠨᠡᠯᠡᠯᠲᠡ ᠬᠢᠬᠦ ᠵᠢᠨ ᠬᠠᠮᠲᠤ᠂ ᠰᠢᠯᠭ᠋ᠠᠨ ᠦᠨᠡᠯᠡᠭᠰᠡᠨ ᠦᠷ᠎ᠡ ᠳ᠋ᠦᠩ᠎ᠢ ᠦᠢ᠍ᠯᠡᠴᠢᠯᠡᠭᠡᠨ᠎ᠤ ᠶᠠᠰᠤ ᠴᠢᠨᠠᠷ᠎ᠢ ᠳᠡᠭᠡᠭᠰᠢᠯᠡᠭᠦᠯᠭᠦ᠂ ᠦᠢ᠍ᠯᠡᠴᠢᠯᠡᠭᠡᠨ᠎ᠤ ᠭᠡᠷ᠎ᠡ ᠵᠢ ᠦᠷᠭᠦᠯᠵᠢᠯᠡᠨ ᠲᠣᠭᠲᠠᠬᠤ ᠵᠡᠷᠭᠡ ᠠᠵᠢᠯ᠎ᠤᠨ ᠦᠨᠳᠦᠰᠦᠯᠡᠯ ᠪᠤᠯᠭ᠋ᠠᠵᠤ᠂ ᠦᠢ᠍ᠯᠡᠴᠢᠯᠡᠭᠡᠨ᠎ᠤ ᠠᠷᠭ᠎ᠠ ᠮᠠᠶᠢᠭ᠎ᠢ ᠰᠢᠯᠢᠳᠡᠭᠵᠢᠭᠦᠯᠬᠦ ᠵᠢ ᠠᠬᠢᠭᠤᠯᠤᠨ᠂ ᠦᠢ᠍ᠯᠡᠴᠢᠯᠡᠭᠡᠨ᠎ᠤ ᠬᠠᠨᠤᠮᠵᠢ ᠵᠢᠨ ᠬᠡᠮᠵᠢᠶ᠎ᠡ ᠵᠢ ᠳᠡᠭᠡᠭᠰᠢᠯᠡᠭᠦᠯᠦᠨ᠎ᠡ᠃
ᠭᠤᠴᠢᠨ ᠬᠣᠶᠠᠳᠤᠭ᠋ᠠᠷ ᠵᠦᠢ᠍ᠯ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠪᠠᠢ᠌ᠭᠤᠯᠭ᠎ᠠ ᠵᠢᠨ ᠶᠠᠪᠤᠳᠠᠯ᠎ᠤᠨ ᠬᠠᠮᠢᠶᠠᠷᠤᠯᠲᠠ ᠵᠢ ᠬᠠᠷᠢᠭᠤᠴᠠᠬᠤ ᠪᠠᠢ᠌ᠭᠤᠯᠤᠮᠵᠢ᠎ᠨᠤᠭᠤᠳ ᠡᠭᠦᠷᠭᠡ ᠬᠠᠷᠢᠭᠤᠴᠠᠯᠭ᠎ᠠ ᠵᠢᠨ ᠬᠤᠪᠢᠶᠠᠷᠢᠯᠠᠯ ᠶᠣᠰᠣᠭ᠋ᠠᠷ ᠲᠤᠰ ᠱᠠᠲᠤᠨ᠎ᠤ ᠪᠠᠢ᠌ᠭᠤᠯᠭ᠎ᠠ ᠵᠢᠨ ᠠᠯᠪᠠᠨ ᠶᠠᠪᠤᠳᠠᠯ᠎ᠤᠨ ᠵᠣᠴᠢᠯᠠᠬᠤ ᠠᠵᠢᠯ᠎ᠢ ᠥᠷᠨᠢᠭᠦᠯᠵᠦ᠂ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠬᠤ ᠪᠤᠶᠤ ᠬᠠᠮᠵᠢᠯᠴᠠᠵᠤ ᠪᠠᠢ᠌ᠭ᠋ᠠᠳ ᠲᠤᠰ ᠱᠠᠲᠤᠨ᠎ᠤ ᠴᠢᠬᠤᠯᠠ ᠬᠤᠷᠠᠯ᠂ ᠴᠢᠬᠤᠯᠠ ᠶᠡᠬᠡ ᠠᠵᠢᠯᠯᠠᠭ᠎ᠠ ᠵᠢᠨ ᠦᠢ᠍ᠯᠡᠴᠢᠯᠡᠭᠡᠨ᠎ᠤ ᠪᠠᠲᠤᠯᠠᠭ᠎ᠠ ᠵᠢᠨ ᠠᠵᠢᠯ᠎ᠢ ᠡᠭᠦᠷᠭᠡᠯᠡᠨ᠎ᠡ᠃
ᠭᠤᠴᠢᠨ ᠭᠤᠷᠪᠠᠳᠤᠭ᠋ᠠᠷ ᠵᠦᠢ᠍ᠯ ᠡᠯ᠎ᠡ ᠱᠠᠲᠤᠨ᠎ᠤ ᠪᠠᠢ᠌ᠭᠤᠯᠭ᠎ᠠ᠎ᠨᠤᠭᠤᠳ ᠤᠯᠤᠰ ᠪᠣᠯᠣᠨ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠬᠤᠷᠠᠯ ᠵᠡᠷᠭᠡ ᠠᠵᠢᠯᠯᠠᠭ᠎ᠠ ᠵᠢᠨ ᠬᠠᠮᠢᠶᠠᠷᠤᠯᠲᠠ᠎ᠪᠠᠨ ᠴᠢᠩᠭ᠋ᠠᠳᠬᠠᠨ᠂ ᠬᠤᠷᠠᠯ᠂ ᠪᠣᠯᠪᠠᠰᠤᠷᠠᠯ ᠪᠣᠯᠣᠨ ᠪᠠᠶᠠᠷ ᠨᠠᠢ᠌ᠷ᠂ ᠪᠠᠶᠠᠷ᠎ᠤᠨ ᠶᠣᠰᠣᠯᠠᠯ ᠵᠡᠷᠭᠡ ᠠᠵᠢᠯᠯᠠᠭ᠎ᠠ ᠵᠢᠨ ᠲᠣᠭ᠎ᠠ ᠬᠡᠮᠵᠢᠶ᠎ᠡ᠂ ᠬᠡᠪᠴᠢᠶ᠎ᠡ ᠪᠣᠯᠣᠨ ᠴᠠᠭ᠎ᠤᠨ ᠤᠷᠲᠤ ᠵᠢ ᠴᠢᠩᠭ᠎ᠠ ᠬᠢᠵᠠᠭ᠋ᠠᠷᠯᠠᠵᠤ᠂ ᠦᠢ᠍ᠯᠡᠴᠢᠯᠡᠭᠡᠨ᠎ᠤ ᠪᠠᠲᠤᠯᠠᠭ᠎ᠠ ᠵᠢᠨ ᠠᠭᠤᠯᠭ᠎ᠠ ᠪᠣᠯᠣᠨ ᠵᠠᠷᠤᠳᠠᠯ᠎ᠤᠨ ᠵᠠᠷᠤᠯᠭ᠎ᠠ ᠵᠢ ᠵᠢᠷᠤᠮᠵᠢᠭᠤᠯᠬᠤ ᠬᠡᠷᠡᠭᠲᠡᠢ᠃
ᠭᠤᠴᠢᠨ ᠳᠥᠷᠪᠡᠳᠦᠭᠡᠷ ᠵᠦᠢ᠍ᠯ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠪᠠᠢ᠌ᠭᠤᠯᠭ᠎ᠠ ᠵᠢᠨ ᠶᠠᠪᠤᠳᠠᠯ᠎ᠤᠨ ᠬᠠᠮᠢᠶᠠᠷᠤᠯᠲᠠ ᠵᠢ ᠬᠠᠷᠢᠭᠤᠴᠠᠵᠤ ᠪᠠᠢ᠌ᠭ᠎ᠠ ᠪᠠᠢ᠌ᠭᠤᠯᠤᠮᠵᠢ᠎ᠨᠤᠭᠤᠳ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠠᠳᠠᠯᠢ ᠱᠠᠲᠤᠨ᠎ᠤ ᠪᠠᠢ᠌ᠭᠤᠯᠭ᠎ᠠ ᠵᠢ ᠵᠢᠯᠣᠭᠣᠳᠤᠨ ᠪᠠᠢ᠌ᠭᠤᠯᠭ᠎ᠠ ᠵᠢᠨ ᠠᠮᠤᠷ ᠲᠦᠪᠰᠢᠨ᠎ᠢ ᠪᠠᠲᠤᠯᠠᠬᠤ ᠳᠦᠷᠢᠮ᠂ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠪᠡᠯᠡᠳᠬᠡᠯ ᠲᠥᠰᠥᠯ ᠲᠣᠭᠲᠠᠭ᠋ᠠᠵᠤ᠂ ᠲᠥᠪᠯᠡᠷᠡᠭᠦᠯᠦᠨ ᠠᠵᠢᠯᠯᠠᠬᠤ ᠣᠷᠣᠨ᠎ᠤ ᠳᠣᠲᠣᠭ᠋ᠠᠳᠤ ᠵᠢᠨ ᠠᠮᠤᠷ ᠲᠦᠪᠰᠢᠨ᠎ᠢ ᠬᠠᠮᠠᠭ᠋ᠠᠯᠠᠬᠤ ᠪᠠ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠪᠠᠲᠤᠯᠠᠭ᠎ᠠ ᠵᠢ ᠨᠢᠭᠡᠳᠦᠯᠲᠡᠢ ᠬᠠᠷᠢᠭᠤᠴᠠᠵᠤ᠂ ᠲᠤᠰ ᠱᠠᠲᠤᠨ᠎ᠤ ᠪᠠᠢ᠌ᠭᠤᠯᠭ᠎ᠠ ᠵᠢᠨ ᠳᠣᠲᠣᠭ᠋ᠠᠳᠤ ᠵᠢᠨ ᠠᠮᠤᠷ ᠲᠦᠪᠰᠢᠨ᠎ᠢ ᠪᠠᠲᠤᠯᠠᠬᠤ ᠠᠵᠢᠯ᠎ᠢ ᠵᠢᠯᠣᠭᠣᠳᠤᠨ ᠬᠢᠨᠠᠯᠲᠠ ᠲᠠᠯᠪᠢᠬᠤ ᠬᠡᠷᠡᠭᠲᠡᠢ᠃
ᠡᠯ᠎ᠡ ᠱᠠᠲᠤᠨ᠎ᠤ ᠪᠠᠢ᠌ᠭᠤᠯᠭ᠎ᠠ ᠠᠮᠤᠷ ᠲᠦᠪᠰᠢᠨ ᠪᠠᠢ᠌ᠭᠤᠯᠭ᠎ᠠ ᠵᠢᠨ ᠪᠠᠢ᠌ᠭᠤᠯᠤᠯᠲᠠ ᠵᠢ ᠠᠬᠢᠭᠤᠯᠵᠤ᠂ ᠪᠠᠢ᠌ᠭᠤᠯᠭ᠎ᠠ ᠵᠢᠨ ᠠᠮᠤᠷ ᠲᠦᠪᠰᠢᠨ᠎ᠤ ᠳᠦᠷᠢᠮ᠎ᠢ ᠨᠠᠢ᠌ᠳᠠᠪᠤᠷᠢᠵᠢᠭᠤᠯᠵᠤ᠂ ᠪᠠᠢ᠌ᠭᠤᠯᠭ᠎ᠠ ᠵᠢᠨ ᠠᠮᠤᠷ ᠲᠦᠪᠰᠢᠨ ᠠᠵᠢᠯᠯᠠᠭ᠋ᠠᠨ᠎ᠢ ᠪᠠᠲᠤᠯᠠᠬᠤ ᠬᠡᠷᠡᠭᠲᠡᠢ᠃
