ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠬᠠᠣᠯᠢ᠎ᠪᠠᠷ ᠵᠠᠰᠠᠬᠤ
ᠦᠢᠯᠡᠴᠢᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠬᠠᠤᠯᠢ ᠴᠠᠭᠠᠵᠠ ᠳᠦᠷᠢᠮ ᠳᠤᠭᠲᠠᠭᠠᠯ
ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠠᠯᠪᠠᠨ ᠲᠢᠩᠬᠢᠮ 《ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢᠨ ᠰᠠᠭᠤᠷᠢ ᠮᠥᠩᠭᠥ ᠵᠢᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠲᠤᠬᠠᠢ ᠵᠢᠯᠤᠭᠣᠳᠬᠤ ᠰᠠᠨᠠᠯ》 ᠳᠠᠷᠤᠮᠠᠯᠯᠠᠨ ᠲᠠᠷᠬᠠᠭ᠋ᠠᠪᠠ
ᠨᠡᠶ᠋ᠢᠲᠡᠯᠡᠭᠰᠡᠨ ᠴᠠᠭ᠄ 2025-01-10

      ᠣᠢ᠌ᠷ᠎ᠠ᠎ᠳᠤ᠂ ᠲᠦᠷᠦ ᠵᠢᠨ ᠶᠠᠪᠤᠳᠠᠯ᠎ᠤᠨ ᠬᠣᠷᠢᠶ᠎ᠠ ᠵᠢᠨ ᠠᠯᠪᠠᠨ ᠲᠢᠩᠬᠢᠮ 《ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢᠨ ᠰᠠᠭᠤᠷᠢ ᠮᠥᠩᠭᠥ ᠵᠢᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠲᠤᠬᠠᠢ ᠵᠢᠯᠤᠭᠣᠳᠬᠤ ᠰᠠᠨᠠᠯ》 (ᠳᠣᠷᠣᠭᠰᠢ 《ᠵᠢᠯᠤᠭᠣᠳᠬᠤ ᠰᠠᠨᠠᠯ》 ᠭᠡᠵᠦ ᠳᠥᠭᠥᠮᠴᠢᠯᠡᠨ᠎ᠡ)᠎ᠢ ᠳᠠᠷᠤᠮᠠᠯᠯᠠᠨ ᠲᠠᠷᠬᠠᠭ᠋ᠠᠪᠠ᠃ 《ᠵᠢᠯᠤᠭᠣᠳᠬᠤ ᠰᠠᠨᠠᠯ》᠎ᠳᠤ 7 ᠲᠠᠯ᠎ᠠ ᠵᠢᠨ 25 ᠵᠤᠷᠪᠤᠰ ᠠᠷᠭ᠎ᠠ ᠬᠡᠮᠵᠢᠶ᠎ᠡ ᠵᠢ ᠳᠤᠷᠠᠳᠴᠤ᠂ ᠨᠠᠩ ᠰᠢᠨᠵᠢᠯᠡᠬᠦ ᠤᠬᠠᠭ᠋ᠠᠨᠴᠢ ᠥᠨᠳᠥᠷ ᠪᠦᠲᠦᠮᠵᠢᠲᠡᠶ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢᠨ ᠰᠠᠭᠤᠷᠢ ᠮᠥᠩᠭᠥ ᠵᠢᠨ ᠬᠠᠮᠢᠶᠠᠷᠤᠯᠲᠠ ᠵᠢᠨ ᠰᠢᠰᠲ᠋ᠧᠮ᠎ᠢ ᠪᠠᠢ᠌ᠭᠤᠯᠵᠤ᠂ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢᠨ ᠰᠠᠭᠤᠷᠢ ᠮᠥᠩᠭᠥ ᠵᠢᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠵᠢ ᠵᠣᠷᠢᠭᠰᠠᠨ ᠪᠠᠢ᠌ᠨ᠎ᠠ᠃

      《ᠵᠢᠯᠤᠭᠣᠳᠬᠤ ᠰᠠᠨᠠᠯ》᠎ᠳᠤ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠤᠯᠭ᠋ᠠᠬᠤ ᠵᠢ ᠪᠠᠷᠢᠮᠲᠠᠯᠠᠵᠤ᠂ ᠨᠠᠮ᠎ᠤᠨ ᠬᠣᠷᠢᠳᠤᠭ᠋ᠠᠷ ᠶᠡᠬᠡ ᠬᠤᠷᠠᠯ ᠪᠠ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶ᠎ᠠ ᠵᠢᠨ ᠬᠣᠶᠠᠳᠤᠭ᠋ᠠᠷ᠂ ᠭᠤᠷᠪᠠᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠵᠤ᠂ ᠵᠠᠰᠠᠭ᠎ᠤᠨ ᠣᠷᠳᠣᠨ᠎ᠤ ᠬᠥᠲᠥᠯᠥᠨ ᠵᠢᠯᠤᠭᠣᠳᠬᠤ ᠪᠠ ᠲᠥᠷᠥ ᠵᠢᠨ ᠪᠣᠳᠣᠯᠭ᠎ᠠ ᠵᠢᠨ ᠴᠢᠨᠠᠷᠲᠠᠢ ᠪᠠᠢ᠌ᠷᠢ ᠲᠣᠭᠲᠠᠭ᠋ᠠᠯᠲᠠ ᠵᠢ ᠳᠣᠪᠤᠢ᠌ᠯᠭ᠋ᠠᠵᠤ᠂ ᠵᠠᠬ᠎ᠠ ᠳᠡᠯᠭᠡᠭᠦᠷᠴᠢᠯᠡᠬᠦ᠂ ᠬᠠᠤᠯᠢᠵᠢᠭᠤᠯᠬᠤ᠂ ᠲᠤᠰᠬᠠᠢ᠌ᠵᠢᠭᠤᠯᠬᠤ ᠵᠠᠷᠴᠢᠮ ᠶᠣᠰᠣᠭ᠋ᠠᠷ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢᠨ ᠰᠠᠭᠤᠷᠢ ᠮᠥᠩᠭᠥ ᠵᠢ ᠵᠢᠷᠤᠮᠵᠢᠭᠤᠯᠤᠨ ᠠᠵᠢᠯᠯᠠᠭᠤᠯᠵᠤ᠂ ᠬᠦᠯᠢᠴᠡᠩᠭᠦᠢ ᠬᠥᠷᠥᠩᠭᠡ ᠵᠢ ᠬᠥᠭᠵᠢᠭᠦᠯᠵᠦ᠂ ᠪᠣᠳᠠᠲᠤ ᠦᠷ᠎ᠡ ᠪᠦᠲᠦᠮᠵᠢ ᠵᠢ ᠪᠠᠳᠠᠷᠠᠭᠤᠯᠬᠤ ᠵᠢ ᠴᠢᠬᠤᠯᠠᠴᠢᠯᠠᠬᠤ ᠬᠡᠷᠡᠭᠲᠡᠢ᠃ ᠰᠠᠭᠤᠷᠢ ᠮᠥᠩᠭᠥ ᠵᠢᠨ ᠪᠠᠢ᠌ᠷᠢᠰᠢᠭᠤᠯᠤᠯᠲᠠ ᠵᠢ ᠵᠣᠬᠢᠰᠲᠠᠢ ᠨᠢᠭᠡᠳᠦᠯᠲᠡᠢ ᠲᠥᠯᠥᠪᠵᠢᠭᠦᠯᠵᠦ᠂ ᠢᠵᠢᠯᠢᠰᠢᠬᠦ ᠥᠷᠢᠰᠦᠯᠳᠦᠭᠡᠨ ᠪᠠ ᠨᠡᠢ᠌ᠭᠡᠮ᠎ᠤᠨ ᠬᠥᠷᠥᠩᠭᠡ ᠵᠢ ᠰᠢᠬᠠᠨ ᠭᠠᠷᠭ᠋ᠠᠬᠤ ᠦᠢ᠍ᠯᠡᠳᠦᠯ ᠦᠵᠡᠭᠦᠯᠭᠦ ᠵᠢ ᠰᠡᠷᠭᠡᠢ᠌ᠯᠡᠨ᠎ᠡ᠃ ᠡᠷᠬᠡ ᠬᠠᠷᠢᠭᠤᠴᠠᠯᠭ᠎ᠠ ᠨᠢᠭᠡᠳᠦᠯᠲᠡᠢ᠂ ᠤᠷᠮᠠᠰᠢᠭᠤᠯᠵᠤ ᠬᠢᠵᠠᠭ᠋ᠠᠷᠯᠠᠬᠤ ᠬᠠᠷᠢᠯᠴᠠᠨ ᠵᠣᠬᠢᠴᠠᠯᠳᠤᠬᠤ ᠬᠠᠷᠢᠭᠤᠴᠠᠯᠭ᠎ᠠ ᠵᠢᠨ ᠲᠣᠭᠲᠠᠴᠠ ᠵᠢ ᠪᠦᠷᠢᠨᠰᠢᠭᠦᠯᠵᠦ᠂ ᠬᠡᠪᠴᠢᠶ᠎ᠡ᠎ᠨᠢ ᠲᠣᠬᠢᠷᠠᠮᠵᠢᠲᠠᠢ᠂ ᠪᠠᠢ᠌ᠷᠢᠰᠢᠭᠤᠯᠤᠯᠲᠠ᠎ᠨᠢ ᠵᠦᠢ ᠵᠣᠬᠢᠰᠲᠠᠢ᠂ ᠠᠵᠢᠯᠯᠠᠭ᠋ᠠᠨ᠎ᠨᠢ ᠵᠢᠷᠤᠮᠵᠢᠯ᠎ᠲᠠᠢ᠂ ᠰᠢᠨᠵᠢᠯᠡᠬᠦ ᠤᠬᠠᠭ᠋ᠠᠨᠴᠢ ᠥᠨᠳᠥᠷ ᠪᠦᠲᠦᠮᠵᠢᠲᠡᠶ᠂ ᠲᠦᠭᠰᠢᠭᠦᠷᠢ ᠵᠢ ᠡᠵᠡᠮᠳᠡᠵᠦ ᠪᠤᠯᠬᠤ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢᠨ ᠰᠠᠭᠤᠷᠢ ᠮᠥᠩᠭᠥ ᠵᠢᠨ ᠴᠢᠨᠠᠷ ᠰᠠᠢ᠌ᠲᠠᠢ ᠬᠥᠭᠵᠢᠯᠲᠡ ᠵᠢᠨ ᠪᠠᠢ᠌ᠷᠢᠰᠢᠯ᠎ᠢ ᠪᠦᠷᠢᠯᠳᠦᠭᠦᠯᠬᠦ ᠵᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃

      《ᠵᠢᠯᠤᠭᠣᠳᠬᠤ ᠰᠠᠨᠠᠯ》᠎ᠳᠤ᠂ ᠨᠢᠭᠡ᠎ᠳᠤ᠂ ᠪᠠᠢ᠌ᠷᠢ ᠲᠣᠭᠲᠠᠭ᠋ᠠᠯᠲᠠ᠎ᠪᠠᠨ ᠣᠨᠣᠪᠴᠢᠲᠠᠢ ᠣᠯᠵᠤ᠂ ᠤᠯᠤᠰ᠎ᠤᠨ ᠬᠥᠭᠵᠢᠯᠲᠡ ᠵᠢᠨ ᠶᠡᠬᠡ ᠲᠠᠯ᠎ᠠ᠎ᠳᠤ ᠨᠡᠩ ᠰᠠᠢ᠌ᠲᠤᠷ ᠦᠢ᠍ᠯᠡᠴᠢᠯᠡᠬᠦ ᠬᠡᠷᠡᠭᠲᠡᠢ᠃ ᠴᠢᠬᠤᠯᠠ ᠶᠡᠬᠡ ᠪᠠᠢ᠌ᠯᠳᠤᠬᠤ ᠪᠣᠳᠣᠯᠭ᠎ᠠ᠂ ᠭᠣᠣᠯᠳᠠᠯᠭ᠎ᠠ᠎ᠲᠠᠢ ᠬᠦᠷᠢᠶ᠎ᠡ ᠪᠠ ᠵᠠᠬ᠎ᠠ ᠳᠡᠯᠭᠡᠭᠦᠷ᠎ᠤᠨ ᠦᠢ᠍ᠯᠡᠳᠦᠯ ᠵᠶ᠋ᠡᠨ ᠭᠦᠢ᠍ᠴᠡᠳ ᠪᠠᠳᠠᠷᠠᠭᠤᠯᠵᠤ ᠳᠡᠢ᠌ᠯᠭᠦ ᠦᠭᠡᠢ ᠪᠠᠭᠤᠷᠠᠢ ᠭᠣᠭᠴᠣᠭ᠎ᠠ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠨᠡᠩ ᠤᠯᠠᠨ ᠨᠡᠢ᠌ᠭᠡᠮ᠎ᠤᠨ ᠬᠥᠷᠥᠩᠭᠡ ᠵᠢ ᠲᠠᠲᠠᠵᠤ ᠣᠷᠣᠭᠤᠯᠤᠨ ᠲᠠᠢ᠌ᠴᠢᠯᠠᠵᠤ᠂ ᠣᠳᠣᠬᠢᠴᠢᠯᠠᠭᠰᠠᠨ ᠠᠵᠤ ᠦᠢ᠍ᠯᠡᠰ᠎ᠤᠨ ᠰᠢᠰᠲ᠋ᠧᠮ᠎ᠤᠨ ᠪᠠᠢ᠌ᠭᠤᠯᠤᠯᠲᠠ ᠵᠢ ᠲᠡᠮᠵᠢᠵᠤ᠂ ᠰᠢᠨ᠎ᠡ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ᠎ᠢ ᠲᠦᠷᠭᠡᠪᠴᠢᠯᠡᠨ ᠪᠣᠢ᠌ᠵᠢᠭᠤᠯᠤᠨ ᠬᠥᠭᠵᠢᠭᠦᠯᠬᠦ ᠬᠡᠷᠡᠭᠲᠡᠢ᠃ ᠰᠠᠭᠤᠷᠢ ᠮᠥᠩᠭᠥ ᠵᠢᠨ ᠤᠷᠲᠤ ᠬᠤᠭᠤᠴᠠᠭ᠋ᠠᠨ᠎ᠤ ᠬᠥᠷᠥᠩᠭᠡ᠂ ᠬᠦᠯᠢᠴᠡᠩᠭᠦᠢ ᠬᠥᠷᠥᠩᠭᠡ ᠵᠢᠨ ᠦᠶᠡᠯᠡᠯ ᠠᠯᠤᠰᠯᠠᠬᠤ ᠪᠠ ᠦᠶᠡᠯᠡᠯ ᠰᠥᠷᠬᠦ ᠲᠣᠬᠢᠷᠠᠭᠤᠯᠬᠤ ᠦᠢ᠍ᠯᠡᠳᠦᠯ᠎ᠢ ᠪᠠᠳᠠᠷᠠᠭᠤᠯᠬᠤ ᠬᠡᠷᠡᠭᠲᠡᠢ᠃ ᠬᠣᠶᠠᠷ᠎ᠲᠤ᠂ ᠲᠡᠰ ᠲᠦᠷᠦᠯ ᠬᠤᠪᠢᠶᠠᠨ ᠬᠠᠮᠢᠶᠠᠷᠬᠤ ᠲᠣᠭᠲᠠᠴᠠ ᠵᠢ ᠲᠡᠭᠦᠯᠳᠡᠷᠵᠢᠭᠦᠯᠬᠦ ᠬᠡᠷᠡᠭᠲᠡᠢ᠃ ᠰᠠᠭᠤᠷᠢ ᠮᠥᠩᠭᠥ ᠪᠠᠢ᠌ᠭᠤᠯᠬᠤ ᠳᠡᠰ ᠬᠤᠪᠢᠶᠠᠨ ᠬᠠᠮᠢᠶᠠᠷᠬᠤ ᠱᠠᠭ᠋ᠠᠷᠳᠠᠯᠭ᠎ᠠ ᠵᠢ ᠲᠣᠳᠣᠷᠬᠠᠢ᠌ᠯᠠᠵᠤ᠂ ᠠᠳᠠᠯᠢ ᠪᠤᠰᠤ ᠲᠥᠷᠥᠯ ᠭᠡᠯᠪᠡᠷᠢ ᠵᠢᠨ ᠰᠠᠭᠤᠷᠢ ᠮᠥᠩᠭᠥ ᠵᠢᠨ ᠵᠦᠷᠢᠶᠡᠴᠢᠯᠡᠭᠰᠡᠨ ᠬᠠᠮᠢᠶᠠᠷᠤᠯᠲᠠ ᠵᠢᠨ ᠲᠣᠭᠲᠠᠴᠠ ᠵᠢ ᠲᠡᠭᠦᠯᠳᠡᠷᠵᠢᠭᠦᠯᠵᠦ᠂ ᠵᠠᠰᠠᠭ᠎ᠤᠨ ᠣᠷᠳᠣᠨ᠎ᠤ ᠡᠯ᠎ᠡ ᠲᠥᠷᠥᠯ᠎ᠤᠨ ᠪᠡᠯᠡ ᠭᠠᠷᠭ᠋ᠠᠬᠤ ᠲᠥᠰᠥᠪ᠎ᠤᠨ ᠬᠠᠮᠢᠶᠠᠷᠤᠯᠲᠠ ᠵᠢ ᠵᠢᠷᠤᠮᠵᠢᠭᠤᠯᠬᠤ ᠬᠡᠷᠡᠭᠲᠡᠢ᠃ ᠭᠤᠷᠪᠠ᠎ᠳᠤ᠂ ᠨᠢᠭᠡᠳᠦᠯᠲᠡᠢ ᠲᠥᠯᠥᠪᠵᠢᠭᠦᠯᠬᠦ ᠵᠢ ᠴᠢᠩᠭ᠋ᠠᠳᠬᠠᠵᠤ᠂ ᠪᠠᠢ᠌ᠷᠢᠰᠢᠭᠤᠯᠤᠯᠲᠠ ᠵᠢ ᠨᠡᠢ᠌ᠳᠬᠡᠨ ᠰᠢᠯᠢᠳᠡᠭᠵᠢᠭᠦᠯᠬᠦ ᠬᠡᠷᠡᠭᠲᠡᠢ᠃ ᠤᠯᠤᠰ᠎ᠤᠨ ᠲᠠᠰ᠎ᠤᠨ ᠰᠠᠭᠤᠷᠢ ᠮᠥᠩᠭᠥ ᠬᠢᠭᠡᠳ ᠣᠷᠣᠨ ᠨᠤᠲᠤᠭ᠎ᠤᠨ ᠰᠠᠭᠤᠷᠢ ᠮᠥᠩᠭᠥ᠎ᠨᠢ ᠬᠠᠮᠲᠤᠷᠠᠯ ᠬᠦᠴᠦᠨ᠎ᠢ ᠪᠦᠷᠢᠯᠳᠦᠭᠦᠯᠵᠦ᠂ ᠮᠤᠵᠢ ᠵᠢᠨ ᠱᠠᠲᠤᠨ᠎ᠤ ᠵᠠᠰᠠᠭ᠎ᠤᠨ ᠣᠷᠳᠣᠨ᠎ᠨᠢ ᠲᠣᠰ ᠭᠠᠵᠠᠷ ᠣᠷᠣᠨ᠎ᠤ ᠰᠠᠭᠤᠷᠢ ᠮᠥᠩᠭᠥ ᠵᠢ ᠨᠢᠭᠡᠳᠦᠯᠲᠡᠢ ᠲᠥᠯᠥᠪᠵᠢᠭᠦᠯᠦᠨ ᠬᠠᠮᠢᠶᠠᠷᠬᠤ ᠵᠢ ᠴᠢᠩᠭ᠋ᠠᠳᠬᠠᠬᠤ ᠬᠡᠷᠡᠭᠲᠡᠢ᠃ ᠳᠥᠷᠪᠡ᠎ᠳᠤ᠂ ᠲᠤᠰᠬᠠᠢ᠌ᠵᠢᠭᠰᠠᠨ ᠵᠠᠬ᠎ᠠ ᠳᠡᠯᠭᠡᠭᠦᠷᠴᠢᠯᠡᠭᠰᠡᠨ ᠠᠵᠢᠯᠯᠠᠭ᠋ᠠᠨ᠎ᠤ ᠲᠦᠪᠰᠢᠨ᠎ᠢ ᠳᠡᠭᠡᠭᠰᠢᠯᠡᠭᠦᠯᠭᠦ ᠬᠡᠷᠡᠭᠲᠡᠢ᠃ ᠰᠠᠭᠤᠷᠢ ᠮᠥᠩᠭᠥᠨ᠎ᠤ ᠠᠵᠢᠯᠯᠠᠭ᠋ᠠᠨ᠎ᠤ ᠬᠠᠮᠢᠶᠠᠷᠤᠯᠲᠠ ᠵᠢ ᠵᠢᠷᠤᠮᠵᠢᠭᠤᠯᠵᠤ᠂ ᠰᠠᠭᠤᠷᠢ ᠮᠥᠩᠭᠥᠨ᠎ᠤ ᠪᠡᠯᠡ ᠣᠷᠣᠭᠤᠯᠤᠯᠲᠠ ᠵᠢᠨ ᠠᠷᠭ᠎ᠠ ᠭᠡᠯᠪᠡᠷᠢ ᠵᠢ ᠰᠢᠯᠢᠳᠡᠭᠵᠢᠭᠦᠯᠵᠦ᠂ ᠰᠠᠭᠤᠷᠢ ᠮᠥᠩᠭᠥ ᠬᠠᠮᠢᠶᠠᠷᠤᠭᠴᠢ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠬᠤ ᠬᠡᠷᠡᠭᠲᠡᠢ᠃ ᠰᠠᠭᠤᠷᠢ ᠮᠥᠩᠭᠥ ᠵᠢᠨ ᠠᠮᠵᠢᠯᠲᠠ ᠪᠦᠲᠦᠮᠵᠢ ᠵᠢᠨ ᠬᠠᠮᠢᠶᠠᠷᠤᠯᠲᠠ ᠵᠢ ᠪᠦᠷᠢᠨᠰᠢᠭᠦᠯᠵᠦ᠂ ᠠᠯᠳᠠᠭ᠎ᠠ ᠪᠤᠷᠤᠭᠤ ᠵᠢ ᠪᠠᠭᠲᠠᠭ᠋ᠠᠬᠤ ᠲᠣᠭᠲᠠᠴᠠ ᠵᠢ ᠪᠠᠢ᠌ᠭᠤᠯᠤᠨ ᠪᠦᠷᠢᠨᠰᠢᠭᠦᠯᠵᠦ᠂ ᠪᠦᠭᠦ ᠬᠡᠯᠬᠢᠶ᠎ᠡ᠂ ᠪᠦᠭᠦ ᠠᠮᠢ ᠨᠠᠰᠤᠨ᠎ᠤ ᠦᠶᠡᠯᠡᠯ᠎ᠤᠨ ᠬᠤᠭᠤᠴᠠᠭ᠋ᠠᠨ᠎ᠤ ᠰᠢᠯᠭ᠋ᠠᠨ ᠬᠢᠨᠠᠵᠤ ᠦᠨᠡᠯᠡᠬᠦ ᠰᠢᠰᠲᠸᠮ᠎ᠢ ᠰᠢᠯᠢᠳᠡᠭᠵᠢᠭᠦᠯᠦᠨ᠂ ᠳᠥᠭᠥᠮᠬᠡᠨ ᠵᠶ᠋ᠡᠷ ᠲᠠᠩ ᠭᠠᠭᠴᠠ ᠲᠥᠷᠥᠯ ᠵᠦᠢ᠍ᠯ ᠪᠤᠶᠤ ᠲᠠᠩ ᠭᠠᠭᠴᠠ ᠣᠨ᠎ᠤ ᠣᠯᠵᠤ ᠠᠯᠳᠠᠬᠤ᠎ᠪᠠᠷ ᠰᠢᠯᠭ᠋ᠠᠨ ᠬᠢᠨᠠᠬᠤ ᠦᠨᠳᠦᠰᠦᠯᠡᠯ ᠪᠤᠯᠭ᠋ᠠᠬᠤ ᠦᠭᠡᠢ ᠪᠠᠢ᠌ᠵᠤ᠂ ᠰᠢᠨ᠎ᠡ ᠵᠢ ᠡᠭᠦᠳᠬᠦ ᠵᠢ ᠵᠣᠷᠢᠭᠵᠢᠭᠤᠯᠬᠤ᠂ ᠢᠯᠠᠭᠳᠠᠯ᠎ᠢ ᠠᠭᠤᠴᠢᠯᠠᠬᠤ ᠰᠠᠢ᠌ᠨ ᠰᠠᠢ᠌ᠬᠠᠨ ᠠᠭᠤᠷ ᠠᠮᠢᠰᠬᠤᠯ᠎ᠢ ᠪᠤᠶ ᠪᠤᠯᠭ᠋ᠠᠬᠤ ᠬᠡᠷᠡᠭᠲᠡᠢ᠃ ᠰᠠᠭᠤᠷᠢ ᠮᠥᠩᠭᠥᠨ᠎ᠤ ᠬᠥᠭᠵᠢᠯᠲᠡ ᠵᠢᠨ ᠣᠷᠴᠢᠨ ᠲᠣᠭᠣᠷᠢᠨ᠎ᠢ ᠰᠢᠯᠢᠳᠡᠭᠵᠢᠭᠦᠯᠵᠦ᠂ ᠵᠥᠪ ᠴᠢᠭᠯᠡᠯ ᠵᠶ᠋ᠡᠷ ᠤᠷᠮᠠᠰᠢᠭᠤᠯᠬᠤ ᠲᠥᠷᠥ ᠵᠢᠨ ᠪᠣᠳᠣᠯᠭ᠎ᠠ ᠵᠢᠨ ᠤᠳᠤᠷᠢᠳᠤᠮᠵᠢ ᠵᠢ ᠳᠣᠪᠤᠢ᠌ᠯᠭ᠋ᠠᠵᠤ᠂ ᠵᠠᠬ᠎ᠠ ᠳᠡᠯᠭᠡᠭᠦᠷ᠎ᠤᠨ ᠪᠡᠯᠡ ᠣᠷᠣᠭᠤᠯᠤᠯᠲᠠ ᠵᠢᠨ ᠢᠲᠡᠭᠡᠯ᠎ᠢ ᠬᠥᠪᠴᠢᠯᠡᠬᠦ ᠬᠡᠷᠡᠭᠲᠡᠢ᠃ ᠲᠠᠪᠤ᠎ᠳᠤ᠂ ᠤᠬᠤᠷᠢᠨ ᠭᠠᠷᠬᠤ ᠲᠣᠭᠲᠠᠴᠠ ᠵᠢ ᠰᠢᠯᠢᠳᠡᠭᠵᠢᠭᠦᠯᠵᠦ᠂ ᠪᠡᠯᠡ ᠣᠷᠣᠭᠤᠯᠤᠯᠲᠠ ᠵᠢᠨ ᠰᠠᠢ᠌ᠨ ᠡᠷᠭᠢᠯᠲᠡ ᠵᠢ ᠠᠬᠢᠭᠤᠯᠬᠤ ᠬᠡᠷᠡᠭᠲᠡᠢ᠃ ᠰᠠᠭᠤᠷᠢ ᠮᠥᠩᠭᠥ ᠵᠢ ᠪᠤᠴᠠᠭ᠋ᠠᠨ ᠭᠠᠷᠭ᠋ᠠᠬᠤ ᠠᠷᠭ᠎ᠠ ᠵᠠᠮ᠎ᠢ ᠥᠷᠭᠡᠳᠬᠡᠵᠦ᠂ ᠬᠤᠪᠢ᠎ᠪᠠᠷ ᠵᠶ᠋ᠠᠨ ᠵᠣᠭᠣᠰ ᠴᠤᠭᠯᠠᠭᠤᠯᠬᠤ ᠰᠲ᠋ᠣᠺ᠎ᠤᠨ ᠡᠷᠬᠡ ᠵᠢᠨ ᠬᠣᠶᠠᠳᠤᠭ᠋ᠠᠷ ᠳᠡᠰ᠎ᠤᠨ ᠵᠠᠬ᠎ᠠ ᠳᠡᠯᠭᠡᠭᠦᠷ᠎ᠤᠨ ᠰᠠᠭᠤᠷᠢ ᠮᠥᠩᠭᠥ᠂ ᠰᠠᠭᠤᠷᠢ ᠮᠥᠩᠭᠥ ᠵᠢ ᠨᠡᠢ᠌ᠯᠡᠭᠦᠯᠦᠨ ᠬᠤᠳᠠᠯᠳᠤᠨ ᠠᠪᠬᠤ ᠵᠡᠷᠭᠡ ᠵᠢ ᠬᠥᠭᠵᠢᠭᠦᠯᠬᠦ ᠵᠢ ᠵᠣᠷᠢᠭᠵᠢᠭᠤᠯᠵᠤ᠂ ᠣᠯᠠᠨ ᠳᠡᠰ ᠳᠠᠪᠬᠤᠷᠭ᠎ᠠ ᠵᠢᠨ ᠬᠥᠷᠥᠩᠭᠡ ᠵᠢᠨ ᠵᠠᠬ᠎ᠠ ᠳᠡᠯᠭᠡᠭᠦᠷ᠎ᠤᠨ ᠰᠢᠰᠲᠸᠮ᠎ᠢ ᠲᠡᠭᠦᠯᠳᠡᠷᠵᠢᠭᠦᠯᠵᠦ᠂ ᠲᠥᠷᠥᠯ ᠵᠦᠢ᠍ᠯ᠎ᠤᠨ ᠪᠤᠴᠠᠭ᠋ᠠᠨ ᠭᠠᠷᠭ᠋ᠠᠬᠤ ᠶᠠᠪᠤᠴᠠ ᠵᠢ ᠳᠥᠭᠥᠮᠴᠢᠯᠡᠬᠦ ᠵᠢ ᠰᠦᠪᠡᠭᠴᠢᠯᠡᠬᠦ ᠬᠡᠷᠡᠭᠲᠡᠢ᠃ ᠵᠢᠷᠭᠤᠭ᠎ᠠ᠎ᠳᠤ᠂ ᠳᠣᠲᠣᠭ᠋ᠠᠳᠤ ᠡᠵᠡᠮᠳᠡᠯ᠎ᠤᠨ ᠪᠠᠢ᠌ᠭᠤᠯᠤᠯᠲᠠ ᠵᠢ ᠴᠢᠩᠭ᠋ᠠᠳᠬᠠᠵᠤ᠂ ᠠᠶᠤᠯ ᠲᠦᠭᠰᠢᠭᠦᠷᠢ ᠵᠢ ᠰᠡᠷᠭᠡᠢ᠌ᠯᠡᠨ ᠠᠷᠢᠯᠭ᠋ᠠᠬᠤ ᠬᠡᠷᠡᠭᠲᠡᠢ᠃ ᠲᠦᠭᠰᠢᠭᠦᠷᠢ ᠵᠢ ᠰᠡᠷᠭᠡᠢ᠌ᠯᠡᠨ ᠡᠵᠡᠮᠳᠡᠬᠦ ᠰᠢᠰᠲ᠋ᠧᠮ᠎ᠢ ᠲᠡᠭᠦᠯᠳᠡᠷᠵᠢᠭᠦᠯᠵᠦ᠂ ᠡᠳ᠋᠎ᠤᠨ ᠵᠠᠰᠠᠭ ᠠᠵᠤ ᠠᠬᠤᠢ ᠵᠢᠨ ᠰᠠᠬᠢᠯᠭ᠎ᠠ ᠪᠠᠲᠤ ᠵᠢ ᠴᠢᠩᠳᠠᠯᠠᠬᠤ ᠬᠡᠷᠡᠭᠲᠡᠢ᠃ ᠳᠣᠯᠣᠭ᠎ᠠ᠎ᠳᠤ᠂ ᠵᠣᠬᠢᠶᠠᠨ ᠪᠠᠢ᠌ᠭᠤᠯᠤᠯᠲᠠ ᠵᠢᠨ ᠪᠠᠲᠤᠯᠠᠭ᠎ᠠ ᠵᠢ ᠴᠢᠩᠭ᠋ᠠᠳᠬᠠᠬᠤ ᠬᠡᠷᠡᠭᠲᠡᠢ᠃ ᠨᠠᠮ᠎ᠤᠨ ᠤᠳᠤᠷᠢᠳᠤᠯᠭ᠎ᠠ ᠵᠢ ᠪᠠᠷᠢᠮᠲᠠᠯᠠᠨ ᠴᠢᠩᠭ᠋ᠠᠳᠬᠠᠵᠤ᠂ ᠰᠠᠯᠠᠭ᠎ᠠ ᠮᠥᠴᠢᠷ᠎ᠤᠨ ᠬᠠᠮᠵᠢᠯᠴᠠᠭ᠎ᠠ ᠵᠢ ᠴᠢᠩᠭ᠋ᠠᠳᠬᠠᠨ᠂ ᠬᠢᠨᠠᠨ ᠬᠠᠮᠢᠶᠠᠷᠬᠤ ᠠᠵᠢᠯᠯᠠᠭ᠎ᠠ ᠵᠢ ᠵᠢᠷᠤᠮᠵᠢᠭᠤᠯᠬᠤ ᠬᠡᠷᠡᠭᠲᠡᠢ ᠭᠡᠵᠦ ᠳᠤᠷᠠᠳᠤᠨ ᠭᠠᠷᠭ᠋ᠠᠪᠠ᠃

