ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠠᠯᠪᠠᠨ ᠲᠢᠩᠬᠢᠮ᠂ ᠥᠪᠡᠷᠲᠡᠭᠡᠨ ᠵᠠᠰᠠᠬᠤ
ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ ᠣᠢ᠌ᠷ᠎ᠠ᠎ᠳᠤ 《ᠲᠠᠷᠢᠶᠠᠨ ᠭᠠᠵᠠᠷ᠎ᠤᠨ ᠬᠠᠮᠠᠭ᠋ᠠᠯᠠᠯᠲᠠ ᠵᠢ ᠴᠢᠩᠭ᠋ᠠᠳᠬᠠᠬᠤ ᠲᠠᠷᠢᠶᠠᠨ ᠭᠠᠵᠠᠷ᠎ᠤᠨ ᠶᠠᠰᠤ ᠴᠢᠨᠠᠷ᠎ᠢ ᠳᠡᠭᠡᠭᠰᠢᠯᠡᠭᠦᠯᠭᠦ ᠡᠵᠡᠯᠡᠵᠦ
ᠨᠥᠬᠥᠪᠦᠷᠢᠯᠡᠬᠦ ᠵᠢ ᠲᠡᠩᠴᠡᠭᠦᠷᠢᠲᠡᠢ ᠪᠠᠢ᠌ᠯᠭ᠋ᠠᠬᠤ ᠵᠢ ᠲᠡᠭᠦᠯᠳᠡᠷᠵᠢᠭᠦᠯᠬᠦ ᠲᠤᠬᠠᠢ ᠬᠡᠷᠡᠭᠵᠢᠭᠦᠯᠬᠦ ᠰᠠᠨᠠᠯ》 (ᠳᠣᠷᠣᠭᠰᠢ 《ᠬᠡᠷᠡᠭᠵᠢᠭᠦᠯᠬᠦ ᠰᠠᠨᠠᠯ》 ᠭᠡᠵᠦ ᠳᠥᠭᠥᠮᠴᠢᠯᠡᠨ᠎ᠡ)᠎ᠢ ᠳᠠᠷᠤᠮᠠᠯᠯᠠᠨ ᠲᠠᠷᠬᠠᠭ᠋ᠠᠪᠠ᠃
《ᠬᠡᠷᠡᠭᠵᠢᠭᠦᠯᠬᠦ ᠰᠠᠨᠠᠯ》᠎ᠳᠤ ᠲᠠᠷᠢᠶᠠᠨ ᠭᠠᠵᠠᠷ᠎ᠤᠨ ᠶᠠᠰᠤ ᠴᠢᠨᠠᠷ᠎ᠢ ᠪᠦᠭᠦ ᠲᠠᠯ᠎ᠠ᠎ᠪᠠᠷ ᠳᠡᠭᠡᠭᠰᠢᠯᠡᠭᠦᠯᠭᠦ᠂ ᠲᠠᠷᠢᠶᠠᠨ ᠭᠠᠵᠠᠷ᠎ᠢ ᠡᠵᠡᠯᠡᠬᠦ ᠪᠠ ᠨᠥᠬᠥᠪᠦᠷᠢᠯᠡᠬᠦ ᠵᠢ ᠲᠡᠩᠴᠡᠭᠦᠷᠢᠲᠡᠢ ᠪᠠᠢ᠌ᠯᠭ᠋ᠠᠬᠤ ᠳᠦᠷᠢᠮ᠎ᠢ ᠥᠭᠡᠷᠡᠴᠢᠯᠡᠨ ᠲᠡᠭᠦᠯᠳᠡᠷᠵᠢᠭᠦᠯᠬᠦ᠂ ᠮᠠᠯᠴᠢᠨ ᠲᠠᠷᠢᠶᠠᠴᠢᠳ ᠪᠠ ᠣᠷᠣᠨ ᠨᠤᠲᠤᠭ᠎ᠤᠨ ᠵᠠᠰᠠᠭ᠎ᠤᠨ ᠣᠷᠳᠣᠨ᠎ᠢ ᠳᠠᠢ᠌ᠴᠢᠯᠠᠨ ᠲᠠᠷᠢᠶᠠᠨ ᠭᠠᠵᠠᠷ᠎ᠢ ᠬᠠᠮᠠᠭ᠋ᠠᠯᠠᠬᠤ᠂ ᠠᠮᠤ ᠪᠤᠳᠠᠭ᠋ᠠᠨ᠎ᠤ ᠲᠠᠷᠢᠮᠠᠯ ᠲᠠᠷᠢᠬᠤ ᠢᠳᠡᠪᠬᠢᠵᠢᠯ᠎ᠢ ᠳᠠᠢ᠌ᠴᠢᠯᠠᠬᠤ᠂ ᠡᠯ᠎ᠡ ᠲᠥᠷᠥᠯ᠎ᠤᠨ ᠤᠯᠠᠮᠵᠢᠯᠠᠯᠲᠤ ᠪᠤᠰᠤ ᠲᠠᠷᠢᠶᠠᠨ ᠭᠠᠵᠠᠷ᠎ᠤᠨ ᠡᠬᠢ ᠪᠠᠶᠠᠯᠢᠭ᠎ᠢ ᠢᠳᠡᠪᠬᠢᠲᠡᠢ ᠨᠡᠭᠡᠭᠡᠨ ᠬᠥᠭᠵᠢᠭᠦᠯᠬᠦ᠂ ᠵᠣᠬᠢᠶᠠᠨ ᠪᠠᠢ᠌ᠭᠤᠯᠤᠯᠲᠠ ᠵᠢᠨ ᠪᠠᠲᠤᠯᠠᠭ᠎ᠠ ᠵᠡᠷᠭᠡ 6 ᠲᠠᠯ᠎ᠠ᠎ᠠᠴᠠ ᠲᠠᠷᠢᠶᠠᠨ ᠭᠠᠵᠠᠷ᠎ᠤᠨ ᠠᠮᠤ ᠪᠤᠳᠠᠭ᠋ᠠᠨ᠎ᠤ
ᠦᠢ᠍ᠯᠡᠳᠪᠦᠷᠢᠯᠡᠯ᠎ᠤᠨ ᠴᠢᠳᠠᠪᠤᠷᠢ ᠵᠢ ᠪᠠᠲᠤᠯᠠᠵᠤ ᠮᠡᠷᠭᠡᠵᠢᠯ ᠵᠢᠡᠷ ᠠᠮᠤ ᠪᠤᠳᠠᠭ᠋ᠠᠨ᠎ᠤ ᠤᠨᠠᠯᠳᠠ ᠵᠢ ᠨᠡᠮᠡᠭᠳᠡᠭᠦᠯᠬᠦ ᠪᠠᠢ᠌ᠯᠳᠤᠬᠤ ᠪᠣᠳᠣᠯᠭ᠎ᠠ ᠵᠢ ᠪᠦᠭᠦ ᠲᠠᠯ᠎ᠠ᠎ᠪᠠᠷ ᠨᠠᠢ᠌ᠳᠠᠪᠤᠷᠢᠵᠢᠭᠤᠯᠬᠤ ᠵᠢ ᠠᠬᠢᠭᠤᠯᠪᠠ᠃
《ᠬᠡᠷᠡᠭᠵᠢᠭᠦᠯᠬᠦ ᠰᠠᠨᠠᠯ》᠎ᠳᠤ᠂ ᠥᠪᠡᠷᠲᠡᠭᠡᠨ ᠵᠠᠰᠠᠬᠤ ᠣᠷᠣᠨ᠎ᠠᠴᠠ ᠲᠠᠷᠢᠶᠠᠨ ᠭᠠᠵᠠᠷ᠎ᠢ ᠬᠠᠮᠠᠭ᠋ᠠᠯᠠᠬᠤ ᠬᠠᠷᠢᠭᠤᠴᠠᠯᠭ᠎ᠠ ᠵᠢ ᠪᠦᠭᠦ ᠲᠠᠯ᠎ᠠ᠎ᠪᠠᠷ ᠪᠣᠳᠠᠲᠠᠢ᠌ᠵᠢᠭᠤᠯᠵᠤ᠂ ᠪᠦᠭᠦ ᠣᠷᠣᠨ᠎ᠤ ᠲᠠᠷᠢᠶᠠᠨ ᠭᠠᠵᠠᠷ 17050 ᠲᠦᠮᠡᠨ ᠮᠦ᠍᠎ᠠᠴᠠ ᠳᠡᠭᠡᠭᠰᠢ ᠪᠠᠢ᠌ᠬᠤ ᠵᠢ ᠪᠠᠲᠤᠯᠠᠨ᠂ ᠡᠭᠦᠷᠢᠳᠡ ᠵᠢᠨ ᠦᠨᠳᠦᠰᠦᠨ ᠲᠠᠷᠢᠶᠠᠨ ᠭᠠᠵᠠᠷ᠎ᠤᠨ ᠬᠠᠮᠠᠭ᠋ᠠᠯᠠᠯᠲᠠ ᠵᠢᠨ ᠲᠠᠯᠠᠪᠠᠶ 13383 ᠲᠦᠮᠡᠨ ᠮᠦ᠍᠎ᠠᠴᠠ ᠳᠡᠭᠡᠭᠰᠢ ᠪᠠᠢ᠌ᠬᠤ ᠵᠢ ᠦᠨᠡᠨ ᠬᠦ᠌ ᠪᠠᠲᠤᠯᠠᠨ᠎ᠠ᠃ ᠥᠪᠡᠷᠲᠡᠭᠡᠨ ᠵᠠᠰᠠᠬᠤ ᠣᠷᠣᠨ᠎ᠠᠴᠠ ᠲᠠᠷᠢᠶᠠᠨ ᠭᠠᠵᠠᠷ᠎ᠢ ᠬᠠᠮᠠᠭ᠋ᠠᠯᠠᠬᠤ᠎ᠳᠤ ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ ᠵᠢ ᠪᠦᠭᠦ ᠲᠠᠯ᠎ᠠ᠎ᠪᠠᠷ ᠨᠠᠢ᠌ᠳᠠᠪᠤᠷᠢᠵᠢᠭᠤᠯᠤᠨ᠂ ᠲᠠᠷᠢᠶᠠᠨ ᠭᠠᠵᠠᠷ᠎ᠤᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ᠎ᠢ ᠡᠪᠳᠡᠬᠦ ᠵᠡᠷᠭᠡ ᠴᠢᠬᠤᠯᠠ ᠶᠡᠬᠡ ᠠᠰᠠᠭᠤᠳᠠᠯ ᠣᠷᠣᠰᠢᠵᠤ ᠪᠠᠢ᠌ᠪᠠᠯ 《ᠨᠢᠭᠡ ᠪᠢᠯᠧᠲ ᠵᠢᠡᠷ ᠦᠭᠡᠢ᠌ᠰᠭᠡᠭᠦ》 ᠠᠷᠭ᠎ᠠ ᠠᠪᠴᠠᠯ᠎ᠢ ᠬᠡᠷᠡᠭᠵᠢᠭᠦᠯᠵᠦ᠂ ᠴᠢᠩᠭ᠎ᠠ ᠬᠠᠷᠢᠭᠤᠴᠠᠯᠭ᠎ᠠ ᠨᠡᠬᠡᠮᠵᠢᠯᠡᠵᠦ ᠨᠠᠰᠤᠨ ᠲᠤᠷᠰᠢᠲᠠ ᠬᠠᠷᠢᠭᠤᠴᠠᠯᠭ᠎ᠠ ᠨᠡᠬᠡᠮᠵᠢᠯᠡᠨ᠎ᠡ ᠭᠡᠵᠦ ᠵᠢᠭ᠋ᠠᠵᠤ ᠭᠠᠷᠭ᠋ᠠᠵᠠᠢ᠃