ᠭᠤᠴᠢᠨ ᠲᠠᠪᠤᠳᠤᠭ᠋ᠠᠷ ᠵᠦᠢ᠍ᠯ ᠡᠯ᠎ᠡ ᠱᠠᠲᠤᠨ᠎ᠤ ᠪᠠᠢ᠌ᠭᠤᠯᠭ᠎ᠠ ᠨᠡᠢ᠌ᠭᠡᠮ᠎ᠤᠨ ᠬᠠᠷᠢᠭᠤᠴᠠᠯᠭ᠎ᠠ ᠵᠢ ᠡᠭᠦᠷᠭᠡᠯᠡᠵᠦ᠂ ᠤᠯᠤᠰ ᠵᠶ᠋ᠠᠨ ᠬᠠᠢ᠌ᠷᠠᠯᠠᠬᠤ ᠡᠷᠡᠭᠦᠯ ᠬᠠᠮᠠᠭ᠋ᠠᠯᠠᠯ᠎ᠤᠨ ᠬᠥᠳᠡᠯᠭᠡᠭᠡᠨ᠎ᠢ ᠥᠷᠨᠢᠭᠦᠯᠵᠦ᠂ ᠨᠣᠭᠣᠭ᠋ᠠᠷᠠᠭᠤᠯᠤᠭᠰᠠᠨ ᠭᠣᠶᠣᠵᠢᠭᠤᠯᠤᠭᠰᠠᠨ ᠡᠷᠡᠭᠦᠯ ᠬᠠᠮᠠᠭ᠋ᠠᠯᠠᠯ᠎ᠤᠨ ᠪᠣᠯᠪᠠᠰᠤᠨ ᠨᠢᠭᠡᠴᠢ ᠵᠢ ᠪᠠᠢ᠌ᠭᠤᠯᠬᠤ ᠭᠡᠷᠡᠭᠲᠡᠶ ; ᠨᠡᠢ᠌ᠭᠡᠮ᠎ᠤᠨ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠪᠠᠲᠤᠯᠠᠭ᠎ᠠ ᠵᠢᠨ ᠠᠵᠢᠯ᠎ᠳᠤ ᠣᠷᠣᠯᠴᠠᠵᠤ᠂ ᠡᠭᠦᠷᠭᠡ ᠴᠢᠳᠠᠮᠵᠢ ᠡᠭᠦᠷᠭᠡ ᠬᠠᠷᠢᠭᠤᠴᠠᠯᠭ᠎ᠠ ᠶᠣᠰᠣᠭ᠋ᠠᠷ ᠡᠳ᠋ ᠪᠣᠳᠠᠰ᠎ᠤᠨ ᠪᠠᠲᠤᠯᠠᠭ᠎ᠠ᠂ ᠵᠠᠮ ᠬᠠᠷᠢᠯᠴᠠᠭ᠎ᠠ ᠲᠡᠭᠡᠭᠡᠪᠦᠷᠢ᠂ ᠠᠷᠤ ᠲᠠᠯ᠎ᠠ ᠵᠢᠨ ᠦᠢ᠍ᠯᠡᠴᠢᠯᠡᠭᠡ ᠵᠡᠷᠭᠡ ᠲᠠᠯ᠎ᠠ ᠵᠢᠨ ᠳᠡᠮᠵᠢᠯᠭᠡ ᠬᠠᠩᠭ᠋ᠠᠬᠤ ᠭᠡᠷᠡᠭᠳᠡᠢ; ᠬᠡᠪ᠎ᠤᠨ ᠠᠵᠢᠯ᠎ᠤᠨ ᠡᠮᠬᠢ ᠳᠢᠭᠯᠢᠮ ᠪᠠ ᠠᠮᠤᠷ ᠲᠦᠪᠰᠢᠨ᠎ᠢ ᠦᠨᠡᠨ ᠬᠦ᠌ ᠪᠠᠲᠤᠯᠠᠭᠰᠠᠨ ᠤᠷᠢᠲᠠᠯ ᠳᠣᠣᠷ᠎ᠠ ᠪᠣᠳᠠᠲᠠᠢ᠎ᠲᠠᠢ᠎ᠪᠠᠨ ᠤᠶᠠᠯᠳᠤᠭᠤᠯᠤᠨ ᠪᠠᠢ᠌ᠭᠤᠯᠭ᠎ᠠ ᠵᠢᠨ ᠣᠯᠠᠨ ᠨᠡᠢ᠌ᠲᠡ ᠵᠢᠨ ᠲᠥᠬᠦᠭᠡᠷᠦᠮᠵᠢ ᠵᠢ ᠠᠷᠠᠳ᠎ᠲᠤ ᠲᠥᠭᠦᠮ ᠦᠵᠡᠭᠦᠯᠵᠦ ᠠᠰᠢᠭᠯᠠᠬᠤ ᠵᠢ ᠠᠬᠢᠭᠤᠯᠵᠤ
ᠪᠣᠯᠣᠨ᠎ᠠ᠃
ᠵᠢᠷᠭᠤᠳᠤᠭ᠋ᠠᠷ ᠪᠦᠯᠦᠭ ᠪᠠᠲᠤᠯᠠᠭ᠎ᠠ ᠵᠢᠨ ᠲᠣᠭᠲᠠᠴᠠ
ᠭᠤᠴᠢᠨ ᠵᠢᠷᠭᠤᠳᠤᠭ᠋ᠠᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠪᠠᠢ᠌ᠭᠤᠯᠭ᠎ᠠ ᠵᠢᠨ ᠶᠠᠪᠤᠳᠠᠯ᠎ᠤᠨ ᠬᠠᠮᠢᠶᠠᠷᠤᠯᠲᠠ ᠵᠢᠨ ᠲᠣᠪᠴᠢᠶ᠎ᠠ᠎ᠨᠢ ᠪᠠᠷᠢᠮᠵᠢᠶᠠᠵᠢᠭᠰᠠᠨ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠎ᠲᠠᠢ ᠬᠠᠮᠲᠤᠷᠠᠨ ᠬᠠᠮᠢᠶ᠎ᠠ ᠪᠦᠬᠦᠢ ᠪᠠᠷᠢᠮᠵᠢᠶ᠎ᠠ ᠵᠢ ᠲᠣᠭᠲᠠᠭ᠋ᠠᠨ ᠲᠡᠭᠦᠯᠳᠡᠷᠵᠢᠭᠦᠯᠵᠦ᠂ ᠪᠠᠢ᠌ᠭᠤᠯᠭ᠎ᠠ ᠵᠢᠨ ᠠᠵᠢᠯᠯᠠᠭ᠋ᠠᠨ᠎ᠤ ᠪᠠᠲᠤᠯᠠᠭ᠎ᠠ ᠵᠢᠨ ᠪᠠᠷᠢᠮᠵᠢᠶ᠎ᠠ ᠵᠢᠨ ᠰᠢᠰᠲ᠋ᠧᠮ᠎ᠢ ᠪᠦᠷᠢᠨᠰᠢᠭᠦᠯᠦᠨ᠂ ᠪᠠᠷᠢᠮᠵᠢᠶ᠎ᠠ ᠵᠢ ᠬᠡᠷᠡᠭᠵᠢᠭᠦᠯᠦᠭᠰᠡᠨ ᠪᠠᠢ᠌ᠳᠠᠯ᠎ᠳᠤ ᠬᠢᠨᠠᠯᠲᠠ ᠲᠠᠯᠪᠢᠬᠤ ᠬᠡᠷᠡᠭᠲᠡᠢ᠃
ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠪᠠᠢ᠌ᠭᠤᠯᠭ᠎ᠠ ᠵᠢᠨ ᠶᠠᠪᠤᠳᠠᠯ᠎ᠤᠨ ᠬᠠᠮᠢᠶᠠᠷᠤᠯᠲᠠ ᠵᠢ ᠬᠠᠷᠢᠭᠤᠴᠠᠵᠤ ᠪᠠᠢ᠌ᠭ᠎ᠠ ᠪᠠᠢ᠌ᠭᠤᠯᠤᠮᠵᠢ᠎ᠨᠢ ᠪᠠᠢ᠌ᠭᠤᠯᠭ᠎ᠠ ᠵᠢᠨ ᠠᠵᠢᠯᠯᠠᠭ᠋ᠠᠨ᠎ᠤ ᠪᠠᠲᠤᠯᠠᠭ᠎ᠠ ᠵᠢᠨ ᠠᠵᠢᠯ᠎ᠤᠨ ᠪᠠᠷᠢᠮᠵᠢᠶᠠᠵᠢᠭᠤᠯᠤᠯᠲᠠ ᠵᠢ ᠠᠬᠢᠭᠤᠯᠵᠤ᠂ ᠪᠠᠷᠢᠮᠵᠢᠶ᠎ᠠ ᠵᠢᠨ ᠬᠡᠷᠡᠭᠵᠢᠭᠦᠯᠦᠯᠲᠡ ᠵᠢ ᠴᠢᠩᠭ᠋ᠠᠳᠬᠠᠨ᠂ ᠪᠠᠢ᠌ᠭᠤᠯᠭ᠎ᠠ ᠵᠢᠨ ᠡᠳ᠋ ᠬᠥᠷᠥᠩᠭᠡ᠂ ᠠᠯᠪᠠᠯᠠᠬᠤ᠎ᠳᠤ ᠬᠡᠷᠡᠭᠯᠡᠬᠦ ᠭᠡᠷ ᠪᠠᠢ᠌ᠰᠢᠩ᠂ ᠠᠯᠪᠠᠨ ᠶᠠᠪᠤᠳᠠᠯ᠎ᠳᠤ ᠬᠡᠷᠡᠭᠯᠡᠬᠦ ᠲᠡᠷᠭᠡ᠂ ᠣᠯᠠᠨ ᠨᠡᠢ᠌ᠲᠡ ᠵᠢᠨ ᠪᠠᠢ᠌ᠭᠤᠯᠤᠮᠵᠢ ᠵᠢᠨ ᠡᠨᠧᠷᠭᠢ ᠠᠷᠪᠢᠯᠠᠬᠤ᠂ ᠠᠷᠤ ᠲᠠᠯ᠎ᠠ ᠵᠢᠨ ᠦᠢ᠍ᠯᠡᠴᠢᠯᠡᠭᠡ ᠵᠡᠷᠭᠡ ᠬᠠᠮᠢᠶᠠᠷᠤᠯᠲᠠ ᠵᠢᠨ ᠴᠤᠪᠤᠷᠠᠯ᠎ᠢ ᠵᠢᠷᠤᠮᠵᠢᠭᠤᠯᠬᠤ᠂ ᠵᠠᠭᠪᠤᠷ᠎ᠢ ᠰᠠᠢ᠌ᠵᠢᠷᠠᠭᠤᠯᠬᠤ᠂ ᠦᠷ᠎ᠡ ᠠᠰᠢᠭ᠎ᠢ ᠳᠡᠭᠡᠭᠰᠢᠯᠡᠭᠦᠯᠭᠦ ᠵᠢ ᠠᠬᠢᠭᠤᠯᠬᠤ ᠬᠡᠷᠡᠭᠲᠡᠢ᠃
ᠭᠤᠴᠢᠨ ᠳᠣᠯᠣᠳᠤᠭ᠋ᠠᠷ ᠵᠦᠢ᠍ᠯ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠪᠠᠢ᠌ᠭᠤᠯᠭ᠎ᠠ ᠵᠢᠨ ᠶᠠᠪᠤᠳᠠᠯ᠎ᠤᠨ ᠬᠠᠮᠢᠶᠠᠷᠤᠯᠲᠠ ᠵᠢ ᠬᠠᠷᠢᠭᠤᠴᠠᠵᠤ ᠪᠠᠢ᠌ᠭ᠎ᠠ ᠪᠠᠢ᠌ᠭᠤᠯᠤᠮᠵᠢ᠎ᠨᠢ ᠡᠳ᠋᠎ᠤᠨ ᠵᠠᠰᠠᠭ᠂ ᠲᠣᠭ᠎ᠠ ᠪᠠᠷᠢᠮᠲᠠ ᠵᠢᠨ ᠬᠠᠮᠢᠶᠠᠷᠤᠯᠲᠠ ᠵᠡᠷᠭᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠪᠠᠢ᠌ᠭᠤᠯᠭ᠎ᠠ ᠵᠢᠨ ᠠᠵᠢᠯᠯᠠᠭ᠋ᠠᠨ᠎ᠢ ᠪᠠᠲᠤᠯᠠᠬᠤ ᠮᠡᠳᠡᠭᠡ ᠵᠠᠩᠭᠢᠴᠢᠯᠠᠯᠲᠠ ᠵᠢᠨ ᠪᠠᠢ᠌ᠭᠤᠯᠤᠯᠲᠠ ᠵᠢ ᠨᠢᠭᠡᠳᠦᠯᠲᠡᠢ ᠲᠥᠯᠥᠪᠯᠡᠨ ᠠᠬᠢᠭᠤᠯᠵᠤ᠂ ᠲᠣᠭ᠎ᠠ ᠪᠠᠷᠢᠮᠲᠠ ᠵᠢᠨ ᠠᠭᠤᠰᠤᠯᠴᠠᠯ᠎ᠢ ᠬᠠᠮᠲᠤ᠎ᠪᠠᠷ ᠭᠦᠷᠳᠡᠭᠦ ᠲᠣᠭᠲᠠᠴᠠ ᠵᠢ ᠪᠠᠢ᠌ᠭᠤᠯᠤᠨ᠂ ᠰᠠᠯᠠᠭ᠎ᠠ ᠮᠥᠴᠢᠷ ᠠᠯᠤᠰᠯᠠᠭᠰᠠᠨ᠂ ᠣᠷᠣᠨ ᠪᠦᠰᠡ ᠠᠯᠤᠰᠯᠠᠭᠰᠠᠨ᠂ ᠰᠢᠰᠲ᠋ᠧᠮ ᠠᠯᠤᠰᠯᠠᠭᠰᠠᠨ ᠲᠠᠪᠴᠠᠩ᠎ᠤᠨ ᠪᠠᠲᠤᠯᠠᠭ᠎ᠠ ᠵᠢ ᠴᠢᠩᠭ᠋ᠠᠳᠬᠠᠵᠤ᠂ ᠪᠠᠢ᠌ᠭᠤᠯᠭ᠎ᠠ ᠵᠢᠨ ᠠᠵᠢᠯᠯᠠᠭ᠋ᠠᠨ᠎ᠢ ᠪᠠᠲᠤᠯᠠᠬᠤ ᠠᠷᠭ᠎ᠠ ᠮᠠᠶᠢᠭ᠂ ᠲᠤᠬᠠᠢ᠌ᠯᠠᠭᠰᠠᠨ ᠠᠵᠢᠯ᠎ᠤᠨ ᠴᠤᠪᠤᠷᠠᠯ ᠪᠠ ᠦᠢ᠍ᠯᠡᠴᠢᠯᠡᠭᠡᠨ᠎ᠤ ᠵᠠᠭᠪᠤᠷ᠎ᠢ ᠲᠣᠭ᠋ᠠᠴᠢᠯᠠᠬᠤ᠂ ᠣᠶᠤᠨᠴᠢᠯᠠᠬᠤ ᠵᠢ ᠠᠬᠢᠭᠤᠯᠤᠨ᠂ ᠬᠡᠪᠴᠢᠶᠡᠵᠢᠭᠦᠯᠦᠨ ᠡᠷᠴᠢᠮᠵᠢᠭᠦᠯᠬᠦ ᠳᠠᠪᠠᠭᠤᠯᠢᠭ᠎ᠢ ᠪᠠᠳᠠᠷᠠᠭᠤᠯᠵᠤ᠂ ᠪᠠᠢ᠌ᠭᠤᠯᠭ᠎ᠠ ᠵᠢᠨ ᠠᠵᠢᠯᠯᠠᠭ᠋ᠠᠨ᠎ᠢ ᠪᠠᠲᠤᠯᠠᠬᠤ ᠬᠢᠷᠢ ᠬᠡᠮᠵᠢᠶ᠎ᠡ ᠵᠢ ᠳᠡᠭᠡᠭᠰᠢᠯᠡᠭᠦᠯᠭᠦ ᠬᠡᠷᠡᠭᠲᠡᠢ᠃
ᠭᠤᠴᠢᠨ ᠨᠠᠢ᠍ᠮᠠᠳᠤᠭ᠋ᠠᠷ ᠵᠦᠢ᠍ᠯ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠪᠠᠢ᠌ᠭᠤᠯᠭ᠎ᠠ ᠵᠢᠨ ᠶᠠᠪᠤᠳᠠᠯ᠎ᠤᠨ ᠬᠠᠮᠢᠶᠠᠷᠤᠯᠲᠠ ᠵᠢ ᠬᠠᠷᠢᠭᠤᠴᠠᠵᠤ ᠪᠠᠢ᠌ᠭ᠎ᠠ ᠪᠠᠢ᠌ᠭᠤᠯᠤᠮᠵᠢ᠎ᠨᠤᠭᠤᠳ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠡᠳ᠋ ᠬᠥᠷᠥᠩᠭᠡ ᠵᠢᠨ ᠬᠠᠮᠢᠶᠠᠷᠤᠯᠲᠠ ᠵᠢ ᠬᠢᠨᠠᠨ ᠰᠢᠯᠭ᠋ᠠᠬᠤ᠂ ᠠᠯᠪᠠᠨ ᠬᠡᠷᠡᠭᠯᠡᠭᠡᠨ᠎ᠤ ᠭᠡᠷ ᠪᠠᠢ᠌ᠰᠢᠩ᠎ᠢ ᠲᠣᠭᠣᠷᠢᠨ ᠪᠠᠢ᠌ᠴᠠᠭ᠋ᠠᠬᠤ᠂ ᠠᠯᠪᠠᠨ ᠶᠠᠪᠤᠳᠠᠯ᠎ᠳᠤ ᠬᠡᠷᠡᠭᠯᠡᠬᠦ ᠲᠡᠷᠭᠡ ᠵᠢ ᠱᠠᠯᠠᠪᠳᠠᠭᠤᠯᠤᠨ ᠪᠠᠢ᠌ᠴᠠᠭ᠋ᠠᠬᠤ᠂ ᠪᠣᠬᠢᠷᠳᠤᠯ ᠦᠭᠡᠢ ᠬᠥᠭᠵᠢᠯᠲᠡ ᠵᠢ ᠦᠨᠡᠯᠡᠬᠦ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ ᠪᠠᠢ᠌ᠭᠤᠯᠭ᠎ᠠ ᠵᠢᠨ ᠠᠵᠢᠯᠯᠠᠭ᠋ᠠᠨ᠎ᠤ ᠪᠠᠲᠤᠯᠠᠭ᠎ᠠ ᠵᠢᠨ ᠠᠵᠢᠯ᠎ᠳᠤ ᠬᠢᠨᠠᠯᠲᠠ ᠲᠠᠯᠪᠢᠵᠤ ᠪᠠᠢ᠌ᠴᠠᠭ᠋ᠠᠬᠤ ᠵᠢᠨ ᠬᠠᠮᠲᠤ ᠬᠢᠨᠠᠯᠲᠠ ᠲᠠᠯᠪᠢᠵᠤ ᠪᠠᠢ᠌ᠴᠠᠭ᠋ᠠᠭᠰᠠᠨ ᠦᠷ᠎ᠡ ᠳ᠋ᠦᠩ ᠵᠶ᠋ᠡᠨ ᠲᠣᠭᠲᠠᠭ᠋ᠠᠯ ᠶᠣᠰᠣᠭ᠋ᠠᠷ ᠮᠡᠳᠡᠭᠳᠡᠬᠦ ᠬᠡᠷᠡᠭᠲᠡᠢ᠃
ᠭᠤᠴᠢ ᠶᠢᠰᠦᠳᠦᠭᠡᠷ ᠵᠦᠢ᠍ᠯ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠪᠠᠢ᠌ᠭᠤᠯᠭ᠎ᠠ ᠵᠢᠨ ᠶᠠᠪᠤᠳᠠᠯ᠎ᠤᠨ ᠬᠠᠮᠢᠶᠠᠷᠤᠯᠲᠠ ᠵᠢ ᠬᠠᠷᠢᠭᠤᠴᠠᠵᠤ ᠪᠠᠢ᠌ᠭ᠎ᠠ ᠪᠠᠢ᠌ᠭᠤᠯᠤᠮᠵᠢ᠎ᠨᠢ ᠪᠠᠢ᠌ᠭᠤᠯᠭ᠎ᠠ ᠵᠢᠨ ᠠᠵᠢᠯᠯᠠᠭ᠋ᠠᠨ᠎ᠤ ᠪᠠᠲᠤᠯᠠᠭ᠎ᠠ ᠵᠢᠨ ᠠᠵᠢᠯ᠎ᠤᠨ ᠠᠮᠵᠢᠯᠲᠠ ᠪᠦᠲᠦᠮᠵᠢ ᠵᠢᠨ ᠲᠤᠬᠠᠢ ᠬᠠᠮᠢᠶᠠᠷᠤᠯᠲᠠ ᠪᠠ ᠰᠢᠯᠭ᠋ᠠᠨ ᠬᠢᠨᠠᠵᠤ ᠦᠨᠡᠯᠡᠬᠦ᠎ᠪᠠᠨ ᠴᠢᠩᠭ᠋ᠠᠳᠬᠠᠵᠤ᠂ ᠦᠢ᠍ᠯᠡᠴᠢᠯᠡᠭᠡᠨ᠎ᠤ ᠪᠠᠲᠤᠯᠠᠭ᠎ᠠ ᠵᠢᠨ ᠡᠲᠡᠭᠡᠳ᠎ᠤᠨ ᠪᠠᠢ᠌ᠭᠤᠯᠭ᠎ᠠ ᠵᠢᠨ ᠠᠵᠢᠯᠯᠠᠭ᠋ᠠᠨ᠎ᠤ ᠪᠠᠲᠤᠯᠠᠭ᠎ᠠ ᠵᠢᠨ ᠠᠵᠢᠯ᠎ᠤᠨ ᠲᠤᠬᠠᠢ ᠰᠠᠨᠠᠯ ᠪᠠ ᠰᠠᠨᠠᠭᠤᠯᠭ᠎ᠠ ᠵᠢ ᠲᠣᠭᠲᠠᠮᠠᠯ ᠬᠤᠭᠤᠴᠠᠭ᠎ᠠ᠎ᠲᠠᠢ᠎ᠪᠠᠷ ᠬᠤᠷᠢᠶᠠᠵᠤ᠂ ᠡᠩᠨᠡᠭᠡ ᠵᠢᠨ ᠪᠠᠢ᠌ᠭᠤᠯᠤᠯᠲᠠ ᠵᠢ ᠴᠢᠩᠭ᠋ᠠᠳᠬᠠᠨ᠂ ᠦᠢ᠍ᠯᠡᠴᠢᠯᠡᠭᠡᠨ᠎ᠤ ᠪᠠᠲᠤᠯᠠᠭ᠎ᠠ ᠵᠢᠨ ᠴᠢᠳᠠᠪᠤᠷᠢ ᠵᠢ ᠳᠡᠭᠡᠭᠰᠢᠯᠡᠭᠦᠯᠵᠦ᠂ ᠦᠢ᠍ᠯᠡᠴᠢᠯᠡᠭᠡᠨ᠎ᠤ ᠪᠠᠲᠤᠯᠠᠭ᠎ᠠ ᠵᠢᠨ ᠠᠵᠢᠯ᠎ᠢ ᠰᠠᠢ᠌ᠵᠢᠷᠠᠭᠤᠯᠬᠤ ᠬᠡᠷᠡᠭᠲᠡᠢ᠃
ᠳᠥᠴᠢᠳᠦᠭᠡᠷ ᠵᠦᠢ᠍ᠯ ᠪᠠᠢ᠌ᠭᠤᠯᠭ᠎ᠠ ᠵᠢᠨ ᠠᠵᠢᠯᠯᠠᠭ᠋ᠠᠨ᠎ᠢ ᠪᠠᠲᠤᠯᠠᠬᠤ ᠠᠵᠢᠯ᠎ᠤᠨ ᠬᠣᠯᠪᠣᠭᠳᠠᠯ ᠪᠦᠬᠦᠢ ᠵᠦᠢ᠍ᠯᠡᠰ᠎ᠢ ᠬᠠᠤᠯᠢ ᠶᠣᠰᠣᠭ᠋ᠠᠷ ᠨᠡᠢ᠌ᠭᠡᠮ᠎ᠳᠤ ᠢᠯᠡ ᠪᠤᠯᠭ᠋ᠠᠵᠤ᠂ ᠣᠯᠠᠨ ᠨᠡᠢ᠌ᠲᠡ ᠵᠢᠨ ᠬᠢᠨᠠᠯᠲᠠ ᠵᠢ
ᠤᠬᠠᠮᠰᠠᠷ᠎ᠠᠴᠠ᠎ᠪᠠᠨ ᠬᠦᠯᠢᠶᠡᠬᠦ ᠬᠡᠷᠡᠭᠲᠡᠢ᠃
ᠳᠣᠯᠣᠳᠤᠭ᠋ᠠᠷ ᠪᠦᠯᠦᠭ ᠬᠠᠤᠯᠢ ᠵᠢᠨ ᠬᠠᠷᠢᠭᠤᠴᠠᠯᠭ᠎ᠠ