      《ᠵᠢᠯᠤᠭᠣᠳᠬᠤ ᠰᠠᠨᠠᠯ》᠎ᠳᠤ᠂ ᠡᠯ᠎ᠡ ᠭᠠᠵᠠᠷ ᠣᠷᠣᠨ᠂ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ᠎ᠬᠢᠨ ᠲᠠᠨᠢᠯᠲᠠ᠎ᠪᠠᠨ ᠳᠡᠭᠡᠭᠰᠢᠯᠡᠭᠦᠯᠵᠦ᠂ ᠵᠣᠬᠢᠶᠠᠨ ᠪᠠᠢ᠌ᠭᠤᠯᠵᠤ ᠤᠳᠤᠷᠢᠳᠬᠤ᠎ᠪᠠᠨ ᠴᠢᠩᠭ᠋ᠠᠳᠬᠠᠵᠤ᠂ ᠱᠠᠲᠤ ᠱᠠᠲᠤ᠎ᠪᠠᠷ ᠬᠠᠷᠢᠭᠤᠴᠠᠯᠭ᠎ᠠ ᠵᠢ ᠪᠣᠳᠠᠲᠠᠢ᠌ᠵᠢᠭᠤᠯᠵᠤ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠠᠵᠢᠯ᠎ᠢ ᠰᠠᠢ᠌ᠲᠤᠷ ᠬᠢᠵᠦ᠂ ᠬᠠᠮᠢᠶᠠᠷᠤᠯᠲᠠ ᠦᠢ᠍ᠯᠡᠴᠢᠯᠡᠭᠡ ᠵᠢᠨ ᠲᠦᠪᠰᠢᠨ ᠵᠶ᠋ᠡᠨ ᠳᠡᠭᠡᠭᠰᠢᠯᠡᠭᠦᠯᠵᠦ᠂ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢᠨ ᠠᠵᠤ ᠠᠬᠤᠢ ᠨᠡᠢ᠌ᠭᠡᠮ᠎ᠤᠨ ᠴᠢᠨᠠᠷ ᠰᠠᠢ᠌ᠲᠠᠢ ᠬᠥᠭᠵᠢᠯᠲᠡ ᠵᠢ ᠳᠡᠮᠵᠢᠬᠦ ᠦᠢ᠍ᠯᠡᠳᠦᠯ᠎ᠢ ᠨᠠᠩ ᠰᠠᠢ᠌ᠲᠤᠷ ᠪᠠᠳᠠᠷᠠᠭᠤᠯᠬᠤ ᠬᠡᠷᠡᠭᠲᠡᠢ ᠭᠡᠵᠦ ᠱᠠᠭ᠋ᠠᠷᠳᠠᠪᠠ᠃

      (ᠰᠢᠨᠬᠤᠸᠠ ᠬᠣᠷᠢᠶ᠎ᠠ ᠵᠢᠨ ᠪᠡᠭᠡᠵᠢᠩ᠎ᠤᠨ 1 ᠰᠠᠷ᠎ᠠ ᠵᠢᠨ 7᠎ᠤ ᠴᠠᠭᠢᠯᠭ᠋ᠠᠨ ᠮᠡᠳᠡᠭᠡ)

ᠢᠷᠡᠯᠲᠡ᠄ᠳᠤᠮᠳᠠᠳᠤ ᠤᠯᠤᠰ᠎ᠤᠨ ᠮᠣᠩᠭᠤᠯ ᠬᠡᠯᠡᠨ᠎ᠤ ᠰᠣᠨᠢᠨ ᠮᠡᠳᠡᠭᠡ ᠵᠢᠨ ᠰᠦᠯᠵᠢᠶ᠎ᠡ
          
ᠬᠠᠮᠢᠶ᠎ᠡ ᠪᠦᠬᠦᠢ ᠰᠣᠨᠢᠨ
 
            