ᠳᠥᠴᠢᠨ ᠨᠢᠭᠡᠳᠦᠭᠡᠷ ᠵᠦᠢ᠍ᠯ ᠲᠤᠰ ᠳᠦᠷᠢᠮ᠎ᠤᠨ ᠲᠣᠭᠲᠠᠭ᠋ᠠᠯ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ᠎ᠳᠤ᠂ ᠤᠯᠤᠰ᠎ᠤᠨ ᠬᠣᠯᠪᠣᠭᠳᠠᠯ ᠪᠦᠬᠦᠢ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠳᠤ ᠪᠣᠳᠠᠲᠠᠢ ᠰᠢᠢ᠍ᠳᠬᠡᠨ ᠲᠣᠷᠭ᠋ᠠᠬᠤ ᠲᠣᠭᠲᠠᠭ᠋ᠠᠯ ᠭᠠᠷᠭ᠋ᠠᠭᠰᠠᠨ ᠪᠣᠯ ᠲᠡᠷᠡ ᠲᠣᠭᠲᠠᠭ᠋ᠠᠯ᠎ᠢ᠎ᠨᠢ ᠳᠠᠭ᠋ᠠᠬᠤ ᠬᠡᠷᠡᠭᠲᠡᠢ᠃
ᠳᠥᠴᠢᠨ ᠬᠣᠶᠠᠳᠤᠭ᠋ᠠᠷ ᠵᠦᠢ᠍ᠯ ᠲᠤᠰ ᠳᠦᠷᠢᠮ᠎ᠤᠨ ᠲᠣᠭᠲᠠᠭ᠋ᠠᠯ᠎ᠠᠴᠠ ᠵᠥᠷᠢᠴᠡᠭᠰᠡᠨ᠂ ᠳᠣᠣᠷᠠᠬᠢ ᠪᠠᠢ᠌ᠳᠠᠯ᠎ᠤᠨ ᠨᠢᠭᠡ᠎ᠨᠢ ᠪᠠᠢ᠌ᠪᠠᠯ ᠡᠷᠬᠡᠲᠦ ᠪᠠᠢ᠌ᠭᠤᠯᠭ᠎ᠠ ᠪᠤᠶᠤ ᠪᠤᠰᠤᠳ ᠰᠢᠭᠤᠳ ᠬᠠᠷᠢᠭᠤᠴᠠᠯᠭ᠎ᠠ᠎ᠲᠠᠢ ᠬᠥᠮᠥᠰ᠎ᠲᠤ ᠬᠠᠤᠯᠢ ᠶᠣᠰᠣᠭ᠋ᠠᠷ ᠰᠢᠢ᠍ᠳᠬᠡᠯ ᠥᠭᠭᠦᠨ᠎ᠡ᠄
(ᠨᠢᠭᠡ) ᠲᠣᠭᠲᠠᠭ᠋ᠠᠯ᠎ᠠᠴᠠ ᠵᠥᠷᠢᠴᠡᠨ ᠠᠯᠪᠠᠨ ᠬᠡᠷᠡᠭᠯᠡᠭᠡᠨ᠎ᠤ ᠭᠡᠷ ᠪᠠᠢ᠌ᠰᠢᠩ᠎ᠢ ᠪᠦᠲᠦᠭᠡᠨ ᠪᠠᠢ᠌ᠭᠤᠯᠤᠭᠰᠠᠨ᠂ ᠬᠤᠳᠠᠯᠳᠤᠨ ᠠᠪᠤᠭᠰᠠᠨ᠂ ᠲᠦᠷᠢᠶᠡᠰᠦᠯᠡᠭᠦᠯᠦᠭᠰᠡᠨ᠂ ᠵᠢᠭᠡᠯᠡᠨ ᠬᠡᠷᠡᠭᠯᠡᠭᠰᠡᠨ᠂ ᠬᠤᠪᠢᠶᠠᠷᠢᠯᠠᠭᠰᠠᠨ᠂ ᠰᠡᠯᠪᠢᠨ ᠵᠠᠰᠠᠭᠰᠠᠨ᠂ ᠴᠢᠮᠡᠭᠯᠡᠭᠰᠡᠨ ᠪᠤᠶᠤ ᠠᠯᠪᠠᠨ ᠬᠡᠷᠡᠭᠯᠡᠭᠡᠨ᠎ᠤ ᠭᠡᠷ ᠪᠠᠢ᠌ᠰᠢᠩ᠎ᠤᠨ ᠬᠡᠷᠡᠭᠯᠡᠬᠦ ᠴᠢᠳᠠᠮᠵᠢ ᠵᠢ ᠳᠤᠷ᠎ᠠ᠎ᠪᠠᠷ ᠵᠶ᠋ᠠᠨ ᠲᠦᠷᠢᠶᠡᠰᠦᠯᠡᠭᠦᠯᠦᠭᠰᠡᠨ᠂ ᠵᠢᠭᠡᠯᠡᠭᠦᠯᠦᠭᠰᠡᠨ ᠪᠠ ᠬᠤᠪᠢᠷᠠᠭᠤᠯᠤᠬᠰᠠᠨ;
(ᠬᠣᠶᠠᠷ) ᠠᠯᠪᠠᠨ ᠶᠠᠪᠤᠳᠠᠯ᠎ᠳᠤ ᠬᠡᠷᠡᠭᠯᠡᠬᠦ ᠲᠡᠷᠭᠡ ᠵᠢ ᠲᠣᠭᠲᠠᠭ᠋ᠠᠯ᠎ᠠᠴᠠ ᠵᠥᠷᠢᠴᠡᠨ ᠲᠣᠬᠢᠷᠠᠭᠤᠯᠤᠭᠰᠠᠨ᠂ ᠰᠢᠨᠡᠳᠬᠡᠭᠰᠡᠨ᠂ ᠬᠡᠷᠡᠭᠯᠡᠭᠰᠡᠨ ᠪᠠ ᠰᠢᠢᠳᠪᠦᠷᠢᠯᠡᠭᠰᠡᠨ;
(ᠭᠤᠷᠪᠠ) ᠲᠣᠭᠲᠠᠭ᠋ᠠᠯ᠎ᠠᠴᠠ ᠵᠥᠷᠢᠴᠡᠨ ᠵᠦᠯᠭᠡ ᠭᠠᠵᠠᠷ᠎ᠤᠨ ᠲᠠᠯᠠᠪᠠᠶ ᠵᠢ ᠳᠤᠷ᠎ᠠ᠎ᠪᠠᠷ ᠵᠶ᠋ᠠᠨ ᠥᠷᠭᠡᠳᠬᠡᠭᠰᠡᠨ ᠪᠤᠶᠤ ᠪᠠᠭ᠋ᠠᠰᠬᠠᠵᠤ᠂ ᠬᠣᠪᠣᠷ ᠨᠠᠨᠳᠢᠨ ᠮᠣᠳᠣ ᠴᠡᠴᠡᠭ ᠡᠪᠡᠰᠦ ᠵᠢ ᠪᠣᠳᠠᠲᠤ ᠬᠡᠷᠡᠭᠴᠡᠭᠡ ᠠᠴᠠ ᠳᠠᠪᠠᠭᠤᠯᠤᠨ ᠵᠠᠢ᠌ᠯᠠᠵᠤ᠂ ᠪᠦᠷᠢᠯᠭᠡᠨ ᠰᠦᠢ᠍ᠳᠬᠡᠵᠦ ᠠᠷᠠᠴᠢᠯᠠᠨ ᠬᠠᠮᠠᠭ᠋ᠠᠯᠠᠬᠤ ᠪᠠᠷᠢᠮᠵᠢᠶ᠎ᠠ ᠵᠢ ᠳᠡᠭᠡᠭᠰᠢᠯᠡᠭᠦᠯᠦᠭᠰᠡᠨ;
(ᠳᠥᠷᠪᠡ) ᠲᠤᠰ ᠳᠦᠷᠢᠮ᠎ᠤᠨ ᠲᠣᠭᠲᠠᠭ᠋ᠠᠯ᠎ᠠᠴᠠ ᠵᠥᠷᠢᠴᠡᠭᠰᠡᠨ ᠪᠤᠰᠤᠳ ᠦᠢ᠍ᠯᠡ ᠠᠵᠢᠯᠯᠠᠭ᠎ᠠ᠃
ᠳᠥᠴᠢᠨ ᠭᠤᠷᠪᠠᠳᠤᠭ᠋ᠠᠷ ᠵᠦᠢ᠍ᠯ ᠪᠠᠢ᠌ᠭᠤᠯᠭ᠎ᠠ ᠵᠢᠨ ᠠᠵᠢᠯᠯᠠᠭ᠋ᠠᠨ᠎ᠢ ᠪᠠᠲᠤᠯᠠᠬᠤ ᠠᠵᠢᠯ᠎ᠤᠨ ᠳᠤᠮᠳᠠ ᠲᠤᠰᠢᠶᠠᠯ ᠬᠠᠷᠢᠭᠤᠴᠠᠯᠭ᠎ᠠ᠎ᠪᠠᠨ ᠣᠮᠲᠣᠭ᠋ᠠᠢ᠌ᠯᠠᠨ᠂ ᠡᠷᠬᠡ ᠲᠤᠰᠢᠶᠠᠯ ᠵᠶ᠋ᠠᠨ ᠳᠤᠷ᠎ᠠ᠎ᠪᠠᠷ ᠵᠶ᠋ᠠᠨ ᠬᠡᠷᠡᠭᠯᠡᠵᠦ᠂ ᠬᠤᠪᠢ ᠵᠢᠨ ᠨᠠᠢ᠌ᠷ ᠵᠶ᠋ᠠᠷ ᠭᠡᠮ ᠬᠢᠭᠰᠡᠨ ᠪᠠᠢ᠌ᠪᠠᠯ᠂ ᠰᠢᠭᠤᠳ ᠬᠠᠷᠢᠭᠤᠴᠠᠵᠤ ᠪᠠᠢ᠌ᠭ᠎ᠠ ᠭᠣᠣᠯᠯᠠᠨ ᠬᠠᠮᠢᠶᠠᠷᠬᠤ ᠬᠥᠮᠥᠨ ᠪᠠ ᠰᠢᠭᠤᠳ ᠬᠠᠷᠢᠭᠤᠴᠠᠯᠭ᠎ᠠ᠎ᠲᠠᠢ ᠪᠤᠰᠤᠳ ᠬᠥᠮᠥᠨ᠎ᠳᠤ ᠬᠠᠤᠯᠢ ᠶᠣᠰᠣᠭ᠋ᠠᠷ ᠰᠢᠢ᠍ᠳᠬᠡᠯ ᠥᠭᠭᠦᠨ᠎ᠡ; ᠶᠠᠯ᠎ᠠ ᠪᠣᠯᠵᠤ ᠪᠦᠷᠢᠯᠳᠦᠭᠰᠡᠨ ᠪᠠᠢ᠌ᠪᠠᠯ ᠬᠠᠤᠯᠢ ᠶᠣᠰᠣᠭ᠋ᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠡ᠃
ᠨᠠᠢ᠍ᠮᠠᠳᠤᠭ᠋ᠠᠷ ᠪᠦᠯᠦᠭ ᠳᠠᠭ᠋ᠠᠯᠳᠤᠭᠤᠯᠤᠯ ᠳᠦᠷᠢᠮ
ᠳᠥᠴᠢᠨ ᠳᠥᠷᠪᠡᠳᠦᠭᠡᠷ ᠵᠦᠢ᠍ᠯ ᠨᠡᠢ᠌ᠲᠡ ᠵᠢᠨ ᠠᠰᠠᠷᠠᠮᠵᠢ ᠵᠢᠨ ᠨᠢᠭᠡᠳᠦᠭᠡᠷ ᠲᠥᠷᠥᠯ᠎ᠤᠨ ᠠᠵᠢᠯ ᠦᠢ᠍ᠯᠡᠰ᠎ᠤᠨ ᠨᠢᠭᠡᠴᠢ ᠵᠢᠨ ᠪᠠᠢ᠌ᠭᠤᠯᠭ᠎ᠠ ᠵᠢᠨ ᠠᠵᠢᠯᠯᠠᠭ᠋ᠠᠨ᠎ᠤ ᠪᠠᠲᠤᠯᠠᠭ᠎ᠠ ᠵᠢᠨ ᠠᠵᠢᠯ᠎ᠢ ᠲᠤᠰ ᠳᠦᠷᠢᠮ ᠵᠶ᠋ᠡᠷ ᠯᠠᠪᠯᠠᠯᠲᠠ ᠪᠣᠯᠭ᠋ᠠᠨ ᠬᠡᠷᠡᠭᠵᠢᠭᠦᠯᠦᠨ᠎ᠡ᠃
ᠳᠥᠴᠢᠨ ᠲᠠᠪᠤᠳᠤᠭ᠋ᠠᠷ ᠵᠦᠢ᠍ᠯ ᠲᠤᠰ ᠳᠦᠷᠢᠮ᠎ᠢ 2025 ᠣᠨ᠎ᠤ 1 ᠰᠠᠷ᠎ᠠ ᠵᠢᠨ 1᠎ᠤ ᠡᠳᠦᠷ᠎ᠠᠴᠠ ᠡᠬᠢᠯᠡᠨ ᠬᠡᠷᠡᠭᠵᠢᠭᠦᠯᠦᠨ᠎ᠡ᠃